ᠬᠤᠲᠣᠩ ᠠᠷᠠᠳ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ 2020 ᠣᠨ ᠤ 11 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/9/15
     9 ᠳ᠋ᠦ᠋ᠭᠡᠷ ᠰᠠᠷ᠎ᠠ ᠶᠢᠨ 7 ᠤ ᠡᠳᠦᠷ ᠤᠨ ᠦᠳᠡ ᠶᠢᠨ ᠬᠤᠶᠢᠨ᠎ᠠ᠂ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ 2020 ᠣᠨ ᠤ 11 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ᠃ ᠬᠤᠲᠣᠩ ᠠᠷᠠᠳ ᠤᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠯᠢ ᠢᠦᠶ ᠵᠢᠶᠤᠤ ᠬᠤᠷᠠᠯ ᠡᠷᠬᠢᠯᠡᠵᠦ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠬᠤᠸᠠ ᠸᠧᠶ᠂ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠳᠠᠷᠤᠭ᠎ᠠ ᠸᠠᠩ ᠵᠢᠶᠠ ᠸᠧᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠢᠦᠶ ᠯᠢᠩ ᠰᠢᠨ᠂ ᠶᠢᠨ ᠵᠢᠩ᠂ ᠯᠢ ᠭᠠᠩ᠂ ᠳᠡᠳ᠋ ᠭᠠᠵᠠᠷ ᠤᠨ ᠲᠠᠰ ᠤᠨ ᠤᠳᠤᠷᠢᠳᠤᠯᠭ᠎ᠠ ᠦ᠋ ᠲᠦᠩ ᠪᠦᠦ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃      ᠬᠤᠷᠠᠯ ᠠᠴᠠ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠠᠵᠢᠯ ᠤᠨ ᠠᠬᠢᠴᠠ᠂ ᠪᠦᠬᠦ ᠣᠷᠣᠨ ᠤ ᠭᠤᠤᠯᠳᠠᠯᠭ᠎ᠠ ᠲᠠᠢ ᠲᠥᠷᠥᠯ ᠵᠦᠢᠯ᠂ ᠪᠠᠶᠠᠨ ᠵᠠᠮ ᠢ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ᠂ ᠰᠢᠨᠬᠤᠸᠠ ᠠᠭᠤᠳᠠᠮ ᠲᠠᠯᠠᠪᠠᠶ ᠶᠢᠨ ᠥᠭᠡᠷᠡᠴᠢᠯᠡᠯᠲᠡ ᠵᠢᠴᠢ ᠭᠠᠵᠠᠷ ᠳᠣᠤᠷᠠᠬᠢ ᠣᠷᠣᠨ ᠵᠠᠶ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠰᠤᠷᠭᠠᠨ ᠬᠥᠮᠦᠵᠢᠯ ᠤᠨ ᠰᠢᠰᠲ᠋ᠧᠮ ᠤᠨ ᠭᠤᠤᠯᠳᠠᠯᠭ᠎ᠠ ᠲᠠᠢ ᠲᠦᠷᠥᠯ ᠵᠦᠢᠯ ᠤᠨ ᠠᠬᠢᠴᠠ ᠶᠢᠨ ᠪᠠᠶᠢᠳᠠᠯ᠂ ᠬᠤᠲᠣᠩ ᠠᠷᠠᠳ ᠤᠨ ᠲᠣᠭᠤᠷᠢᠭ ᠤᠨ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠭᠦᠨ ᠤ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠬᠤᠲᠣᠩ ᠠᠷᠠᠳ ᠤᠨ ᠲᠣᠭᠤᠷᠢᠭ ᠤᠨ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠳᠤ ᠲᠣᠬᠢᠷᠠᠭᠤᠯᠤᠯᠲᠠ ᠬᠢᠬᠦ ᠲᠤᠬᠠᠶ ᠰᠤᠳᠤᠯᠤᠨ ᠶᠠᠷᠢᠯᠴᠠᠵᠤ᠂ ᠬᠤᠶᠠᠳᠤᠭᠠᠷ ᠮᠡᠷᠭᠡᠵᠢᠯ ᠤᠨ ᠰᠤᠷᠭᠠᠭᠤᠯᠢ ᠶᠢᠨ ᠬᠤᠶᠢᠲᠤ ᠰᠤᠷᠭᠠᠭᠤᠯᠢ ᠶᠢᠨ ᠵᠢᠭᠠᠨ ᠰᠤᠷᠭᠠᠬᠤ ᠠᠰᠠᠷ ᠤᠨ ᠢᠨᠵᠧᠨᠧᠷᠢᠩ ᠢ ᠦᠷᠭᠦᠯᠵᠢᠯᠡᠨ ᠪᠠᠶᠢᠭᠤᠯᠬᠤ ᠵᠡᠷᠭᠡ ᠬᠠᠮᠢᠶ᠎ᠠ ᠪᠦᠬᠦᠢ ᠠᠵᠢᠯ ᠤᠨ ᠤᠴᠢᠷ ᠶᠠᠪᠤᠳᠠᠯ ᠶᠢ ᠶᠠᠷᠢᠯᠴᠠᠪᠠ᠃      ᠯᠢ ᠢᠦᠶ ᠵᠢᠶᠤᠤ ᠴᠢᠬᠤᠯᠠᠴᠢᠯᠠᠭᠰᠠᠨ ᠨᠢ᠂ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠬᠠᠳᠬᠠᠵᠤ᠂ ᠡᠯ᠎ᠡ ᠲᠠᠯ᠎ᠠ ᠶᠢᠨ ᠬᠦᠴᠦᠨ ᠢ ᠨᠢᠭᠡᠳᠦᠯᠲᠡᠶ ᠲᠦᠯᠦᠪᠯᠡᠨ᠂ ᠲᠥᠪᠯᠡᠷᠡᠭᠦᠯᠦᠨ ᠬᠦᠴᠢᠷ ᠢ ᠲᠤᠭᠤᠯᠤᠨ ᠪᠡᠷᠬᠡ ᠶᠢ ᠳᠠᠪᠠᠵᠤ᠂ 9 ᠳ᠋ᠦ᠋ᠭᠡᠷ ᠰᠠᠷ᠎ᠠ ᠶᠢᠨ 15 ᠤ ᠡᠳᠦᠷ ᠠᠴᠠ ᠡᠮᠦᠨ᠎ᠡ ᠥᠭᠡᠷᠡᠴᠢᠯᠡᠯᠲᠡ ᠶᠢᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠴᠡᠪᠡᠷ ᠨᠡᠭᠦᠷᠡᠰᠦ ᠶᠢ ᠬᠡᠷᠡᠭᠯᠡᠵᠦ ᠰᠢᠯᠵᠢᠯᠲᠡ ᠶᠢᠨ ᠴᠠᠭ ᠢᠶᠠᠨ ᠥᠩᠭᠡᠷᠡᠭᠡᠵᠦ ᠪᠠᠶᠢᠭ᠎ᠠ ᠪᠠᠶᠢᠰᠢᠩ ᠭᠡᠷ  ᠲᠤ ᠴᠢᠭᠯᠡᠭᠦᠯᠦᠨ᠂ ᠨᠠᠷᠢᠨ ᠲᠣᠳᠣᠷᠬᠠᠶ ᠵᠢᠷᠤᠭᠲᠤ ᠳᠡᠪᠲᠡᠷ ᠲᠣᠭᠲᠠᠭᠠᠵᠤ᠂ ᠲᠤᠭ᠎ᠠ ᠪᠠᠷᠢᠮᠲᠠ ᠨᠢ ᠣᠨᠣᠪᠴᠢᠲᠠᠶ᠂ ᠨᠠᠷᠢᠨ ᠪᠣᠳᠠᠲᠠᠶ ᠪᠠᠶᠢᠬᠤ ᠶᠢ ᠪᠡᠶᠡᠯᠡᠭᠦᠯᠬᠦ ᠶᠢᠨ ᠬᠠᠮᠲᠤ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ᠳᠠᠷᠦ᠋ᠢᠬᠠᠨ ᠳ᠋ᠤᠭᠠᠷ ᠢ ᠨᠢ ᠬᠠᠰᠤᠵᠤ ᠰᠢᠢᠳᠪᠦᠷᠢᠯᠡᠬᠦ ᠬᠡᠷᠡᠭᠲᠡᠶ᠃ ᠴᠡᠪᠡᠷ ᠨᠡᠭᠦᠷᠡᠰᠦ ᠶᠢ ᠪᠡᠯᠡᠳᠬᠡᠬᠦ ᠪᠠ ᠪᠣᠷᠣᠯᠠᠭᠤᠯᠬᠤ ᠠᠵᠢᠯ ᠤᠨ ᠲᠤᠬᠠᠶ᠂ ᠲᠣᠭᠤᠷᠢᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠪᠣᠳᠠᠲᠠᠶ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠶᠦᠮ ᠤᠨ ᠪᠠᠶᠢᠰᠢᠩ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠲᠠ ᠬᠠᠮᠵᠢᠯᠴᠠᠬᠤ ᠬᠡᠷᠡᠭᠲᠡᠶ᠃ ᠴᠡᠪᠡᠷ ᠨᠡᠭᠦᠷᠡᠰᠦ ᠪᠣᠷᠣᠯᠠᠭᠤᠯᠬᠤ ᠠᠬᠢᠴᠠ ᠶᠢ ᠲᠦᠷᠭᠡᠳᠬᠡᠨ ᠠᠬᠢᠭᠤᠯᠵᠤ᠂ ᠰᠠᠭᠤᠭᠠᠯᠢ ᠠᠷᠠᠳ ᠤᠨ ᠡᠪᠦᠯ ᠤᠨ ᠤᠯᠠᠷᠢᠯ ᠳᠤ ᠨᠡᠭᠦᠷᠡᠰᠦ ᠰᠢᠲᠠᠭᠠᠬᠤ ᠪᠠ ᠲᠠᠷᠠᠬᠠᠶ ᠪᠤᠲᠠᠷᠬᠠᠶ ᠦᠵᠡᠭᠳᠡᠯ ᠭᠠᠷᠬᠤ ᠶᠢ ᠴᠢᠩᠭ᠎ᠠ ᠴᠠᠭᠠᠵᠠᠯᠠᠨ᠎ᠠ᠃ ᠪᠦᠬᠦ ᠣᠷᠣᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠠᠵᠢᠯ ᠤᠨ ᠲᠤᠬᠠᠶ᠂ ᠡᠯ᠎ᠡ ᠬᠠᠷᠢᠭᠤᠴᠠᠯᠭᠠᠲᠤ ᠰᠠᠯᠠᠭ᠎ᠠ ᠮᠦᠴᠢᠷ ᠪᠠᠷᠢᠯᠭ᠎ᠠ ᠶᠢᠨ ᠠᠬᠢᠴᠠ ᠶᠢ ᠴᠢᠩᠭ᠎ᠠ ᠠᠩᠬᠠᠷᠴᠤ᠂ ᠵᠣᠬᠢᠴᠠᠭᠤᠯᠬᠤ ᠦᠢᠯᠡᠴᠢᠯᠡᠭᠡᠨ ᠤ ᠠᠵᠢᠯ ᠢ ᠦᠨᠡᠨᠬᠦ ᠰᠠᠶᠢᠲᠤᠷ ᠬᠢᠵᠦ᠂ ᠭᠤᠤᠯᠳᠠᠯᠭ᠎ᠠ ᠲᠠᠢ ᠲᠥᠷᠥᠯ ᠵᠦᠢᠯ ᠢ ᠬᠤᠭᠤᠴᠠᠭ᠎ᠠ ᠶᠣᠰᠣᠭᠠᠷ ᠠᠵᠢᠯ ᠳᠠᠭᠤᠰᠬᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠨ ᠶᠡᠷᠦᠩᠬᠡᠶᠢᠯᠡᠨ ᠠᠳᠬᠤᠬᠤ ᠦᠢᠯᠡᠳᠦᠯ ᠢᠶᠠᠨ ᠪᠠᠳᠠᠷᠠᠭᠤᠯᠵᠤ᠂ ᠪᠦᠬᠦ ᠲᠠᠯ᠎ᠠ ᠠᠴᠠ ᠡᠭᠦᠰᠴᠦ᠂ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠮᠠᠨ ᠤ ᠲᠣᠭᠤᠷᠢᠭ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢ ᠲᠦᠷᠭᠡᠬᠡᠨ ᠰᠤᠳᠤᠯᠤᠨ ᠲᠣᠭᠲᠠᠭᠠᠵᠤ᠂ ᠲᠥᠯᠥᠪᠵᠢᠭᠦᠯᠭᠡ ᠶᠢ ᠤᠷᠢᠳᠠᠪᠠᠷ ᠬᠢᠵᠦ᠂ ᠨᠠᠶᠢᠷᠠᠭᠤᠯᠤᠨ ᠵᠣᠬᠢᠶᠠᠬᠤ ᠶᠢ ᠤᠷᠢᠳᠠᠪᠠᠷ ᠬᠢᠵᠦ᠂ ᠲᠥᠷᠥᠯ ᠵᠦᠢᠯ ᠤᠨ ᠰᠠᠶᠢᠨ ᠣᠷᠴᠢᠯ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃      ᠯᠢ ᠢᠦᠢ ᠵᠢᠶᠤᠤ ᠵᠢᠭᠠᠵᠤ ᠭᠠᠷᠭᠠᠬᠤ ᠳᠠᠭᠠᠨ᠂ ᠪᠦᠬᠦ ᠣᠷᠣᠨ ᠢᠶᠠᠷ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠭᠤᠤᠯᠳᠠᠯᠭ᠎ᠠ ᠲᠠᠢ ᠡᠭᠦᠷᠭᠡ᠂ ᠭᠤᠤᠯᠳᠠᠯᠭ᠎ᠠ ᠲᠠᠢ ᠠᠷᠭ᠎ᠠ ᠬᠡᠮᠵᠢᠶ᠎ᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠡᠯ᠎ᠡ ᠵᠦᠢᠯ ᠤᠨ ᠠᠵᠢᠯ ᠤᠨ ᠯᠠᠪᠳᠠᠭᠤᠨ ᠢᠶᠠᠷ ᠤᠷᠤᠭᠰᠢᠯᠠᠬᠤ ᠶᠢ ᠦᠨᠡᠨᠬᠦ ᠪᠠᠲᠣᠯᠠᠵᠤ᠂ ᠭᠤᠷᠪᠠᠨ ᠶᠡᠭᠡ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠤᠷᠤᠭᠰᠢᠲᠠᠶ ᠶᠠᠪᠤᠭᠳᠠᠵᠤ ᠪᠠᠶᠢᠨ᠎ᠠ ᠶᠠᠪᠣᠭᠳᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠦᠷᠭᠦᠯᠵᠢᠯᠡᠨ ᠬᠠᠷᠠᠯᠲᠠ ᠪᠠᠷ ᠤᠳᠤᠷᠢᠳᠤᠮᠵᠢ ᠪᠣᠯᠭᠠᠵᠤ᠂ ᠠᠰᠠᠭᠤᠳᠠᠯ ᠢ ᠴᠢᠩᠭ᠎ᠠ ᠠᠩᠬᠠᠷᠴᠤ ᠤᠨᠢᠨ ᠳᠡᠭᠡᠷ᠎ᠡ ᠨᠢ ᠬᠦᠴᠦᠯᠡᠵᠦ᠂ ᠰᠠᠨᠠᠭᠠᠴᠢᠯᠠᠭ᠎ᠠ ᠠᠴᠠ ᠪᠠᠨ ᠠᠬᠢᠭᠤᠯᠵᠤ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠥᠬᠦ ᠵᠢᠯ ᠤᠨ ᠠᠵᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨᠬᠦ ᠪᠠᠲᠣᠯᠠᠬᠤ ᠬᠡᠷᠡᠭᠲᠡᠢ ᠭᠡᠪᠡ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号