ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/9/15
ᠵᠠᠩ ᠪᠠᠢ ᠴᠧᠩ ᠡᠷᠬᠢᠯᠡᠵᠦ  ᠯᠥᠸᠧ ᠴᠢᠩ ᠣᠷᠣᠯᠴᠠᠪᠠ     9 ᠳ᠋ᠦ᠋ᠭᠡᠷ ᠰᠠᠷ᠎ᠠ ᠶᠢᠨ 2 ᠤᠨ ᠦᠳᠡ ᠶᠢᠨ ᠬᠤᠶᠢᠨ᠎ᠠ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ 48 ᠳ᠋ᠤᠭᠠᠷ ᠤᠳᠠᠭ᠎ᠠ ᠶᠢᠨ ᠲᠣᠬᠢᠷᠠᠭᠤᠯᠤᠯᠲᠠ ᠶᠢᠨ ᠬᠤᠷᠠᠯ ᠢ ᠬᠤᠷᠠᠯᠳᠤᠭᠤᠯᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ︽ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠬᠤ ᠠᠵᠢᠯ ᠤᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ᠪᠠ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ︽ᠥᠪᠡᠷᠲᠡᠭᠡᠨ ᠵᠠᠰᠠᠬᠤ ᠣᠷᠣᠨ ᠤ ᠨᠠᠮᠤᠷ ᠡᠪᠦᠯ ᠤᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ᠢ ᠤᠯᠠᠮᠵᠢᠯᠠᠨ ᠰᠤᠷᠤᠯᠴᠠᠵᠤ᠂ ᠳᠠᠷᠠᠭᠠᠴᠢ ᠶᠢᠨ ᠠᠯᠬᠤᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠶᠡᠷᠦᠩᠬᠡᠢ ᠵᠢᠯᠣᠭᠤᠳᠤᠭᠴᠢ ᠵᠠᠩ ᠪᠠᠢ ᠴᠧᠩ ᠬᠤᠷᠠᠯ ᠢ ᠡᠷᠬᠢᠯᠡᠪᠡ᠃      ᠵᠠᠩ ᠪᠠᠢ ᠴᠧᠩ ᠵᠢᠭᠠᠬᠤ ᠳᠠᠭᠠᠨ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ  ᠬᠢᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮᠤᠷ ᠡᠪᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠢᠮᠠᠭᠲᠠ ᠪᠣᠯᠭᠤᠮᠵᠢᠳᠠᠢ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠳᠠᠬᠢᠨ ᠳᠡᠯᠭᠡᠷᠡᠬᠦ ᠶᠢ ᠴᠢᠩᠭ᠎ᠠ ᠰᠡᠷᠭᠡᠶᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠤᠣᠰ ᠢᠯᠠᠯᠲᠠ ᠶᠢ ᠲᠡᠮᠡᠴᠡᠨ ᠣᠯᠬᠤ ᠬᠡᠷᠡᠭᠲᠡᠢ ᠭᠡᠪᠡ᠃      ᠵᠠᠩ ᠪᠠᠢ ᠴᠧᠩ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠵᠤ᠂ ᠨᠠᠮᠤᠷ ᠡᠪᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠪᠡᠯᠡᠳᠬᠡᠯ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠳᠤᠷᠢᠳᠤᠯᠭ᠎ᠠ ᠶᠢᠨ ᠪᠠᠶᠢᠭᠤᠯᠤᠯ᠂ ᠳᠠᠶᠢᠨ ᠤ ᠦᠶ᠎ᠡ ᠶᠢᠨ ᠲᠣᠭᠲᠠᠴᠠ᠂ ᠵᠢᠯᠣᠭᠤᠳᠬᠤ ᠰᠢᠰᠲ᠋ᠧᠮᠵᠢ ᠬᠤᠪᠢᠷᠠᠬᠤ ᠦᠭᠡᠢ ᠪᠠᠶᠢᠬᠤ ᠶᠢ ᠪᠠᠷᠢᠮᠲᠠᠯᠠᠨ᠂ ᠠᠵᠢᠯ ᠤᠨ ᠲᠣᠭᠲᠠᠴᠠ ᠪᠠ ᠠᠷᠭ᠎ᠠ ᠬᠡᠮᠵᠢᠶ᠎ᠡ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠨᠥᠭᠡᠴᠡ ᠶᠢ ᠴᠢᠩᠭᠠᠳᠬᠠᠨ᠂ ᠬᠢᠵᠢᠭ ᠤᠨ ᠪᠠᠶᠢᠳᠠᠯ ᠡᠭᠦᠰᠬᠦ ᠳᠤ ᠬᠦᠷᠪᠡᠯ ᠳᠠᠷᠤᠢ ᠲᠦᠷᠭᠡᠨ ᠬᠥᠳᠡᠯᠦᠯᠴᠡᠵᠦ᠂ ᠥᠨᠳᠥᠷ ᠪᠦᠲᠦᠮᠵᠢᠲᠡᠢ ᠰᠢᠢᠳᠪᠦᠷᠢᠯᠡᠨ᠂ ᠠᠷᠠᠳ ᠣᠯᠠᠨ ᠲᠦᠮᠡᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ ᠭᠡᠪᠡ᠃      ᠬᠤᠲᠠ ᠶᠢᠨ ᠤᠳᠤᠷᠢᠳᠤᠯᠭ᠎ᠠ ᠯᠥᠸᠧ ᠴᠢᠩ᠂ ᠯᠢᠦ ᠴᠧᠩ ᠮᠢᠨ᠂ ᠰᠢᠦᠢ ᠷᠦᠢ ᠰᠢᠶᠠ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠯᠢ ᠰᠢᠶᠥᠥ ᠳ᠋ᠦᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᠳ᠋ᠦᠩ ᠵᠢᠴᠢ ᠡᠯ᠎ᠡ ᠬᠤᠰᠢᠭᠤ ᠰᠢᠶᠠᠨ ᠲᠣᠭᠤᠷᠢᠭ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ ︵ᠯᠢ ᠬᠠᠢ ᠵᠧᠨ︶
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号