ᠬᠤᠭ ᠨᠣᠪᠰᠢ ᠶᠢ ᠲᠦᠷᠥᠯ ᠬᠤᠪᠢᠶᠠᠬᠤ ᠶᠢ ᠰᠤᠷᠭᠠᠭᠤᠯᠢ ᠳᠤ ᠣᠷᠣᠭᠤᠯᠬᠤ— ᠪᠣᠯᠣᠳ ᠲᠡᠮᠦᠷ ᠵᠠᠮ ᠤᠨ ᠬᠡᠷᠡᠭ ᠡᠷᠬᠢᠯᠡᠬᠦ ᠭᠠᠵᠠᠷ ᠤᠨ ᠸᠧᠶ ᠯᠠᠶ ᠴᠧᠩ ᠨᠡᠶᠢᠭᠡᠮ ᠲᠣᠭᠤᠷᠢᠭ ᠬᠤᠲᠣᠩ ᠠᠷᠠᠳ ᠤᠨ ᠲᠣᠭᠤᠷᠢᠭ ᠤᠨ ᠲᠤᠷᠰᠢᠯᠲᠠ ᠶᠢᠨ ᠬᠤᠶᠠᠳᠤᠭᠠᠷ ᠪᠠᠭ᠎ᠠ ᠰᠤᠷᠭᠠᠭᠤᠯᠢ ᠳᠤ ᠬᠦᠷᠴᠦ ᠬᠤᠭ ᠨᠣᠪᠰᠢ ᠶᠢ ᠲᠥᠷᠥᠯ ᠬᠤᠪᠢᠶᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/1/11
     ᠬᠤᠭ ᠨᠣᠪᠰᠢ ᠶᠢ ᠲᠥᠷᠥᠯ ᠬᠤᠪᠢᠶᠠᠬᠤ ᠤᠬᠠᠭᠤᠯᠭ᠎ᠠ ᠶᠢᠨ ᠡᠷᠴᠢᠮ ᠢ ᠤᠯᠠᠮ ᠨᠢᠭᠡ ᠠᠯᠬᠤᠮ ᠥᠷᠭᠡᠳᠬᠡᠵᠦ ᠂ ᠨᠥᠯᠥᠭᠡᠯᠡᠬᠦ ᠬᠦᠴᠦᠨ ᠢ  ᠴᠢᠩᠭᠠᠳᠬᠠᠨ᠂ ᠪᠦᠬᠦ ᠠᠷᠠᠳ ᠢᠶᠠᠷ ᠢᠶᠠᠨ ᠬᠤᠭ ᠨᠣᠪᠰᠢ ᠶᠢ ᠲᠥᠷᠥᠯ ᠬᠤᠪᠢᠶᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠤᠰᠠᠳᠠ᠂ 12 ᠳ᠋ᠤᠭᠠᠷ ᠰᠠᠷ᠎ᠠ ᠶᠢᠨ 23 ᠤ ᠡᠳᠦᠷ ᠤᠨ ᠦᠳᠡ ᠶᠢᠨ ᠬᠤᠶᠢᠨ᠎ᠠ᠂ ᠸᠧᠶ ᠯᠠᠶ ᠴᠧᠩ ᠨᠡᠶᠢᠭᠡᠮ ᠲᠣᠭᠤᠷᠢᠭ ᠬᠤᠲᠣᠩ ᠠᠷᠠᠳ ᠤᠨ ᠲᠣᠭᠤᠷᠢᠭ ᠤᠨ ᠲᠤᠷᠰᠢᠯᠲᠠ ᠶᠢᠨ ᠬᠤᠶᠠᠳᠤᠭᠠᠷ ᠪᠠᠭ᠎ᠠ ᠰᠤᠷᠭᠠᠭᠤᠯᠢ ᠳᠤ ᠣᠷᠣᠵᠤ ᠲᠤᠷᠰᠢᠯᠲᠠ ᠶᠢᠨ ᠬᠤᠶᠠᠳᠤᠭᠠᠷ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠲᠠᠢ ᠬᠠᠮᠲᠤ ᠪᠠᠷ ᠬᠤᠭ ᠨᠣᠪᠰᠢ ᠶᠢ ᠲᠥᠷᠥᠯ ᠬᠤᠪᠢᠶᠠᠬᠤ ᠤᠬᠠᠭᠤᠯᠭ᠎ᠠ  ᠶᠢᠨ ᠠᠵᠢᠯᠯᠠᠭ᠎ᠠ ᠥᠷᠨᠢᠭᠦᠯᠪᠡ᠃ ᠡᠨᠡ ᠤᠳᠠᠭᠠᠨ ᠤ ᠠᠵᠢᠯᠯᠠᠭ᠎ᠠ ᠳᠤ ᠪᠤᠯᠤᠳ ᠲᠡᠮᠤᠷ ᠵᠠᠮ ᠤᠨ ᠵᠡᠭᠡᠯᠢ ᠭᠤᠳᠤᠮᠵᠢ  ᠶᠢᠨ ᠨᠠᠮ ᠤᠨ ᠠᠵᠢᠯᠯᠠᠬᠤ ᠬᠤᠷᠢᠶᠠᠨ ᠤ ᠱᠦᠵᠢ ᠵᠤᠤ ᠫᠧᠩ ᠨᠥᠬᠦᠷ ᠣᠷᠣᠯᠴᠠᠵᠤ᠂ ᠪᠣᠯᠣᠳ ᠲᠡᠮᠦᠷ ᠵᠠᠮ ᠤᠨ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ ᠸᠠᠩ ᠯᠢ ᠪᠢᠶᠤᠤ ᠨᠥᠬᠦᠷ᠂ ᠸᠧᠶ ᠯᠠᠶ ᠴᠧᠩ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠪᠠ ᠨᠡᠶᠢᠭᠡᠮ ᠲᠣᠭᠤᠷᠢᠭ ᠤᠨ ᠠᠵᠢᠯᠲᠠᠨ ᠵᠢᠴᠢ ᠲᠤᠷᠰᠢᠯᠲᠠ ᠶᠢᠨ ᠬᠤᠶᠠᠳᠤᠭᠠᠷ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢ᠂ ᠭᠡᠷ ᠤᠨ ᠠᠬᠠᠮᠠᠳ ᠤᠨ ᠲᠥᠯᠥᠭᠡᠯᠡᠭᠴᠢ ᠵᠡᠷᠭᠡ ᠬᠥᠮᠦᠨ ᠣᠷᠣᠯᠴᠠᠪᠠ᠃      ᠡᠨᠡ ᠤᠳᠠᠭᠠᠨ ᠤ ᠬᠥᠳᠡᠯᠭᠡᠭᠡᠨ ᠨᠢ ᠭᠤᠤᠯᠳᠠᠭᠤ ᠲᠠᠮᠢᠷ ᠤᠨ ᠬᠥᠳᠡᠯᠭᠡᠭᠡᠨ ᠤ ᠬᠡᠯᠪᠡᠷᠢ ᠪᠠᠷ ᠶᠠᠪᠣᠭᠳᠠᠵᠣ᠂ ᠪᠠᠴᠢᠮ ᠰᠡᠳᠡᠯᠲᠡ ᠲᠠᠢ《 ᠳᠥᠷᠪᠡᠨ ᠲᠥᠷᠥᠯ ᠬᠤᠪᠢᠶᠠᠨ ᠬᠤᠭ ᠨᠣᠪᠰᠢ ᠶᠢ ᠲᠥᠷᠥᠯ ᠬᠤᠪᠢᠶᠠᠬᠤ ᠭᠦᠶᠦᠬᠦ ᠤᠷᠤᠯᠳᠤᠭᠠᠨ 》 ᠤ ᠠᠵᠢᠯᠯᠠᠭ᠎ᠠ᠂ ᠪᠦᠯᠬᠦᠮ ᠤᠨ ᠬᠠᠮᠲᠤᠷᠠᠨ ᠠᠵᠢᠯᠯᠠᠬᠤ ᠶᠢ ᠰᠢᠯᠭᠠᠬᠤ《 ᠳᠥᠷᠪᠡᠨ ᠲᠥᠷᠥᠯ ᠤᠨ ᠬᠤᠭ ᠨᠣᠪᠰᠢ ᠶᠢ ᠲᠦᠷᠥᠯ ᠬᠤᠪᠢᠶᠠᠬᠤ 》ᠲᠤᠭᠯᠠᠭᠠᠮ᠂ ᠲᠤᠰᠬᠠᠯ ᠤᠨ ᠴᠢᠳᠠᠪᠤᠷᠢ ᠶᠢ ᠰᠢᠯᠭᠠᠬᠤ《 ᠳᠥᠷᠪᠡᠨ ᠲᠥᠷᠥᠯ ᠬᠤᠪᠢᠶᠠᠨ ᠬᠤᠭ ᠨᠣᠪᠰᠢ ᠪᠥᠭᠡᠮᠨᠡᠷᠡᠬᠦ 》ᠠᠵᠢᠯᠯᠠᠭ᠎ᠠ ᠨᠢ ᠣᠯᠠᠨ ᠳᠤ ᠬᠥᠳᠡᠯᠭᠡᠭᠡᠨ ᠤ ᠬᠠᠪᠤ ᠴᠡᠩᠭᠡᠯ ᠢ ᠮᠡᠳᠡᠷᠡᠭᠦᠯᠬᠦ ᠶᠢᠨ ᠬᠠᠮᠲᠤ ᠪᠠᠰᠠ ᠪᠠᠶᠠᠷ ᠪᠠᠶᠠᠰᠤᠯ ᠢ ᠠᠬᠤᠭᠤᠯᠵᠤ᠂ ᠣᠯᠠᠨ ᠳᠤ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢ ᠲᠠᠨᠢᠭᠤᠯᠵᠤ᠂ ᠬᠤᠭ ᠨᠣᠪᠰᠢ ᠶᠢᠨ ᠲᠥᠷᠥᠯ ᠬᠤᠪᠢᠶᠠᠬᠤ ᠣᠶᠢᠯᠠᠭᠠᠭᠳᠠᠬᠤᠨ ᠢ ᠳᠡᠭᠡᠭᠰᠢᠯᠡᠭᠦᠯᠪᠡ᠃     ᠲᠣᠰ ᠤᠳᠠᠭᠠᠨ ᠤ ᠬᠤᠭ ᠨᠣᠪᠰᠢ ᠶᠢ ᠲᠥᠷᠥᠯ ᠬᠤᠪᠢᠶᠠᠨ ᠰᠤᠷᠭᠠᠭᠤᠯᠢ ᠳᠤ ᠣᠷᠣᠭᠤᠯᠬᠤ ᠠᠵᠢᠯᠯᠠᠭ᠎ᠠ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠬᠤᠭ ᠨᠣᠪᠰᠢ ᠶᠢ ᠲᠥᠷᠥᠯ ᠬᠤᠪᠢᠶᠠᠨ ᠤᠬᠠᠭᠤᠯᠬᠤ ᠠᠷᠭ᠎ᠠ ᠵᠠᠮ ᠢ ᠪᠠᠶᠠᠯᠢᠭᠵᠢᠭᠤᠯᠵᠤ᠂ ᠤᠬᠠᠭᠤᠯᠬᠤ ᠬᠡᠪᠴᠢᠶ᠎ᠡ ᠶᠢ ᠥᠷᠭᠡᠳᠬᠡᠭᠰᠡᠨ ᠢᠶᠠᠷ ᠪᠠᠷᠠᠬᠤ ᠥᠬᠡᠶ᠂ ᠨᠡᠶᠢᠭᠡᠮ ᠲᠣᠭᠤᠷᠢᠭ ᠬᠢᠭᠡᠳ ᠲᠣᠭᠤᠷᠢᠭ ᠲᠤ ᠰᠠᠭᠤᠭ᠎ᠠ ᠨᠢᠭᠡᠴᠡ ᠶᠢᠨ ᠬᠤᠭᠤᠷᠣᠨᠳᠣᠬᠢ ᠨᠡᠪᠲᠡᠷᠡᠯᠴᠡᠭᠡ ᠰᠣᠯᠢᠯᠴᠠᠭ᠎ᠠ ᠶᠢ ᠭᠦᠨᠵᠡᠭᠡᠶᠢᠷᠡᠭᠦᠯᠦᠭᠰᠡᠨ ᠪᠠᠶᠢᠨ᠎ᠠ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号