1 ᠰᠠᠷ᠎ᠠ ᠶᠢᠨ 9 ᠤ ᠦᠳᠡ ᠶᠢᠨ ᠡᠮᠦᠨ᠎ᠡ᠂ ᠬᠤᠲᠣᠩ ᠠᠷᠠᠳ ᠤᠨ ᠲᠣᠭᠤᠷᠢᠭ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠱᠦᠵᠢ ᠮᠠ ᠪᠢᠩ ᠴᠢᠤᠸᠠᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ᠂ | ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠴᠧᠨ ᠬᠤᠷᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ᠂ ᠭᠤᠸᠠᠩ ᠮᠢᠩ ᠵᠠᠮ ᠤᠨ ᠵᠡᠭᠡᠯᠢ | ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠤ ᠱᠦᠵᠢ ᠯᠢᠦ ᠫᠧᠩ᠂ ᠲᠣᠭᠤᠷᠢᠭ ᠤᠨ ᠵᠠᠰᠠᠭ ᠤᠨ ᠣᠷᠳᠣᠨ ᠤ | ᠳᠡᠳ᠋ ᠳᠠᠷᠤᠭ᠎ᠠ ᠶᠢᠨ ᠵᠢᠩ᠂ ᠶᠦᠮ ᠤᠨ ᠪᠠᠶᠢᠰᠢᠩ ᠪᠠᠯᠭᠠᠰᠤ ᠵᠢᠴᠢ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | ᠬᠤᠷᠠᠯ ᠠᠴᠠ ᠬᠥᠬᠡᠬᠤᠲᠠ ᠶᠢᠨ ᠵᠢᠯᠣᠭᠤᠳᠬᠤ ᠭᠠᠵᠠᠷ ᠤᠨ ᠤᠢᠢᠷ᠎ᠠ ᠶᠢᠨ ᠬᠤᠭᠤᠴᠠᠭᠠᠨ ᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠱᠠᠭᠠᠷᠳᠠᠯᠭ᠎ᠠ ᠶᠢ ᠤᠯᠠᠮᠵᠢᠯᠠᠭᠰᠠᠨ ᠪᠥᠭᠡᠳ ᠮᠠᠨ ᠤ ᠣᠷᠣᠨ | ᠤ ᠲᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ | ᠮᠠ ᠪᠢᠩ ᠴᠢᠤᠸᠠᠨ ᠴᠢᠬᠤᠯᠠᠴᠢᠯᠠᠭᠰᠠᠨ ᠨᠢ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠪᠠᠶᠢᠳᠠᠯ ᠤᠨ ᠨᠠᠷᠢᠨ ᠪᠤᠳᠤᠯᠢᠶᠠᠨᠲᠠᠶ ᠬᠦᠨᠳᠦ ᠨᠣᠴᠢᠲᠠᠶ ᠴᠢᠨᠠᠷ ᠢ ᠭᠦᠨᠵᠡᠭᠡᠶ ᠣᠶᠢᠯᠠᠭᠠᠬᠤ ᠬᠡᠷᠡᠭᠲᠡᠶ᠂ ᠡᠯ᠎ᠡ ᠭᠠᠵᠠᠷ | ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠡᠷᠬᠡᠪᠰᠢ ᠢᠮᠠᠭᠲᠠ | ᠳᠡᠭᠡᠳᠦ ᠬᠡᠮᠵᠢᠶ᠎ᠡ ᠪᠠᠷ ᠰᠡᠷᠡᠮᠵᠢ ᠲᠠᠢ ᠪᠠᠶᠢᠵᠤ᠂ ᠴᠢᠩᠭ᠎ᠠ ᠪᠠᠶᠢᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠬᠤ | ᠬᠡᠷᠡᠭᠲᠡᠶ᠂ ᠶᠠᠭᠠᠬᠢᠭᠰᠠᠨ ᠴᠤ ᠬᠥᠩᠭᠡᠪᠴᠢᠯᠡᠵᠦ ᠪᠣᠯᠬᠤ ᠥᠬᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ | ᠪᠦᠷᠢᠯᠳᠦᠬᠦᠨ ᠨᠢᠭᠡᠴᠢ ᠬᠠᠷᠢᠯᠴᠠᠨ ᠬᠠᠮᠵᠢᠯᠴᠠᠵᠤ᠂ ᠬᠠᠷᠢᠭᠤᠴᠠᠯᠭ᠎ᠠ ᠪᠠᠨ ᠴᠢᠩᠭᠠᠳᠬᠠᠨ ᠪᠣᠳᠠᠲᠠᠶᠢᠵᠢᠭᠤᠯᠵᠤ᠂ | ᠭᠤᠣᠯᠳᠠᠯᠭ᠎ᠠ ᠲᠠᠢ ᠭᠤᠭᠴᠤᠭ᠎ᠠ᠂ ᠭᠤᠣᠯᠳᠠᠯᠭ᠎ᠠ ᠲᠠᠢ ᠬᠥᠮᠦᠰ᠂ ᠭᠤᠣᠯᠳᠠᠯᠭ᠎ᠠ ᠲᠠᠢ ᠲᠠᠯᠠᠪᠤᠷ ᠭᠠᠵᠠᠷ ᠢ ᠴᠢᠩᠭ᠎ᠠ | ᠠᠩᠬᠠᠷᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠥᠴᠦᠬᠡᠨ ᠴᠦ | ᠰᠤᠯᠠᠷᠠᠭᠤᠯᠤᠯ ᠦᠭᠡᠢ ᠰᠠᠶᠢᠲᠤᠷ ᠠᠳᠬᠤᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ | ᠵᠦᠢᠯ ᠤᠨ ᠠᠷᠭ᠎ᠠ ᠬᠡᠮᠵᠢᠶ᠎ᠡ ᠶᠢ ᠦᠨᠡᠨ ᠬᠦ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠤᠨ ᠠᠶᠤᠯ ᠲᠦᠭᠰᠢᠭᠦᠷᠢ | ᠶᠢ ᠰᠤᠳᠤᠯᠤᠨ ᠮᠠᠭᠠᠳᠯᠠᠬᠤ ᠪᠠ ᠰᠢᠢᠳᠪᠦᠷᠢᠯᠡᠬᠦ ᠴᠢᠳᠠᠪᠤᠷᠢ ᠶᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠭᠠᠬᠤ | ᠲᠥᠰᠦᠯ ᠪᠣᠯᠤᠨ ᠡᠯ᠎ᠡ ᠵᠦᠢᠯ ᠤᠨ ᠢᠵᠢ ᠪᠦᠷᠢᠳᠦᠭᠰᠡᠡ ᠠᠵᠢᠯ ᠤᠨ ᠲᠥᠰᠦᠯ ᠢ ᠰᠢᠯᠢᠳᠡᠭᠵᠢᠭᠦᠯᠵᠦ᠂ ᠮᠡᠳᠡᠭᠡ | ᠵᠠᠩᠭᠢ ᠶᠢ ᠲᠦᠷᠭᠡᠨ ᠤᠯᠬᠤ᠂ ᠪᠠᠴᠢᠮ ᠪᠠᠶᠢᠳᠠᠯ ᠢ ᠲᠦᠷᠭᠡᠨ ᠠᠷᠭᠠᠴᠠᠭᠠᠬᠤ ᠠᠵᠢᠯᠯᠠᠭᠠᠨ ᠤ ᠲᠣᠭᠲᠠᠴᠠ ᠶᠢ | ᠴᠢᠨᠠᠭᠰᠢᠳᠠ ᠲᠡᠭᠦᠯᠳᠡᠷᠵᠢᠭᠦᠯᠦᠨ᠂ ᠵᠢᠭᠰᠠᠭᠠᠨ ᠪᠠᠶᠢᠴᠠᠭᠠᠬᠤ ᠳᠤ ᠨᠢᠭᠡ ᠬᠥᠮᠦᠨ ᠢ ᠴᠦ ᠣᠷᠬᠢᠭᠳᠠᠭᠤᠯᠬᠤ ᠦᠭᠡᠢ | ᠪᠠᠶᠢᠬᠤ ᠶᠢ ᠪᠡᠶᠡᠯᠡᠭᠦᠯᠬᠦ ᠬᠡᠷᠡᠭᠲᠡᠢ ᠭᠡᠪᠡ᠃ | | | |