1 ᠰᠠᠷ᠎ᠠ ᠶᠢᠨ 8 ᠤ ᠡᠳᠦᠷ ᠤᠨ ᠥᠷᠯᠥᠭᠡ ᠶᠢᠨ 8᠄ 00 ᠴᠠᠭ ᠲᠤ᠂ ᠬᠤᠲᠣᠩ ᠠᠷᠠᠳ ᠤᠨ ᠲᠣᠭᠤᠷᠢᠭ | ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶᠠᠨ ᠤ 《ᠰᠠᠭᠤᠷᠢ ᠶᠢ ᠴᠢᠩᠭᠠᠳᠬᠠᠬᠤ᠂ ᠰᠤᠷᠲᠠᠯ ᠢ | ᠬᠤᠪᠢᠷᠠᠭᠤᠯᠬᠤ᠂ ᠳᠦᠷᠢ ᠲᠥᠷᠬᠦ ᠶᠢ ᠪᠣᠶ ᠱᠤᠭᠤᠬᠤ》ᠴᠡᠷᠢᠭᠴᠢᠯᠡᠭᠰᠡᠨ ᠪᠣᠯᠪᠠᠰᠤᠷᠠᠯ ᠤᠨ ᠠᠵᠢᠯᠯᠠᠭ᠎ᠠ ᠵᠢᠩᠬᠢᠨᠢ | ᠪᠠᠷ ᠡᠬᠢᠯᠡᠵᠦ᠂ ᠲᠣᠪᠴᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠵᠢᠴᠢ 286 ᠺᠠᠳ᠋ᠷ ᠠᠵᠢᠯᠲᠠᠨ ᠲᠣᠰ | ᠤᠳᠠᠭᠠᠨ ᠤ ᠠᠵᠢᠯᠯᠠᠭ᠎ᠠ ᠳᠤ ᠣᠷᠣᠯᠴᠠᠪᠠ᠃ | ᠲᠣᠰ ᠤᠳᠠᠭᠠᠨ ᠤ 《ᠰᠠᠭᠤᠷᠢ ᠶᠢ ᠴᠢᠩᠭᠠᠳᠬᠠᠬᠤ᠂ ᠰᠤᠷᠲᠠᠯ ᠢ ᠬᠤᠪᠢᠷᠠᠭᠤᠯᠬᠤ᠂ ᠳᠦᠷᠢ ᠲᠥᠷᠬᠦ ᠶᠢ | ᠱᠤᠭᠤᠬᠤ》 ᠴᠡᠷᠢᠭᠵᠢᠭᠰᠡᠨ ᠪᠣᠯᠪᠠᠰᠤᠷᠠᠯ ᠤᠨ ᠠᠵᠢᠯᠯᠠᠭ᠎ᠠ ᠳᠤ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ | ᠪᠥᠬᠦ ᠭᠡᠰᠢᠭᠦᠳ ᠣᠷᠣᠯᠴᠠᠵᠤ᠂ ᠭᠠᠷᠠᠭ ᠪᠦᠷᠢ ᠭᠤᠷᠪᠠ ᠤᠳᠠᠭ᠎ᠠ ᠴᠡᠷᠢᠭᠵᠢᠭᠰᠡᠨ ᠪᠣᠯᠪᠠᠰᠤᠷᠠᠯ ᠬᠢᠵᠦ᠂ ᠣᠷᠣᠨ ᠤ | ᠨᠠᠮ ᠵᠠᠰᠠᠭ ᠤᠨ ᠲᠣᠮᠣ ᠠᠰᠠᠷ ᠤᠨ ᠡᠮᠦᠨᠡᠬᠢ ᠠᠭᠤᠳᠠᠮ ᠲᠠᠯᠠᠪᠠᠶ᠂ ᠶᠡᠭᠡ ᠰᠦᠮ᠎ᠡ ᠶᠢᠨ ᠠᠭᠤᠳᠠᠮ ᠲᠠᠯᠠᠪᠠᠶ᠂ ᠨᠢᠭᠡ | ᠲᠠᠰᠤᠯᠭ᠎ᠠ ᠭᠡᠷ ᠬᠤᠪᠢᠰᠬᠠᠯᠲᠤ ᠰᠣᠶᠣᠯ ᠤᠨ ᠠᠭᠤᠳᠠᠮ ᠲᠠᠯᠠᠪᠠᠶ ᠵᠡᠷᠭᠡ ᠭᠤᠷᠪᠠᠨ ᠲᠠᠯᠠᠪᠠᠶ ᠳᠤ ᠵᠡᠷᠭᠡ ᠪᠠᠷ ᠬᠢᠬᠦ ᠶᠢ | ᠱᠠᠭᠠᠷᠳᠠᠪᠠ᠃ ᠲᠣᠰ ᠠᠵᠢᠯᠯᠠᠭ᠎ᠠ ᠪᠠᠷ ᠳᠠᠮᠵᠢᠭᠤᠯᠤᠨ᠂ ᠬᠤᠲᠠ ᠶᠢᠨ ᠬᠠᠮᠢᠶᠠᠷᠤᠯᠲᠠ ᠶᠢᠨ ᠭᠡᠰᠢᠭᠦᠳ ᠤᠨ | ᠬᠠᠷᠢᠭᠤᠴᠠᠯᠭᠠᠲᠤ ᠤᠬᠠᠮᠰᠠᠷ ᠢ ᠦᠨᠡᠨ ᠬᠦ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠨ᠂ ᠬᠤᠲᠠ | ᠶᠢᠨ ᠬᠠᠮᠢᠶᠠᠷᠤᠯᠲᠠ ᠶᠢᠨ ᠡᠩᠨᠡᠭᠡᠨ ᠤ ᠴᠤᠭ ᠵᠢᠪᠬᠤᠭ᠎ᠠ᠂ ᠰᠢᠨ᠎ᠡ ᠵᠢᠯ ᠰᠢᠨ᠎ᠡ ᠳᠦᠷᠰᠦ ᠪᠠᠶᠢᠳᠠᠯ ᠢ ᠳᠡᠭᠡᠭᠰᠢᠯᠡᠭᠦᠯᠵᠦ | ᠂ ᠣᠷᠭᠢᠯᠤᠮ᠎ᠠ ᠬᠠᠯᠠᠭᠤᠨ ᠰᠡᠳᠬᠢᠯᠭᠡ᠂ ᠴᠢᠩᠭ᠎ᠠ ᠵᠢᠷᠤᠮᠵᠢᠭᠤᠨ ᠬᠠᠤᠯᠢ ᠬᠡᠷᠡᠭᠵᠢᠭᠦᠯᠬᠦ ᠣᠪᠣᠷ ᠢ ᠲᠠᠷᠠᠭᠠᠴᠢ ᠶᠢᠨ | ᠬᠤᠲᠠ ᠶᠢᠨ ᠬᠠᠮᠢᠶᠠᠷᠤᠯᠲᠠ ᠶᠢᠨ ᠠᠵᠢᠯ ᠳᠤ ᠣᠷᠣᠯᠴᠠᠭᠤᠯᠬᠤ ᠪᠠᠷ ᠵᠣᠷᠢᠯᠭ᠎ᠠ ᠪᠣᠯᠭᠠᠵᠠᠶ᠃ |