ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠤᠯᠠᠮ ᠨᠢᠭᠡ ᠠᠯᠬᠤᠮ ᠰᠠᠶᠢᠲᠤᠷ ᠬᠢᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠴᠠᠭᠠᠨ ᠰᠠᠷ᠎ᠠ ᠠᠴᠠ ᠡᠮᠦᠨ᠎ᠡ ᠬᠠᠷᠢᠶ᠎ᠠ ᠣᠷᠣᠨ ᠤ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠢ ᠨᠢᠭᠡ ᠤᠳᠠᠭ᠎ᠠ ᠲᠥᠪᠯᠡᠷᠡᠭᠦᠯᠦᠨ ᠴᠡᠪᠡᠷᠯᠡᠨ ᠴᠡᠭᠴᠡᠯᠡᠵᠦ᠂ ᠬᠤᠲᠠ ᠬᠥᠳᠡᠭᠡ ᠶᠢᠨ ᠣᠷᠴᠢᠨ ᠲᠣᠭᠤᠷᠢᠨ | ᠤ ᠡᠷᠡᠭᠦᠯ ᠬᠠᠮᠠᠭᠠᠯᠠᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠴᠡᠪᠡᠷ ᠲᠡᠭᠰᠢ᠂ ᠪᠣᠯᠪᠠᠰᠤᠨ᠂ ᠡᠮᠬᠢ ᠵᠢᠷᠤᠮ ᠲᠠᠢ | ᠪᠠᠶᠠᠷ ᠳᠤᠷᠠᠰᠬᠠᠯ ᠤᠨ ᠡᠳᠦᠷ ᠥᠩᠭᠡᠷᠡᠭᠦᠯᠬᠦ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ ᠬᠤᠲᠣᠩ | ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠪᠠᠶᠢᠭ᠎ᠠ ᠲᠣᠭᠤᠷᠢᠭ ᠤᠨ ᠨᠠᠮ ᠤᠨ ᠬᠤᠷᠢᠶ᠎ᠠ᠂ | ᠲᠣᠭᠤᠷᠢᠭ ᠤᠨ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ | ᠤᠳᠤᠷᠢᠳᠤᠯᠭ᠎ᠠ ᠳᠣᠤᠷ᠎ᠠ᠂ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠬᠠᠷᠢᠶ᠎ᠠ ᠣᠷᠣᠨ ᠤ ᠳᠣᠲᠣᠷ᠎ᠠ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ | ᠥᠷᠨᠢᠭᠦᠯᠵᠦ᠂ ᠬᠦᠴᠦᠨ ᠢᠶᠠᠨ ᠲᠥᠪᠯᠡᠷᠡᠭᠦᠯᠦᠨ᠂ ᠭᠤᠤᠯᠳᠠᠯᠭ᠎ᠠ ᠪᠠᠨ ᠳᠣᠪᠣᠶᠢᠯᠭᠠᠵᠤ᠂ ᠬᠠᠷᠢᠶ᠎ᠠ ᠣᠷᠣᠨ ᠤ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠳᠦᠷᠰᠦ ᠪᠠᠶᠢᠳᠠᠯ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ | ᠣᠶᠢᠷ᠎ᠠ ᠳᠤ᠂ ᠬᠦᠴᠦ ᠪᠠᠨ ᠲᠥᠪᠯᠡᠷᠡᠭᠦᠯᠦᠨ ᠬᠠᠷᠢᠶ᠎ᠠ ᠣᠷᠣᠨ ᠤ ᠳᠣᠲᠣᠷᠠᠬᠢ ᠶᠤᠸᠠᠨ ᠱᠠᠨ ᠽᠢ ᠲᠣᠰᠬᠤᠨ᠂ | ᠵᠡᠭᠦᠨ ᠤᠰᠤᠲᠤ ᠲᠣᠰᠬᠤᠨ᠂ ᠪᠠᠷᠠᠭᠤᠨ ᠤᠰᠤᠲᠤ ᠲᠣᠰᠬᠤᠨ᠂ ᠬᠤᠭᠤᠯᠠᠶ ᠭᠤᠤ ᠵᠡᠷᠭᠡ ᠬᠤᠲᠠ ᠳᠤᠮᠳᠠᠬᠢ | ᠲᠤᠰᠬᠤᠨ ᠳᠤ ᠳᠤᠷ᠎ᠠ ᠪᠠᠷ ᠬᠤᠭ ᠨᠣᠪᠰᠢ ᠬᠠᠶᠠᠬᠤ᠂ ᠠᠮᠢ ᠠᠬᠤᠶ ᠶᠢᠨ ᠵᠠᠮ᠂ ᠬᠦᠬᠡᠬᠤᠲᠠ ᠠᠴᠠ ᠦᠴᠦᠸᠠᠨ ᠬᠦᠷᠬᠦ | ᠵᠠᠰᠠᠮᠠᠯ ᠵᠠᠮ ᠵᠡᠷᠭᠡ ᠵᠠᠮ ᠤᠨ ᠬᠤᠶᠠᠷ ᠲᠠᠯ᠎ᠠ ᠶᠢᠨ ᠵᠥᠭᠡᠯᠡᠨ ᠪᠣᠭᠤᠳᠠᠯ ᠪᠠ ᠡᠯᠳᠡᠪ ᠪᠣᠳᠠᠰ᠂ ᠪᠠᠶᠠᠨ ᠬᠤᠶᠢᠲᠤ ᠵᠠᠮ | ᠵᠡᠷᠭᠡ ᠪᠠᠷᠢᠯᠭ᠎ᠠ ᠶᠢᠨ ᠣᠷᠣᠨ ᠪᠦᠰᠡ ᠳᠤ ᠬᠤᠭ ᠨᠣᠪᠰᠢ ᠬᠤᠯᠠᠭᠠᠶᠢᠯᠠᠨ ᠬᠠᠶᠠᠭᠰᠠᠨ ᠢ ᠢᠯᠭᠠᠷᠠᠭᠤᠯᠤᠨ | ᠪᠠᠶᠢᠴᠠᠭᠠᠵᠤ ᠴᠡᠭᠴᠡᠯᠡᠨ ᠵᠠᠰᠠᠪᠠ᠂ ᠰᠣᠶᠣᠯ ᠤᠨ ᠣᠷᠳᠤᠨ ᠤ ᠵᠡᠭᠡᠯᠢ᠂ ᠭᠤᠸᠠᠩ ᠮᠢᠩ ᠪᠠᠷᠠᠭᠤᠨ ᠵᠡᠭᠡᠯᠢ᠂ ᠬᠠᠶᠢᠯᠠᠷ | ᠪᠠᠷᠠᠭᠤᠨ ᠵᠡᠭᠡᠯᠢ ᠵᠡᠷᠭᠡ ᠤᠰᠤ ᠮᠥᠰᠥᠲᠦᠭᠰᠡᠨ ᠵᠠᠮ ᠤᠨ ᠬᠡᠰᠡᠭ ᠲᠤ ᠮᠥᠰᠥ ᠬᠠᠭᠠᠯᠵᠤ ᠴᠡᠪᠡᠷᠯᠡᠨ ᠴᠡᠭᠴᠡᠯᠡᠨ | ᠵᠠᠰᠠᠯᠲᠠ ᠬᠢᠵᠦ᠂ 134 ᠴᠡᠪᠡᠷᠯᠡᠭᠴᠢ ᠭᠠᠷᠭᠠᠪᠠ᠂ ᠬᠤᠭ ᠨᠣᠪᠰᠢ ᠪᠠ ᠮᠥᠰᠥ ᠶᠢ ᠴᠡᠪᠡᠷᠯᠡᠬᠦ 111 ᠲᠡᠷᠭᠡ ᠪᠠᠷᠤᠭ | 33 . 8 ᠲᠣᠨ᠂ ᠨᠢᠭᠡ ᠶᠢ ᠢᠯᠡᠷᠡᠭᠦᠯᠪᠡᠯ ᠨᠢᠭᠡ ᠶᠢ ᠴᠡᠪᠡᠷᠯᠡᠨ᠎ᠡ᠂ ᠬᠤᠲᠠ ᠬᠥᠳᠡᠭᠡ ᠳᠤ ᠣᠪᠤᠭᠠᠯᠠᠭᠰᠠᠨ ᠬᠤᠭ | ᠨᠣᠪᠰᠢ᠂ ᠡᠷᠡᠭᠦᠯ ᠬᠠᠮᠠᠭᠠᠯᠠᠯ ᠤᠨ ᠪᠠᠭᠤᠷᠠᠢ ᠭᠤᠭᠴᠤᠭ᠎ᠠ 《 ᠬᠤᠭᠤᠰᠣᠨ 》 ᠪᠠᠶᠢᠬᠤ ᠠᠵᠢᠯ ᠤᠨ ᠬᠠᠷᠠᠯᠲᠠ ᠶᠢ | ᠴᠢᠷᠮᠠᠶᠢᠨ ᠪᠡᠶᠡᠯᠡᠭᠦᠯᠬᠦ ᠬᠡᠷᠡᠭᠲᠡᠢ᠃ | | | | | | |