ᠪᠣᠯᠣᠳ ᠲᠡᠮᠦᠷ ᠵᠠᠮ ᠤᠨ ᠬᠡᠷᠡᠭ ᠡᠷᠬᠢᠯᠡᠬᠦ ᠭᠠᠵᠠᠷ ᠤᠨ ᠼᠠᠨ ᠵᠢᠶᠠ ᠨᠡᠶᠢᠭᠡᠮ ᠲᠣᠭᠤᠷᠢᠭ ︽ᠬᠠᠶᠢᠷ᠎ᠠ  ᠪᠠᠨ ᠬᠡᠷ ᠲᠡᠭᠡᠨ ᠠᠪᠴᠤ ᠬᠠᠷᠢᠬᠤ︾ 2021 ᠣᠨ ᠤ ᠡᠪᠦᠯ ᠤᠨ ᠠᠮᠠᠷᠠᠯᠲᠠ ᠶᠢᠨ ᠬᠡᠦᠬᠡᠳ ᠢ ᠬᠠᠯᠠᠮᠵᠢᠯᠠᠬᠤ ᠦᠶᠯᠡᠴᠢᠯᠡᠭᠡᠨ ᠤ ︽ᠳᠥᠷᠪᠡ ᠶᠢ ᠬᠦᠷᠭᠡᠬᠦ︾ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/1/25
     ᠬᠡᠦᠬᠡᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠬᠠᠷᠢᠶ᠎ᠠ ᠣᠷᠣᠨ ᠤ ᠪᠠᠨ ᠬᠡᠦᠬᠡᠳ ᠲᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠮᠡᠳᠡᠷᠡᠭᠦᠯᠬᠦ ᠶᠢᠨ ᠲᠦᠯᠦᠭᠡ᠂ 1 ᠳ᠋ᠦ᠋ᠭᠡᠷ ᠰᠠᠷ᠎ᠠ ᠶᠢᠨ 19 ᠤ ᠡᠳᠦᠷ᠂ ᠼᠠᠨ ᠵᠢᠶᠠ ᠨᠡᠶᠢᠭᠡᠮ ᠲᠣᠭᠤᠷᠢᠭ ︽ᠬᠠᠶᠢᠷ᠎ᠠ ᠪᠠᠨ ᠬᠡᠷ ᠲᠡᠭᠡᠨ ᠠᠪᠴᠤ ᠬᠠᠷᠢᠬᠤ︾ 2021 ᠣᠨ ᠤ ᠡᠪᠦᠯ ᠤᠨ ᠠᠮᠠᠷᠠᠯᠲᠠ ᠶᠢᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠶᠯᠡᠴᠢᠯᠡᠭᠡᠨ ᠤ ︽ᠳᠥᠷᠪᠡ ᠶᠢ ᠬᠦᠷᠭᠡᠬᠦ︾ ᠪᠠᠷ ᠭᠤᠤᠯ ᠰᠡᠳᠦᠪ ᠪᠣᠯᠭᠠᠭᠰᠠᠨ ᠬᠡᠷ ᠲᠡᠭᠡᠨ ᠬᠦᠷᠭᠡᠬᠦ ᠬᠡᠪ ᠰᠤᠷᠲᠠᠯ ᠤᠨ ᠥᠯᠢᠭᠡᠷ ᠪᠠ ᠬᠡᠷ ᠤᠨ ᠪᠠᠭᠰᠢ ᠶᠢᠨ ᠦᠶᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠳᠤᠮᠳᠠ᠂ ᠨᠡᠶᠢᠭᠡᠮ ᠲᠣᠭᠤᠷᠢᠭ ᠤᠨ ᠠᠵᠢᠯᠲᠠᠨ ᠬᠡᠷ ᠤᠨ ᠪᠠᠭᠰᠢ ᠶᠢᠨ ᠦᠶᠯᠡᠴᠢᠯᠡᠭᠡ ᠬᠠᠩᠭᠠᠵᠤ ᠂ ᠬᠡᠦᠬᠡᠳ ᠤᠨ ᠰᠤᠷᠤᠯᠭ᠎ᠠ ᠶᠢᠨ ᠪᠠᠶᠢᠳᠠᠯ᠂ ᠪᠡᠶ᠎ᠡ ᠮᠠᠬᠠᠪᠣᠳ ᠤᠨ ᠪᠠᠶᠢᠳᠠᠯ ᠢ ᠨᠠᠷᠢᠨ ᠠᠰᠠᠭᠤᠵᠤ᠂ ᠬᠡᠦᠬᠡᠳ ᠤᠨ ᠰᠤᠷᠤᠯᠭ᠎ᠠ ᠶᠢᠨ ᠳᠤᠮᠳᠠ ᠲᠣᠬᠢᠶᠠᠯᠳᠤᠭᠰᠠᠨ ᠠᠰᠠᠭᠤᠳᠠᠯ ᠢ ᠨᠢᠭᠡᠳ ᠨᠢᠭᠡ ᠪᠠᠷ ᠬᠠᠷᠢᠭᠤᠯᠵᠤ᠂ ᠲᠡᠳᠡᠨ ᠢ ᠴᠢᠷᠮᠠᠶᠢᠨ ᠰᠤᠷᠤᠯᠴᠠᠵᠤ᠂ ᠴᠢᠷᠮᠠᠶᠢᠨ ᠳᠠᠪᠰᠢᠬᠤ ᠬᠡᠷᠡᠭᠲᠡᠶ ᠭᠡᠵᠦ ᠵᠣᠷᠢᠭᠵᠢᠭᠤᠯᠤᠭᠰᠠᠨ ᠪᠥᠭᠡᠳ ᠬᠡᠦᠬᠡᠳ ᠤᠨ ᠳᠠᠰᠬᠠᠯ ᠤᠨ ᠪᠠᠶᠢᠳᠠᠯ ᠢ ᠪᠠᠶᠢᠴᠠᠭᠠᠨ ᠦᠵᠡᠵᠦ᠂ ᠳᠠᠰᠬᠠᠯ ᠤᠨ ᠳᠤᠮᠳᠠ ᠲᠤᠯᠭᠠᠷᠠᠭᠰᠠᠨ ᠠᠰᠠᠭᠤᠳᠠᠯ ᠢ ᠬᠦᠯᠢᠴᠡᠩᠭᠦᠶ ᠪᠥᠭᠡᠳ ᠨᠠᠷᠢᠨ ᠨᠢᠮᠪᠠᠶ ᠵᠢᠭᠠᠨ ᠵᠢᠯᠣᠭᠤᠳᠪᠠ᠃ ᠡᠭᠦᠨ ᠤ ᠬᠠᠮᠲᠤ᠂ ᠨᠡᠶᠢᠭᠡᠮ ᠲᠣᠭᠤᠷᠢᠭ ᠤᠨ ᠠᠵᠢᠯᠲᠠᠨ ᠬᠡᠦᠬᠡᠳ ᠲᠤ ᠠᠯᠢ ᠣᠯᠠᠨ ᠬᠡᠷ ᠤᠨ ᠰᠤᠷᠲᠠᠯ ᠤᠨ ᠥᠯᠢᠭᠡᠷ ᠢ ᠲᠠᠶᠢᠯᠪᠤᠷᠢᠯᠠᠨ ᠥᠭᠴᠦ᠂ ᠲᠡᠳᠡᠨ ᠳᠤ ᠠᠮᠢᠳᠤᠷᠠᠯ ᠤᠨ ᠴᠢᠭᠯᠡᠯ ᠢ ᠵᠢᠭᠠᠵᠤ ᠥᠭᠴᠡᠶ᠃      ᠬᠡᠦᠬᠡᠳ ᠪᠣᠯ ᠨᠢᠭᠡᠨ ᠣᠨᠴᠠᠭᠠᠶ ᠬᠠᠮᠲᠤᠯᠢᠭ ᠮᠥᠨ᠂ ᠬᠡᠦᠬᠡᠳ ᠢ ᠬᠠᠯᠠᠮᠵᠢᠯᠠᠨ ᠬᠠᠶᠢᠷᠠᠯᠠᠬᠤ ᠪᠣᠯ ᠪᠥᠬᠦ ᠨᠡᠶᠢᠭᠡᠮ ᠤᠨ ᠬᠠᠮᠲᠤ ᠶᠢᠨ ᠬᠠᠷᠢᠭᠤᠴᠠᠯᠭ᠎ᠠ ᠮᠥᠨ᠃ ᠲᠣᠰ ᠤᠳᠠᠭᠠᠨ ᠤ《 ᠬᠠᠯᠠᠮᠵᠢᠯᠠᠨ ᠬᠠᠶᠢᠷᠠᠯᠠᠬᠤ 》ᠠᠵᠢᠯᠯᠠᠭ᠎ᠠ ᠪᠠᠷ ᠳᠠᠮᠵᠢᠭᠤᠯᠤᠨ᠂ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠬᠠᠪᠰᠤᠷᠬᠤ ᠪᠠᠷ ᠵᠣᠷᠢᠯᠲᠠ ᠪᠣᠯᠭᠠᠵᠤ᠂ ᠬᠡᠦᠬᠡᠳ ᠢ ᠬᠠᠯᠠᠮᠵᠢᠯᠠᠨ ᠬᠠᠶᠢᠷᠠᠯᠠᠬᠤ ᠪᠠᠷ ᠭᠤᠤᠯᠳᠠᠯᠭ᠎ᠠ ᠪᠣᠯᠭᠠᠵᠤ᠂ ᠨᠡᠶᠢᠭᠡᠮ ᠲᠣᠭᠤᠷᠢᠭ  ᠤᠨ ᠲᠠᠷᠠᠭᠠᠴᠢ ᠶᠢᠨ ᠠᠯᠬᠤᠮ ᠳᠤ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠥᠷᠨᠢᠭᠦᠯᠬᠦ ᠳᠤ ᠢᠳᠡᠪᠬᠢᠲᠡᠶ ᠠᠬᠢᠭᠤᠯᠬᠤ ᠦᠶᠯᠡᠳᠦᠯ ᠦᠵᠡᠭᠦᠯᠦᠭᠰᠡᠨ ᠪᠠᠶᠢᠨ᠎ᠠ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号