ᠤᠶᠢᠷ᠎ᠠ ᠳᠤ᠂ ᠰᠤᠷᠪᠤᠯᠵᠢᠯᠠᠭᠴᠢ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠶᠢᠷ᠎ᠠ ᠶᠢᠨ ᠬᠤᠭᠤᠴᠠᠭᠠᠨ ᠳᠤ᠂ ᠲᠣᠰ ᠲᠣᠪᠴᠢᠶ᠎ᠠ ᠭᠤᠤᠯᠳᠠᠯᠭ᠎ᠠ ᠲᠠᠢ | ᠪᠠᠶᠢᠴᠠᠭᠠᠯᠲᠠ ᠪᠠᠷ ᠳᠡᠮᠵᠢᠨ᠂ ᠬᠥᠬᠡᠬᠤᠲᠠ ᠶᠢᠨ ᠮᠠ ᠯᠧ ᠴᠢᠩ ᠢᠳᠡᠭᠡᠨ ᠤ ᠬᠢᠵᠠᠭᠠᠷᠲᠤ ᠺᠣᠮᠫᠠᠨᠢ ᠵᠡᠷᠭᠡ 12 | ᠡᠷᠦᠬᠡ ᠢᠳᠡᠭᠡᠨ ᠤ ᠡᠵᠡᠩᠨᠡᠨ ᠪᠣᠷᠣᠯᠠᠭᠤᠯᠬᠤ ᠭᠤᠤᠯ ᠴᠣᠭᠴᠠ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ ᠬᠠᠤᠯᠢ ᠪᠠᠷ ᠲᠣᠭᠲᠠᠭᠠᠭᠰᠠᠨ ᠬᠠᠷᠢᠭᠤᠴᠠᠯᠭ᠎ᠠ ᠪᠠᠨ ᠬᠦᠢᠴᠡᠳᠭᠡᠭᠰᠡᠨ | ᠥᠬᠡᠶ᠂ ︽ᠦᠪᠦᠷ ᠮᠤᠩᠭᠤᠯ ᠤᠨ ᠬᠦᠢᠲᠡᠨ ᠬᠡᠯᠬᠢᠶᠡᠲᠦ ᠢᠳᠡᠭᠡᠨ ᠤ ᠮᠦᠷᠳᠡᠯᠲᠡ ᠶᠢᠨ ᠰᠢᠰᠲ᠋ᠧᠮ︾ ᠳᠤ | ᠰᠠᠭᠤᠷᠢᠰᠢᠬᠤ᠂ ᠭᠤᠶᠤᠴᠢᠯᠠᠨ ᠮᠡᠳᠡᠭᠦᠯᠬᠦ᠂ ᠬᠥᠮᠥᠷᠭᠡ ᠠᠴᠠ ᠭᠠᠷᠭᠠᠬᠤ᠂ ᠺᠣᠳ᠋ ᠣᠯᠭᠤᠬᠤ ᠵᠡᠷᠭᠡ ᠲᠦᠷᠢᠮ ᠢ | ᠴᠢᠩᠭ᠎ᠠ ᠬᠡᠷᠡᠭᠵᠢᠭᠦᠯᠦᠭᠰᠡᠨ ᠥᠬᠡᠶ ᠪᠠᠶᠢᠳᠠᠯ ᠢ ᠣᠯᠵᠤ ᠮᠡᠳᠡᠵᠦ᠂ ᠢᠯᠡ ᠪᠠᠷ ᠵᠠᠷᠯᠠᠨ ᠲᠤᠩᠬᠠᠭᠯᠠᠪᠠ᠃ | ᠵᠠᠷᠯᠠᠯ ᠳᠤ᠂ ᠬᠦᠬᠡᠬᠤᠲᠠ ᠶᠢᠨ ᠮᠠ ᠯᠧ ᠴᠢᠩ ᠢᠳᠡᠭᠡᠨ ᠤ ᠬᠢᠵᠠᠭᠠᠷᠲᠤ ᠺᠣᠮᠫᠠᠨᠢ᠂ ᠬᠦᠬᠡᠬᠤᠲᠠ ᠶᠢᠨ | ᠢᠦ᠋ᠢᠴᠢᠤᠸᠠᠡ ᠲᠣᠭᠤᠷᠢᠭ ᠤᠨ ᠰᠢᠨ ᡁᠢ ᠬᠠᠶ ᠲᠤᠤ ᠬᠥᠯᠳᠡᠭᠡᠭᠰᠡᠨ ᠢᠳᠡᠭᠡᠨ ᠤ ᠳᠡᠯᠭᠡᠭᠦᠷ᠂ ᠬᠦᠬᠡᠬᠤᠲᠠ ᠶᠢᠨ | ᠢᠦ᠋ᠢᠴᠢᠤᠸᠠᠡ ᠲᠣᠭᠤᠷᠢᠭ ᠤᠨ ᠰᠢ ᠸᠠᠩ ᠲᠢᠶᠠᠨ ᠶᠧ ᠤᠰᠤᠨ ᠭᠠᠷᠤᠯᠲᠠ ᠡᠵᠡᠩᠨᠡᠨ ᠪᠣᠷᠣᠯᠠᠭᠤᠯᠬᠤ ᠬᠤᠳᠠᠯᠳᠤᠭ᠎ᠠ | ᠂ ᠬᠦᠬᠡᠬᠤᠲᠠ ᠶᠢᠨ ᠢᠦ᠋ᠢᠴᠢᠤᠸᠠᠡ ᠲᠣᠭᠤᠷᠢᠭ ᠤᠨ ᠰᠢᠶᠠᠩ ᠴᠢᠩ ᠮᠢᠬᠠᠨ ᠢᠳᠡᠭᠡᠨ ᠪᠣᠯᠪᠠᠰᠤᠷᠠᠭᠤᠯᠬᠤ ᠭᠠᠵᠠᠷ᠂ | ᠬᠦᠬᠡᠬᠤᠲᠠ ᠶᠢᠨ ᠢᠦ᠋ᠢᠴᠢᠤᠸᠠᠡ ᠲᠣᠭᠤᠷᠢᠭ ᠤᠨ ᠺᠠᠩ ᠮᠧᠩ ᠢᠳᠡᠭᠡᠨ ᠪᠣᠷᠣᠯᠠᠭᠤᠯᠬᠤ ᠭᠠᠵᠠᠷ᠂ ᠬᠦᠬᠡᠬᠤᠲᠠ ᠶᠢᠨ | ᠢᠦ᠋ᠢᠴᠢᠤᠸᠠᠡ ᠲᠣᠭᠤᠷᠢᠭ ᠤᠨ ᠲᠢᠶᠠᠨ ᠴᠦᠨ ᠴᠢᠶᠠᠩ ᠤᠰᠤᠨ ᠭᠠᠷᠤᠯᠲᠠ ᠪᠥᠭᠡᠮ ᠢᠶᠠᠷ ᠪᠣᠷᠣᠯᠠᠭᠤᠯᠬᠤ ᠭᠠᠵᠠᠷ᠂ | ᠥᠪᠥᠷ ᠮᠣᠩᠭᠤᠯ ᠤᠨ ᠰᠠᠨ ᠯᠢᠦ ᠡᠤ ᠬᠠᠭᠰᠠᠭᠠᠭᠰᠠᠨ ᠪᠤᠭᠤᠷᠰᠤᠭ ᠤᠨ ᠬᠢᠵᠠᠭᠠᠷᠲᠤ ᠺᠣᠮᠫᠠᠨᠢ᠂ ᠥᠪᠥᠷ | ᠮᠣᠩᠭᠤᠯ ᠤᠨ ᠮᠧᠩ ᠲᠢᠶᠠᠨ ᠳ᠋ᠧ ᠸᠧᠶ ᠢᠳᠡᠭᠡᠨ ᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠹᠦ᠋ ᠶᠤᠸᠠᠶ ᠰᠢᠨ | ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠣᠮᠫᠠᠨᠢ᠂ ᠪᠡᠭᠡᠵᠢᠩ ᠤᠨ ᠰᠢᠩ ᠪᠠ ᠺᠧ ᠺᠣᠹᠧ ᠶᠢᠨ ᠬᠢᠵᠠᠭᠠᠷᠲᠤ | ᠺᠣᠮᠫᠠᠨᠢ ᠶᠢᠨ ᠬᠥᠬᠡᠬᠤᠲᠠ ᠶᠢᠨ ᠮᠥᠸᠧ ᠡᠯ ᠴᠧᠩ ᠺᠣᠹᠧ ᠶᠢᠨ ᠳᠡᠯᠭᠡᠭᠦᠷ᠂ ᠬᠦᠬᠡᠬᠤᠲᠠ ᠶᠢᠨ ᠰᠠᠶᠢᠬᠠᠨ | ᠲᠣᠭᠤᠷᠢᠭ ᠤᠨ ᠰᠢᠶᠧ ᠬᠤ᠋ ᠡᠤ ᠶᠠᠫᠤᠨ ᠬᠤᠭᠤᠯᠠᠨ ᠭᠡᠷ᠂ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ | ᠲᠢᠩ ᠲᠢᠩ ᠰᠢᠷᠠᠭᠰᠠᠨ ᠮᠢᠬᠠᠨ ᠬᠤᠭᠤᠯᠠᠨ ᠭᠡᠷ ᠵᠡᠷᠭᠡ 12 ᠡᠷᠦᠬᠡ ᠭᠠᠳᠠᠭᠠᠳᠤ ᠠᠴᠠ ᠣᠷᠣᠭᠤᠯᠤᠭᠰᠠᠨ ᠬᠦᠢᠲᠡᠨ | ᠬᠡᠯᠬᠢᠶᠡᠲᠦ ᠢᠳᠡᠭᠡᠨ ᠤ ᠡᠵᠡᠩᠨᠡᠨ ᠪᠣᠷᠣᠯᠠᠭᠤᠯᠬᠤ ᠭᠤᠤᠯ ᠴᠣᠭᠴᠠ ᠶᠢ 5 ᠡᠳᠦᠷ ᠤᠨ ᠳᠣᠲᠣᠷ᠎ᠠ ︽ᠦᠪᠦᠷ | ᠮᠤᠩᠭᠤᠯ ᠤᠨ ᠬᠦᠢᠲᠡᠨ ᠬᠡᠯᠬᠢᠶᠡᠲᠦ ᠢᠳᠡᠭᠡᠨ ᠤ ᠮᠦᠷᠳᠡᠯᠲᠡ ᠶᠢᠨ ᠰᠢᠰᠲ᠋ᠧᠮ︾ ᠮᠡᠳᠡᠭᠡ ᠵᠠᠩᠭᠢ ᠶᠢ ᠨᠥᠬᠦᠵᠦ | ᠲᠡᠮᠳᠡᠭᠯᠡᠬᠦ ᠠᠵᠢᠯ ᠢ ᠪᠡᠶᠡᠯᠡᠭᠦᠯᠬᠦ ᠬᠡᠷᠡᠭᠲᠡᠶ᠂ ᠬᠠᠤᠯᠢ ᠪᠠᠷ ᠲᠣᠭᠲᠠᠭᠠᠭᠰᠠᠨ ᠬᠠᠷᠢᠭᠤᠴᠠᠯᠭ᠎ᠠ ᠪᠠᠨ ᠭᠦᠢᠴᠡᠳᠬᠡᠬᠦ | ᠬᠡᠷᠡᠭᠲᠡᠢ ᠭᠡᠵᠦ ᠱᠠᠭᠠᠷᠳᠠᠪᠠ᠃ |