ᠬᠥᠬᠡᠬᠤᠲᠠ ᠳᠤ ᠣᠷᠣᠵᠤ ᠭᠠᠷᠬᠤ ᠬᠥᠮᠦᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠬᠤ ᠲᠤᠬᠠᠶ ᠠᠯᠪᠠᠨ ᠵᠠᠷᠯᠠᠯ
ᠨᠡᠶᠢᠲᠡᠯᠡᠭᠰᠡᠨ ᠴᠠᠭ᠄
2021/10/25
                       ︵2021 ᠣᠨ︶ 45 ᠳ᠋ᠤᠭᠠᠷ ᠲᠣᠭᠠᠲᠤ          ᠰᠢᠨ᠎ᠡ ᠲᠢᠲᠢᠮᠢᠯᠢᠭ ᠠᠭᠤᠰᠬᠢᠨ ᠦᠷᠪᠢᠰᠦᠯ ᠤᠨ ᠬᠢᠵᠢᠭ ᠳᠡᠯᠭᠡᠷᠡᠬᠦ ᠲᠦᠭᠰᠢᠭᠦᠷᠢ ᠶᠢ ᠴᠢᠩᠭ᠎ᠠ ᠰᠡᠷᠭᠡᠶᠢᠯᠡᠬᠦ ᠶᠢᠨ ᠲᠥᠯᠥᠭᠡ᠂ ᠲᠣᠰ ᠡᠳᠦᠷ ᠠᠴᠠ ᠡᠬᠢᠯᠡᠨ ᠨᠢᠰᠬᠡᠯ᠂ ᠭᠠᠯᠲᠤ ᠲᠡᠷᠭᠡ᠂ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠲᠡᠷᠭᠡ᠂ ᠲᠦᠷᠢᠶᠡᠰᠦᠨ ᠮᠠᠰᠢᠨ ᠲᠡᠷᠭᠡ᠂ ᠰᠦᠯᠵᠢᠶ᠎ᠡ ᠪᠠᠷ ᠪᠣᠯᠵᠣᠬᠤ ᠲᠡᠷᠭᠡ᠂ ᠬᠤᠪᠢ ᠶᠢᠨ ᠮᠠᠰᠢᠨ ᠲᠡᠷᠭᠡ ᠵᠡᠷᠭᠡ ᠵᠠᠮ ᠬᠠᠷᠢᠯᠴᠠᠭᠠᠨ ᠤ ᠪᠠᠭᠠᠵᠢ ᠪᠠᠷ ᠬᠥᠬᠡᠬᠤᠲᠠ ᠳᠤ ᠣᠷᠣᠵᠤ ᠭᠠᠷᠬᠤ  ᠪᠣᠢ ᠪᠦᠬᠦᠢ ᠬᠥᠮᠦᠰ ᠲᠤ ᠳᠣᠤᠷᠠᠬᠢ ᠪᠥᠭᠡᠮ ᠬᠦᠴᠢᠯ ᠤᠨ ᠪᠠᠶᠢᠴᠠᠭᠠᠯᠲᠠ ᠪᠠ ᠪᠠᠶᠢᠴᠠᠭᠠᠨ ᠰᠢᠯᠭᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠲᠣᠭᠲᠠᠪᠠ᠃      ᠨᠢᠭᠡ᠂ ᠨᠢᠰᠬᠡᠯ᠂ ᠭᠠᠯᠲᠤ ᠲᠡᠷᠭᠡ᠂ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠲᠡᠷᠭᠡ ᠵᠡᠷᠭᠡ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠵᠤ ᠬᠥᠬᠡᠬᠤᠲᠠ ᠳᠤ ᠢᠷᠡᠬᠦ ︵ᠪᠤᠴᠠᠬᠤ︶ ᠪᠣᠶ ᠪᠥᠬᠦᠶ ᠬᠥᠮᠦᠰ ︽ᠬᠥᠬᠡᠬᠤᠲᠠ ᠶᠢᠨ ᠴᠠᠭᠳᠠᠭᠠᠨ ᠤ ᠺᠣᠳ᠋︾ ᠢᠶᠠᠨ ᠰᠢᠯᠭᠠᠭᠤᠯᠬᠤ ᠶᠢᠨ ᠬᠠᠮᠲᠤ 48 ᠴᠠᠭ ᠤᠨ ᠳᠣᠲᠣᠷᠠᠬᠢ ᠪᠥᠭᠡᠮ ᠬᠦᠴᠢᠯ ᠤᠨ  ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠬᠠᠩᠭᠠᠬᠤ ᠬᠡᠷᠡᠭᠲᠡᠶ᠃      ᠬᠤᠶᠠᠷ᠂ ᠲᠦᠷᠢᠶᠡᠰᠦᠨ ᠮᠠᠰᠢᠨ ᠲᠡᠷᠭᠡ᠂ ᠰᠦᠯᠵᠢᠶ᠎ᠡ ᠪᠠᠷ ᠪᠣᠯᠵᠣᠬᠤ ᠮᠠᠰᠢᠨ ᠲᠡᠷᠭᠡ᠂ ᠬᠤᠪᠢ ᠶᠢᠨ ᠮᠠᠰᠢᠨ ᠲᠡᠷᠭᠡ ᠪᠠᠷ ᠬᠥᠬᠡᠬᠤᠲᠠ ᠳᠤ ᠢᠷᠡᠬᠦ ︵ᠪᠤᠴᠠᠬᠤ︶ ᠪᠣᠶ ᠪᠥᠬᠦᠶ ᠬᠥᠮᠦᠰ ︽ᠬᠥᠬᠡᠬᠤᠲᠠ ᠶᠢᠨ ᠴᠠᠭᠳᠠᠭᠠᠨ ᠤ ᠺᠣᠳ᠋︾ ᠢ ᠰᠢᠯᠭᠠᠭᠤᠯᠬᠤ ᠶᠢᠨ ᠬᠠᠮᠲᠤ  ᠪᠡᠶ᠎ᠡ ᠶᠢᠨ ᠳᠤᠯᠠᠭᠠᠨ ᠢᠶᠠᠨ ᠬᠡᠮᠵᠢᠬᠦ ᠬᠡᠷᠡᠭᠲᠡᠶ᠃      ᠭᠤᠷᠪᠠ᠂ ᠬᠥᠬᠡᠬᠤᠲᠠ ᠳᠤ ᠪᠠᠶᠢᠭ᠎ᠠ ᠬᠥᠮᠦᠰ ᠴᠢᠬᠤᠯᠠ ᠦᠭᠡᠢ ᠪᠣᠯ ᠬᠦᠬᠡᠬᠤᠲᠠ ᠠᠴᠠ ᠭᠠᠷᠬᠤ ᠦᠭᠡᠢ ᠪᠠᠶᠢᠬᠤ  ᠶᠣᠰᠤᠳᠠᠢ᠃  ᠦᠨᠡᠨᠬᠦ ᠬᠥᠬᠡᠬᠤᠲᠠ ᠠᠴᠠ ᠭᠠᠷᠬᠤ ᠴᠢᠬᠤᠯᠠᠳᠠᠢ ᠬᠥᠮᠦᠰ  ᠨᠢᠰᠬᠡᠯ᠂ ᠭᠠᠯᠲᠤ ᠲᠡᠷᠭᠡ᠂ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠲᠡᠷᠭᠡ᠂ ᠲᠦᠷᠢᠶᠡᠰᠦᠨ ᠮᠠᠰᠢᠨ ᠲᠡᠷᠭᠡ᠂ ᠰᠦᠯᠵᠢᠶ᠎ᠡ ᠪᠠᠷ ᠪᠣᠯᠵᠣᠬᠤ ᠲᠡᠷᠭᠡ᠂ ᠬᠤᠪᠢ ᠶᠢᠨ ᠮᠠᠰᠢᠨ ᠲᠡᠷᠭᠡ ᠵᠡᠷᠭᠡ ᠵᠠᠮ ᠬᠠᠷᠢᠯᠴᠠᠭᠠᠨ ᠤ ᠪᠠᠭᠠᠵᠢ  ᠳᠤ ᠰᠠᠭᠤᠬᠤ ᠳᠤ᠂ ︽ᠬᠦᠬᠡᠬᠤᠲᠠ ᠶᠢᠨ ᠴᠠᠭᠳᠠᠭᠠᠨ ᠤ ᠺᠣᠳ᠋︾  ᠢ ᠰᠢᠯᠭᠠᠭᠤᠯᠬᠤ ᠬᠡᠷᠡᠭᠲᠡᠶ ᠪᠥᠭᠡᠳ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠬᠠᠩᠭᠠᠬᠤ ᠬᠡᠷᠡᠭᠲᠡᠶ᠃      ᠳᠥᠷᠪᠡ᠂ ᠪᠡᠭᠡᠵᠢᠩ ᠳᠤ ᠣᠷᠣᠬᠤ ᠬᠥᠮᠦᠰ ᠤᠨ ᠬᠠᠮᠢᠶᠠᠷᠤᠨ ᠡᠵᠡᠮᠳᠡᠬᠦ ᠵᠡᠷᠭᠡ ᠳᠡᠰ ᠢ ᠳᠡᠭᠡᠭᠰᠢᠯᠡᠭᠦᠯᠦᠨ᠎ᠡ᠃ ᠪᠡᠭᠡᠵᠢᠩ ᠳᠤ ᠣᠷᠣᠬᠤ ᠴᠢᠬᠤᠯᠠᠲᠠᠶ ᠬᠥᠮᠦᠰ ︽ᠪᠡᠭᠡᠵᠢᠩ ᠤᠨ ᠡᠷᠡᠭᠦᠯ ᠮᠡᠨᠳᠦ ᠶᠢᠨ ᠡᠷᠳᠡᠨᠢ︾ ᠶᠢ ᠰᠢᠯᠭᠠᠭᠤᠯᠬᠤ ᠶᠢᠨ ᠬᠠᠮᠲᠤ ᠪᠡᠶ᠎ᠡ ᠶᠢᠨ ᠳᠤᠯᠠᠭᠠᠨ  ᠢᠶᠠᠨ ᠬᠡᠮᠵᠢᠬᠦ ᠬᠡᠷᠡᠭᠲᠡᠢ᠂ ᠡᠭᠦᠨ ᠤ ᠬᠠᠮᠲᠤ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠬᠠᠩᠭᠠᠬᠤ ᠬᠡᠷᠡᠭᠲᠡᠶ᠃ ᠡᠯ᠎ᠡ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ  ᠨᠢᠭᠡᠴᠡ ᠶᠢᠨ ᠪᠡᠭᠡᠵᠢᠩ ᠳᠤ  ᠣᠷᠤᠬᠤ ᠬᠦᠮᠦᠰ ᠪᠠᠰᠠ ᠪᠠᠶᠢᠭ᠎ᠠ ᠨᠢᠭᠡᠴᠡ ᠶᠢᠨ ᠢᠶᠠᠨ ᠭᠡᠷᠡᠴᠢᠯᠡᠬᠦ ᠪᠢᠴᠢᠭ ᠮᠠᠲ᠋ᠧᠷᠢᠶᠠᠯ ᠢ ᠬᠠᠩᠭᠠᠬᠤ ᠬᠡᠷᠡᠭᠲᠡᠶ᠃ ᠳᠤᠮᠳᠠ ᠦᠨᠳᠦᠷ ᠵᠡᠷᠭᠡ ᠶᠢᠨ ᠲᠦᠭᠰᠢᠭᠦᠷᠢ ᠲᠠᠢ ᠭᠠᠵᠠᠷ ᠣᠷᠣᠨ ᠤ ᠪᠠᠶᠢᠭ᠎ᠠ ᠬᠤᠰᠢᠭᠤ ᠰᠢᠶᠠᠨ ᠲᠣᠭᠤᠷᠢᠭ ᠵᠢᠴᠢ 14 ᠤ ᠡᠳᠦᠷ ᠤᠨ ᠳᠣᠲᠣᠷ᠎ᠠ ᠲᠣᠰ ᠭᠠᠵᠠᠷ ᠣᠷᠣᠨ  ᠳᠤ ᠵᠢᠭᠤᠯᠴᠢᠯᠠᠵᠤ ᠰᠠᠭᠤᠭᠰᠠᠨ ᠲᠡᠤᠬᠡ ᠲᠠᠢ ᠬᠥᠮᠦᠰ ᠤᠨ ᠪᠡᠭᠡᠵᠢᠩ ᠳᠤ ᠣᠷᠣᠬᠤ ᠶᠢ ᠴᠢᠩᠭ᠎ᠠ ᠬᠢᠵᠠᠭᠠᠷᠯᠠᠨ᠎ᠠ᠃      ᠲᠠᠪᠤ᠂ ᠪᠡᠭᠡᠵᠢᠩ ᠳᠤ ᠣᠷᠣᠬᠤ ᠵᠠᠮ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠪᠠ ᠵᠠᠰᠠᠮᠠᠯ ᠵᠠᠮ ᠤᠨ ᠪᠠᠶᠢᠴᠠᠭᠠᠯᠲᠠ ᠶᠢᠨ ᠥᠷᠲᠡᠭᠡ ᠴᠢᠩᠭ᠎ᠠ ᠪᠠᠶᠢᠴᠠᠭᠠᠨ ᠰᠢᠯᠭᠠᠨ᠎ᠠ᠃                                ᠬᠥᠬᠡᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ                                ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ                                                                            2021 ᠣᠨ ᠤ 10 ᠳ᠋ᠤᠭᠠᠷ ᠰᠠᠷ᠎ᠠ ᠶᠢᠨ 23 ᠤ ᠡᠳᠦᠷ     ᠣᠣᠯ ᠮᠡᠳᠡᠭᠡ ᠶᠢ ᠠᠳᠡ ᠲᠣᠪᠴᠢᠳᠠᠵᠤ ᠦᠵᠡᠭᠡᠷᠡᠢhttp://www.huhhot.gov.cn/ztzl/yqfk/fkdt/202110/t20211023_1039627.html
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号