ᠪᠢᠨ ᠾᠧ ᠵᠠᠮ ᠤᠨ ᠨᠡᠶᠢᠭᠡᠮ ᠲᠣᠭᠤᠷᠢᠭ ᠲᠤ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠶᠢ ᠵᠠᠰᠠᠬᠤ ᠲᠤᠰᠬᠠᠶ ᠪᠠᠶᠢᠴᠠᠭᠠᠯᠲᠠ ᠶᠢᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2021/10/9
      ᠬᠥᠬᠡᠬᠤᠲᠠ ᠶᠢᠨ ᠠᠭᠤᠷ ᠠᠮᠢᠰᠬᠤᠯ ᠠᠭᠠᠵᠢᠮ ᠢᠶᠠᠷ ᠬᠦᠢᠲᠡᠷᠡᠵᠦ᠂ ᠬᠥᠬᠡᠬᠤᠲᠠ ᠶᠢᠨ ᠬᠥᠬᠡ ᠲᠩᠷᠢ ᠴᠠᠭᠠᠨ ᠡᠭᠦᠯᠡ ᠬᠥᠬᠡᠮᠳᠦᠭ ᠤᠰᠤ ᠬᠥᠬᠡᠮᠳᠦᠭ ᠠᠭᠤᠯᠠ ᠶᠢ ᠨᠡᠩ ᠰᠠᠶᠢᠲᠤᠷ ᠰᠠᠬᠢᠨ ᠬᠠᠮᠠᠭᠠᠯᠠᠵᠤ᠂ ᠨᠡᠶᠢᠭᠡᠮ ᠲᠣᠭᠤᠷᠢᠭ ᠤᠨ ᠭᠡᠷ ᠤᠨ ᠬᠥᠮᠦᠰ᠂ ᠰᠠᠭᠤᠭᠠᠯᠢ ᠠᠷᠠᠳ ᠤᠨ ᠳᠣᠲᠣᠨᠣ ᠬᠥᠮᠦᠰ ᠢ ᠦᠨᠡᠨᠬᠦ ᠰᠠᠶᠢᠲᠤᠷ ᠬᠢᠬᠦ ᠶᠢᠨ ᠲᠥᠯᠥᠭᠡ᠂ 10 ᠳ᠋ᠤᠭᠠᠷ ᠰᠠᠷ᠎ᠠ ᠶᠢᠨ 8 ᠤ ᠡᠳᠦᠷ ᠲᠦᠩ ᠳ᠋ᠤᠤ ᠵᠡᠭᠡᠯᠢ ᠭᠤᠳᠤᠮᠵᠢ ᠶᠢᠨ ᠪᠢᠨ ᠾᠧ ᠵᠠᠮ ᠤᠨ ᠨᠡᠶᠢᠭᠡᠮ ᠲᠣᠭᠤᠷᠢᠭ ᠤᠨ ᠬᠢᠨ ᠬᠠᠷᠢᠶ᠎ᠠ ᠣᠷᠣᠨ ᠤ ᠪᠠᠨ ᠪᠤᠶ ᠪᠦᠬᠦᠢ ᠪᠠᠶᠢᠰᠢᠩ ᠳᠤ ᠴᠢᠭᠯᠡᠭᠦᠯᠦᠨ ᠰᠢᠲᠠᠭᠠᠯᠭ᠎ᠠ ᠶᠢᠨ ᠨᠡᠭᠦᠷᠡᠰᠦᠨ ᠤ ᠰᠤᠯᠠ ᠰᠢᠲᠠᠭᠠᠯᠭ᠎ᠠ ᠶᠢ ᠵᠠᠰᠠᠬᠤ ᠲᠤᠰᠬᠠᠶ ᠪᠠᠶᠢᠴᠠᠭᠠᠯᠲᠠ ᠶᠢᠨ ᠠᠵᠢᠯ ᠢ ᠥᠷᠨᠢᠭᠦᠯᠵᠦ᠂ ᠬᠥᠬᠡ ᠤᠲᠤᠭ᠎ᠠ ᠬᠠᠷᠠᠭᠳᠠᠬᠤ ᠦᠭᠡᠶ ᠠᠵᠢᠯ ᠤᠨ ᠬᠠᠷᠠᠯᠲᠠ ᠶᠢ ᠦᠨᠡᠨᠬᠦ ᠪᠡᠶᠡᠯᠡᠭᠦᠯᠵᠡᠶ᠃      ᠵᠢᠭᠰᠠᠭᠠᠨ ᠪᠠᠶᠢᠴᠠᠭᠠᠬᠤ ᠶᠠᠪᠤᠴᠠ ᠳᠤ᠂ ᠪᠢᠨ ᠾᠧ ᠵᠠᠮ ᠤᠨ ᠨᠡᠶᠢᠭᠡᠮ ᠲᠣᠭᠤᠷᠢᠭ ᠤᠨ ᠱᠦᠵᠢ ᠯᠢᠦ ᠹᠸᠢ ᠰᠦᠯᠵᠢᠶᠡᠨ ᠤ ᠠᠵᠢᠯᠲᠠᠳ ᠢ ᠳᠠᠭᠠᠭᠤᠯᠤᠨ ᠡᠷᠦᠬᠡ ᠳᠠᠷᠠᠭᠠᠯᠠᠨ ᠵᠢᠭᠰᠠᠭᠠᠨ ᠪᠠᠶᠢᠴᠠᠭᠠᠵᠤ᠂ ᠰᠠᠭᠤᠭᠠᠯᠢ ᠠᠷᠠᠳ ᠤᠨ ᠡᠪᠦᠯ ᠤᠨ ᠳᠤᠯᠠᠭᠠᠯᠠᠭ᠎ᠠ ᠶᠢᠨ ᠠᠷᠭ᠎ᠠ ᠬᠡᠮᠵᠢᠶ᠎ᠡ ᠶᠢ ᠤᠶᠢᠯᠠᠭᠠᠨ᠂ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠶᠠᠪᠤᠳᠠᠯ ᠢ ᠥᠯᠥᠭᠡᠶ ᠳᠤ ᠪᠣᠭᠤᠮᠢᠯᠠᠬᠤ ᠶᠢ ᠪᠡᠶᠡᠯᠡᠭᠦᠯᠵᠦ᠂ ᠰᠢᠲᠠᠭᠠᠯᠭ᠎ᠠ ᠶᠢᠨ ᠨᠡᠭᠦᠷᠡᠰᠦ ᠪᠠᠷ ᠳᠤᠯᠠᠭᠠᠯᠠᠬᠤ ᠪᠣᠯᠤᠮᠵᠢ ᠲᠠᠢ ᠰᠠᠭᠤᠭᠠᠯᠢ ᠠᠷᠠᠳ ᠢ ᠢᠳᠬᠠᠨ ᠤᠬᠠᠭᠤᠯᠵᠤ᠂ ᠰᠠᠭᠤᠭᠠᠯᠢ ᠠᠷᠠᠳ ᠤᠨ ᠣᠷᠴᠢᠨ ᠠᠬᠤᠶ ᠶᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠪᠡ᠃      ᠨᠡᠶᠢᠭᠡᠮ ᠲᠣᠭᠤᠷᠢᠭ ᠤᠨ ᠯᠢᠦ ᠱᠦᠵᠢ᠄ ᠣᠳᠣᠬᠠᠨ ᠳᠤ ᠠᠭᠤᠷ ᠠᠮᠢᠰᠬᠤᠯ ᠠᠭᠠᠵᠢᠮ ᠢᠶᠠᠷ ᠬᠦᠢᠲᠡᠷᠡᠵᠦ᠂ ᠠᠭᠠᠷ ᠤᠨ ᠳᠤᠯᠠᠭᠠᠨ ᠢᠷᠡᠭᠡᠳᠦᠢ ᠳᠤ 0 ᠭᠷᠠᠳᠦ᠋ᠰ ᠠᠴᠠ ᠳᠣᠷᠣᠭᠰᠢ ᠪᠣᠯᠬᠤ ᠪᠣᠯᠤᠯᠴᠠᠭ᠎ᠠ ᠲᠠᠢ᠂ ᠰᠦᠯᠵᠢᠶᠡᠨ ᠤ ᠲᠠᠰᠤᠯᠤᠭᠴᠢ ᠨᠠᠷ ᠡᠷᠬᠡᠪᠰᠢ ᠡᠳᠦᠷ ᠲᠤᠳᠤᠮ ᠤᠨ ᠲᠣᠭᠤᠷᠢᠨ ᠪᠠᠶᠢᠴᠠᠭᠠᠬᠤ ᠪᠠ ᠡᠷᠦᠭᠡ ᠳᠤ ᠣᠷᠣᠬᠤ ᠠᠵᠢᠯ ᠢ ᠰᠠᠶᠢᠲᠤᠷ ᠬᠢᠵᠦ᠂ ᠡᠬᠢ ᠡᠭᠦᠰᠦᠯ ᠠᠴᠠ ᠨᠢ ᠰᠠᠶᠢᠲᠤᠷ ᠵᠠᠰᠠᠵᠤ᠂ ᠪᠦᠬᠦ ᠲᠠᠯ᠎ᠠ ᠶᠢᠨ ᠪᠠᠶᠢᠴᠠᠭᠠᠯᠲᠠ ᠶᠢ ᠦᠨᠡᠨᠬᠦ ᠪᠠᠲᠤᠯᠠᠵᠤ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠴᠠᠭ ᠲᠤᠬᠠᠢ ᠳᠤᠨᠢ ᠵᠠᠰᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号