ᠬᠦᠬᠡᠬᠤᠲᠠ ᠵᠠᠰᠠᠭ ᠠᠯᠪᠠᠨ ᠦᠰᠦᠭ︹ 2021 ︺82 ᠳ᠋ᠤᠭᠠᠷ ᠲᠤᠭᠠᠲᠤ | 2021 ᠣᠨ ᠤ 8 ᠰᠠᠷ᠎ᠠ ᠶᠢᠨ15 ᠤ ᠡᠳᠦᠷ | | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠬᠤᠯᠪᠣᠭᠳᠠᠯ ᠪᠥᠬᠦᠶ ᠰᠠᠯᠠᠭ᠎ᠠ | ᠮᠥᠴᠢᠷ ᠲᠤ᠄ | ︽ᠬᠥᠬᠡᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠦᠲᠦᠭᠡᠨ ᠪᠠᠶᠢᠭᠤᠯᠣᠯᠲᠠ ᠶᠢᠨ ᠭᠤᠷᠪᠠᠨ ᠵᠢᠯ ᠤᠨ | ᠠᠵᠢᠯᠯᠠᠭᠠᠨ ᠤ ᠲᠥᠰᠦᠯ ︵2021 — 2023 ᠣᠨ︶︾ ᠢ ᠬᠤᠲᠠ ᠶᠢᠨ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ | ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | | | | ᠬᠥᠬᠡᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠦᠲᠦᠭᠡᠨ ᠪᠠᠶᠢᠭᠤᠯᠣᠯᠲᠠ ᠶᠢᠨ | ᠭᠤᠷᠪᠠᠨ ᠵᠢᠯ ᠤᠨ ᠠᠵᠢᠯᠯᠠᠭᠠᠨ ᠤ ᠲᠥᠰᠦᠯ ︵2021 — 2023 ᠣᠨ︶ | | | | ︽ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠦᠲᠦᠭᠡᠨ ᠪᠠᠶᠢᠭᠤᠯᠣᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ | ︵2021 — 2023 ᠣᠨ︶ ︾ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ ︵ᠥᠪᠥᠷ ᠵᠠᠰᠠᠭ ᠠᠯᠪᠠᠨ | ᠲᠠᠷᠬᠠᠭᠠᠭᠰᠠᠨ ︹ 2021 ︺ 9 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠵᠤ᠂ | ᠮᠠᠨ ᠤ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠥᠲᠥᠭᠡᠨ ᠪᠠᠶᠢᠭᠤᠯᠤᠯᠲᠠ ᠶᠢ ᠦᠨᠡᠨᠬᠦ ᠴᠢᠩᠭᠠᠳᠬᠠᠵᠤ᠂ | ᠲᠥᠷᠥᠯ ᠲᠡᠮᠳᠡᠭᠲᠦ ᠶᠢᠨ ᠦᠨ᠎ᠡ ᠥᠷᠲᠡᠭ ᠢ ᠭᠦᠨᠵᠡᠭᠡᠶ ᠠᠭᠤᠳᠠᠯᠵᠤ᠂ ᠪᠣᠬᠢᠷᠲᠤᠯ ᠥᠬᠡᠶ ᠴᠢᠨᠠᠷ ᠰᠠᠶᠢᠲᠠᠶ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠨᠡᠮᠡᠭᠳᠡᠭᠦᠯᠦᠨ᠂ ᠲᠠᠷᠢᠶᠠᠯᠠᠩ ᠮᠠᠯ ᠠᠵᠤ | ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ | ᠪᠠᠶᠠᠵᠢᠯ ᠢ ᠳᠠᠶᠢᠴᠢᠯᠠᠬᠤ ᠶᠢᠨ ᠳᠤᠰᠠᠳᠠ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠲᠤᠰ | ᠲᠥᠰᠥᠯ ᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠬᠢᠭᠰᠡᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ | ᠬᠢᠨᠠᠮᠠᠭᠠᠶ ᠲᠣᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠣᠯ ᠱᠤᠭᠤᠮ ᠪᠣᠯᠭᠠᠵᠤ᠂ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠶᠠᠰᠤ ᠴᠢᠨᠠᠷ ᠪᠠ ᠦᠷ᠎ᠡ ᠠᠰᠢᠭ ᠢ ᠬᠦᠴᠦᠯᠡᠨ | ᠳᠡᠭᠡᠭᠰᠢᠯᠡᠭᠦᠯᠵᠦ᠂ ᠣᠲᠣ ᠦᠶ᠎ᠡ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠲᠥᠷᠥᠯ | ᠲᠡᠮᠳᠡᠭᠲᠦ ᠶᠢᠨ ᠥᠷᠲᠡᠭ ᠤᠨ ᠰᠢᠰᠲ᠋ᠧᠮᠵᠢ ᠶᠢ ᠪᠠᠶᠢᠭᠤᠯᠤᠨ᠂ ᠲᠠᠷᠢᠶᠠᠯᠠᠩ ᠮᠠᠯ ᠠᠵᠤ ᠠᠬᠤᠶ ᠶᠢᠨ ᠠᠵᠤ | ᠦᠢᠯᠡᠰ ᠤᠨ ᠬᠡᠯᠬᠢᠶ᠎ᠡ ᠶᠢ ᠳᠣᠤᠷᠠᠳᠤ ᠤᠷᠤᠰᠬᠠᠯ ᠳᠠᠰᠢ ᠤᠷᠲᠤᠳᠬᠠᠵᠤ᠂ ᠥᠷᠲᠡᠭ ᠤᠨ ᠬᠡᠯᠬᠢᠶ᠎ᠡ ᠶᠢ ᠳᠤᠮᠳᠠ | ᠳᠡᠭᠡᠳᠦ ᠲᠠᠰ ᠳᠠᠰᠢ ᠳᠡᠭᠡᠭᠰᠢᠯᠡᠭᠦᠯᠵᠦ᠂ ᠤᠨᠴᠠᠯᠢᠭᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠠᠵᠤ ᠦᠢᠯᠡᠰ ᠤᠨ ᠪᠦᠰᠡ ᠪᠠ ᠠᠵᠤ ᠦᠢᠯᠡᠰ ᠤᠨ ᠪᠦᠭᠡᠮᠨᠡᠷᠡᠯ ᠤᠨ ᠬᠥᠭᠵᠢᠯᠲᠡ ᠶᠢ ᠳᠠᠶᠢᠴᠢᠯᠠᠨ᠂ ᠮᠠᠨ ᠤ | ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠪᠥᠲᠥᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ | ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠣᠨ᠎ᠠ᠃ | ᠬᠤᠶᠠᠷ᠂ ᠠᠵᠢᠯ ᠤᠨ ᠬᠠᠷᠠᠯᠲᠠ | ᠭᠠᠵᠠᠷ ᠵᠦᠶ ᠶᠢᠨ ᠲᠡᠮᠳᠡᠭ ᠤᠨ ᠭᠡᠷᠡᠴᠢᠯᠡᠯ ᠲᠠᠢ ᠲᠠᠸᠠᠷ ᠤᠨ ᠲᠡᠮᠳᠡᠭ᠂ ᠲᠠᠷᠢᠶᠠᠯᠠᠩ ᠤᠨ ᠪᠦᠲᠦᠭᠡᠭᠳᠡᠬᠦᠨ ᠤ | ᠭᠠᠵᠠᠷ ᠵᠦᠶ ᠶᠢᠨ ᠲᠡᠮᠳᠡᠭ᠂ ᠭᠠᠵᠠᠷ ᠵᠦᠶ ᠶᠢᠨ ᠲᠡᠮᠳᠡᠭ ᠢ ᠬᠠᠮᠠᠭᠠᠯᠠᠬᠤ ᠪᠦᠲᠦᠭᠡᠭᠳᠡᠬᠦᠨ ᠵᠢᠴᠢ ᠵᠣᠬᠢᠬᠤ | ᠨᠥᠯᠥᠭᠡᠯᠡᠬᠦ ᠬᠦᠴᠦᠨ ᠲᠠᠢ ᠬᠠᠮᠲᠤ ᠶᠢᠨ ᠲᠠᠸᠠᠷ ᠤᠨ ᠲᠡᠮᠳᠡᠭ᠂ ᠭᠡᠷᠡᠴᠢᠯᠡᠬᠦ ᠲᠠᠸᠠᠷ ᠤᠨ ᠲᠡᠮᠳᠡᠭ ᠢᠶᠠᠷ ᠭᠤᠤᠯ | ᠪᠣᠯᠭᠠᠭᠰᠠᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠲᠥᠷᠥᠯ ᠲᠡᠮᠳᠡᠭᠲᠦ ᠶᠢ ᠪᠤᠶᠢᠵᠢᠭᠤᠯᠤᠨ᠎ᠠ᠃ ᠰᠦ ᠶᠢᠨ ᠠᠵᠤ ᠦᠢᠯᠡᠰ᠂ ᠭᠠᠭ᠋ᠠᠶ ᠦᠬᠡᠷ ᠬᠤᠨᠢᠨ | ᠮᠢᠬ᠎ᠠ ᠶᠢᠨ ᠠᠵᠤ ᠦᠢᠯᠡᠰ᠂ ᠢᠳᠡᠰᠢᠨ ᠨᠣᠭᠤᠭ᠎ᠠ ᠶᠢᠨ ᠠᠵᠤ ᠦᠢᠯᠡᠰ᠂ ᠲᠥᠮᠥᠰᠥ ᠶᠢᠨ ᠠᠵᠤ ᠦᠢᠯᠡᠰ᠂ ᠡᠷᠳᠡᠨᠢ | ᠰᠢᠰᠢ ᠵᠢᠴᠢ ᠲᠡᠵᠢᠭᠡᠯ ᠡᠪᠡᠰᠦ ᠪᠣᠷᠳᠣᠭᠠᠨ ᠤ ᠠᠵᠤ ᠦᠢᠯᠡᠰ᠂ ᠡᠯᠳᠡᠪ ᠠᠮᠤ ᠶᠢᠨ ᠠᠵᠤ ᠦᠢᠯᠡᠰ ᠵᠡᠷᠭᠡ | ᠳᠠᠪᠠᠭᠤᠯᠢᠭ ᠭᠤᠣᠯᠯᠠᠬᠤ ᠠᠵᠤ ᠦᠢᠯᠡᠰ ᠲᠤ ᠲᠦᠰᠢᠭᠯᠡᠨ᠂ ᠬᠤᠲᠠ ᠶᠢᠨ ᠨᠡᠷ᠎ᠡ ᠶᠢᠨ ᠬᠠᠭᠤᠳᠠᠰᠤ ᠶᠢ ᠵᠣᠬᠢᠶᠠᠬᠤ | ᠬᠠᠮᠢᠶ᠎ᠠ ᠪᠦᠬᠦᠢ ᠠᠵᠢᠯ ᠤᠨ ᠪᠠᠶᠢᠷᠢᠯᠠᠭᠤᠯᠤᠯᠲᠠ ᠲᠠᠢ ᠤᠶᠠᠯᠳᠤᠭᠤᠯᠤᠨ᠂ ︽ᠴᠡᠯᠡᠭᠡᠷ ᠲᠠᠯ᠎ᠠ ᠶᠢᠨ ᠦᠨᠦᠷ ᠠᠮᠲᠠ︾ | ︽ᠲᠠᠪᠤᠨ ᠥᠩᠭᠡᠲᠦ ᠲᠦᠮᠡᠳ︾ ︽ᠦᠴᠤᠸᠠᠨ ᠤ ᠦᠨᠦᠷ ᠠᠮᠲᠠ︾ ︽ᠶᠣᠣ ᠱᠠᠩ ᠲᠢᠶᠠᠨ︾ ︽ᠵᠢᠷᠭᠠᠯᠠᠩᠲᠣ | ᠢᠦᠶ ᠴᠢᠤᠸᠠᠨ︾ ︽ᠱᠧᠩ ᠯᠧ ᠤᠨ ᠥᠨᠥᠷ ᠠᠮᠲᠠ︾ ᠶᠢᠨ ᠲᠦᠷᠥᠯ ᠲᠡᠮᠲᠡᠭᠲᠦ ᠶᠢ ᠨᠡᠷ᠎ᠡ ᠭᠠᠷᠭᠠᠵᠤ᠂ ᠰᠠᠶᠢᠬᠠᠨ | ᠲᠣᠭᠤᠷᠢᠭ ︵ᠬᠦᠳᠡᠭᠡᠯᠢᠭ ᠰᠠᠶᠢᠬᠠᠨ︶᠂ ᠲᠣᠭᠲᠠᠬᠤ ᠰᠢᠶᠠᠨ ︵ᠲᠣᠭᠲᠠᠬᠤ ᠶᠢᠨ ᠦᠨᠦᠷ ᠠᠮᠲᠠ︶᠂ ᠰᠢᠨ᠎ᠡ | ᠬᠤᠲᠠ ᠲᠣᠭᠤᠷᠢᠭ ︵ᠬᠥᠬᠡᠮᠳᠦᠭ ᠠᠭᠤᠯᠠ ᠷᠠᠰᠢᠶᠠᠨ ᠤᠰᠤ ᠠᠮᠲᠠᠲᠤ ᠰᠠᠶᠢᠬᠠᠨ ᠰᠢᠨ᠎ᠡ ᠬᠤᠲᠠ︶᠂ ᠬᠤᠲᠣᠩ | ᠠᠷᠠᠳ ᠤᠨ ᠲᠣᠭᠤᠷᠢᠭ ︵ᠦᠵᠡᠰᠭᠦᠯᠡᠩᠲᠦ ᠤᠰᠤᠲᠤ︶ ᠤᠨ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠶᠢ | ᠠᠬᠢᠭᠤᠯᠵᠤ᠂ ᠣᠷᠣᠨ ᠨᠤᠲᠤᠭ ᠤᠨ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠭᠤᠤᠯᠯᠠᠬᠤ ᠠᠵᠤ | ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠢᠯᠡ ᠲᠣᠳᠣ ᠣᠷᠣᠨ ᠪᠦᠰᠡ ᠶᠢᠨ ᠣᠨᠴᠠᠯᠢᠭ ᠲᠠᠢ ᠰᠢᠶᠠᠨ ᠤ | ᠬᠡᠪᠴᠢᠶᠡᠨ ᠤ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ ᠪᠣᠶ ᠪᠣᠯᠭᠠᠵᠤ᠂ ︽ᠨᠢᠭᠡ ᠰᠢᠶᠠᠨ ᠨᠢᠭᠡ ᠲᠥᠷᠥᠯ | ᠲᠡᠮᠲᠡᠭᠲᠦ︾ ᠲᠠᠷᠢᠶᠠᠯᠠᠩ ᠮᠠᠯ ᠠᠵᠤ ᠠᠬᠤᠶ ᠶᠢᠨ ᠲᠥᠷᠥᠯ ᠲᠡᠮᠳᠡᠭᠲᠦ ᠶᠢᠨ ᠪᠠᠶᠢᠷᠢᠰᠢᠯ ᠢ ᠪᠣᠶ ᠪᠣᠯᠭᠠᠨ᠎ᠠ᠃ | 2023 ᠣᠨ ᠪᠣᠯᠬᠤ ᠳᠤ᠂ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠨᠡᠯᠢᠶᠡᠳ ᠥᠨᠳᠥᠷ | ᠠᠯᠳᠠᠷᠰᠢᠯ ᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠲᠥᠷᠥᠯ ᠲᠡᠮᠳᠡᠭᠲᠦ ᠶᠢ 10 ᠠᠴᠠ ᠳᠡᠭᠡᠭᠰᠢ ︵︽ᠴᠡᠯᠡᠭᠡᠷ ᠲᠠᠯ᠎ᠠ ᠶᠢᠨ ᠦᠨᠦᠷ ᠠᠮᠲᠠ︾ ᠳᠡᠭᠡᠷ᠎ᠡ | ᠶᠢᠰᠦᠨ ᠬᠤᠰᠢᠭᠤ ᠰᠢᠶᠠᠨ ᠲᠣᠭᠤᠷᠢᠭ ᠤᠨ ᠲᠥᠷᠥᠯ ᠲᠡᠮᠳᠡᠭᠲᠦ ᠶᠢ ᠨᠡᠮᠡᠨ᠎ᠡ︶᠂ ᠤᠯᠤᠰ ᠤᠨ ᠳᠣᠲᠣᠭᠠᠳᠤ | ᠭᠠᠳᠠᠭᠠᠳᠤ ᠶᠢᠨ ᠨᠡᠯᠢᠶᠡᠳ ᠥᠨᠳᠥᠷ ᠠᠯᠳᠠᠷᠰᠢᠯ ᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ 2 ᠠᠴᠠ ᠳᠡᠭᠡᠭᠰᠢ︔ ᠭᠠᠵᠠᠷ ᠵᠦᠶ ᠶᠢᠨ | ᠳᠡᠮᠳᠡᠭ ᠢᠶᠠᠷ ᠭᠡᠷᠡᠴᠢᠯᠡᠭᠰᠡᠨ ᠲᠠᠸᠠᠷ ᠤᠨ ᠲᠡᠮᠳᠡᠭ ᠢ 2020 ᠣᠨ ᠤ 21 ᠵᠦᠢᠯ ᠤᠨ ᠰᠠᠭᠤᠷᠢᠨ ᠳᠡᠭᠡᠷ᠎ᠡ ᠵᠢᠯ | ᠪᠦᠷᠢ ᠠᠬᠢᠨ ᠨᠡᠮᠡᠭᠳᠡᠭᠦᠯᠵᠦ᠂ 2021 ᠣᠨ ᠳᠤ 24 ᠵᠦᠢᠯ ᠬᠦᠷᠭᠡᠵᠦ᠂ 2022 ᠣᠨ ᠳᠤ 27 ᠵᠦᠢᠯ | ᠬᠦᠷᠭᠡᠵᠦ᠂ 2023 ᠣᠨ ᠳᠤ 30 ᠵᠦᠢᠯ ᠬᠦᠷᠭᠡᠨ᠎ᠡ︔ ᠭᠠᠵᠠᠷ ᠵᠦᠢ ᠶᠢᠨ ᠲᠡᠮᠳᠡᠭ ᠤᠨ ᠲᠠᠷᠢᠶᠠᠯᠠᠩ ᠤᠨ | ᠪᠦᠲᠦᠭᠡᠭᠳᠡᠬᠦᠨ ᠤ ᠳᠠᠩᠰᠠᠯᠠᠯᠲᠠ ᠶᠢ 2020 ᠣᠨ ᠤ 5 ᠵᠦᠢᠯ ᠤᠨ ᠰᠠᠭᠤᠷᠢᠨ ᠳᠡᠭᠡᠷ᠎ᠡ ᠵᠢᠯ ᠪᠦᠷᠢ ᠠᠬᠢᠨ | ᠨᠡᠮᠡᠭᠳᠡᠭᠦᠯᠵᠦ᠂ 2021 ᠣᠨ ᠳᠤ 6 ᠵᠦᠢᠯ ᠬᠦᠷᠭᠡᠵᠦ᠂ 2022 ᠣᠨ ᠳᠤ 7 ᠵᠦᠢᠯ ᠳᠤ ᠬᠦᠷᠭᠡᠵᠦ᠂ 2023 | ᠣᠨ ᠳᠤ 9 ᠵᠦᠢᠯ ᠳᠤ ᠬᠦᠷᠭᠡᠨ᠎ᠡ︔ ᠪᠣᠬᠢᠷᠲᠤᠯ ᠥᠬᠡᠶ ᠢᠳᠡᠭᠡᠨ ᠤ ᠠᠵᠤ ᠠᠬᠤᠶᠢᠯᠠᠯ ᠬᠢᠭᠡᠳ ᠦᠢᠯᠡᠳᠬᠦᠨ ᠤ | ᠲᠤᠭ᠎ᠠ ᠬᠡᠮᠵᠢᠶ᠎ᠡ ᠶᠢ ᠵᠢᠯ ᠪᠦᠷᠢ ᠳᠤᠮᠳᠠᠴᠢ ᠪᠠᠷ 6% ᠪᠠᠷ ᠨᠡᠮᠡᠭᠳᠡᠭᠦᠯᠵᠦ᠂ 2021 ᠣᠨ ᠳᠤ 31 ᠡᠷᠦᠬᠡ ᠪᠠ | 101 ᠪᠣᠯᠭᠠᠵᠤ᠂ 2022 ᠣᠨ ᠳᠤ 33 ᠡᠷᠦᠬᠡ ᠪᠠ 107 ᠪᠣᠯᠭᠠᠵᠤ᠂ 2023 ᠣᠨ ᠳᠤ 35 ᠡᠷᠦᠬᠡ ᠪᠠ | 113 ᠶᠢ ᠪᠤᠶᠢᠵᠢᠭᠤᠯᠤᠨ ᠪᠣᠶ ᠪᠣᠯᠭᠠᠨ᠎ᠠ᠃ | ᠭᠤᠷᠪᠠ᠂ ᠦᠨᠳᠦᠰᠦᠨ ᠵᠠᠷᠴᠢᠮ | ︵ᠨᠢᠭᠡ︶ ᠵᠠᠰᠠᠭ ᠤᠨ ᠣᠷᠳᠣᠨ ᠬᠥᠲᠥᠯᠦᠨ ᠵᠢᠯᠣᠭᠤᠳᠤᠨ᠎ᠠ᠃ ᠵᠠᠰᠠᠭ ᠤᠨ ᠣᠷᠳᠣᠨ ᠤ ᠡᠭᠦᠷᠭᠡ | ᠴᠢᠳᠠᠪᠤᠷᠢ ᠶᠢ ᠦᠨᠡᠨᠬᠦ ᠬᠤᠪᠢᠷᠠᠭᠤᠯᠵᠤ᠂ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠡᠭᠦᠷᠭᠡ ᠴᠢᠳᠠᠪᠤᠷᠢᠲᠤ | ᠰᠠᠯᠠᠭ᠎ᠠ ᠮᠥᠴᠢᠷ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠳᠤᠮᠳᠠᠬᠢ ᠳᠦᠷᠢ ᠪᠠᠶᠢᠷᠢ ᠲᠣᠭᠲᠠᠭᠠᠯᠲᠠ ᠶᠢ | ᠲᠣᠳᠣᠷᠬᠠᠶᠢᠯᠠᠨ᠎ᠠ᠃ ᠭᠠᠵᠠᠷ ᠣᠷᠣᠨ ᠤ ᠳᠠᠪᠠᠭᠤᠯᠢᠭ ᠲᠤ ᠰᠠᠭᠤᠷᠢᠯᠠᠨ᠂ ᠭᠠᠵᠠᠷ ᠣᠷᠣᠨ ᠤ ᠳᠠᠪᠠᠭᠤᠯᠢᠭ ᠠᠵᠤ | ᠦᠢᠯᠡᠰ ᠤᠨ ᠲᠥᠯᠥᠪᠵᠢᠭᠦᠯᠭᠡ ᠪᠠ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ | ᠲᠥᠯᠥᠪᠵᠢᠭᠦᠯᠭᠡ ᠶᠢ ᠰᠠᠶᠢᠲᠤᠷ ᠬᠢᠵᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠦᠨ | ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠷᠬᠡ ᠲᠡᠭᠰᠢ ᠲᠥᠪ ᠭᠤᠤᠯᠴᠢ ᠵᠠᠬ᠎ᠠ | ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠵᠤ᠂ ᠰᠠᠶᠢᠨ ᠰᠠᠶᠢᠬᠠᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ | ᠪᠣᠶ ᠪᠣᠯᠭᠠᠨ᠎ᠠ᠃ | ︵ᠬᠤᠶᠠᠷ︶ ᠵᠠᠬ᠎ᠠ ᠳᠡᠯᠭᠡᠭᠦᠷ ᠢᠶᠠᠷ ᠭᠤᠤᠯᠯᠠᠭᠤᠯᠤᠨ᠎ᠠ᠃ ᠪᠠᠶᠢᠭᠤᠯᠤᠯ ᠲᠣᠭᠲᠠᠴᠠ ᠶᠢᠨ ᠲᠠᠯ᠎ᠠ ᠪᠠᠷ | ᠰᠢᠨ᠎ᠡ ᠶᠢ ᠡᠭᠦᠳᠴᠦ᠂ ᠡᠬᠢ ᠪᠠᠶᠠᠯᠢᠭ ᠢ ᠲᠣᠬᠢᠷᠠᠭᠤᠯᠬᠤ ᠶᠠᠪᠤᠴᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ | ᠴᠢᠨᠠᠷᠲᠠᠶ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠭᠤᠷᠪᠠᠳᠠᠬᠢ ᠡᠲᠡᠭᠡᠳ ᠤᠨ ᠲᠥᠷᠥᠯ ᠲᠡᠮᠳᠡᠭᠲᠦ ᠶᠢᠨ | ᠡᠵᠡᠩᠨᠡᠯᠲᠡ ᠶᠢᠨ ᠲᠤᠰᠬᠠᠶ ᠪᠠᠶᠢᠭᠤᠯᠤᠮᠵᠢ ᠶᠢ ᠣᠷᠣᠭᠤᠯᠤᠨ ᠠᠪᠴᠢᠷᠠᠵᠤ᠂ ᠣᠳᠣᠬᠠᠨ ᠤ ᠤᠯᠤᠰ ᠤᠨ ᠳᠣᠲᠣᠭᠠᠳᠤ | ᠭᠠᠳᠠᠭᠠᠳᠤ ᠶᠢᠨ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠤᠪᠢᠷᠠᠯᠲᠠ ᠶᠢᠨ ᠬᠠᠨᠳᠤᠰᠢ ᠶᠢ ᠭᠦᠨᠵᠡᠭᠡᠶ ᠰᠤᠳᠤᠯᠵᠤ᠂ | ᠪᠣᠷᠣᠯᠠᠭᠤᠯᠭ᠎ᠠ ᠰᠠᠶᠢᠲᠠᠶ ᠴᠢᠨᠠᠷ ᠰᠠᠶᠢᠲᠠᠶ ᠦᠢᠯᠡᠳᠬᠦᠨ ᠢ ᠦᠢᠯᠡᠳᠪᠦᠷᠢᠯᠡᠵᠦ᠂ ᠬᠡᠷᠡᠭᠯᠡᠭᠴᠢᠳ ᠤᠨ ᠣᠯᠠᠨ | ᠶᠠᠩᠵᠤ ᠶᠢᠨ ᠬᠡᠷᠡᠭᠴᠡᠭᠡ ᠶᠢ ᠬᠠᠩᠭᠠᠨ᠎ᠠ᠃ | ︵ᠭᠤᠷᠪᠠ︶ ᠠᠵᠤ ᠠᠬᠤᠶᠢᠯᠠᠯ ᠢᠶᠠᠷ ᠭᠤᠤᠯ ᠴᠣᠭᠴᠠ ᠪᠣᠯᠭᠠᠨ᠎ᠠ᠃ ᠨᠥᠬᠦᠴᠡᠯ ᠳᠤ ᠨᠡᠶᠢᠴᠡᠬᠦ ᠲᠠᠷᠢᠶᠠᠯᠠᠩ | ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ | ᠲᠥᠷᠥᠯ ᠲᠡᠮᠳᠡᠭᠲᠦ ᠶᠢ ᠬᠡᠷᠡᠭᠯᠡᠬᠦ ᠶᠢ ᠵᠣᠷᠢᠭᠵᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ | ᠪᠠ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ ᠬᠡᠷᠡᠭᠯᠡᠬᠦ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠵᠠᠬ᠎ᠠ ᠳᠡᠯᠭᠡᠭᠦᠷ ᠲᠠᠬᠢ ᠦᠷᠢᠰᠦᠯᠳᠦᠬᠦ ᠬᠦᠴᠦᠨ ᠢ ᠥᠷᠭᠡᠳᠬᠡᠨ᠎ᠡ᠃ | ︵ᠳᠥᠷᠪᠡ︶ ᠬᠠᠮᠵᠢᠯᠴᠠᠨ ᠬᠠᠮᠲᠤᠪᠠᠷ ᠪᠥᠲᠥᠭᠡᠨ ᠪᠠᠶᠢᠭᠤᠯᠤᠨ᠎ᠠ᠃ ᠵᠠᠰᠠᠭ ᠤᠨ ᠣᠷᠳᠣᠨ ᠤ ᠬᠥᠲᠥᠯᠦᠨ | ᠵᠢᠯᠣᠭᠤᠳᠬᠤ ᠦᠢᠯᠡᠳᠦᠯ᠂ ᠰᠠᠯᠠᠭ᠎ᠠ ᠮᠥᠴᠢᠷ ᠤᠨ ᠬᠠᠮᠵᠢᠯᠴᠠᠬᠤ ᠦᠢᠯᠡᠳᠦᠯ᠂ ᠠᠵᠤ ᠠᠬᠤᠶᠢᠯᠠᠯ ᠤᠨ ᠭᠤᠤᠯ | ᠴᠣᠭᠴᠠ ᠶᠢᠨ ᠦᠢᠯᠡᠳᠦᠯ᠂ ᠨᠡᠶᠢᠭᠡᠮᠯᠢᠭ ᠤᠨ ᠨᠥᠬᠦᠪᠥᠷᠢᠯᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠣᠷᠣᠨ | ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠰᠡᠳᠬᠢᠯ ᠢᠶᠠᠨ ᠨᠢᠭᠡᠳᠬᠡᠨ | ᠬᠦᠴᠦ ᠪᠠᠨ ᠬᠠᠮᠲᠤᠳᠬᠠᠵᠤ᠂ ᠬᠠᠮᠲᠤᠪᠠᠷ ᠪᠠᠶᠢᠭᠤᠯᠵᠤ ᠢᠯᠡᠭᠦᠤ ᠠᠰᠢᠭ ᠭᠥᠷᠳᠡᠬᠦ ᠰᠢᠨ᠎ᠡ ᠪᠠᠶᠢᠳᠠᠯ ᠢ ᠪᠣᠶ ᠪᠣᠯᠭᠠᠨ᠎ᠠ | ᠃ | ᠳᠥᠷᠪᠡ᠂ ᠭᠤᠤᠯᠳᠠᠯᠭ᠎ᠠ ᠲᠠᠢ ᠡᠭᠦᠷᠭᠡ | ︵ᠨᠢᠭᠡ︶ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠦᠢᠯᠡᠳᠬᠦᠨ ᠤ ᠶᠠᠰᠤ | ᠴᠢᠨᠠᠷ ᠤᠨ ᠪᠠᠷᠢᠮᠵᠢᠶ᠎ᠠ ᠶᠢᠨ ᠰᠢᠰᠲ᠋ᠧᠮᠵᠢ ᠶᠢ ᠪᠦᠷᠢᠨᠰᠢᠭᠦᠯᠦᠨ᠎ᠡ᠃ ᠭᠠᠷᠤᠯᠲᠠ ᠶᠢᠨ ᠣᠷᠣᠨ ᠢ ᠴᠡᠪᠡᠷᠰᠢᠭᠦᠯᠬᠦ | ᠠᠵᠢᠯᠯᠠᠭ᠎ᠠ ᠶᠢ ᠥᠷᠨᠢᠭᠦᠯᠵᠦ᠂ ᠪᠣᠬᠢᠷᠲᠤᠯ ᠦᠭᠡᠢ ᠦᠢᠯᠡᠳᠪᠦᠷᠢᠯᠡᠯ ᠢ ᠬᠡᠷᠡᠭᠵᠢᠭᠦᠯᠦᠨ᠎ᠡ᠃ ︽ᠳᠥᠷᠪᠡ ᠶᠢ ᠡᠵᠡᠮᠳᠡᠬᠦ | ︾ ᠮᠡᠷᠭᠡᠵᠢᠯ ᠢ ᠢᠳᠡᠪᠬᠢᠲᠡᠶ ᠬᠡᠷᠡᠭᠵᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠬᠠᠶᠠᠭᠳᠠᠮᠠᠯ ᠪᠣᠳᠠᠰ ᠢ ᠡᠬᠢ | ᠪᠠᠶᠠᠯᠢᠭᠵᠢᠭᠤᠯᠤᠨ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠥᠲᠥᠭᠡᠨ ᠪᠠᠶᠢᠭᠤᠯᠤᠯᠲᠠ ᠶᠢ 300 ᠲᠦᠮᠡᠨ ᠮᠥ ᠠᠴᠠ ᠳᠡᠭᠡᠭᠰᠢ ᠳᠤ ᠬᠦᠷᠦᠭᠦᠯᠵᠦ᠂ ᠬᠢᠮᠢ ᠶᠢᠨ ᠪᠣᠷᠲᠣᠭᠤᠷ᠂ | ᠲᠠᠷᠢᠶᠠᠨ ᠡᠮ ᠪᠠ ᠰᠦᠯᠢᠶᠣᠣ ᠪᠦᠷᠬᠦᠭᠦᠯ ᠤᠨ ᠪᠦᠷᠬᠦᠴᠡ ᠶᠢᠨ ᠲᠠᠯᠠᠪᠠᠶ ᠶᠢ ᠵᠢᠯ ᠳᠠᠷᠠᠭᠠᠯᠠᠨ ᠬᠠᠰᠤᠵᠤ᠂ ᠪᠣᠬᠢᠷᠲᠤᠯ | ᠥᠬᠡᠶ ᠳᠠᠷᠢᠵᠤ ᠲᠡᠵᠢᠭᠡᠨ ᠦᠷᠡᠵᠢᠭᠦᠯᠬᠦ ᠳᠤ ᠰᠠᠶᠢᠨ ᠰᠠᠶᠢᠬᠠᠨ ᠦᠢᠯᠡᠳᠪᠦᠷᠢᠯᠡᠯ ᠤᠨ ᠣᠷᠴᠢᠨ ᠲᠣᠭᠤᠷᠢᠨ ᠢ | ᠡᠭᠦᠳᠦᠨ ᠪᠠᠶᠢᠭᠤᠯᠤᠨ᠎ᠠ᠃ ᠦᠢᠯᠡᠳᠪᠦᠷᠢᠯᠡᠯ ᠤᠨ ᠨᠠᠷᠢᠯᠢᠬᠵᠢᠭᠤᠯᠤᠭᠰᠠᠨ ᠬᠠᠮᠢᠶᠠᠷᠤᠯᠲᠠ ᠬᠢᠭᠡᠳ ᠪᠦᠲᠦᠭᠡᠭᠳᠡᠬᠦᠨ ᠤ | ᠶᠠᠰᠤ ᠴᠢᠨᠠᠷ ᠢ ᠪᠥᠬᠦ ᠶᠠᠪᠤᠴᠠ ᠳᠤ ᠡᠵᠡᠮᠳᠡᠬᠦ ᠮᠡᠷᠭᠡᠵᠢᠯ ᠤᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ | ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠬᠡᠷᠡᠭᠯᠡᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠢ | ᠠᠬᠢᠭᠤᠯᠤᠨ᠎ᠠ᠃ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠡᠯ᠎ᠡ ᠬᠤᠰᠢᠭᠤ ᠰᠢᠶᠠᠨ ᠲᠣᠭᠤᠷᠢᠭ ᠤᠨ ᠣᠷᠣᠨ | ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠳᠤ ᠴᠢᠭᠯᠡᠭᠦᠯᠦᠨ ᠣᠨᠴᠠ ᠲᠣᠭᠲᠠᠭᠰᠠᠨ ᠭᠠᠷᠤᠯᠲᠠ ᠶᠢᠨ ᠣᠷᠣᠨ ᠤ ᠣᠷᠴᠢᠨ ᠲᠣᠭᠤᠷᠢᠨ᠂ | ᠪᠦᠲᠦᠭᠡᠭᠳᠡᠬᠦᠨ ᠢ ᠲᠠᠰ ᠬᠤᠪᠢᠶᠠᠬᠤ᠂ ᠪᠣᠯᠪᠠᠰᠤᠷᠠᠭᠤᠯᠬᠤ᠂ ᠪᠣᠭᠤᠳᠠᠯᠯᠠᠬᠤ᠂ ᠬᠠᠳᠠᠭᠠᠯᠠᠬᠤ᠂ ᠪᠠᠷᠠᠭᠠᠨ ᠤ | ᠭᠦᠢᠯᠭᠡᠭᠡᠨ ᠤ ᠲᠡᠭᠡᠭᠡᠪᠦᠷᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠪᠠᠷᠢᠮᠵᠢᠶ᠎ᠠ ᠶᠢᠨ ᠰᠢᠰᠲ᠋ᠧᠮᠵᠢ ᠶᠢ | ᠲᠣᠭᠲᠠᠭᠠᠬᠤ ᠶᠢ ᠳᠡᠮᠵᠢᠨ ᠵᠣᠷᠢᠭᠵᠢᠭᠤᠯᠵᠤ᠂ ᠪᠠᠷᠢᠮᠵᠢᠶ᠎ᠠ ᠶᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ︽ | ᠨᠢᠭᠡ ᠪᠦᠲᠦᠭᠡᠭᠳᠡᠬᠦᠨ ᠳᠤ ᠨᠢᠭᠡ ᠪᠠᠷᠢᠮᠵᠢᠶ᠎ᠠ︾᠂ ︽ᠨᠢᠭᠡ ᠪᠦᠲᠦᠭᠡᠭᠳᠡᠬᠦᠨ ᠳᠤ ᠨᠢᠭᠡ ᠵᠦᠢᠯ ᠤᠨ ᠪᠣᠳᠣᠯᠭ᠎ᠠ︾ | ᠶᠢᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠠᠷᠭ᠎ᠠ ᠮᠠᠶ᠋ᠢᠭ ᠪᠠ ᠦᠢᠯᠡᠳᠪᠦᠷᠢᠯᠡᠯ ᠤᠨ ᠰᠠᠭᠤᠷᠢᠨ ᠭᠠᠵᠠᠷ ᠢ | ᠪᠣᠶ ᠪᠣᠯᠭᠠᠵᠤ᠂ ᠶᠠᠰᠤ ᠴᠢᠨᠠᠷ ᠢ ᠪᠠᠲᠤᠯᠠᠨ᠂ ᠶᠠᠰᠤ ᠴᠢᠨᠠᠷ ᠢ ᠳᠡᠭᠡᠭᠰᠢᠯᠡᠭᠦᠯᠵᠦ᠂ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠲᠥᠷᠥᠯ ᠲᠡᠮᠳᠡᠭᠲᠦ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ | ᠴᠢᠨᠠᠷ ᠤᠨ ᠪᠠᠷᠢᠮᠵᠢᠶ᠎ᠠ ᠶᠢᠨ ᠰᠠᠭᠤᠷᠢ ᠶᠢ ᠪᠠᠲᠤᠳᠬᠠᠨ᠎ᠠ᠃ ︵ᠲᠦᠷᠦᠭᠦᠯᠡᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ | ᠠᠵᠤ ᠠᠬᠤᠶ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠡᠯ᠎ᠡ | ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ︵ᠬᠤᠶᠠᠷ︶ ᠪᠥᠬᠦ ᠶᠠᠪᠤᠴᠠ ᠶᠢᠨ ᠶᠠᠰᠤ ᠴᠢᠨᠠᠷ ᠢ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠤᠨ᠎ᠠ᠃ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠮᠥᠷᠳᠡᠬᠦ ᠰᠢᠰᠲ᠋ᠧᠮᠵᠢ | ᠪᠠ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠲᠦᠷᠦᠯ ᠲᠡᠮᠳᠡᠭᠲᠦ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠦᠢᠯᠡᠳᠪᠦᠷᠢᠯᠡᠯ ᠠᠴᠠ ᠬᠤᠭᠤᠯᠠᠨ ᠰᠢᠷᠡᠭᠡᠨ ᠳᠤ ᠬᠦᠷᠲᠡᠯᠡᠬᠢ ᠪᠥᠬᠦ ᠶᠠᠪᠤᠴᠠ ᠶᠢᠨ ᠶᠠᠰᠤ ᠴᠢᠨᠠᠷ ᠤᠨ | ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠵᠦ᠂ ᠲᠣᠮᠣ ᠳ᠋ᠠᠶᠢᠲ᠋ᠠ᠂ ᠡᠭᠦᠯᠡᠨ ᠪᠤᠳᠤᠯᠲᠠ ᠵᠡᠷᠭᠡ | ᠣᠳᠣᠬᠢᠴᠢᠯᠠᠭᠰᠠᠨ ᠮᠡᠳᠡᠭᠡ ᠵᠠᠩᠭᠢ ᠶᠢᠨ ᠮᠡᠷᠭᠡᠵᠢᠯ ᠢ ᠠᠰᠢᠭᠯᠠᠨ ᠣᠶᠤᠨᠴᠢ ᠬᠢᠨᠠᠯᠲᠠ ᠬᠠᠮᠢᠶᠠᠷᠤᠯᠲᠠ ᠪᠠ | ᠦᠢᠯᠡᠴᠢᠯᠡᠭᠡ ᠶᠢ ᠬᠡᠷᠡᠭᠵᠢᠭᠦᠯᠬᠦ ᠶᠢ ᠳᠡᠮᠵᠢᠵᠦ᠂ ︽ᠲᠣᠤᠷᠵᠢᠭᠤᠯᠤᠭᠰᠠᠨ︾ ᠬᠠᠮᠢᠶᠠᠷᠤᠯᠲᠠ ᠶᠢ ᠴᠢᠩᠭ᠎ᠠ | ᠨᠠᠶᠢᠳᠠᠪᠤᠷᠢᠵᠢᠭᠤᠯᠤᠨ᠂ ᠬᠥᠨᠳᠡᠯᠡᠨ ᠠᠴᠠ ᠵᠠᠬ᠎ᠠ ᠬᠢᠵᠠᠭᠠᠷ ᠬᠦᠷᠲᠡᠯ᠎ᠡ᠂ ᠭᠤᠯᠳᠤ ᠪᠠᠷ ᠡᠴᠦᠰ ᠲᠤᠨᠢ ᠲᠤᠯᠲᠠᠯ᠎ᠠ | ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠪᠠᠶᠢᠭᠤᠯᠤᠨ᠎ᠠ᠃ ᠬᠤᠰᠢᠭᠤ ᠰᠢᠶᠠᠨ ᠲᠣᠭᠤᠷᠢᠭ ᠨᠢ ᠬᠠᠷᠢᠶ᠎ᠠ ᠭᠠᠵᠠᠷ ᠤᠨ | ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠ | ᠬᠠᠮᠲᠤᠷᠠᠨ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ ᠰᠣᠩᠭᠤᠭᠳᠠᠭᠰᠠᠨ ᠠᠵᠤ ᠠᠬᠤᠶᠢᠯᠠᠯ ᠤᠨ ᠲᠦᠷᠢᠮ ᠤᠨ | ᠪᠠᠶᠢᠭᠤᠯᠤᠯᠲᠠ᠂ ᠣᠷᠣᠭᠤᠯᠤᠯᠲᠠ ᠶᠢᠨ ᠡᠳ᠋ ᠪᠤᠳᠠᠰ ᠤᠨ ᠬᠠᠮᠢᠶᠠᠷᠤᠯᠲᠠ᠂ ᠦᠢᠯᠡᠳᠪᠦᠷᠢᠯᠡᠯ ᠤᠨ ᠶᠠᠪᠤᠴᠠ᠂ | ᠲᠡᠮᠳᠡᠭ ᠤᠨ ᠬᠡᠷᠡᠭᠯᠡᠯᠲᠡ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢ | ᠴᠢᠩᠭᠠᠷᠠᠭᠤᠯᠣᠨ᠎ᠠ᠃ ᠢᠳᠡᠰᠢᠨ ᠳᠤ ᠬᠡᠷᠡᠭᠯᠡᠬᠦ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠢᠷᠢ | ᠲᠡᠩᠴᠡᠭᠰᠡᠨ ᠦᠨᠡᠮᠯᠡᠯ ᠤᠨ ᠲᠦᠷᠢᠮ ᠢ ᠶᠡᠬᠡᠪᠡᠷ ᠬᠡᠷᠡᠭᠵᠢᠭᠦᠯᠵᠦ᠂ ᠭᠠᠷᠤᠯᠲᠠ ᠶᠢᠨ ᠣᠷᠣᠨ ᠠᠴᠠ ᠵᠥᠪᠰᠢᠶᠡᠷᠡᠨ | ᠭᠠᠷᠭᠠᠬᠤ ᠪᠠ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠶᠢ ᠵᠠᠪᠰᠠᠷ ᠥᠬᠡᠶ ᠵᠣᠯᠭᠠᠭᠤᠯᠤᠨ᠎ᠠ᠃ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠬᠢᠨᠠᠨ ᠪᠠᠶᠢᠴᠠᠭᠠᠬᠤ ᠪᠠ ᠰᠤᠭᠤᠴᠢᠨ ᠪᠠᠶᠢᠴᠠᠭᠠᠬᠤ | ᠡᠷᠴᠢᠮ ᠢ ᠴᠢᠩᠭᠠᠷᠠᠭᠤᠯᠵᠤ᠂ ᠬᠢᠨᠠᠨ ᠪᠠᠶᠢᠴᠠᠭᠠᠯᠲᠠ ᠳᠤ ᠬᠢᠷᠢ ᠲᠡᠩᠴᠡᠭᠦ ᠥᠬᠡᠶ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠪᠠ ᠠᠵᠤ ᠠᠬᠤᠶᠢᠯᠠᠯ ᠤᠨ ᠨᠡᠷᠡᠰ ᠵᠡᠷᠭᠡ ᠪᠠᠶᠢᠳᠠᠯ ᠢ ᠲᠣᠭᠲᠠᠮᠠᠯ ᠪᠤᠰᠤ | ᠬᠤᠭᠤᠴᠠᠭ᠎ᠠ ᠲᠠᠢ ᠪᠠᠷ ᠨᠡᠶᠢᠲᠡᠯᠡᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ | ᠴᠢᠨᠠᠷ ᠤᠨ ᠠᠮᠤᠷ ᠲᠦᠪᠰᠢᠨ ᠤ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠨᠡᠶᠢᠲᠡ ᠶᠢᠨ ᠢᠲᠡᠭᠡᠮᠵᠢ ᠶᠢ ᠳᠡᠭᠡᠭᠰᠢᠯᠡᠭᠦᠯᠦᠨ᠎ᠡ᠃ ︵ | ᠲᠦᠷᠦᠭᠦᠯᠡᠬᠦ ᠨᠢᠭᠡᠴᠡ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠬᠠᠷᠢᠭᠤᠴᠠᠯᠭᠠᠲᠤ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠲᠠ ᠶᠢᠨ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ︶ | ︵ᠭᠤᠷᠪᠠ︶ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ ᠪᠤᠶᠢᠵᠢᠭᠤᠯᠬᠤ | ᠲᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ | ᠲᠡᠮᠳᠡᠭᠲᠦ ᠶᠢ ᠪᠤᠶᠢᠵᠢᠭᠤᠯᠬᠤ ᠡᠷᠴᠢᠮ ᠢ ᠴᠢᠩᠭᠠᠷᠠᠭᠤᠯᠵᠤ᠂ ᠬᠠᠮᠲᠤ ᠶᠢᠨ ᠲᠠᠸᠠᠷ ᠤᠨ ᠲᠡᠮᠳᠡᠭ᠂ ᠭᠠᠵᠠᠷ ᠵᠦᠶ ᠶᠢᠨ | ᠲᠡᠮᠳᠡᠭ᠂ ᠭᠡᠷᠡᠴᠢᠯᠡᠯ ᠲᠠᠢ ᠲᠠᠸᠠᠷ ᠤᠨ ᠲᠡᠮᠳᠡᠭ ᠢ ᠳᠠᠩᠰᠠᠯᠠᠭᠤᠯᠬᠤ ᠶᠢ ᠢᠳᠡᠪᠬᠢᠲᠡᠶ ᠪᠠᠷ ᠵᠢᠯᠣᠭᠤᠳᠤᠨ᠂ ᠭᠠᠵᠠᠷ | ᠵᠦᠶ ᠶᠢᠨ ᠲᠡᠮᠳᠡᠭ ᠲᠠᠢ ᠲᠠᠷᠢᠶᠠᠯᠠᠩ ᠤᠨ ᠪᠦᠲᠦᠭᠡᠭᠳᠡᠬᠦᠨ ᠤ ᠵᠡᠷᠭᠡ ᠳᠡᠰ ᠤᠨ ᠬᠠᠮᠠᠭᠠᠯᠠᠯᠲᠠ ᠶᠢ ᠭᠤᠶᠤᠴᠢᠯᠠᠵᠤ᠂ | ᠭᠠᠵᠠᠷ ᠵᠦᠶ ᠶᠢᠨ ᠲᠡᠮᠳᠡᠭ ᠤᠨ ᠲᠤᠰᠬᠠᠶ ᠲᠡᠮᠳᠡᠭ ᠢ ᠬᠡᠷᠡᠭᠯᠡᠨ᠂ ᠪᠣᠬᠢᠷᠲᠤᠯ ᠥᠬᠡᠶ ᠣᠷᠭᠠᠨᠢᠭ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠴᠢᠨᠠᠷ ᠰᠠᠶᠢᠲᠠᠶ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠭᠡᠷᠡᠴᠢᠯᠡᠯ ᠥᠷᠨᠢᠭᠦᠯᠬᠦ ᠶᠢ ᠵᠣᠷᠢᠭᠵᠢᠭᠤᠯᠵᠤ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ | ᠲᠥᠷᠥᠯ ᠲᠡᠮᠳᠡᠭᠲᠦ ᠶᠢ ᠪᠤᠶᠢᠵᠢᠭᠤᠯᠬᠤ ᠳᠤ ᠲᠠᠰᠤᠷᠠᠯᠲᠠ ᠥᠬᠡᠶ ᠴᠢᠨᠠᠷ ᠰᠠᠶᠢᠲᠠᠶ ᠪᠦᠲᠦᠭᠡᠭᠳᠡᠬᠦᠨ ᠤ ᠲᠤᠯᠭᠠᠭᠤᠷᠢᠯᠠᠯ | ᠬᠠᠩᠭᠠᠨ᠎ᠠ᠃ ᠡᠭᠦᠨ ᠤ ᠬᠠᠮᠲᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠬᠠᠮᠢᠶ᠎ᠠ | ᠪᠥᠬᠦᠶ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠨ ᠣᠷᠣᠯᠴᠠᠭᠰᠠᠨ ᠦᠨᠡᠯᠡᠨ ᠵᠢᠱᠢᠬᠦ | ᠲᠣᠭᠲᠠᠴᠠ ᠶᠢ ᠪᠠᠶᠢᠭᠤᠯᠵᠤ᠂ ᠲᠥᠷᠥᠯ ᠲᠡᠮᠳᠡᠭᠲᠦ ᠶᠢᠨ ᠡᠷᠬᠡ ᠰᠦᠷᠲᠦ ᠴᠢᠨᠠᠷ ᠪᠠ ᠲᠥᠪ ᠭᠤᠤᠯᠴᠢ ᠴᠢᠨᠠᠷ ᠢ | ᠬᠠᠮᠠᠭᠠᠯᠠᠨ᠎ᠠ᠃ ︵ᠲᠦᠷᠦᠭᠦᠯᠡᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ | ᠬᠠᠷᠢᠭᠤᠴᠠᠯᠭᠠᠲᠤ ᠨᠢᠭᠡᠴᠡ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ | ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ︵ᠳᠥᠷᠪᠡ︶ ᠲᠥᠷᠥᠯ ᠲᠡᠮᠳᠡᠭᠲᠦ ᠶᠢᠨ ᠤᠬᠠᠭᠤᠯᠭ᠎ᠠ ᠲᠠᠨᠢᠯᠴᠠᠭᠤᠯᠭ᠎ᠠ ᠶᠢ ᠴᠢᠩᠭᠠᠳᠬᠠᠨ᠎ᠠ᠃ ᠲᠦᠷᠥᠯ | ᠲᠡᠮᠳᠡᠭᠲᠦ ᠶᠢᠨ ᠦᠯᠢᠭᠡᠷ᠂ ᠲᠦᠷᠥᠯ ᠲᠡᠮᠳᠡᠭᠲᠦ ᠶᠢᠨ ᠳᠠᠮᠵᠢᠭᠤᠯᠭ᠎ᠠ᠂ ᠦᠢᠯᠡᠳᠬᠦᠨ ᠤ ᠶᠠᠰᠤ ᠴᠢᠨᠠᠷ ᠵᠡᠷᠭᠡ ᠭᠤᠣᠯ | ᠠᠭᠤᠯᠭ᠎ᠠ ᠶᠢᠨ ᠲᠣᠭᠤᠷᠢᠨ ᠳᠤ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ | ᠤᠬᠠᠭᠤᠯᠵᠤ ᠡᠵᠡᠩᠨᠡᠨ ᠪᠣᠷᠣᠯᠠᠭᠤᠯᠬᠤ ᠠᠵᠢᠯ ᠢ ᠴᠢᠩᠭᠠᠳᠬᠠᠵᠤ᠂ ᠬᠠᠭᠤᠴᠢᠨ ᠤᠷ᠎ᠠ ᠮᠡᠷᠭᠡᠵᠢᠯ᠂ ᠬᠠᠭᠤᠴᠢᠨ | ᠨᠡᠷᠡᠮᠵᠢᠲᠦ᠂ ᠬᠠᠭᠤᠴᠢᠨ ᠵᠦᠢᠯ ᠢ ᠬᠠᠮᠠᠭᠠᠯᠠᠬᠤ ᠪᠠ ᠤᠯᠠᠮᠵᠢᠯᠠᠬᠤ ᠶᠢ ᠴᠢᠩᠭᠠᠷᠠᠭᠤᠯᠤᠨ᠂ ᠲᠥᠷᠥᠯ ᠲᠡᠮᠳᠡᠭᠲᠦ ᠶᠢᠨ | ᠰᠣᠶᠣᠯ ᠤᠨ ᠠᠭᠤᠯᠤᠭᠳᠠᠬᠤᠨ ᠢ ᠭᠦᠨᠵᠡᠭᠡᠶ ᠠᠭᠤᠳᠠᠯᠵᠤ᠂ ᠲᠥᠷᠥᠯ ᠲᠡᠮᠳᠡᠭᠲᠦ ᠶᠢᠨ ᠠᠯᠳᠠᠷᠰᠢᠯ ᠪᠠ ᠨᠥᠯᠥᠭᠡᠯᠡᠬᠦ | ᠬᠦᠴᠦᠨ ᠢ ᠳᠡᠭᠡᠭᠰᠢᠯᠡᠭᠦᠯᠦᠨ᠂ ᠲᠥᠷᠥᠯ ᠲᠡᠮᠳᠡᠭᠲᠦ ᠶᠢᠨ ᠦᠨ᠎ᠡ ᠥᠷᠲᠡᠭ ᠢ ᠭᠦᠢᠴᠡᠳ ᠪᠠᠳᠠᠷᠠᠭᠤᠯᠵᠤ᠂ ᠠᠵᠤ | ᠠᠬᠤᠶᠢᠯᠠᠯ ᠪᠠ ᠲᠠᠷᠢᠶᠠᠴᠢᠳ ᠲᠤ ᠨᠠᠷᠠᠲᠤ ᠲᠥᠷᠥᠯ ᠲᠡᠮᠳᠡᠭᠲᠦ ᠶᠢᠨ ᠦᠷᠲᠡᠭ ᠤᠨ ᠨᠡᠮᠡᠭᠳᠡᠯ ᠠᠴᠠ ᠪᠣᠯᠤᠭᠰᠠᠨ | ᠦᠷ᠎ᠡ ᠠᠰᠢᠭ ᠢ ᠣᠯᠭᠤᠨ᠎ᠠ᠃ ᠵᠠᠰᠠᠭ ᠤᠨ ᠣᠷᠳᠣᠨ ᠤ ᠤᠬᠠᠭᠤᠯᠭ᠎ᠠ ᠶᠢᠨ ᠲᠠᠪᠴᠠᠩ ᠤᠨ ᠳᠠᠪᠠᠭᠤᠯᠢᠭ ᠢ | ᠪᠠᠳᠠᠷᠠᠭᠤᠯᠵᠤ᠂ ᠲᠦᠷᠭᠡᠨ ᠤ ᠵᠠᠮ ᠤᠨ ᠠᠭᠤᠯᠵᠠᠷ᠂ ᠨᠢᠰᠬᠡᠯ ᠤᠨ ᠪᠠᠭᠤᠳᠠᠯ᠂ ᠲᠡᠷᠭᠡᠨ ᠥᠷᠲᠡᠭᠡ᠂ ᠬᠤᠲᠠ ᠶᠢᠨ | ᠳᠣᠲᠣᠷᠠᠬᠢ ᠨᠡᠶᠢᠲᠡ ᠶᠢᠨ ᠮᠠᠰᠢᠨ ᠲᠡᠷᠭᠡᠨ ᠤ ᠥᠷᠲᠡᠭᠡ ︵ᠫᠠᠶᠢᠰᠠ︶ ᠵᠡᠷᠭᠡ ᠴᠢᠬᠤᠯᠠ ᠪᠠᠶᠢᠷᠢᠨ ᠳᠠᠬᠢ ᠨᠡᠶᠢᠲᠡ ᠶᠢᠨ | ᠠᠰᠠᠷᠠᠮᠵᠢ ᠶᠢᠨ ᠵᠠᠷ ᠮᠡᠳᠡᠭᠡ ᠶᠢᠨ ᠫᠠᠶᠢᠰᠠ ᠶᠢ ᠠᠰᠢᠭᠯᠠᠨ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ | ᠨᠠᠷᠠᠲᠤ ᠲᠥᠷᠥᠯ ᠲᠡᠮᠳᠡᠭᠲᠦ ᠵᠢᠴᠢ ᠬᠥᠬᠡᠬᠤᠲᠠ ᠶᠢᠨ ᠣᠨᠴᠠᠯᠢᠭ ᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠪᠠ ᠠᠮᠲᠠᠲᠤ ᠢᠳᠡᠭᠡᠨ ᠳᠤ ᠣᠷᠳᠣ ᠬᠤᠭᠤᠴᠠᠭᠠᠨ ᠤ ᠴᠢᠨᠠᠷᠲᠠᠶ ᠪᠠᠷ ᠤᠬᠠᠭᠤᠯᠭ᠎ᠠ ᠬᠢᠨ᠎ᠠ᠃ ᠡᠯ᠎ᠡ | ᠱᠠᠲᠤᠨ ᠤ ᠵᠠᠭᠤᠴᠢᠯᠠᠭᠤᠷ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠲᠧᠯᠸᠢᠰ ᠬᠤᠷᠢᠶ᠎ᠠ᠂ ᠷᠠᠳᠢᠣ᠋ | ᠨᠡᠪᠲᠡᠷᠡᠭᠦᠯᠭᠡ ᠶᠢᠨ ᠬᠤᠷᠢᠶ᠎ᠠ᠂ ᠰᠣᠨᠢᠨ ᠰᠡᠳᠬᠦᠯ᠂ LED ᠳᠡᠯᠭᠡᠴᠡ᠂ ᠣᠯᠠᠨ ᠨᠡᠶᠢᠲᠡ ᠶᠢᠨ ᠳ᠋ᠤᠭᠠᠷ᠂ | ᠸᠢᠴᠠᠲ ᠤᠨ ᠴᠤᠭᠯᠠᠷᠠᠯ ᠵᠡᠷᠭᠡ ᠤᠬᠠᠭᠤᠯᠭ᠎ᠠ ᠶᠢᠨ ᠵᠠᠭᠤᠴᠢᠯᠠᠭᠤᠷ ᠢ ᠭᠦᠢᠴᠡᠳ ᠠᠰᠢᠭᠯᠠᠨ᠂ ᠲᠥᠷᠥᠯ ᠲᠡᠮᠳᠡᠭᠲᠦ | ᠪᠠ ᠠᠮᠤᠷ ᠲᠦᠪᠰᠢᠨ ᠴᠢᠨᠠᠷ ᠰᠠᠶᠢᠲᠠᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠷᠭᠦᠯᠵᠢᠯᠡᠨ | ᠤᠬᠠᠭᠤᠯᠵᠤ᠂ ᠲᠥᠷᠥᠯ ᠲᠡᠮᠳᠡᠭᠲᠦ ᠶᠢᠨ ᠠᠯᠳᠠᠷᠰᠢᠯ ᠢ ᠳᠡᠭᠡᠭᠰᠢᠯᠡᠭᠦᠯᠦᠨ᠎ᠡ᠃ ᠲᠥᠷᠥᠯ ᠲᠡᠮᠳᠡᠭᠲᠦ ᠶᠢᠨ ᠣᠯᠠᠨ | ᠨᠡᠶᠢᠲᠡ ᠶᠢᠨ ᠮᠡᠳᠡᠭᠡ ᠵᠠᠩᠭᠢ ᠨᠡᠶᠢᠲᠡᠯᠡᠬᠦ ᠲᠠᠪᠴᠠᠩ ᠪᠠ ᠣᠯᠠᠨ ᠨᠡᠶᠢᠲᠡ ᠶᠢᠨ ᠳ᠋ᠤᠭᠠᠷ ᠢ ᠪᠠᠶᠢᠭᠤᠯᠵᠤ᠂ | ᠬᠡᠷᠡᠭᠯᠡᠭᠴᠢᠳ ᠲᠤ ᠲᠥᠷᠥᠯ ᠲᠡᠮᠳᠡᠭᠲᠦ ᠵᠢᠴᠢ ᠲᠡᠭᠦᠨ ᠤ ᠦᠢᠯᠡᠳᠬᠦᠨ ᠢ ᠪᠠᠶᠢᠴᠠᠭᠠᠨ ᠯᠠᠪᠯᠠᠬᠤ ᠠᠷᠭ᠎ᠠ ᠵᠠᠮ ᠵᠢᠴᠢ | ᠬᠠᠮᠢᠶ᠎ᠠ ᠪᠥᠬᠦᠶ ᠮᠡᠳᠡᠭᠡ ᠵᠠᠩᠭᠢ ᠶᠢ ᠬᠠᠩᠭᠠᠨ᠎ᠠ᠃ ᠵᠢᠭᠤᠯᠴᠢᠯᠠᠯ ᠤᠨ ᠡᠬᠢ ᠪᠠᠶᠠᠯᠢᠭ ᠲᠠᠢ ᠤᠶᠠᠯᠳᠤᠭᠤᠯᠤᠨ | ᠤᠬᠠᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ᠂ ᠬᠥᠳᠡᠭᠡ ᠲᠣᠰᠬᠤᠨ ᠤ | ᠵᠢᠭᠤᠯᠴᠢᠯᠠᠯ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠡᠯ᠎ᠡ ᠲᠥᠷᠥᠯ ᠤᠨ ᠪᠠᠶᠠᠷ ᠤᠨ ᠡᠳᠦᠷ ᠤᠨ | ᠤᠬᠠᠭᠤᠯᠭ᠎ᠠ ᠳᠤ ᠢᠳᠡᠪᠬᠢᠲᠡᠶ ᠵᠣᠬᠢᠶᠠᠨ ᠪᠠᠶᠢᠭᠤᠯᠤᠨ ᠣᠷᠣᠯᠴᠠᠨ᠎ᠠ᠃ ᠲᠦᠷᠥᠯ ᠲᠡᠮᠳᠡᠭᠲᠦ ᠪᠦᠬᠦᠢ ᠲᠠᠷᠢᠶᠠᠯᠠᠩ ᠮᠠᠯ | ᠠᠵᠤ ᠠᠬᠤᠶ ᠶᠢᠨ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠡᠯ᠎ᠡ ᠲᠥᠷᠥᠯ ᠤᠨ ᠦᠵᠡᠭᠦᠯᠭᠡ ᠶᠢᠨ ᠴᠤᠭᠯᠠᠭᠠᠨ ᠳᠤ | ᠢᠳᠡᠪᠬᠢᠲᠡᠶ ᠣᠷᠣᠯᠴᠠᠭᠤᠯᠵᠤ᠂ ᠬᠥᠬᠡᠬᠤᠲᠠ ᠶᠢᠨ ᠲᠦᠷᠥᠯ ᠲᠡᠮᠳᠡᠭᠲᠦ ᠪᠠ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠠᠯᠳᠠᠷᠰᠢᠯ ᠢ ᠳᠡᠭᠡᠭᠰᠢᠯᠡᠭᠦᠯᠦᠨ᠎ᠡ᠃ ︽ᠲᠥᠷᠥᠯ ᠲᠡᠮᠳᠡᠭᠲᠦ ᠶᠢ ᠤᠬᠠᠭᠤᠯᠬᠤ᠂ ᠲᠥᠷᠥᠯ | ᠲᠡᠮᠳᠡᠭᠲᠦ ᠶᠢ ᠳᠡᠮᠵᠢᠬᠦ᠂ ᠲᠥᠷᠥᠯ ᠲᠡᠮᠳᠡᠭᠲᠦ ᠶᠢ ᠬᠥᠭᠵᠢᠭᠦᠯᠬᠦ᠂ ᠲᠥᠷᠥᠯ ᠲᠡᠮᠳᠡᠭᠲᠦ ᠶᠢ ᠬᠠᠮᠠᠭᠠᠯᠠᠬᠤ︾ ᠰᠠᠶᠢᠨ | ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ ︵ᠲᠦᠷᠦᠭᠦᠯᠡᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ | ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ | ᠲᠧᠯᠸᠢᠰ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ︵ᠲᠠᠪᠤ︶ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠣᠶᠤᠨ ᠤ | ᠬᠥᠮᠥᠷᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠣᠯᠤᠨ ᠠᠵᠢᠯ | ᠲᠥᠷᠥᠯ ᠤᠨ ᠨᠡᠶᠢᠭᠡᠮᠯᠢᠭ ᠠᠴᠠ ᠲᠥᠷᠥᠯ ᠲᠡᠮᠳᠡᠭᠲᠦ ᠶᠢ ᠪᠤᠶᠢᠵᠢᠭᠤᠯᠬᠤ ᠣᠶᠤᠨ ᠤ ᠬᠥᠮᠥᠷᠭᠡ ᠶᠢᠨ | ᠪᠠᠶᠢᠭᠤᠯᠤᠯᠲᠠ ᠶᠢ ᠴᠢᠩᠭᠠᠳᠬᠠᠵᠤ᠂ ᠲᠥᠷᠥᠯ ᠲᠡᠮᠳᠡᠭᠲᠦ ᠶᠢᠨ ᠬᠠᠮᠢᠶᠠᠷᠤᠯᠲᠠ ᠶᠢᠨ ᠴᠢᠳᠠᠪᠤᠷᠢᠲᠠᠨ ᠢ ᠣᠷᠣᠭᠤᠯᠤᠨ | ᠠᠪᠴᠢᠷᠠᠬᠤ ᠪᠠ ᠤᠷᠮᠠᠰᠢᠭᠤᠯᠬᠤ ᠠᠵᠢᠯ ᠢᠶᠠᠷ ᠭᠠᠷᠳᠠᠴᠠ ᠪᠣᠯᠭᠠᠵᠤ᠂ ᠨᠢᠭᠡ ᠰᠠᠯᠠᠭ᠎ᠠ ᠨᠡᠶᠢᠲᠡ ᠶᠢᠨ ᠬᠡᠷᠡᠭᠯᠡᠭᠡᠨ ᠤ | ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ᠂ ᠬᠠᠮᠢᠶᠠᠷᠬᠤ᠂ ᠡᠵᠡᠩᠨᠡᠬᠦ ᠴᠢᠳᠠᠪᠤᠷᠢᠲᠠᠨ ᠤ ᠡᠩᠨᠡᠭᠡ ᠶᠢ | ᠪᠤᠶᠢᠵᠢᠭᠤᠯᠤᠨ ᠪᠠᠶᠢᠭᠤᠯᠤᠨ᠎ᠠ᠃ ︽ᠶᠠᠰᠤ ᠴᠢᠨᠠᠷ ᠢ ᠲᠡᠷᠢᠭᠦᠨ ᠳᠤ ᠲᠠᠯᠪᠢᠬᠤ᠂ ᠲᠥᠷᠥᠯ ᠲᠡᠮᠳᠡᠭᠲᠦ ᠶᠢ | ᠬᠥᠭᠵᠢᠭᠦᠯᠬᠦ︾ ᠣᠨᠣᠯᠵᠢᠬᠤᠨ ᠢ ᠵᠢᠯᠣᠭᠤᠳᠤᠨ ᠪᠣᠶ ᠪᠣᠯᠭᠠᠵᠤ᠂ ᠲᠥᠷᠥᠯ ᠲᠡᠮᠳᠡᠭᠲᠦ ᠶᠢᠨ ᠦᠵᠡᠯ ᠤᠬᠠᠮᠰᠠᠷ ᠢ | ᠴᠢᠩᠭᠠᠷᠠᠭᠤᠯᠤᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠲᠥᠷᠥᠯ ᠲᠡᠮᠳᠡᠭᠲᠦ ᠶᠢᠨ ᠭᠤᠣᠯᠯᠠᠬᠤ ᠦᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ︵ | ᠲᠦᠷᠦᠭᠦᠯᠡᠬᠦ ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠡ | ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ | ᠂ ᠬᠤᠲᠠ ᠶᠢᠨ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ︶ | ᠲᠠᠪᠤ᠂ ᠬᠡᠷᠡᠭᠵᠢᠭᠦᠯᠬᠦ ᠠᠯᠬᠤᠮ ᠳᠠᠷᠠᠭ᠎ᠠ | ︵ᠨᠢᠭᠡ︶ ᠠᠵᠢᠯ ᠡᠬᠢᠯᠡᠭᠦᠯᠬᠦ ᠱᠠᠲᠤ ᠦᠶ᠎ᠡ ︵2021 ᠣᠨ ᠤ 3 ᠳ᠋ᠤᠭᠠᠷ ᠰᠠᠷ᠎ᠠ — 2021 ᠣᠨ ᠤ | 9 ᠳ᠋ᠣᠭᠡᠷ ᠰᠠᠷ᠎ᠠ︶ | ᠬᠤᠲᠠ ᠶᠢᠨ ᠵᠠᠰᠠᠭ ᠤᠨ ᠣᠷᠳᠣᠨ ᠵᠣᠬᠢᠬᠤ ᠠᠵᠢᠯ ᠤᠨ ᠪᠠᠶᠢᠭᠤᠯᠤᠮᠵᠢ ᠪᠠᠶᠢᠭᠤᠯᠵᠤ᠂ ︽ᠴᠡᠯᠡᠭᠡᠷ | ᠲᠠᠯ᠎ᠠ ᠶᠢᠨ ᠦᠨᠦᠷ ᠠᠮᠲᠠ︾ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠥᠯ ᠲᠡᠮᠳᠡᠭᠲᠦ ᠶᠢᠨ | ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠴᠤ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠬᠠᠮᠢᠶ᠎ᠠ ᠪᠥᠬᠦᠶ ᠠᠵᠢᠯ ᠤᠨ ᠪᠠᠶᠢᠭᠤᠯᠤᠮᠵᠢ ᠶᠢ ᠪᠠᠶᠢᠭᠤᠯᠵᠤ᠂ ᠲᠥᠷᠥᠯ | ᠲᠡᠮᠳᠡᠭᠲᠦ ᠶᠢ ᠡᠭᠦᠳᠦᠨ ᠪᠠᠶᠢᠭᠤᠯᠬᠤ ᠠᠵᠢᠯ ᠤᠨ ᠣᠨ ᠤ ᠲᠥᠰᠦᠯ ᠢ ᠨᠠᠷᠢᠨ ᠨᠢᠮᠪᠠᠶ ᠲᠣᠭᠲᠠᠭᠠᠨ᠂ ᠠᠵᠢᠯ ᠤᠨ | ᠭᠤᠤᠯᠳᠠᠯᠭ᠎ᠠ ᠪᠠᠨ ᠲᠣᠳᠣᠷᠬᠠᠶᠢᠯᠠᠵᠤ᠂ ᠲᠣᠭᠲᠠᠭᠠᠭᠰᠠᠨ ᠬᠠᠷᠠᠯᠲᠠ ᠶᠢᠨ ᠡᠭᠦᠷᠭᠡ ᠶᠣᠰᠣᠭᠠᠷ᠂ ᠭᠤᠤᠯᠳᠠᠯᠭ᠎ᠠ ᠪᠠᠨ | ᠳᠣᠪᠤᠶᠢᠯᠭᠠᠨ᠂ ᠵᠠᠩᠭᠢᠯᠠᠭ᠎ᠠ ᠶᠢ ᠠᠳᠬᠤᠵᠤ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠡᠭᠦᠷᠭᠡ ᠶᠢᠨ ᠨᠠᠷᠢᠨ | ᠬᠠᠭᠤᠳᠠᠰᠤ ᠪᠠ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠪᠠᠶᠢᠭᠤᠯᠵᠤ᠂ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠥᠷᠨᠢᠭᠦᠯᠬᠦ ᠳᠤ ᠰᠠᠭᠤᠷᠢ ᠴᠢᠨᠠᠷᠲᠠᠶ | ᠠᠵᠢᠯ ᠢ ᠰᠠᠶᠢᠲᠤᠷ ᠬᠢᠨ᠎ᠡ᠃ ᠬᠤᠰᠢᠭᠤ ᠰᠢᠶᠠᠨ ᠲᠣᠭᠤᠷᠢᠭ ᠤᠨ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ | ᠲᠥᠰᠦᠯ ᠢ 10 ᠳ᠋ᠤᠭᠠᠷ ᠰᠠᠷ᠎ᠠ ᠶᠢᠨ ᠰᠡᠭᠦᠯᠴᠢ ᠪᠠᠷ ᠳᠠᠭᠤᠰᠬᠠᠬᠤ ᠶᠢᠨ ᠬᠠᠮᠲᠤ ᠬᠤᠲᠠ ᠶᠢᠨ ᠨᠡᠶᠢᠲᠡ ᠶᠢᠨ | ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠭᠡᠷ ᠲᠤ | ᠮᠡᠳᠡᠭᠦᠯᠦᠨ᠎ᠡ᠃ | ︵ᠬᠤᠶᠠᠷ︶ ᠪᠥᠬᠦ ᠲᠠᠯ᠎ᠠ ᠪᠠᠷ ᠬᠡᠷᠡᠭᠵᠢᠭᠦᠯᠬᠦ ᠱᠠᠲᠤ ᠦᠶ᠎ᠡ ︵2021 ᠣᠨ ᠤ 10 ᠳ᠋ᠤᠭᠠᠷ ᠰᠠᠷ᠎ᠠ — | 2023 ᠣᠨ ᠤ 10 ᠳ᠋ᠤᠭᠠᠷ ᠰᠠᠷ᠎ᠠ︶ | ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠪᠠ ᠨᠢᠭᠡᠴᠡ ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠳᠤᠲᠠᠭᠤᠳᠠᠯ᠂ ᠵᠠᠬ᠎ᠠ ᠳᠡᠯᠭᠡᠭᠦᠷ ᠤᠨ | ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠭᠤᠤᠯᠳᠠᠯᠭ᠎ᠠ ᠲᠠᠢ ᠡᠭᠦᠷᠭᠡ ᠶᠢ ᠳᠣᠪᠤᠶᠢᠯᠭᠠᠵᠤ᠂ | ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠠᠵᠢᠯᠯᠠᠭᠠᠨ ᠤ ᠲᠥᠰᠦᠯ ᠢ ᠣᠨ ᠬᠤᠪᠢᠶᠠᠨ | ᠬᠡᠷᠡᠭᠵᠢᠭᠦᠯᠵᠦ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠬᠠᠮᠢᠶᠠᠷᠤᠯᠲᠠ ᠶᠢᠨ | ᠲᠦᠷᠢᠮ ᠢ ᠲᠡᠭᠦᠯᠳᠡᠷᠵᠢᠭᠦᠯᠦᠨ᠂ ᠳᠡᠰ ᠱᠠᠲᠤ ᠬᠤᠪᠢᠶᠠᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠭᠤᠷᠪᠠᠨ | ᠵᠢᠯ ᠤᠨ ᠴᠢᠷᠮᠠᠶᠢᠯᠭ᠎ᠠ ᠪᠠᠷ ᠳᠠᠮᠵᠢᠭᠤᠯᠤᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ | ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠰᠢᠰᠲ᠋ᠧᠮᠵᠢ ᠶᠢ ᠦᠨᠳᠦᠰᠦᠨ ᠳᠤᠨᠢ | ᠪᠦᠷᠢᠯᠳᠦᠭᠦᠯᠦᠨ᠎ᠡ᠃ | ︵ᠭᠤᠷᠪᠠ︶ ᠳ᠋ᠦᠩᠨᠡᠵᠦ ᠦᠨᠡᠯᠡᠨ ᠵᠢᠱᠢᠬᠦ ᠱᠠᠲᠤ ᠦᠶ᠎ᠡ ︵2023 ᠣᠨ ᠤ 11 ᠳ᠋ᠣᠭᠡᠷ ᠰᠠᠷ᠎ᠠ — | 2023 ᠣᠨ ᠤ 12 ᠳ᠋ᠤᠭᠠᠷ ᠰᠠᠷ᠎ᠠ︶ | ᠬᠤᠰᠢᠭᠤ ᠰᠢᠶᠠᠨ ᠲᠣᠭᠤᠷᠢᠭ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ | ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠥᠬᠦ | ᠲᠠᠯ᠎ᠠ ᠪᠠᠷ ᠦᠨᠡᠯᠡᠨ ᠵᠢᠱᠢᠵᠦ ᠰᠢᠯᠭᠠᠨ ᠬᠤᠷᠢᠶᠠᠵᠤ᠂ ᠲᠤᠷᠰᠢᠯᠭ᠎ᠠ ᠪᠠᠨ ᠳ᠋ᠦᠩᠨᠡᠨ᠂ ᠲᠡᠷᠢᠭᠦᠨ ᠤ ᠬᠢ ᠶᠢ | ᠰᠠᠶᠢᠰᠢᠶᠠᠨ ᠬᠦᠬᠢᠭᠦᠯᠦᠨ᠎ᠡ᠃ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ | ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠣᠷᠣᠨ | ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠵᠣᠬᠢᠴᠠᠭᠤᠯᠬᠤ | ᠲᠣᠭᠲᠠᠴᠠ ᠶᠢ ᠵᠢᠷᠤᠮᠵᠢᠭᠤᠯᠤᠨ᠂ ᠲᠡᠷᠢᠭᠦᠨ ᠤ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ | ᠂ ᠲᠥᠷᠥᠯ ᠲᠡᠮᠲᠡᠭᠳᠦ ᠶᠢᠨ ᠥᠨ᠎ᠡ ᠦᠷᠲᠡᠭ ᠲᠠᠰᠤᠷᠠᠯᠲᠠ ᠦᠭᠡᠢ ᠨᠡᠮᠡᠭᠳᠡᠭᠦᠯᠦᠨ᠎ᠡ᠃ | ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ᠃ ᠤᠳᠤᠷᠢᠳᠬᠤ ᠪᠠᠶᠢᠭᠤᠯᠤᠮᠵᠢ ᠶᠢ | ᠪᠠᠶᠢᠭᠤᠯᠤᠨ᠎ᠠ᠃ ᠬᠤᠲᠠ᠂ ᠰᠢᠶᠠᠨ ᠬᠤᠶᠠᠷ ᠱᠠᠲᠤᠨ ᠤ ᠵᠠᠰᠠᠭ ᠤᠨ ᠣᠷᠳᠣᠨ ᠵᠠᠰᠠᠭ ᠤᠨ ᠣᠷᠳᠣᠨ ᠤ ᠬᠤᠪᠢᠳᠠᠨ | ᠬᠠᠮᠢᠶᠠᠷᠴᠤ ᠪᠥᠬᠦᠢ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠤᠬᠠᠭᠤᠯᠭ᠎ᠠ᠂ ᠬᠥᠭᠵᠢᠭᠦᠯᠦᠯᠲᠡ | ᠥᠭᠡᠷᠡᠴᠢᠯᠡᠯᠲᠡ᠂ ᠰᠢᠨᠵᠢᠯᠡᠬᠦ ᠤᠬᠠᠭᠠᠨ ᠮᠡᠷᠭᠡᠵᠢᠯ᠂ ᠠᠵᠤ ᠦᠢᠯᠡᠳᠪᠦᠷᠢ ᠪᠠ ᠮᠡᠳᠡᠭᠡ ᠵᠠᠩᠭᠢ᠂ ᠡᠳ᠋ ᠤᠨ ᠵᠠᠰᠠᠭ᠂ | ᠬᠥᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ᠂ ᠵᠠᠮ ᠬᠠᠷᠢᠯᠴᠠᠭ᠎ᠠ᠂ ᠲᠠᠷᠢᠶᠠᠯᠠᠩ ᠮᠠᠯ | ᠠᠵᠤ ᠠᠬᠤᠶ᠂ ᠬᠤᠳᠠᠯᠳᠤᠭᠠᠨ ᠤ ᠶᠠᠪᠤᠳᠠᠯ᠂ ᠰᠣᠶᠣᠯ ᠵᠢᠭᠤᠯᠴᠢᠯᠠᠯ ᠷᠠᠳᠢᠤ᠋ ᠲᠧᠯᠸᠢᠰ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ᠂ ᠮᠥᠩᠭᠦᠨ ᠭᠦᠢᠯᠭᠡᠭᠡᠨ᠂ ᠠᠵᠤ ᠦᠢᠯᠡᠳᠪᠦᠷᠢ ᠬᠤᠳᠠᠯᠳᠤᠭ᠎ᠠ ᠶᠢᠨ ᠬᠤᠯᠪᠣᠭ᠎ᠠ ᠵᠡᠷᠭᠡ | ᠬᠠᠮᠢᠶ᠎ᠠ ᠪᠥᠬᠦᠢ ᠰᠠᠯᠠᠭ᠎ᠠ ᠮᠥᠴᠢᠷ ᠤᠨ ᠤᠳᠤᠷᠢᠳᠤᠯᠭ᠎ᠠ ᠪᠠᠷ ᠭᠡᠰᠢᠭᠦᠨ ᠪᠣᠯᠭᠠᠭᠰᠠᠨ ᠲᠥᠷᠥᠯ ᠲᠡᠮᠲᠡᠭᠲᠦ ᠶᠢᠨ | ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠢ ᠲᠤᠰ ᠲᠤᠰ ᠪᠠᠶᠢᠭᠤᠯᠤᠨ᠎ᠠ᠃ ᠤᠳᠤᠷᠢᠳᠬᠤ ᠳᠤᠭᠤᠶᠢᠯᠠᠩ ᠤᠨ | ᠠᠯᠪᠠᠨ ᠬᠡᠷ ᠢ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠳᠤ ᠪᠠᠶᠢᠷᠢᠯᠠᠭᠤᠯᠵᠤ᠂ ᠨᠡᠶᠢᠲᠡ ᠶᠢᠨ | ᠬᠡᠷᠡᠭᠯᠡᠭᠡᠨ ᠤ ᠲᠥᠷᠥᠯ ᠲᠡᠮᠳᠡᠭᠲᠦ ᠶᠢᠨ ᠬᠠᠮᠢᠶᠠᠷᠤᠯᠲᠠ ᠵᠢᠴᠢ ᠡᠵᠡᠩᠨᠡᠨ ᠪᠣᠷᠣᠯᠠᠭᠤᠯᠵᠤ ᠳᠡᠯᠭᠡᠷᠡᠭᠦᠯᠬᠦ ᠪᠠ ᠶᠠᠰᠤ | ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠪᠣᠳᠠᠲᠠᠶ ᠬᠠᠷᠢᠭᠤᠴᠠᠵᠤ᠂ ᠰᠠᠯᠠᠭ᠎ᠠ | ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠨ᠂ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ | ᠡᠭᠦᠳᠦᠨ ᠪᠠᠶᠢᠭᠤᠯᠵᠤ ᠡᠵᠡᠩᠨᠡᠬᠦ ᠪᠠ ᠬᠠᠮᠢᠶᠠᠷᠬᠤ ᠠᠵᠢᠯ ᠢ ᠰᠠᠶᠢᠲᠤᠷ ᠬᠢᠨ᠎ᠠ᠃ | ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ | ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ | ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠠᠬᠢᠭᠤᠯᠬᠤ ᠶᠢ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠠᠳᠠᠯ ᠦᠢᠯᠡᠰ ᠴᠣᠭᠴᠠᠯᠠᠵᠤ ᠰᠢᠨ᠎ᠡ ᠶᠢ | ᠡᠭᠦᠳᠬᠦ ᠶᠢ ᠠᠬᠢᠭᠤᠯᠬᠤ᠂ ᠠᠵᠤ ᠠᠬᠤᠶ ᠶᠢᠨ ᠪᠦᠲᠦᠴᠡ ᠶᠢᠨ ᠲᠣᠬᠢᠷᠠᠭᠤᠯᠤᠯᠲᠠ ᠶᠢ ᠲᠦᠷᠭᠡᠳᠬᠡᠬᠦ᠂ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠶᠡᠭᠡ | ᠠᠷᠭ᠎ᠠ ᠬᠡᠮᠵᠢᠶ᠎ᠡ ᠪᠣᠯᠭᠠᠵᠤ᠂ ᠲᠤᠬᠠᠶ ᠶᠢᠨ ᠭᠠᠵᠠᠷ ᠤᠨ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠪᠦᠬᠦ ᠲᠠᠯ᠎ᠠ | ᠲᠠᠢ ᠤᠶᠠᠯᠳᠤᠭᠤᠯᠤᠨ ᠲᠦᠯᠦᠪᠯᠡᠨ ᠪᠠᠶᠢᠷᠢᠯᠠᠭᠤᠯᠤᠨ᠎ᠠ᠃ ᠲᠤᠬᠠᠢ ᠶᠢᠨ ᠭᠠᠵᠠᠷ ᠤᠷᠤᠨ ᠤ ᠪᠣᠲᠠᠲᠠᠢ ᠲᠠᠢ | ᠤᠶᠠᠯᠳᠤᠭᠤᠯᠤᠨ᠂ ᠭᠠᠵᠠᠷ ᠣᠷᠣᠨ ᠤ ᠳᠠᠪᠠᠭᠤᠯᠢᠭ ᠢᠶᠠᠨ ᠪᠠᠳᠠᠷᠠᠭᠤᠯᠵᠤ᠂ ᠠᠵᠤ ᠦᠢᠯᠡᠰ ᠤᠨ ᠣᠨᠴᠠᠯᠢᠭ ᠢ | ᠳᠣᠪᠤᠶᠢᠯᠭᠠᠨ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠠᠶᠢᠯᠳᠤᠬᠤ | ᠪᠣᠳᠣᠯᠭ᠎ᠠ ᠶᠢᠨ ᠲᠥᠯᠥᠪᠵᠢᠭᠦᠯᠭᠡ ᠪᠠ ᠬᠡᠷᠡᠭᠵᠢᠭᠦᠯᠬᠦ ᠲᠥᠰᠦᠯ ᠢ ᠲᠤᠭᠲᠠᠭᠠᠨ᠎ᠠ᠃ ᠡᠭᠦᠷᠭᠡ ᠴᠢᠳᠠᠪᠣᠷᠢ ᠪᠠᠨ | ᠦᠨᠳᠦᠰᠦᠯᠡᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠡᠯ᠎ᠡ ᠭᠤᠭᠴᠤᠭ᠎ᠠ ᠳᠤ ᠰᠢᠮᠳᠠᠭᠤᠯᠤᠨ ᠪᠠᠶᠢᠴᠠᠭᠠᠨ | ᠵᠢᠯᠣᠭᠤᠳᠴᠣ᠂ ᠬᠠᠮᠢᠶ᠎ᠠ ᠪᠥᠬᠦᠶ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢᠨ ᠰᠢᠯᠭᠠᠨ ᠬᠢᠨᠠᠬᠤ ᠯᠤᠭ᠎ᠠ ᠬᠠᠷᠢᠯᠴᠠᠨ ᠵᠣᠯᠭᠠᠭᠤᠯᠤᠨ᠎ᠠ᠃ ᠣᠨ ᠬᠤᠪᠢᠶᠠᠨ᠂ ᠲᠥᠯᠥᠪᠯᠡᠭᠡ ᠶᠣᠰᠣᠭᠠᠷ | ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠲᠡᠭᠲᠦ ᠶᠢ ᠠᠯᠬᠤᠮ ᠳᠠᠷᠠᠭ᠎ᠠ ᠲᠠᠢ ᠪᠠᠷ | ᠪᠤᠶᠢᠵᠢᠭᠤᠯᠤᠨ ᠬᠥᠭᠵᠢᠭᠦᠯᠦᠨ᠎ᠡ᠃ | ︵ᠬᠤᠶᠠᠷ︶ ᠬᠡᠷᠡᠭᠯᠡᠬᠦ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ ᠨᠡᠶᠢᠲᠡ ᠶᠢᠨ ᠬᠡᠷᠡᠭᠯᠡᠭᠡᠨ ᠤ | ᠲᠥᠷᠥᠯ ᠲᠡᠮᠳᠡᠭᠲᠦ ᠶᠢᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ᠎ᠠ᠃ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠲᠥᠷᠥᠯ ᠲᠡᠮᠳᠡᠭᠲᠦ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠵᠥᠪᠰᠢᠶᠡᠷᠡᠨ | ᠣᠷᠣᠭᠤᠯᠬᠤ᠂ ᠪᠤᠴᠠᠭᠠᠨ ᠭᠠᠷᠭᠠᠬᠤ ᠳᠦᠷᠢᠮ ᠢ ᠪᠠᠶᠢᠭᠤᠯᠤᠨ᠎ᠠ᠃ ᠪᠥᠬᠦ ᠬᠤᠲᠠ ᠶᠢᠨ ᠨᠡᠶᠢᠲᠡ ᠶᠢᠨ ᠬᠡᠷᠡᠭᠯᠡᠭᠡᠨ ᠤ | ᠲᠥᠷᠥᠯ ᠲᠡᠮᠳᠡᠭᠲᠦ ᠶᠢ ᠢᠯᠭᠠᠷᠠᠭᠤᠯᠤᠨ ᠨᠡᠶᠢᠳᠬᠡᠵᠦ᠂ ᠲᠥᠪᠯᠡᠷᠡᠭᠦᠯᠦᠨ ᠤᠬᠠᠭᠤᠯᠵᠤ ᠡᠵᠡᠩᠨᠡᠨ ᠪᠣᠷᠣᠯᠠᠭᠤᠯᠬᠤ | ᠡᠷᠴᠢᠮ ᠢᠶᠠᠨ ᠴᠢᠩᠭᠠᠷᠠᠭᠤᠯᠤᠨ᠎ᠠ᠃ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠬᠡᠷᠡᠭᠯᠡᠯᠲᠡ ᠪᠠ | ᠬᠠᠮᠠᠭᠠᠯᠠᠯᠲᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ | ᠲᠡᠮᠳᠡᠭᠲᠦ ᠶᠢᠨ ᠲᠡᠮᠳᠡᠭ ᠪᠣᠯ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠪᠠᠷ | ᠵᠥᠪᠰᠢᠶᠡᠷᠡᠭᠦᠯᠦᠨ ᠳᠠᠩᠰᠠᠯᠠᠭᠤᠯᠤᠭᠰᠠᠨ ᠲᠠᠸᠠᠷ ᠤᠨ ᠲᠡᠮᠳᠡᠭ ᠪᠠᠶᠢᠵᠤ᠂ ᠶᠠᠰᠤ ᠴᠢᠨᠠᠷ ᠤᠨ ᠲᠡᠮᠳᠡᠭ ᠲᠤ | ᠬᠠᠷᠢᠶᠠᠯᠠᠭᠳᠠᠨ᠂ ᠶᠠᠮᠠᠷᠪᠠ ᠨᠢᠭᠡᠴᠡ ᠪᠠ ᠬᠤᠪᠢ ᠬᠥᠮᠦᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠬᠡᠷᠡᠭᠯᠡᠬᠦ | ᠵᠥᠪᠰᠢᠶᠡᠷᠡᠯ ᠢ ᠣᠯᠤᠭᠰᠠᠨ ᠥᠬᠡᠶ ᠪᠠᠶᠢᠳᠠᠯ ᠳᠣᠤᠷ᠎ᠠ ᠳᠤᠷ᠎ᠠ ᠪᠠᠷ ᠢᠶᠠᠨ ᠬᠡᠷᠡᠭᠯᠡᠵᠦ ᠪᠣᠯᠬᠤ ᠥᠬᠡᠶ᠂ ᠬᠡᠷᠡᠭᠯᠡᠬᠦ | ᠬᠡᠪᠴᠢᠶ᠎ᠡ ᠶᠢ ᠥᠷᠭᠡᠳᠬᠡᠵᠦ ᠪᠣᠯᠬᠤ ᠥᠬᠡᠶ᠂ ᠲᠡᠮᠳᠡᠭ ᠢ ᠲᠦᠷᠢᠶᠡᠰᠦᠯᠡᠭᠦᠯᠬᠦ᠂ ᠵᠢᠭᠡᠯᠡᠭᠦᠯᠬᠦ ᠪᠤᠶᠤ ᠪᠤᠰᠤᠳ | ᠬᠡᠯᠪᠡᠷᠢ ᠪᠠᠷ ᠬᠠᠤᠯᠢ ᠪᠤᠰᠤ ᠪᠠᠷ ᠰᠢᠯᠵᠢᠭᠦᠯᠦᠨ ᠥᠭᠴᠦ ᠪᠣᠯᠬᠤ ᠥᠬᠡᠶ᠃ ᠲᠡᠮᠳᠡᠭ ᠢ ᠬᠠᠭᠤᠷᠮᠠᠭᠯᠠᠨ ᠵᠣᠬᠢᠶᠠᠬᠤ | ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ | ᠵᠥᠪᠰᠢᠶᠡᠷᠡᠨ ᠣᠷᠣᠭᠤᠯᠵᠤ ᠪᠠᠲᠤᠯᠠᠨ ᠲᠤᠭᠲᠠᠭᠠᠬᠤ ᠠᠵᠢᠯ ᠢ ᠵᠢᠯ ᠪᠦᠷᠢ ᠨᠢᠭᠡ ᠤᠳᠠᠭ᠎ᠠ ᠶᠠᠪᠤᠭᠳᠠᠭᠤᠯᠵᠤ᠂ ᠠᠵᠤ | ᠠᠬᠤᠶᠢᠯᠠᠯ ᠵᠢᠴᠢ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠨᠢ ᠰᠠᠶᠢᠨ ᠳᠤᠷ᠎ᠠ ᠠᠴᠠ ᠪᠠᠨ | ᠭᠤᠶᠤᠴᠢᠯᠠᠨ ᠮᠡᠳᠡᠭᠦᠯᠵᠦ᠂ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠨᠡᠶᠢᠭᠡᠮ ᠤᠨ | ᠪᠦᠯᠬᠦᠮ᠂ ᠠᠵᠢᠯ ᠲᠥᠷᠥᠯ ᠤᠨ ᠨᠡᠶᠢᠭᠡᠮᠯᠢᠭ᠂ ᠰᠢᠨᠵᠢᠯᠡᠬᠦ ᠤᠬᠠᠭᠠᠨ ᠤ ᠰᠤᠳᠤᠯᠤᠯ ᠤᠨ ᠶᠡᠭᠡ ᠳᠡᠭᠡᠳᠦ ᠰᠤᠷᠭᠠᠭᠤᠯᠢ | ᠂ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ ᠵᠡᠷᠭᠡ ᠬᠠᠮᠲᠤ ᠪᠠᠷ ᠨᠡᠶᠢᠲᠡ ᠶᠢᠨ ᠬᠡᠷᠡᠭᠯᠡᠭᠡᠨ ᠤ ᠲᠥᠷᠥᠯ | ᠲᠡᠮᠳᠡᠭᠲᠦ ᠶᠢ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠪᠦᠷᠢᠯᠳᠦᠭᠦᠯᠦᠨ ᠬᠢᠨᠠᠨ ᠲᠣᠭᠲᠠᠭᠠᠵᠤ | ᠂ ᠬᠢᠨᠠᠨ ᠲᠣᠭᠲᠠᠭᠠᠬᠤ ᠪᠠᠷ ᠳᠡᠮᠵᠢᠨ ᠬᠠᠮᠢᠶᠠᠷᠤᠯᠲᠠ ᠶᠢᠨ ᠪᠠᠶᠢᠭᠤᠯᠤᠮᠵᠢ ᠪᠠᠷ ᠵᠥᠪᠰᠢᠶᠡᠷᠡᠭᠦᠯᠵᠦ | ᠳᠠᠩᠰᠠᠯᠠᠭᠤᠯᠤᠭᠰᠠᠨ ᠤ ᠳᠠᠷᠠᠭ᠎ᠠ᠂ ᠰᠠᠶ᠋ᠢ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ | ᠲᠡᠮᠳᠡᠭ ᠢ ᠬᠡᠷᠡᠭᠯᠡᠵᠦ ᠪᠣᠯᠤᠨ᠎ᠠ᠃ | ︵ᠭᠤᠷᠪᠠ︶ ᠪᠦᠲᠦᠮᠵᠢᠲᠡᠶ ᠡᠵᠡᠩᠨᠡᠯᠲᠡ ᠶᠢᠨ ᠲᠣᠭᠲᠠᠴᠠ ᠶᠢ ᠪᠠᠶᠢᠭᠤᠯᠤᠨ᠎ᠠ᠃ ︽ᠵᠠᠰᠠᠭ ᠵᠠᠬᠢᠷᠭᠠᠨ ᠤ | ᠬᠠᠮᠢᠶᠠᠷᠤᠯᠲᠠ + ᠲᠤᠰᠬᠠᠶᠢᠵᠢᠭᠰᠠᠨ ᠺᠣᠮᠫᠠᠨᠢ + ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ︾ ᠢ | ᠬᠠᠷᠢᠯᠴᠠᠨ ᠤᠶᠠᠯᠳᠤᠭᠤᠯᠤᠭᠰᠠᠨ ᠡᠵᠡᠩᠨᠡᠯᠲᠡ ᠶᠢᠨ ᠠᠷᠭ᠎ᠠ ᠮᠠᠶ᠋ᠢᠭ ᠢ ᠠᠪᠴᠤ᠂ ᠠᠵᠢᠯ ᠲᠥᠷᠥᠯ ᠤᠨ ᠰᠠᠯᠠᠭ᠎ᠠ | ᠮᠥᠴᠢᠷ ᠠᠴᠠ ᠵᠠᠰᠠᠭ ᠵᠠᠬᠢᠷᠭᠠᠨ ᠤ ᠬᠠᠮᠢᠶᠠᠷᠤᠯᠲᠠ ᠪᠠᠨ ᠴᠢᠩᠭᠠᠳᠬᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠪᠣᠳᠠᠲᠠᠶ ᠲᠥᠷᠥᠯ ᠲᠡᠮᠳᠡᠭᠲᠦ ᠶᠢ ᠤᠬᠠᠭᠤᠯᠬᠤ᠂ | ᠡᠵᠡᠩᠨᠡᠨ ᠪᠣᠷᠣᠯᠠᠭᠤᠯᠬᠤ᠂ ᠳᠡᠯᠭᠡᠷᠡᠭᠦᠯᠬᠦ᠂ ᠬᠠᠮᠠᠭᠠᠯᠠᠬᠤ ᠠᠵᠢᠯ ᠢ ᠲᠤᠰᠬᠠᠶ ᠠᠵᠢᠯ ᠤᠨ ᠺᠣᠮᠫᠠᠨᠢ ᠳᠤ ᠨᠠᠶᠢᠳᠠᠵᠤ | ᠡᠭᠦᠷᠭᠡᠯᠡᠭᠦᠯᠦᠨ᠎ᠡ᠃ ᠵᠥᠪᠰᠢᠶᠡᠷᠡᠨ ᠣᠷᠣᠭᠤᠯᠵᠤ ᠪᠤᠴᠠᠭᠠᠨ ᠭᠠᠷᠭᠠᠬᠤ ᠲᠣᠭᠲᠠᠴᠠ ᠶᠢ ᠴᠢᠩᠭ᠎ᠠ | ᠨᠠᠶᠢᠳᠠᠪᠤᠷᠢᠵᠢᠭᠤᠯᠵᠤ᠂ ᠲᠥᠷᠥᠯ ᠲᠡᠮᠳᠡᠭᠲᠦ ᠶᠢᠨ ᠲᠡᠮᠳᠡᠭ ᠪᠠ ᠲᠠᠸᠠᠷ ᠤᠨ ᠲᠡᠮᠳᠡᠭᠲᠦ ᠶᠢᠨ ᠲᠡᠮᠳᠡᠭ ᠤᠨ | ᠬᠡᠷᠡᠭᠯᠡᠯᠲᠡ ᠶᠢ ᠴᠢᠩᠭ᠎ᠠ ᠬᠠᠮᠢᠶᠠᠷᠴᠤ᠂ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ᠂ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠪᠠᠶᠢᠳᠠᠯ᠂ | ᠦᠢᠯᠡᠳᠬᠦᠨ ᠤ ᠶᠠᠰᠤ ᠴᠢᠨᠠᠷ᠂ ᠠᠵᠤ ᠠᠬᠤᠶᠢᠯᠠᠯ ᠤᠨ ᠬᠡᠪᠴᠢᠶ᠎ᠡ᠂ ᠠᠵᠤ ᠠᠬᠤᠶᠢᠯᠠᠯ ᠤᠨ ᠲᠥᠷᠥᠯ ᠲᠡᠮᠳᠡᠭᠲᠦ ᠶᠢᠨ | ᠭᠡᠷᠡᠴᠢᠯᠡᠭᠡ ᠵᠡᠷᠭᠡ ᠭᠦᠢᠴᠡᠳᠬᠡᠯ ᠲᠤᠭ᠎ᠠ ᠪᠠᠷ ᠦᠨᠳᠦᠰᠦᠨ ᠪᠠᠷᠢᠮᠵᠢᠶ᠎ᠠ ᠪᠣᠯᠭᠠᠨ᠂ ᠬᠥᠳᠡᠯᠦᠩᠭᠦᠶ ᠬᠠᠮᠢᠶᠠᠷᠤᠯᠲᠠ ᠶᠢ | ᠬᠢᠵᠦ᠂ ᠬᠠᠮᠢᠶ᠎ᠠ ᠪᠥᠬᠦᠶ ᠨᠥᠬᠦᠴᠡᠯ ᠳᠤ ᠥᠯᠥ ᠨᠡᠶᠢᠴᠡᠬᠦ ᠦᠢᠯᠡᠳᠬᠦᠨ ᠢ ᠴᠠᠭ ᠲᠤᠬᠠᠶ ᠳᠤᠨᠢ ᠰᠢᠭᠰᠢᠵᠦ ᠪᠤᠴᠠᠭᠠᠨ | ᠭᠠᠷᠭᠠᠨ᠎ᠠ᠃ | ︵ᠳᠥᠷᠪᠡ︶ ᠲᠥᠷᠥ ᠶᠢᠨ ᠪᠣᠳᠣᠯᠭ᠎ᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ | ᠬᠢᠭᠡᠳ ᠠᠷᠠᠯᠵᠢᠶ᠎ᠠ ᠬᠤᠳᠠᠯᠳᠤᠭ᠎ᠠ᠂ ᠰᠢᠨᠵᠢᠯᠡᠬᠦ ᠤᠬᠠᠭᠠᠨ ᠮᠡᠷᠭᠡᠵᠢᠯ᠂ ᠮᠥᠩᠭᠦᠨ ᠭᠦᠢᠯᠭᠡᠭᠡ ᠵᠡᠷᠭᠡ ᠲᠥᠷᠥ ᠶᠢᠨ | ᠪᠣᠳᠣᠯᠭ᠎ᠠ ᠶᠢᠨ ᠭᠦᠨᠵᠡᠭᠡᠶ ᠠᠭᠤᠰᠤᠯᠴᠠᠬᠤ ᠶᠢ ᠠᠬᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ | ᠪᠦᠬᠦᠯᠢ ᠴᠣᠭᠴᠠ ᠪᠠᠷ ᠠᠬᠢᠭᠤᠯᠬᠤ ᠲᠦᠷᠥ ᠶᠢᠨ ᠪᠣᠳᠣᠯᠭ᠎ᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ | ᠪᠠᠩᠬᠢ᠂ ᠲᠡᠮᠳᠡᠭᠲᠦ᠂ ᠳᠠᠭᠠᠳᠬᠠᠯ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ | ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠳᠡᠮᠵᠢᠭᠦᠯᠵᠦ᠂ ᠪᠠᠯᠠ ᠣᠷᠣᠭᠤᠯᠵᠤ ᠪᠠᠯᠠ ᠳᠣᠭᠢᠷᠠᠭᠤᠯᠬᠤ ᠠᠷᠭ᠎ᠠ | ᠮᠠᠶ᠋ᠢᠭ ᠲᠤ ᠰᠢᠨ᠎ᠡ ᠶᠢ ᠡᠭᠦᠳᠴᠦ᠂ ᠪᠠᠯᠠ ᠮᠥᠩᠭᠦ ᠶᠢᠨ ᠢᠷᠡᠯᠲᠡ ᠶᠢᠨ ᠠᠷᠭ᠎ᠠ ᠵᠠᠮ ᠢ ᠥᠷᠭᠡᠳᠬᠡᠨ᠎ᠡ᠃ | ︵ᠲᠠᠪᠤ︶ ᠣᠷᠣᠭᠤᠯᠤᠯᠲᠠ ᠶᠢᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ︽ᠶᠡᠭᠡ ᠲᠤᠰᠬᠠᠶ | ᠵᠦᠢᠯ + ᠡᠭᠦᠷᠭᠡ ᠶᠢᠨ ᠨᠠᠷᠢᠨ ᠬᠠᠭᠤᠲᠠᠰᠤ︾ ᠶᠢᠨ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠬᠡᠷᠡᠭᠵᠢᠭᠦᠯᠦᠨ᠎ᠡ᠃ ᠡᠯ᠎ᠡ | ᠬᠤᠰᠢᠭᠤ ᠰᠢᠶᠠᠨ ᠲᠣᠭᠤᠷᠢᠭ ᠤᠨ ᠣᠷᠣᠨ ᠨᠤᠲᠤᠭ ᠤᠨ ᠠᠵᠢᠯ ᠢᠶᠠᠨ ᠥᠷᠨᠢᠭᠦᠯᠬᠦ ᠬᠡᠷᠡᠭᠴᠡᠭᠡ᠂ ᠬᠠᠮᠢᠶ᠎ᠠ ᠪᠥᠬᠦᠶ | ᠬᠦᠴᠦᠨ ᠵᠦᠢᠯ ᠤᠨ ᠡᠵᠡᠯᠡᠬᠦ ᠬᠡᠮᠵᠢᠶ᠎ᠡ ᠵᠢᠴᠢ ᠳᠡᠭᠡᠷ᠎ᠡ ᠨᠢᠭᠡ ᠵᠢᠯ ᠤᠨ ᠬᠠᠷᠠᠯᠲᠠ ᠪᠠᠨ ᠪᠡᠶᠡᠯᠡᠭᠦᠯᠦᠭᠰᠡᠨ ᠪᠠᠶᠢᠳᠠᠯ | ᠵᠡᠷᠭᠡ ᠶᠢ ᠦᠨᠳᠦᠰᠦᠯᠡᠨ᠂ ᠡᠭᠦᠷᠭᠡ ᠶᠢᠨ ᠨᠠᠷᠢᠨ ᠬᠠᠭᠤᠳᠠᠰᠤ ᠶᠢ ᠨᠠᠶᠢᠷᠠᠭᠤᠯᠤᠨ᠂ ᠲᠦᠰᠥᠪ ᠤᠨ ᠶᠣᠰᠣᠭᠠᠷ ᠲᠠᠰ | ᠳᠠᠷᠠᠭᠠᠯᠠᠯ ᠢ ᠨᠠᠶᠢᠷᠠᠭᠤᠯᠤᠨ ᠲᠤᠭᠲᠠᠭᠠᠵᠤ᠂ ᠪᠠᠯᠠ ᠮᠥᠩᠭᠦ ᠶᠢᠨ ᠲᠥᠰᠦᠪ ᠢ ᠠᠳᠠᠯᠢ ᠱᠠᠲᠤᠨ ᠤ ᠡᠳ᠋ ᠤᠨ | ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠦᠨ᠎ᠡ᠃ ᠬᠢᠵᠠᠭᠠᠷᠯᠠᠬᠤ ᠴᠢᠨᠠᠷᠲᠠᠶ ᠡᠭᠦᠷᠭᠡ ᠳᠤ ᠬᠡᠷᠡᠭᠯᠡᠬᠦ ᠪᠠᠯᠠ | ᠮᠥᠩᠭᠦ ᠶᠢ ᠨᠢᠭᠡᠳᠦᠯᠲᠡᠶ ᠲᠥᠯᠥᠪᠯᠡᠬᠦ ᠶᠢ ᠥᠯᠥ ᠵᠥᠪᠰᠢᠶᠡᠷᠡᠬᠦ ᠠᠴᠠ ᠭᠠᠳᠠᠨ᠎ᠠ᠂ ᠡᠯ᠎ᠡ ᠬᠤᠰᠢᠭᠤ ᠰᠢᠶᠠᠨ ᠲᠣᠭᠤᠷᠢᠭ | ᠲᠠᠷᠢᠶᠠᠯᠠᠩ ᠤᠨ ᠦᠢᠯᠡᠳᠪᠦᠷᠢᠯᠡᠯ ᠤᠨ ᠬᠥᠭᠵᠢᠯᠲᠡ ᠶᠢᠨ ᠵᠠᠷᠤᠯᠭ᠎ᠠ ᠶᠢᠨ ᠬᠡᠪᠴᠢᠶᠡᠨ ᠳᠣᠲᠣᠷᠠᠬᠢ ᠪᠤᠰᠤᠳ ᠪᠠᠯᠠ | ᠮᠥᠩᠭᠦ ᠶᠢ ᠨᠢᠭᠡᠳᠦᠯᠲᠡᠶ ᠲᠥᠯᠥᠪᠯᠡᠨ ᠬᠡᠷᠡᠭᠯᠡᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠬᠦ | ᠡᠷᠴᠢᠮ ᠢᠶᠠᠨ ᠴᠢᠩᠭᠠᠷᠠᠭᠤᠯᠤᠨ᠎ᠠ᠃ | ︵ᠵᠢᠷᠭᠤᠭ᠎ᠠ︶ ᠣᠯᠠᠨ ᠨᠡᠶᠢᠲᠡ ᠶᠢᠨ ᠦᠢᠯᠡᠴᠢᠯᠡᠭᠡ ᠶᠢ ᠲᠡᠭᠦᠯᠳᠡᠷᠵᠢᠭᠦᠯᠦᠨ᠎ᠡ᠃ ᠡᠯ᠎ᠡ ᠬᠤᠰᠢᠭᠤ ᠰᠢᠶᠠᠨ | ᠲᠣᠭᠤᠷᠢᠭ᠂ ᠬᠠᠮᠢᠶ᠎ᠠ ᠪᠥᠬᠦᠶ ᠰᠠᠯᠠᠭ᠎ᠠ ᠮᠥᠴᠢᠷ ᠬᠤᠳᠠᠯᠳᠤᠭ᠎ᠠ ᠡᠷᠭᠢᠯᠡᠬᠦ ᠰᠠᠶᠢᠨ ᠰᠠᠶᠢᠬᠠᠨ ᠣᠷᠴᠢᠨ ᠨᠦᠬᠦᠴᠡᠯ ᠢ | ᠢᠳᠡᠪᠬᠢᠲᠡᠶ ᠪᠠᠷ ᠪᠣᠶ ᠪᠣᠯᠭᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠦᠢᠯᠡᠴᠢᠯᠡᠭᠡᠨ ᠤ ᠦᠵᠡᠯ | ᠤᠬᠠᠮᠰᠠᠷ ᠢ ᠴᠢᠩᠭᠠᠳᠬᠠᠨ᠂ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ ᠣᠷᠣᠨ ᠤ | ᠳᠣᠲᠣᠨ᠎ᠠ ᠭᠠᠳᠠᠨᠠᠬᠢ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ | ᠲᠥᠷᠥᠯ ᠲᠡᠮᠳᠡᠭᠲᠦ ᠶᠢ ᠲᠥᠰᠦᠪᠯᠡᠬᠦ ᠪᠠᠶᠢᠭᠤᠯᠤᠮᠵᠢ ᠪᠠ ᠡᠯ᠎ᠡ ᠲᠥᠷᠥᠯ ᠤᠨ ᠠᠵᠢᠯ ᠲᠥᠷᠥᠯ ᠤᠨ ᠨᠡᠶᠢᠭᠡᠮᠯᠢᠭ ᠤᠨ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ | ᠲᠥᠷᠥᠯ ᠲᠡᠮᠳᠡᠭᠲᠦ ᠶᠢ ᠪᠤᠶᠢᠵᠢᠭᠤᠯᠬᠤ᠂ ᠬᠠᠮᠢᠶᠠᠷᠬᠤ ᠪᠠ ᠬᠠᠮᠠᠭᠠᠯᠠᠬᠤ ᠳᠤ ᠴᠢᠭᠯᠡᠭᠦᠯᠦᠭᠰᠡᠨ ᠰᠠᠭᠤᠷᠢ ᠰᠤᠳᠤᠯᠭᠠᠨ | ᠥᠷᠨᠢᠭᠦᠯᠬᠦ ᠶᠢ ᠳᠡᠮᠵᠢᠵᠦ᠂ ᠲᠥᠷᠥᠯ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠪᠠ | ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠠᠵᠢᠯ ᠲᠥᠷᠥᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ | ᠪᠠᠶᠢᠭᠤᠯᠤᠨ᠂ ᠲᠥᠷᠥᠯ ᠲᠡᠮᠳᠡᠭᠲᠦ ᠶᠢ ᠳᠡᠯᠭᠡᠷᠡᠭᠦᠯᠦᠨ ᠡᠵᠡᠩᠨᠡᠬᠦ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠬᠢᠬᠦ᠂ | ᠮᠡᠳᠡᠭᠡ ᠵᠠᠩᠭᠢ ᠯᠠᠪᠯᠠᠬᠤ ᠨᠡᠶᠢᠲᠡᠯᠡᠬᠦ᠂ ᠡᠷᠬᠡ ᠪᠠᠨ ᠬᠠᠮᠠᠭᠠᠯᠠᠬᠤ ᠵᠠᠭᠠᠯᠳᠤᠯᠭ᠎ᠠ ᠶᠢ ᠵᠣᠬᠢᠴᠠᠭᠤᠯᠬᠤ ᠵᠡᠷᠭᠡ | ᠬᠤᠯᠪᠣᠭᠳᠠᠯ ᠪᠥᠬᠦᠶ ᠦᠢᠯᠡᠴᠢᠯᠡᠭᠡ ᠶᠢ ᠬᠠᠩᠭᠠᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠳᠤ ᠴᠢᠬᠤᠯᠠ ᠪᠥᠬᠦᠶ | ᠰᠢᠢᠳᠪᠦᠷᠢᠲᠦ ᠪᠣᠳᠣᠯᠭ᠎ᠠ ᠶᠢᠨ ᠲᠤᠯᠭᠠᠭᠤᠷᠢᠯᠠᠯ ᠬᠠᠩᠭᠠᠨ᠎ᠠ᠃ | ︵ᠳᠣᠯᠤᠭ᠎ᠠ︶ ᠪᠠᠶᠢᠴᠠᠭᠠᠵᠤ ᠰᠢᠯᠭᠠᠨ ᠦᠨᠡᠯᠡᠬᠦ ᠠᠵᠢᠯ ᠢ ᠥᠷᠨᠢᠭᠦᠯᠦᠨ᠎ᠡ᠃ ᠬᠤᠲᠠ ᠶᠢᠨ ᠲᠥᠷᠥᠯ | ᠲᠡᠮᠳᠡᠭᠲᠦ ᠶᠢᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠬᠠᠮᠢᠶ᠎ᠠ ᠪᠥᠬᠦᠶ ᠰᠠᠯᠠᠭ᠎ᠠ | ᠮᠥᠴᠢᠷ ᠢ ᠵᠣᠬᠢᠶᠠᠨ ᠪᠠᠶᠢᠭᠤᠯᠵᠤ ᠬᠤᠰᠢᠭᠤ ᠰᠢᠶᠠᠨ ᠲᠣᠭᠤᠷᠢᠭ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ ᠡᠭᠦᠳᠦᠨ | ᠪᠠᠶᠢᠭᠤᠯᠤᠭᠰᠠᠨ ᠪᠠᠶᠢᠳᠠᠯ ︵ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ᠂ ᠤᠬᠠᠭᠤᠯᠤᠨ ᠳᠡᠯᠭᠡᠷᠡᠭᠦᠯᠬᠦ᠂ | ᠵᠠᠷᠤᠳᠠᠯ ᠤᠨ ᠣᠷᠣᠭᠤᠯᠤᠯᠲᠠ᠂ ᠡᠭᠦᠷᠭᠡ ᠶᠢ ᠪᠡᠶᠡᠯᠡᠭᠦᠯᠬᠦ᠂ ᠦᠷ᠎ᠡ ᠪᠦᠲᠦᠮᠵᠢ ᠶᠢ ᠦᠨᠡᠯᠡᠬᠦ ᠵᠡᠷᠭᠡ︶ ᠳᠤ ᠲᠤᠰᠬᠠᠶ | ᠲᠦᠷᠦᠯ ᠵᠦᠢᠯ ᠤᠨ ᠰᠢᠯᠭᠠᠨ ᠬᠢᠨᠠᠵᠤ ᠦᠨᠡᠯᠡᠬᠦ ᠠᠵᠢᠯ ᠢ ᠥᠷᠨᠢᠭᠦᠯᠦᠨ᠎ᠡ᠃ ᠡᠭᠦᠳᠦᠨ ᠪᠠᠶᠢᠭᠤᠯᠬᠤ ᠠᠵᠢᠯ ᠢᠶᠠᠷ | ᠲᠣᠪᠤᠶᠢᠮ᠎ᠠ ᠬᠤᠰᠢᠭᠤ ᠰᠢᠶᠠᠨ ᠲᠣᠭᠤᠷᠢᠭ ᠢ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ᠂ ᠪᠡᠯᠡᠳᠬᠡᠮᠵᠢ | ᠲᠥᠬᠦᠭᠡᠷᠦᠮᠵᠢ ᠶᠢ ᠵᠡᠷᠭᠡ ᠲᠠᠰ ᠳᠡᠪᠰᠢᠭᠦᠯᠬᠦ᠂ ᠦᠢᠯᠡᠳᠬᠦᠨ ᠢ ᠰᠤᠳᠤᠯᠤᠨ ᠨᠡᠭᠡᠭᠡᠬᠦ᠂ ᠲᠥᠷᠥᠯ ᠲᠡᠮᠳᠡᠭᠲᠦ ᠶᠢ | ᠡᠭᠦᠳᠬᠦ᠂ ᠬᠦᠲᠦᠴᠢ ᠠᠵᠤ ᠠᠬᠤᠶᠢᠯᠠᠯ ᠢᠶᠠᠷ ᠮᠡᠳᠡᠭᠦᠯᠬᠦ ᠵᠡᠷᠭᠡ ᠭᠤᠭᠴᠤᠭ᠎ᠠ ᠳᠤ ᠤᠷᠢᠳᠠᠪᠠᠷ ᠳᠣᠭᠢᠷᠠᠭᠤᠯᠤᠨ᠎ᠠ︔ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠴᠢᠬᠤᠯᠠᠴᠢᠯᠠᠬᠤ | ᠥᠬᠡᠶ ᠪᠠ ︽ᠬᠤᠶᠠᠷ ᠪᠦᠲᠦᠭᠡᠭᠳᠡᠬᠦᠨ ᠨᠢᠭᠡ ᠪᠠᠷᠢᠮᠵᠢᠶ᠎ᠠ︾ ᠶᠢᠨ ᠭᠡᠷᠡᠴᠢᠯᠡᠯ ᠥᠬᠡᠶ ᠠᠵᠤ ᠠᠬᠤᠶᠢᠯᠠᠯ ᠳᠤ | ᠲᠠᠷᠢᠶᠠᠯᠠᠩ ᠤᠨ ᠲᠥᠷᠥᠯ ᠵᠦᠢᠯ ᠤᠨ ᠪᠠᠯᠠ ᠮᠥᠩᠭᠦ ᠶᠢ ᠬᠠᠰᠤᠬᠤ ᠪᠤᠶᠤ ᠳᠣᠭᠢᠷᠠᠭᠤᠯᠵᠤ ᠥᠭᠬᠦ ᠥᠬᠡᠶ᠃ | |