ᠵᠠᠰᠠᠭ ᠤᠨ ᠣᠷᠳᠣᠨ ᠤ ᠵᠠᠷᠯᠢᠭ 18 ᠳ᠋ᠤᠭᠠᠷ ᠲᠣᠭᠠᠲᠤ | 2021 ᠣᠨ ᠤ 7 ᠳ᠋ᠤᠭᠠᠷ ᠰᠠᠷ᠎ᠠ ᠶᠢᠨ 23 ᠤ ᠡᠳᠦᠷ | | ︽ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠴᠢᠨᠠᠷᠲᠠᠢ ᠬᠠᠤᠯᠢ | ᠳᠦᠷᠢᠮ ᠤᠨ ᠲᠥᠰᠥᠯ ᠢ ᠲᠣᠭᠲᠠᠭᠠᠬᠤ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠲᠣᠭᠲᠠᠭᠠᠬᠤ | ᠳᠠᠷᠠᠭᠠᠯᠠᠯ ᠤᠨ ᠲᠣᠭᠲᠠᠭᠠᠯ︾ ᠢ 2021 ᠣᠨ ᠤ 7 ᠳ᠋ᠤᠭᠠᠷ ᠰᠠᠷ᠎ᠠ ᠶᠢᠨ 7 ᠤ ᠡᠳᠦᠷ ᠤᠨ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ 14 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠵᠥᠪᠯᠡᠨ ᠪᠠᠲᠤᠯᠠᠵᠤ᠂ | ᠡᠲᠦᠭᠡ ᠨᠡᠶᠢᠲᠡᠯᠡᠪᠡ᠂ 2021 ᠣᠨ ᠤ 9 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠬᠤᠲᠠ ᠶᠢᠨ ᠳᠠᠷᠤᠭ᠎ᠠ ᠾᠧ ᠬᠠᠢ ᠳ᠋ᠦᠩ | 2021 ᠣᠨ ᠤ 7 ᠳ᠋ᠤᠭᠠᠷ ᠰᠠᠷ᠎ᠠ ᠶᠢᠨ 23 ᠤ ᠡᠳᠦᠷ | | | | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠴᠢᠨᠠᠷᠲᠠᠢ ᠬᠠᠤᠯᠢ | ᠳᠦᠷᠢᠮ ᠤᠨ ᠲᠥᠰᠥᠯ ᠢ | ᠲᠣᠭᠲᠠᠭᠠᠬᠤ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠲᠣᠭᠲᠠᠭᠠᠬᠤ ᠳᠠᠷᠠᠭᠠᠯᠠᠯ ᠤᠨ | ᠲᠣᠭᠲᠠᠭᠠᠯ | | | | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ︵ᠳᠣᠷᠣᠭᠰᠢ ᠬᠤᠲᠠ ᠶᠢᠨ | ᠠᠷᠠᠳ ᠤᠨ ᠵᠠᠰᠠᠭ ᠤᠨ ᠣᠷᠳᠣᠨ ᠭᠡᠵᠦ ᠳᠥᠭᠦᠮᠴᠢᠯᠡᠨ᠎ᠡ︶ ᠤ ᠣᠷᠣᠨ ᠨᠤᠲᠤᠭ ᠤᠨ ᠴᠢᠨᠠᠷᠲᠠᠢ ᠬᠠᠤᠯᠢ | ᠳᠦᠷᠢᠮ ᠤᠨ ᠲᠥᠰᠥᠯ ᠢ ᠲᠣᠭᠲᠠᠭᠠᠬᠤ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠲᠣᠭᠲᠠᠭᠠᠬᠤ | ᠳᠠᠷᠠᠭᠠᠯᠠᠯ ᠢ ᠵᠢᠷᠤᠮᠵᠢᠭᠤᠯᠤᠨ᠂ ᠬᠠᠤᠯᠢ ᠲᠣᠭᠲᠠᠭᠠᠬᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢᠨ ᠲᠤᠰᠠᠳᠠ᠂ ︽ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢ ᠲᠣᠭᠲᠠᠭᠠᠬᠤ ᠬᠠᠤᠯᠢ︾ ︽ᠳᠦᠷᠢᠮ ᠲᠣᠭᠲᠠᠭᠠᠯ | ᠲᠣᠭᠲᠠᠭᠠᠬᠤ ᠳᠠᠷᠠᠭᠠᠯᠠᠯ ᠤᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠣᠷᠣᠨ ᠨᠤᠲᠤᠭ ᠤᠨ ᠴᠢᠨᠠᠷᠲᠠᠢ ᠬᠠᠤᠯᠢ ᠳᠦᠷᠢᠮ ᠤᠨ ᠲᠥᠰᠥᠯ ᠢ ᠲᠣᠭᠲᠠᠭᠠᠬᠤ ᠪᠠ | ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠲᠣᠭᠲᠠᠭᠠᠬᠤ ᠳᠠᠷᠠᠭᠠᠯᠠᠯ ᠤᠨ ᠲᠣᠭᠲᠠᠭᠠᠯ︾ ᠵᠡᠷᠭᠡ ᠬᠠᠮᠢᠶ᠎ᠠ ᠪᠦᠬᠦᠢ | ᠬᠠᠤᠯᠢ ᠴᠠᠭᠠᠵᠠ᠂ ᠬᠠᠤᠯᠢ ᠳᠦᠷᠢᠮ᠂ ᠳᠦᠷᠢᠮ ᠲᠣᠭᠲᠠᠭᠠᠯ ᠢ ᠦᠨᠳᠦᠰᠦᠯᠡᠨ᠂ ᠲᠤᠰ ᠬᠤᠲᠠ ᠶᠢᠨ ᠢᠶᠠᠨ ᠪᠣᠳᠠᠲᠠᠢ | ᠲᠠᠢ ᠤᠶᠠᠯᠳᠤᠭᠤᠯᠵᠤ᠂ ᠲᠤᠰ ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠢᠯ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠴᠢᠨᠠᠷᠲᠠᠢ ᠬᠠᠤᠯᠢ | ᠳᠦᠷᠢᠮ ᠤᠨ ᠲᠥᠰᠥᠯ ᠢ ᠲᠣᠭᠲᠠᠭᠠᠬᠤ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠲᠣᠭᠲᠠᠭᠠᠬᠤ ᠳᠤ | ᠲᠤᠰ ᠲᠣᠭᠲᠠᠭᠠᠯ ᠢ ᠵᠢᠷᠤᠮᠯᠠᠨ᠎ᠠ᠃ | ᠭᠤᠷᠪᠠᠳᠤᠭᠠᠷ ᠵᠦᠢᠯ ᠲᠤᠰ ᠲᠣᠭᠲᠠᠭᠠᠯ ᠳᠤ ᠬᠡᠯᠡᠵᠦ ᠪᠠᠶᠢᠭ᠎ᠠ ᠣᠷᠣᠨ ᠨᠤᠲᠤᠭ ᠤᠨ ᠴᠢᠨᠠᠷᠲᠠᠶ ᠬᠠᠤᠯᠢ | ᠳᠦᠷᠢᠮ ᠤᠨ ᠲᠥᠰᠦᠯ ᠭᠡᠳᠡᠭ ᠨᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠤᠯᠢ ᠳᠤ | ᠲᠣᠭᠲᠠᠭᠠᠭᠰᠠᠨ ᠡᠷᠬᠡ ᠪᠠ ᠳᠠᠷᠠᠭᠠᠯᠠᠯ ᠤᠨ ᠶᠣᠰᠣᠭᠠᠷ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠪᠤᠶᠤ ᠪᠠᠶᠢᠩᠭᠤ ᠶᠢᠨ ᠬᠤᠷᠢᠶ᠎ᠠ ᠳᠤ ᠳᠤᠷᠠᠳᠤᠭᠰᠠᠨ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠢ | ᠲᠣᠭᠲᠠᠭᠠᠬᠤ᠂ ᠵᠠᠰᠠᠪᠤᠷᠢ ᠣᠷᠣᠭᠤᠯᠬᠤ ᠪᠤᠶᠤ ᠬᠦᠴᠦᠨ ᠦᠭᠡᠢ ᠪᠣᠯᠭᠠᠬᠤ ᠵᠥᠪᠯᠡᠯᠭᠡ ᠶᠢ ᠵᠢᠭᠠᠵᠤ ᠪᠠᠶᠢᠨ᠎ᠠ᠃ | ᠲᠤᠰ ᠲᠣᠭᠲᠠᠭᠠᠯ ᠳᠤ ᠬᠡᠯᠡᠵᠦ ᠪᠠᠶᠢᠭ᠎ᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠭᠡᠳᠡᠭ ᠨᠢ | ᠠᠷᠠᠳ ᠤᠨ ᠵᠠᠰᠠᠭ ᠤᠨ ᠣᠷᠳᠣᠨ ᠠᠴᠠ ᠬᠠᠤᠯᠢ ᠳᠤ ᠲᠣᠭᠲᠠᠭᠠᠭᠰᠠᠨ ᠡᠷᠬᠡ ᠪᠠ ᠲᠤᠰ ᠲᠣᠭᠲᠠᠭᠠᠯ ᠢᠶᠠᠷ | ᠲᠣᠭᠲᠠᠭᠠᠭᠰᠠᠨ ᠪᠥᠭᠡᠳ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠷᠯᠢᠭ ᠤᠨ ᠬᠡᠯᠪᠡᠷᠢ ᠪᠠᠷ ᠨᠡᠶᠢᠲᠡᠯᠡᠨ | ᠬᠡᠷᠡᠭᠵᠢᠭᠦᠯᠦᠭᠰᠡᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠵᠢᠭᠠᠵᠤ ᠪᠠᠶᠢᠨ᠎ᠠ᠃ | ᠳᠥᠷᠪᠡᠳᠦᠭᠡᠷ ᠵᠦᠢᠯ ᠬᠤᠳᠠ ᠶᠢᠨ ᠠᠷᠠᠳ ᠤᠨ ᠵᠠᠰᠠᠭ ᠤᠨ ᠣᠷᠳᠣᠨ ᠬᠠᠤᠯᠢ ᠴᠠᠭᠠᠵᠠ᠂ ᠵᠠᠰᠠᠭ | ᠵᠠᠬᠢᠷᠭᠠᠨ ᠤ ᠬᠠᠤᠯᠢ ᠳᠦᠷᠢᠮ ᠪᠠ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠢ ᠦᠨᠳᠦᠰᠦᠯᠡᠨ ᠬᠤᠳᠠ | ᠬᠥᠳᠡᠭᠡ ᠶᠢᠨ ᠪᠦᠳᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ᠂ ᠲᠡᠦᠬᠡ | ᠰᠣᠶᠣᠯ ᠤᠨ ᠬᠠᠮᠠᠭᠠᠯᠠᠯᠲᠠ ᠵᠡᠷᠭᠡ ᠲᠠᠯ᠎ᠠ ᠶᠢᠨ ᠵᠦᠢᠯᠡᠰ ᠤᠨ ᠲᠤᠬᠠᠶ ᠵᠠᠰᠠᠭ ᠤᠨ ᠣᠷᠳᠣᠨ ᠤ ᠲᠦᠷᠢᠮ ᠲᠣᠭᠲᠠᠭᠠᠯ ᠢ | ᠲᠣᠭᠲᠠᠭᠠᠨ᠎ᠠ᠃ | ᠲᠠᠪᠤᠳᠤᠭᠠᠷ ᠵᠦᠢᠯ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠤᠨ ᠲᠥᠰᠥᠯ ᠢ ᠲᠣᠭᠲᠠᠭᠠᠬᠤ ᠪᠠ | ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠲᠣᠭᠲᠠᠭᠠᠬᠤ ᠳᠤ ᠨᠠᠮ ᠤᠨ ᠱᠤᠭᠤᠮ ᠴᠢᠭᠯᠡᠯᠲᠡ ᠲᠦᠷᠦ ᠶᠢᠨ | ᠪᠤᠳᠤᠯᠭ᠎ᠠ ᠪᠠ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠬᠠᠤᠯᠢ ᠲᠣᠭᠲᠠᠭᠠᠬᠤ ᠬᠠᠤᠯᠢ ᠳᠤ ᠲᠣᠭᠲᠠᠭᠠᠭᠰᠠᠨ ᠬᠠᠤᠯᠢ ᠲᠣᠭᠲᠠᠭᠠᠬᠤ ᠵᠠᠷᠴᠢᠮ ᠢ ᠵᠢᠷᠤᠮᠯᠠᠵᠤ᠂ ᠦᠨᠳᠦᠰᠦᠨ | ᠬᠠᠤᠯᠢ᠂ ᠬᠠᠤᠯᠢ ᠴᠠᠭᠠᠵᠠ᠂ ᠲᠦᠷᠦ ᠶᠢᠨ ᠪᠤᠳᠤᠯᠭ᠎ᠠ ᠶᠢᠨ ᠲᠣᠭᠲᠠᠭᠠᠯ ᠳᠤ ᠨᠡᠶᠢᠴᠡᠭᠦᠯᠵᠦ᠂ ᠲᠤᠰ | ᠬᠤᠳᠠ ᠶᠢᠨ ᠢᠶᠠᠨ ᠪᠣᠳᠠᠲᠤ ᠪᠠᠶᠢᠳᠠᠯ ᠠᠴᠠ ᠡᠭᠦᠰᠴᠦ᠂ ᠰᠢᠨᠵᠢᠯᠡᠬᠦ ᠤᠬᠠᠭᠠᠨᠴᠢ ᠴᠢᠨᠠᠷ᠂ ᠠᠷᠠᠳᠴᠢᠯᠠᠯᠲᠤ ᠴᠢᠨᠠᠷ ᠢ | ᠪᠠᠷᠢᠮᠲᠠᠯᠠᠵᠤ᠂ ᠬᠠᠤᠯᠢ ᠲᠣᠭᠲᠠᠭᠠᠬᠤ ᠪᠠ ᠥᠭᠡᠷᠡᠴᠢᠯᠡᠯᠲᠡ ᠶᠢᠨ ᠰᠢᠢᠳᠪᠦᠷᠢᠲᠦ ᠪᠤᠳᠤᠯᠭ᠎ᠠ ᠶᠢ | ᠤᠶᠠᠯᠳᠤᠭᠤᠯᠬᠤ ᠬᠡᠷᠡᠭᠲᠡᠶ᠃ | ᠵᠢᠷᠭᠤᠳᠤᠭᠠᠷ ᠵᠦᠢᠯ ᠬᠤᠳᠠ ᠶᠢᠨ ᠠᠷᠠᠳ ᠤᠨ ᠵᠠᠰᠠᠭ ᠤᠨ ᠣᠷᠳᠣᠨ ᠣᠷᠣᠨ ᠨᠤᠲᠤᠭ ᠤᠨ ᠴᠢᠨᠠᠷᠲᠠᠢ | ᠬᠠᠤᠯᠢ ᠳᠦᠷᠢᠮ ᠤᠨ ᠲᠥᠰᠦᠯ ᠢ ᠲᠣᠭᠲᠠᠭᠠᠬᠤ ᠪᠠ ᠵᠠᠰᠠᠭ ᠤᠨ ᠣᠷᠳᠣᠨ ᠤ ᠲᠦᠷᠢᠮ ᠲᠣᠭᠲᠠᠭᠠᠯ ᠢ | ᠲᠣᠭᠲᠠᠭᠠᠬᠤ ᠳᠤ ᠲᠤᠰ ᠬᠤᠳᠠ ᠶᠢᠨ ᠴᠢᠬᠤᠯᠠ ᠶᠡᠭᠡ ᠠᠵᠤ ᠠᠬᠤᠢ ᠨᠡᠶᠢᠭᠡᠮ ᠤᠨ ᠲᠠᠯ᠎ᠠ ᠳᠤ ᠬᠤᠯᠪᠣᠭᠳᠠᠬᠤ | ᠠᠭᠤᠯᠭ᠎ᠠ ᠶᠢ ᠬᠠᠮᠢᠶ᠎ᠠ ᠪᠦᠬᠦᠢ ᠲᠣᠭᠲᠠᠭᠠᠯ ᠶᠣᠰᠣᠭᠠᠷ ᠴᠠᠭ ᠲᠤᠬᠠᠢ ᠳᠤᠨᠢ ᠬᠤᠳᠠ ᠶᠢᠨ ᠨᠠᠮ ᠤᠨ ᠬᠤᠷᠢᠶ᠎ᠠ ᠳᠤ | ᠮᠡᠳᠡᠭᠦᠯᠬᠦ ᠬᠡᠷᠡᠭᠲᠡᠢ᠃ | ᠳᠣᠯᠣᠳᠤᠭᠠᠷ ᠵᠦᠢᠯ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠤᠨ ᠲᠥᠰᠥᠯ ᠪᠠ ᠵᠠᠰᠠᠭ ᠤᠨ | ᠣᠷᠳᠣᠨ ᠤ ᠳᠦᠷᠢᠮ ᠲᠣᠭᠲᠠᠭᠠᠯ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠤᠨ | ᠲᠣᠭᠲᠠᠭᠠᠨ᠎ᠠ᠃ | ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠣᠷᠣᠨ ᠨᠤᠲᠤᠭ ᠤᠨ ᠴᠢᠨᠠᠷᠲᠠᠶ | ᠬᠠᠤᠯᠢ ᠳᠦᠷᠢᠮ ᠤᠨ ᠲᠥᠰᠥᠯ ᠢ ᠲᠣᠭᠲᠠᠭᠠᠬᠤ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠲᠣᠭᠲᠠᠭᠠᠬᠤ | ᠠᠵᠢᠯ ᠢ ᠵᠢᠯᠣᠭᠤᠳᠤᠨ ᠵᠣᠬᠢᠴᠠᠭᠤᠯᠬᠤ ᠪᠠ ᠲᠥᠰᠥᠯ ᠢ ᠬᠢᠨᠠᠬᠤ ᠠᠵᠢᠯ ᠢ ᠪᠣᠳᠠᠲᠠᠢ ᠬᠠᠷᠢᠭᠤᠴᠠᠨ᠎ᠠ᠃ | ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | ᠡᠯ᠎ᠡ ᠰᠠᠯᠠᠭ᠎ᠠ ᠮᠥᠴᠢᠷ ᠵᠢᠴᠢ ᠬᠠᠮᠢᠶ᠎ᠠ ᠪᠦᠬᠦᠢ ᠨᠢᠭᠡᠴᠡ ᠥᠪᠡᠷ ᠥᠪᠡᠷ ᠤᠨ ᠡᠭᠦᠷᠭᠡ ᠲᠤᠰᠢᠶᠠᠯ ᠪᠣᠯᠣᠨ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠣᠷᠣᠨ | ᠨᠤᠲᠤᠭ ᠤᠨ ᠴᠢᠨᠠᠷᠲᠠᠶ ᠬᠠᠤᠯᠢ ᠳᠦᠷᠢᠮ ᠤᠨ ᠲᠥᠰᠥᠯ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ | ᠲᠤᠭᠤᠷᠪᠢᠬᠤ ᠪᠣᠳᠠᠲᠠᠢ ᠠᠵᠢᠯ ᠢ ᠡᠭᠦᠷᠭᠡᠯᠡᠵᠦ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠤᠯᠢ | ᠲᠣᠭᠲᠠᠭᠠᠬᠤ ᠬᠤᠯᠪᠣᠭᠳᠠᠯ ᠪᠦᠬᠦᠢ ᠠᠵᠢᠯ ᠳᠤ ᠬᠠᠮᠵᠢᠯᠴᠠᠨ᠎ᠠ᠃ | ᠨᠠᠢᠮᠠᠳᠤᠭᠠᠷ ᠵᠦᠢᠯ ᠣᠷᠣᠨ ᠨᠤᠲᠤᠭ ᠤᠨ ᠴᠢᠨᠠᠷᠲᠠᠢ ᠬᠠᠤᠯᠢ ᠳᠦᠷᠢᠮ ᠤᠨ ᠲᠥᠰᠥᠯ ᠢ ᠲᠣᠭᠲᠠᠭᠠᠬᠤ | ᠳᠠᠷᠠᠭᠠᠯᠠᠯ ᠳᠤ ᠲᠥᠰᠥᠯ ᠳᠤ ᠣᠷᠣᠭᠤᠯᠬᠤ᠂ ᠲᠤᠭᠤᠷᠪᠢᠬᠤ᠂ ᠬᠢᠨᠠᠨ ᠪᠠᠶᠢᠴᠠᠭᠠᠬᠤ᠂ ᠰᠢᠢᠳᠬᠦ᠂ ᠳᠡᠪᠰᠢᠭᠦᠯᠦᠨ | ᠵᠥᠪᠯᠡᠬᠦ ᠪᠠᠭᠲᠠᠨ᠎ᠠ᠃ | ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠲᠣᠭᠲᠠᠭᠠᠬᠤ ᠳᠠᠷᠠᠭᠠᠯᠠᠯ ᠳᠤ ᠲᠥᠰᠥᠯ ᠳᠤ ᠣᠷᠣᠭᠤᠯᠬᠤ᠂ | ᠲᠤᠭᠤᠷᠪᠢᠬᠤ᠂ ᠬᠢᠨᠠᠨ ᠪᠠᠶᠢᠴᠠᠭᠠᠬᠤ᠂ ᠰᠢᠢᠳᠬᠦ᠂ ᠨᠡᠶᠢᠲᠡᠯᠡᠬᠦ᠂ ᠳᠠᠩᠰᠠᠯᠠᠬᠤ᠂ ᠲᠠᠶᠢᠯᠪᠤᠷᠢᠯᠠᠬᠤ ᠪᠠ ᠬᠠᠤᠯᠢ | ᠲᠣᠭᠲᠠᠭᠠᠭᠰᠠᠨ ᠤ ᠳᠠᠷᠠᠭᠠᠬᠢ ᠦᠨᠡᠯᠡᠯᠲᠡ ᠪᠠᠭᠲᠠᠨ᠎ᠠ᠃ | ᠶᠢᠰᠦᠳᠦᠭᠡᠷ ᠵᠦᠢᠯ ᠬᠠᠤᠯᠢ ᠴᠠᠭᠠᠵᠠ᠂ ᠬᠠᠤᠯᠢ ᠳᠦᠷᠢᠮ ᠳᠤ ᠲᠣᠳᠣᠷᠬᠠᠢ ᠲᠣᠭᠲᠠᠭᠠᠭᠰᠠᠨ ᠠᠭᠤᠯᠭ᠎ᠠ ᠶᠢ | ᠵᠠᠷᠴᠢᠮ ᠳᠡᠭᠡᠷ᠎ᠡ ᠪᠠᠨ ᠣᠷᠣᠨ ᠨᠤᠲᠤᠭ ᠤᠨ ᠴᠢᠨᠠᠷᠲᠠᠢ ᠬᠠᠤᠯᠢ ᠳᠦᠷᠢᠮ ᠤᠨ ᠲᠥᠰᠥᠯ ᠪᠠ ᠵᠠᠰᠠᠭ ᠤᠨ ᠣᠷᠳᠣᠨ ᠤ | ᠳᠦᠷᠢᠮ ᠲᠣᠭᠲᠠᠭᠠᠯ ᠳᠤ ᠳᠠᠬᠢᠨᠲᠠ ᠳᠠᠪᠲᠠᠨ ᠲᠣᠭᠲᠠᠭᠠᠵᠤ ᠪᠣᠯᠬᠤ ᠦᠭᠡᠢ᠃ | ᠬᠤᠶᠠᠳᠤᠭᠠᠷ ᠪᠦᠯᠦᠭ ᠲᠥᠰᠥᠯ ᠳᠤ ᠣᠷᠣᠭᠤᠯᠬᠤ | ᠠᠷᠪᠠᠳᠤᠭᠠᠷ ᠵᠦᠢᠯ ᠬᠤᠳᠠ ᠶᠢᠨ ᠠᠷᠠᠳ ᠤᠨ ᠵᠠᠰᠠᠭ ᠤᠨ ᠣᠷᠳᠣᠨ ᠲᠤᠰ ᠬᠤᠳᠠ ᠶᠢᠨ ᠢᠶᠠᠨ ᠠᠵᠤ ᠠᠬᠤᠶ | ᠪᠠ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ᠂ ᠣᠷᠣᠨ ᠨᠤᠲᠤᠭ ᠤᠨ ᠴᠢᠨᠠᠷᠲᠠᠶ ᠬᠠᠤᠯᠢ | ᠳᠦᠷᠢᠮ ᠤᠨ ᠰᠠᠨᠠᠭᠤᠯᠭ᠎ᠠ ᠶᠢᠨ ᠲᠥᠰᠥᠯ ᠳᠤᠷᠠᠳᠬᠤ ᠪᠠ ᠵᠠᠰᠠᠭ ᠤᠨ ᠣᠷᠳᠣᠨ ᠤ ᠲᠦᠷᠢᠮ ᠲᠣᠭᠲᠠᠭᠠᠯ ᠤᠨ ᠬᠠᠤᠯᠢ | ᠲᠣᠭᠲᠠᠭᠠᠬᠤ ᠣᠨ ᠤ ᠲᠥᠯᠥᠪᠯᠡᠭᠡ ᠶᠢ ᠲᠣᠭᠲᠠᠭᠠᠵᠤ᠂ ᠨᠢᠭᠡᠳᠦᠯᠲᠡᠶ ᠲᠥᠯᠥᠪᠵᠢᠭᠦᠯᠦᠨ ᠨᠡᠶᠢᠳᠡ ᠳᠤᠨᠢ | ᠬᠠᠷᠠᠭᠠᠯᠵᠠᠵᠤ᠂ ᠭᠤᠣᠯᠳᠠᠯᠭ᠎ᠠ ᠶᠢ ᠲᠤᠪᠤᠶᠢᠯᠭᠠᠨ᠂ ᠲᠣᠭᠲᠠᠭᠠᠬᠤ ᠵᠠᠰᠠᠬᠤ ᠬᠦᠴᠦᠨ ᠦᠭᠡᠢ ᠪᠣᠯᠭᠠᠬᠤ | ᠲᠠᠶᠢᠯᠪᠤᠷᠢᠯᠠᠬᠤ ᠶᠢ ᠵᠡᠷᠭᠡᠪᠡᠷ ᠬᠢᠬᠦ ᠬᠡᠷᠡᠭᠲᠡᠶ᠃ | ᠵᠠᠰᠠᠭ ᠤᠨ ᠣᠷᠳᠣᠨ ᠤ ᠲᠦᠷᠢᠮ ᠲᠣᠭᠲᠠᠭᠠᠯ ᠤᠨ ᠬᠠᠤᠯᠢ ᠲᠣᠭᠲᠠᠭᠠᠬᠤ ᠣᠨ ᠤ ᠲᠥᠯᠥᠪᠯᠡᠭᠡ ᠶᠢ ᠣᠷᠣᠨ | ᠨᠤᠲᠤᠭ ᠤᠨ ᠴᠢᠨᠠᠷᠲᠠᠶ ᠬᠠᠤᠯᠢ ᠳᠦᠷᠢᠮ ᠤᠨ ᠣᠨ ᠤ ᠬᠠᠤᠯᠢ ᠲᠣᠭᠲᠠᠭᠠᠬᠤ ᠲᠥᠯᠥᠪᠯᠡᠭᠡ ᠲᠠᠢ ᠵᠣᠯᠭᠠᠯᠳᠤᠭᠤᠯᠬᠤ | ᠬᠡᠷᠡᠭᠲᠡᠶ᠃ | ᠠᠷᠪᠠᠨ ᠨᠢᠭᠡᠳᠦᠭᠡᠷ ᠵᠦᠢᠯ ᠵᠠᠰᠠᠭ ᠤᠨ ᠣᠷᠳᠣᠨ ᠤ ᠲᠦᠷᠢᠮ ᠲᠣᠭᠲᠠᠭᠠᠯ ᠤᠨ ᠣᠨ ᠤ ᠬᠠᠤᠯᠢ ᠲᠣᠭᠲᠠᠭᠠᠬᠤ | ᠲᠥᠯᠥᠪᠯᠡᠭᠡ ᠳᠤ ᠬᠢᠨᠠᠨ ᠵᠥᠪᠯᠡᠬᠦ ᠲᠥᠰᠥᠯ ᠪᠠ ᠪᠠᠶᠢᠴᠠᠭᠠᠨ ᠰᠤᠳᠤᠯᠬᠤ ᠲᠥᠰᠥᠯ ᠪᠠᠭᠲᠠᠨ᠎ᠠ᠃ ᠬᠢᠨᠠᠨ ᠵᠥᠪᠯᠡᠬᠦ | ᠲᠥᠰᠥᠯ ᠨᠢ ᠶᠡᠷᠦᠳᠡᠭᠡᠨ ᠳᠡᠭᠡᠷ᠎ᠡ ᠨᠢᠭᠡ ᠵᠢᠯ ᠤᠨ ᠨᠡᠯᠢᠶᠡᠳ ᠪᠣᠯᠪᠠᠰᠤᠷᠠᠩᠭᠤᠢ ᠪᠣᠯᠤᠭᠰᠠᠨ ᠪᠠᠶᠢᠴᠠᠭᠠᠨ ᠰᠤᠳᠤᠯᠬᠤ | ᠲᠥᠰᠥᠯ ᠠᠴᠠ ᠪᠤᠢ ᠪᠣᠯᠵᠤ᠂ ᠲᠥᠯᠥᠪᠯᠡᠭᠡ ᠶᠢᠨ ᠣᠨ ᠤ ᠳᠣᠲᠣᠷ᠎ᠠ ᠪᠡᠶᠡᠯᠡᠭᠦᠯᠵᠦ᠂ ᠪᠠᠶᠢᠴᠠᠭᠠᠨ ᠰᠤᠳᠤᠯᠬᠤ | ᠲᠥᠰᠥᠯ ᠨᠢ ᠲᠥᠰᠥᠯ ᠳᠤ ᠣᠷᠣᠭᠤᠯᠬᠤ ᠨᠥᠬᠦᠴᠡᠯ ᠳᠤ ᠨᠡᠶᠢᠴᠡᠭᠰᠡᠨ ᠰᠠᠨᠠᠭᠤᠯᠭ᠎ᠠ ᠶᠢᠨ ᠲᠥᠰᠥᠯ ᠠᠴᠠ ᠪᠤᠢ ᠪᠣᠯᠵᠤ | ᠂ ᠲᠥᠯᠥᠪᠯᠡᠭᠡ ᠶᠢᠨ ᠣᠨ ᠤ ᠳᠣᠲᠣᠷ᠎ᠠ ᠪᠠᠶᠢᠴᠠᠭᠠᠨ ᠰᠤᠳᠤᠯᠬᠤ ᠠᠵᠢᠯ ᠢ ᠥᠷᠨᠢᠭᠦᠯᠬᠦ ᠶᠢᠨ ᠬᠠᠮᠲᠤ ᠪᠠᠶᠢᠴᠠᠭᠠᠨ | ᠰᠤᠳᠤᠯᠤᠯᠲᠠ ᠶᠢᠨ ᠦᠷ᠎ᠡ ᠪᠦᠲᠦᠭᠡᠯ ᠢ ᠪᠤᠢ ᠪᠣᠯᠭᠠᠨ᠎ᠠ᠃ | ᠠᠷᠪᠠᠨ ᠬᠤᠶᠠᠳᠤᠭᠠᠷ ᠵᠦᠢᠯ ᠬᠤᠳᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠵᠢᠯ | ᠪᠦᠷᠢ ᠶᠢᠨ ᠲᠤᠤᠷᠠᠳᠤ ᠬᠠᠭᠠᠰ ᠵᠢᠯ ᠳᠤ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ | ᠠᠵᠤ ᠠᠬᠤᠶ ᠮᠡᠷᠭᠡᠵᠢᠯ ᠤᠨ ᠨᠡᠭᠡᠭᠡᠯᠳᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠳᠠ ᠶᠢᠨ | ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠵᠢᠴᠢ ᠬᠠᠮᠢᠶ᠎ᠠ ᠪᠥᠬᠦᠢ ᠨᠢᠭᠡᠴᠡ ᠠᠴᠠ ᠲᠠᠷᠠᠭ᠎ᠠ ᠨᠢᠭᠡ | ᠵᠢᠯ ᠤᠨ ᠬᠠᠤᠯᠢ ᠲᠣᠭᠲᠠᠭᠠᠬᠤ ᠰᠠᠨᠠᠭᠤᠯᠭ᠎ᠠ ᠶᠢᠨ ᠲᠥᠰᠥᠯ ᠢ ᠴᠤᠭᠯᠠᠭᠤᠯᠬᠤ ᠬᠡᠷᠡᠭᠲᠡᠶ᠃ | ᠬᠤᠳᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠯᠪᠠᠨ ᠰᠦᠯᠵᠢᠶ᠎ᠡ᠂ ᠰᠣᠨᠢᠨ | ᠰᠡᠳᠬᠦᠯ ᠵᠡᠷᠭᠡ ᠵᠠᠭᠤᠴᠢ ᠪᠠᠷ ᠳᠠᠮᠵᠢᠭᠤᠯᠤᠨ ᠨᠡᠶᠢᠭᠡᠮ ᠠᠴᠠ ᠬᠠᠤᠯᠢ ᠲᠣᠭᠲᠠᠭᠠᠬᠤ ᠰᠠᠨᠠᠭᠤᠯᠭ᠎ᠠ ᠶᠢᠨ ᠲᠥᠰᠥᠯ ᠢ | ᠢᠯᠡ ᠪᠠᠷ ᠴᠤᠭᠯᠠᠭᠤᠯᠬᠤ ᠬᠡᠷᠡᠭᠲᠡᠶ᠃ | ᠠᠷᠪᠠᠨ ᠭᠤᠷᠪᠠᠳᠤᠭᠠᠷ ᠵᠦᠢᠯ ᠬᠠᠤᠯᠢ ᠲᠣᠭᠲᠠᠭᠠᠬᠤ ᠰᠠᠨᠠᠭᠤᠯᠭ᠎ᠠ ᠶᠢᠨ ᠲᠥᠰᠥᠯ ᠢ ᠳᠤᠷᠠᠳᠬᠤ ᠳᠠᠭᠠᠨ | ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠬᠠᠤᠯᠢ ᠲᠣᠭᠲᠠᠭᠠᠬᠤ | ᠰᠠᠨᠠᠭᠤᠯᠭ᠎ᠠ ᠶᠢᠨ ᠲᠥᠰᠥᠯ ᠤᠨ ᠲᠣᠳᠣᠷᠬᠠᠶᠢᠯᠠᠯᠲᠠ ᠪᠠᠨ ᠲᠤᠰᠢᠶᠠᠬᠤ ᠬᠡᠷᠡᠭᠲᠡᠢ᠃ ᠲᠣᠳᠣᠷᠬᠠᠶᠢᠯᠠᠯᠲᠠ ᠳᠤ | ᠳᠣᠣᠷᠠᠬᠢ ᠠᠭᠤᠯᠭ᠎ᠠ ᠨᠤᠭᠤᠳ ᠢ ᠪᠠᠭᠲᠠᠭᠠᠬᠤ ᠬᠡᠷᠡᠭᠲᠡᠶ᠄ | ︵ᠨᠢᠭᠡ︶ ᠬᠠᠤᠯᠢ ᠲᠣᠭᠲᠠᠭᠠᠬᠤ ᠰᠠᠨᠠᠭᠤᠯᠭ᠎ᠠ ᠶᠢᠨ ᠲᠥᠰᠥᠯ ᠤᠨ ᠨᠡᠷᠡᠶᠢᠳᠦᠯ︔ | ︵ᠬᠤᠶᠠᠷ︶ ᠰᠢᠢᠳᠪᠦᠷᠢᠯᠡᠬᠦ ᠴᠢᠬᠤᠯᠠ ᠲᠠᠢ ᠭᠤᠣᠯ ᠠᠰᠠᠭᠤᠳᠠᠯ᠂ ᠲᠣᠭᠲᠠᠭᠠᠬᠤ ᠶᠢᠨ ᠴᠢᠬᠤᠯᠠ ᠴᠢᠨᠠᠷ ᠪᠠ | ᠪᠣᠯᠤᠮᠵᠢᠲᠤ ᠴᠢᠨᠠᠷ᠂ ᠠᠪᠬᠤ ᠪᠠᠷ ᠲᠥᠯᠥᠪᠯᠡᠵᠦ ᠪᠠᠶᠢᠭ᠎ᠠ ᠭᠤᠣᠯ ᠠᠷᠭ᠎ᠠ ᠬᠡᠮᠵᠢᠶ᠎ᠡ︔ | ︵ᠭᠤᠷᠪᠠ︶ ᠪᠠᠶᠢᠴᠠᠭᠠᠨ ᠰᠤᠳᠤᠯᠵᠤ ᠨᠤᠲᠠᠯᠠᠭᠰᠠᠨ ᠦᠨᠳᠦᠰᠦᠨ ᠪᠠᠶᠢᠳᠠᠯ︔ | ︵ᠲᠥᠷᠪᠡ︶ ᠲᠣᠭᠲᠠᠭᠠᠬᠤ ᠦᠨᠳᠦᠰᠦᠯᠡᠯ ᠪᠣᠯᠤᠨ ᠬᠠᠮᠢᠶ᠎ᠠ ᠪᠥᠬᠦᠢ ᠯᠠᠪᠯᠠᠯᠲᠠ ᠶᠢᠨ ᠮᠠᠲ᠋ᠧᠷᠢᠶᠠᠯ᠃ | ᠠᠷᠪᠠᠨ ᠳᠥᠷᠪᠡᠳᠦᠭᠡᠷ ᠵᠦᠢᠯ ᠬᠠᠤᠯᠢ ᠲᠣᠭᠲᠠᠭᠠᠬᠤ ᠰᠠᠨᠠᠭᠤᠯᠭ᠎ᠠ ᠶᠢᠨ ᠲᠥᠰᠥᠯ ᠳᠤ ᠳᠣᠣᠷᠠᠬᠢ | ᠪᠠᠶᠢᠳᠠᠯ ᠤᠨ ᠨᠢᠭᠡ ᠨᠢ ᠪᠠᠶᠢᠪᠠᠯ ᠲᠥᠰᠥᠯ ᠳᠤ ᠣᠷᠣᠭᠤᠯᠬᠤ ᠦᠭᠡᠢ᠄ | ︵ᠨᠢᠭᠡ︶ ᠬᠠᠤᠯᠢ ᠲᠣᠭᠲᠠᠭᠠᠬᠤ ᠡᠷᠬᠡ ᠶᠢᠨ ᠬᠡᠪᠴᠢᠶᠡᠨ ᠠᠴᠠ ᠳᠠᠪᠠᠭᠰᠠᠨ︔ | ︵ᠬᠤᠶᠠᠷ︶ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠳᠦᠷᠢᠮ ᠲᠠᠢ ᠬᠠᠷᠰᠢᠯᠳᠤᠬᠤ ᠪᠤᠶᠤ ᠤᠯᠤᠰ ᠤᠨ | ᠬᠠᠮᠢᠶ᠎ᠠ ᠪᠦᠬᠦᠢ ᠴᠢᠭᠯᠡᠯᠲᠡ ᠲᠦᠷᠦ ᠶᠢᠨ ᠪᠤᠳᠤᠯᠭ᠎ᠠ ᠳᠤ ᠨᠡᠶᠢᠴᠡᠬᠦ ᠦᠭᠡᠢ︔ | ︵ᠭᠤᠷᠪᠠ︶ ᠳᠡᠭᠡᠳᠦ ᠪᠠᠶᠢᠷᠢ ᠶᠢᠨ ᠬᠠᠤᠯᠢ ᠶᠢᠨ ᠵᠦᠢᠯ ᠵᠤᠷᠪᠤᠰ ᠢ ᠶᠡᠭᠡ ᠬᠡᠮᠵᠢᠶ᠎ᠡ ᠪᠠᠷ ᠳᠠᠪᠲᠠᠭᠰᠠᠨ ᠪᠤᠶᠤ | ᠳᠡᠭᠡᠳᠦ ᠪᠠᠶᠢᠷᠢ ᠶᠢᠨ ᠬᠠᠤᠯᠢ ᠶᠢ ᠶᠠᠭ ᠲᠣᠭᠲᠠᠭᠠᠵᠤ ᠪᠠᠶᠢᠬᠤ︔ | ︵ᠲᠦᠷᠪᠡ︶ ᠬᠠᠤᠯᠢ ᠲᠣᠭᠲᠠᠭᠠᠬᠤ ᠵᠣᠷᠢᠯᠭ᠎ᠠ ᠨᠢ ᠲᠣᠳᠣᠷᠬᠠᠶ ᠦᠭᠡᠢ ᠪᠤᠶᠤ ᠬᠠᠤᠯᠢ ᠲᠣᠭᠲᠠᠭᠠᠬᠤ | ᠴᠢᠬᠤᠯᠠ ᠴᠢᠨᠠᠷ ᠨᠢ ᠭᠦᠢᠴᠡᠳ ᠦᠭᠡᠢ︔ | ︵ᠲᠠᠪᠤ︶ ᠮᠥᠨ ᠴᠢᠨᠠᠷ ᠤᠨ ᠠᠭᠤᠯᠭ᠎ᠠ ᠤᠢᠭᠡᠢ ᠪᠤᠶᠤ ᠪᠠᠶᠢᠴᠠᠭᠠᠨ ᠰᠤᠳᠤᠯᠤᠯᠲᠠ ᠨᠢ ᠭᠦᠢᠴᠡᠳ ᠤᠢᠭᠡᠢ︔ | | ︵ᠵᠢᠷᠭᠤᠭ᠎ᠠ︶ ᠰᠢᠢᠳᠪᠦᠷᠢᠯᠡᠬᠦ ᠭᠡᠰᠡᠨ ᠭᠤᠣᠯ ᠠᠰᠠᠭᠤᠳᠠᠯ ᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ | ᠲᠣᠭᠲᠠᠭᠠᠬᠤ ᠪᠤᠶᠤ ᠪᠤᠰᠤᠳ ᠲᠥᠷᠥ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠪᠠᠷ ᠳᠠᠮᠵᠢᠭᠤᠯᠤᠨ ᠲᠣᠬᠢᠷᠠᠭᠤᠯᠤᠯᠲᠠ | ᠬᠢᠵᠦ᠂ ᠲᠤᠰᠬᠠᠶ ᠲᠥᠷᠥᠯ ᠤᠨ ᠬᠠᠤᠯᠢ ᠲᠣᠭᠲᠠᠭᠠᠬᠤ ᠴᠢᠬᠤᠯᠠ ᠥᠭᠡᠢ︔ | ︵ᠳᠣᠯᠤᠭ᠎ᠠ︶ ᠲᠣᠰ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠣᠳᠠᠲᠤ ᠪᠠᠶᠢᠳᠠᠯ ᠪᠠ | ᠬᠡᠷᠡᠭᠴᠡᠭᠡ ᠳᠤ ᠨᠡᠶᠢᠴᠡᠬᠦ ᠥᠬᠡᠶ︔ | ︵ᠨᠠᠢᠮᠠ︶ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠪᠤᠶᠤ ᠵᠠᠰᠠᠭ ᠤᠨ ᠣᠷᠳᠣᠨ ᠤ ᠲᠦᠷᠢᠮ | ᠲᠣᠭᠲᠠᠭᠠᠯ ᠢ ᠲᠣᠭᠲᠠᠭᠠᠬᠤ ᠨᠥᠬᠦᠴᠡᠯ ᠬᠠᠷᠠᠬᠠᠨ ᠪᠦᠷᠢᠳᠦᠭᠡᠳᠦᠢ︔ | ︵ᠶᠢᠰᠦ︶ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠪᠤᠶᠤ ᠵᠠᠰᠠᠭ ᠤᠨ ᠣᠷᠳᠣᠨ ᠤ ᠲᠦᠷᠢᠮ | ᠲᠣᠭᠲᠠᠭᠠᠯ ᠢ ᠲᠣᠭᠲᠠᠭᠠᠬᠤ ᠪᠠᠷ ᠳᠠᠮᠵᠢᠭᠤᠯᠤᠨ ᠰᠢᠢᠳᠪᠦᠷᠢᠯᠡᠬᠦ ᠴᠢᠬᠤᠯᠠ ᠦᠭᠡᠢ ᠪᠤᠰᠤᠳ ᠪᠠᠶᠢᠳᠠᠯ᠃ | ᠠᠷᠪᠠᠨ ᠲᠠᠪᠤᠳᠤᠭᠠᠷ ᠵᠦᠢᠯ ᠣᠷᠣᠨ ᠨᠤᠲᠤᠭ ᠤᠨ ᠴᠢᠨᠠᠷᠲᠠᠢ ᠬᠠᠤᠯᠢ ᠳᠥᠷᠢᠮ ᠤᠨ ᠬᠠᠤᠯᠢ ᠲᠣᠭᠲᠠᠭᠠᠬᠤ | ᠣᠨ ᠤ ᠲᠥᠯᠥᠪᠯᠡᠭᠡ ᠶᠢᠨ ᠰᠠᠨᠠᠭᠤᠯᠭ᠎ᠠ ᠶᠢ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠠᠴᠠ ᠲᠤᠭᠤᠷᠪᠢᠨ ᠲᠣᠭᠲᠠᠭᠠᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ | ᠲᠣᠭᠲᠠᠭᠠᠯᠭᠠᠭᠰᠠᠨ ᠤ ᠳᠠᠷᠠᠭ᠎ᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠳᠤ ᠮᠡᠳᠡᠭᠦᠯᠦᠨ᠎ᠡ᠃ | ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠵᠠᠰᠠᠭ ᠤᠨ ᠣᠷᠳᠣᠨ ᠤ ᠳᠦᠷᠢᠮ | ᠲᠣᠭᠲᠠᠭᠠᠯ ᠤᠨ ᠬᠠᠤᠯᠢ ᠲᠣᠭᠲᠠᠭᠠᠬᠤ ᠣᠨ ᠤ ᠲᠥᠯᠥᠪᠯᠡᠭᠡ ᠶᠢ ᠲᠣᠭᠲᠠᠭᠠᠵᠤ᠂ ᠬᠤᠲᠠ ᠶᠢᠨ ᠠᠷᠠᠳ ᠤᠨ | ᠵᠠᠰᠠᠭ ᠤᠨ ᠣᠷᠳᠣᠨ ᠠᠴᠠ ᠬᠤᠲᠠ ᠶᠢᠨ ᠨᠠᠮ ᠤᠨ ᠬᠤᠷᠢᠶᠠᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ | ᠨᠡᠶᠢᠭᠡᠮ ᠳᠤ ᠨᠡᠶᠢᠲᠡᠯᠡᠨ᠎ᠡ᠃ | ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠪᠠ ᠵᠠᠰᠠᠭ ᠤᠨ ᠣᠷᠳᠣᠨ ᠤ ᠲᠦᠷᠢᠮ ᠲᠣᠭᠲᠠᠭᠠᠯ ᠤᠨ | ᠣᠨ ᠤ ᠬᠠᠤᠯᠢ ᠲᠣᠭᠲᠠᠭᠠᠬᠤ ᠲᠥᠯᠥᠪᠯᠡᠭᠡ ᠶᠢ ᠬᠡᠷᠡᠭᠵᠢᠭᠦᠯᠬᠦ ᠶᠠᠪᠤᠴᠠ ᠳᠤ᠂ ᠬᠤᠲᠠ ᠶᠢᠨ ᠬᠠᠤᠯᠢ ᠴᠠᠭᠠᠵᠠ ᠶᠢᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠳᠠᠲᠠᠶ ᠪᠠᠶᠢᠳᠠᠯ ᠢᠶᠠᠨ ᠦᠨᠳᠦᠰᠦᠯᠡᠨ᠂ ᠬᠠᠤᠯᠢ ᠲᠣᠭᠲᠠᠭᠠᠬᠤ ᠣᠨ ᠤ | ᠲᠥᠯᠥᠪᠯᠡᠭᠡ ᠳᠤ ᠲᠣᠬᠢᠷᠠᠭᠤᠯᠤᠯᠲᠠ ᠬᠢᠬᠦ ᠰᠠᠨᠠᠭᠤᠯᠭ᠎ᠠ ᠳᠤᠷᠠᠳᠴᠤ ᠪᠣᠯᠤᠨ᠎ᠠ᠃ ᠣᠷᠣᠨ ᠨᠤᠲᠤᠭ ᠤᠨ ᠴᠢᠨᠠᠷᠲᠠᠶ | ᠬᠠᠤᠯᠢ ᠳᠦᠷᠢᠮ ᠤᠨ ᠬᠠᠤᠯᠢ ᠲᠣᠭᠲᠠᠭᠠᠬᠤ ᠲᠥᠯᠥᠪᠯᠡᠭᠡ ᠶᠢᠨ ᠲᠣᠬᠢᠷᠠᠭᠤᠯᠤᠯᠲᠠ ᠶᠢ ᠬᠤᠲᠠ ᠶᠢᠨ ᠠᠷᠠᠳ ᠤᠨ | ᠵᠠᠰᠠᠭ ᠤᠨ ᠣᠷᠳᠣᠨ ᠢᠶᠠᠷ ᠬᠢᠨᠠᠨ ᠲᠣᠭᠲᠠᠭᠠᠯᠭᠠᠭᠰᠠᠨ ᠤ ᠳᠠᠷᠠᠭ᠎ᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠮᠡᠳᠡᠭᠦᠯᠦᠨ᠎ᠡ︔ ᠵᠠᠰᠠᠭ ᠤᠨ ᠣᠷᠳᠣᠨ ᠤ ᠲᠦᠷᠢᠮ ᠲᠣᠭᠲᠠᠭᠠᠯ ᠤᠨ | ᠬᠠᠤᠯᠢ ᠲᠣᠭᠲᠠᠭᠠᠬᠤ ᠣᠨ ᠤ ᠲᠥᠯᠥᠪᠯᠡᠭᠡ ᠶᠢᠨ ᠲᠣᠬᠢᠷᠠᠭᠤᠯᠤᠯᠲᠠ ᠶᠢ ᠬᠤᠲᠠ ᠶᠢᠨ ᠠᠷᠠᠳ ᠤᠨ ᠵᠠᠰᠠᠭ ᠤᠨ | ᠣᠷᠳᠣᠨ ᠠᠴᠠ ᠬᠤᠲᠠ ᠶᠢᠨ ᠨᠠᠮ ᠤᠨ ᠬᠤᠷᠢᠶᠠᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠨᠡᠶᠢᠭᠡᠮ ᠳᠤ | ᠨᠡᠶᠢᠲᠡᠯᠡᠨ᠎ᠡ᠃ | ᠭᠤᠷᠪᠠᠳᠤᠭᠠᠷ ᠪᠦᠯᠦᠭ ᠲᠤᠭᠤᠷᠪᠢᠬᠤ | ᠠᠷᠪᠠᠨ ᠵᠢᠷᠭᠤᠳᠤᠭᠠᠷ ᠵᠦᠢᠯ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠤᠨ ᠲᠥᠰᠦᠯ ᠪᠠ | ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠵᠠᠷᠴᠢᠮ ᠳᠡᠭᠡᠷ᠎ᠡ ᠪᠠᠨ ᠬᠠᠤᠯᠢ ᠲᠣᠭᠲᠠᠭᠠᠬᠤ ᠰᠠᠨᠠᠭᠤᠯᠭ᠎ᠠ ᠶᠢᠨ | ᠲᠥᠰᠥᠯ ᠢ ᠳᠤᠷᠠᠳᠤᠭᠰᠠᠨ ᠨᠢᠭᠡᠴᠡ ᠠᠴᠠ ᠬᠠᠷᠢᠭᠤᠴᠠᠨ ᠲᠤᠭᠤᠷᠪᠢᠨ᠎ᠠ᠃ | ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠤᠨ ᠡᠭᠡ ᠨᠤᠤᠷᠠᠬ ᠪᠣᠯᠤᠨ ᠵᠠᠰᠠᠭ ᠤᠨ ᠣᠷᠳᠣᠨ ᠤ | ᠲᠦᠷᠢᠮ ᠲᠣᠭᠲᠠᠭᠠᠯ ᠨᠢ ᠬᠤᠶᠠᠷ ᠠᠴᠠ ᠳᠡᠭᠡᠭᠰᠢ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠲᠠᠢ | ᠬᠤᠯᠪᠣᠭᠳᠠᠬᠤ ᠪᠤᠶᠤ ᠠᠭᠤᠯᠭ᠎ᠠ ᠨᠢ ᠴᠢᠬᠤᠯᠠ ᠶᠡᠭᠡ᠂ ᠪᠤᠳᠤᠯᠢᠶᠠᠨᠲᠠᠶ ᠪᠣᠯ᠂ ᠲᠤᠭᠤᠷᠪᠢᠨ ᠪᠢᠴᠢᠬᠦ ᠨᠢᠭᠡᠴᠡ ᠶᠢ | ᠬᠤᠯᠪᠤᠭᠳᠠᠯ ᠪᠦᠬᠦᠢ ᠨᠢᠭᠡᠴᠡ ᠬᠠᠮᠲᠤᠪᠠᠷ ᠵᠥᠪᠳᠡᠯᠴᠡᠨ ᠲᠣᠭᠲᠠᠭᠠᠬᠤ ᠪᠤᠶᠤ ᠬᠤᠳᠠ ᠶᠢᠨ ᠠᠷᠠᠳ ᠤᠨ ᠵᠠᠰᠠᠭ ᠤᠨ | ᠣᠷᠳᠣᠨ ᠠᠴᠠ ᠲᠤᠭᠤᠷᠪᠢᠨ ᠪᠢᠴᠢᠬᠦ ᠨᠢᠭᠡᠴᠡ ᠶᠢ ᠲᠣᠭᠲᠠᠭᠠᠵᠤ ᠪᠣᠯᠤᠨ᠎ᠠ᠃ | ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠲᠥᠰᠥᠯ ᠳᠤ ᠣᠷᠣᠭᠤᠯᠬᠤ ᠪᠠᠷ | ᠭᠤᠶᠤᠴᠢᠯᠠᠪᠠᠯ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠤᠨ | ᠲᠤᠭᠤᠷᠪᠢᠨ᠎ᠠ᠃ | ᠲᠤᠰᠬᠠᠶ ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ ᠣᠷᠣᠨ ᠨᠤᠲᠤᠭ ᠤᠨ ᠴᠢᠨᠠᠷᠲᠠᠶ ᠬᠠᠤᠯᠢ | ᠳᠦᠷᠢᠮ ᠤᠨ ᠡᠭᠡ ᠨᠤᠤᠷᠠᠭ ᠪᠠ ᠵᠠᠰᠠᠭ ᠤᠨ ᠣᠷᠳᠣᠨ ᠤ ᠲᠦᠷᠢᠮ ᠲᠣᠭᠲᠠᠭᠠᠯ ᠢ ᠲᠤᠭᠤᠷᠪᠢᠨ ᠪᠢᠴᠢᠬᠦ ᠳᠤ | ᠬᠤᠯᠪᠣᠭᠳᠠᠯ ᠪᠦᠬᠦᠢ ᠬᠦᠷᠢᠶᠡᠨ ᠤ ᠲᠤᠰᠬᠠᠶ ᠮᠡᠷᠭᠡᠵᠢᠯᠲᠡᠨ ᠢ ᠲᠤᠭᠤᠷᠪᠢᠨ ᠪᠢᠴᠢᠬᠦ ᠠᠵᠢᠯ ᠳᠤ ᠣᠷᠣᠯᠴᠠᠭᠤᠯᠵᠤ | ᠪᠣᠯᠤᠨ᠎ᠠ᠂ ᠡᠰᠡᠬᠦᠯ᠎ᠡ ᠬᠠᠮᠢᠶ᠎ᠠ ᠪᠦᠬᠦᠢ ᠲᠤᠰᠬᠠᠶ ᠮᠡᠷᠭᠡᠵᠢᠯᠲᠡᠨ᠂ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ | ᠰᠤᠳᠤᠯᠭᠠᠨ ᠤ ᠨᠢᠭᠡᠴᠡ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠨᠠᠶᠢᠳᠠᠵᠤ ᠲᠤᠭᠤᠷᠪᠢᠨ ᠪᠢᠴᠢᠭᠦᠯᠵᠦ | ᠪᠣᠯᠤᠨ᠎ᠠ᠃ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠵᠠᠰᠠᠭ ᠤᠨ ᠣᠷᠳᠣᠨ ᠤ ᠴᠢᠬᠤᠯᠠ ᠳᠦᠷᠢᠮ ᠲᠣᠭᠲᠠᠭᠠᠯ ᠢ | ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠦᠷᠦᠭᠦᠯᠡᠨ ᠵᠣᠬᠢᠶᠠᠨ ᠪᠠᠶᠢᠭᠤᠯᠵᠤ | ᠲᠤᠭᠤᠷᠪᠢᠵᠤ ᠪᠣᠯᠤᠨ᠎ᠠ᠃ | ᠠᠷᠪᠠᠨ ᠳᠣᠯᠣᠳᠤᠭᠠᠷ ᠵᠦᠢᠯ ᠣᠷᠣᠨ ᠨᠤᠲᠤᠭ ᠤᠨ ᠴᠢᠨᠠᠷᠲᠠᠢ ᠬᠠᠤᠯᠢ ᠳᠦᠷᠢᠮ ᠤᠨ ᠲᠥᠰᠦᠯ ᠪᠠ | ᠵᠠᠰᠠᠭ ᠤᠨ ᠣᠷᠳᠣᠨ ᠤ ᠲᠦᠷᠢᠮ ᠲᠣᠭᠲᠠᠭᠠᠯ ᠢ ᠲᠤᠭᠤᠷᠪᠢᠬᠤ ᠳᠤ ᠳᠣᠣᠷ᠎ᠠ ᠵᠢᠭᠰᠠᠭᠠᠭᠰᠠᠨ ᠱᠠᠭᠠᠷᠳᠠᠯᠭ᠎ᠠ ᠶᠣᠰᠣᠭᠠᠷ | ᠥᠷᠭᠡᠨ ᠢᠶᠠᠷ ᠰᠠᠨᠠᠯ ᠬᠤᠷᠢᠶᠠᠬᠤ ᠬᠡᠷᠡᠭᠲᠡᠢ᠄ | ︵ᠨᠢᠭᠡ︶ ᠪᠢᠴᠢᠭ ᠢᠶᠠᠷ ᠰᠠᠨᠠᠯ ᠬᠤᠷᠢᠶᠠᠬᠤ᠂ ᠰᠠᠨᠠᠯ ᠬᠤᠷᠢᠶᠠᠬᠤ ᠬᠤᠷᠠᠯ ᠬᠤᠷᠠᠯᠳᠤᠭᠤᠯᠬᠤ ᠵᠡᠷᠭᠡ | ᠬᠡᠯᠪᠡᠷᠢ ᠪᠠᠷ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ | ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠬᠡᠷᠡᠭᠲᠡᠶ︔ | ︵ᠬᠤᠶᠠᠷ︶ ᠬᠠᠤᠯᠢ ᠶᠣᠰᠣᠭᠠᠷ ᠨᠢᠭᠤᠴᠠ ᠶᠢ ᠬᠠᠮᠠᠭᠠᠯᠠᠬᠤ ᠴᠢᠬᠤᠯᠠᠲᠠᠶ ᠠᠴᠠ ᠭᠠᠳᠠᠨ᠎ᠠ᠂ ᠬᠤᠲᠠ ᠶᠢᠨ | ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠠᠯᠪᠠᠨ ᠰᠦᠯᠵᠢᠶ᠎ᠡ᠂ ᠰᠣᠨᠢᠨ ᠰᠡᠳᠬᠦᠯ ᠵᠡᠷᠭᠡ | ᠠᠷᠭ᠎ᠠ ᠵᠠᠮ ᠢᠶᠠᠷ ᠳᠠᠮᠵᠢᠭᠤᠯᠤᠨ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠤᠨ ᠲᠥᠰᠦᠯ ᠪᠠ ᠵᠠᠰᠠᠭ ᠤᠨ | ᠣᠷᠳᠣᠨ ᠤ ᠲᠦᠷᠢᠮ ᠲᠣᠭᠲᠠᠭᠠᠯ ᠤᠨ ᠰᠠᠨᠠᠯ ᠬᠤᠷᠢᠶᠠᠬᠤ ᠨᠣᠤᠷᠠᠭ ᠵᠢᠴᠢ ᠲᠣᠳᠣᠷᠬᠠᠶᠢᠯᠠᠯᠲᠠ ᠶᠢ ᠨᠡᠶᠢᠭᠡᠮ | ᠨᠡᠶᠢᠲᠡ ᠳᠤ ᠨᠡᠶᠢᠲᠡᠯᠡᠵᠦ᠂ ᠰᠠᠨᠠᠯ ᠬᠤᠷᠢᠶᠠᠬᠤ ᠬᠤᠭᠤᠴᠠᠭ᠎ᠠ ᠶᠢ ᠡᠩ ᠤᠨ ᠪᠠᠶᠢᠳᠠᠯ ᠳᠤ ᠭᠤᠴᠢᠨ ᠡᠳᠦᠷ ᠠᠴᠠ | ᠳᠣᠷᠣᠭᠰᠢ ᠪᠠᠶᠢᠯᠭᠠᠵᠤ ᠪᠣᠯᠬᠤ ᠥᠬᠡᠶ︔ | ︵ᠭᠤᠷᠪᠠ︶ ᠠᠵᠤ ᠠᠬᠤᠶᠢᠯᠠᠯ ᠤᠨ ᠬᠤᠪᠢ ᠪᠡᠶ᠎ᠡ ᠶᠢᠨ ᠠᠰᠢᠭ ᠲᠤᠰᠠ ᠳᠤ ᠴᠢᠬᠤᠯᠠ ᠶᠡᠭᠡ ᠨᠥᠯᠥᠭᠡ ᠲᠠᠢ | ᠪᠣᠯ᠂ ᠠᠵᠤ ᠠᠬᠤᠶᠢᠯᠠᠯ ᠤᠨ ᠲᠥᠯᠥᠭᠡᠯᠡᠭᠴᠢ ᠪᠠ ᠬᠠᠮᠢᠶ᠎ᠠ ᠪᠦᠬᠦᠢ ᠠᠵᠢᠯ ᠲᠦᠷᠦᠯ ᠤᠨ ᠨᠡᠶᠢᠭᠡᠮᠯᠢᠭ᠂ | ᠬᠤᠳᠠᠯᠳᠤᠭᠠᠴᠢᠳ ᠤᠨ ᠡᠪᠯᠡᠯ ᠤᠨ ᠰᠠᠨᠠᠯ ᠢ ᠭᠦᠢᠴᠡᠳ ᠰᠣᠨᠣᠰᠬᠤ ᠬᠡᠷᠡᠭᠲᠡᠶ︔ | ︵ᠳᠥᠷᠪᠡ︶ ᠨᠡᠶᠢᠭᠡᠮ ᠤᠨ ᠣᠯᠠᠨ ᠨᠡᠶᠢᠲᠡ ᠶᠢᠨ ᠨᠡᠶᠢᠳᠡᠮ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ | ᠬᠦᠴᠢᠷ ᠠᠰᠠᠭᠤᠳᠠᠯ ᠪᠠ ᠠᠵᠤ ᠠᠬᠤᠶ ᠨᠡᠶᠢᠭᠡᠮ ᠤᠨ ᠬᠥᠭᠵᠢᠯᠲᠡ ᠳᠤ ᠲᠤᠯᠭᠠᠷᠠᠭᠰᠠᠨ ᠲᠣᠪᠤᠶᠢᠮ᠎ᠠ ᠵᠥᠷᠢᠴᠡᠯ ᠳᠤ | ᠬᠤᠯᠪᠣᠭᠳᠠᠨ᠂ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠡᠷᠬᠡ | ᠠᠰᠢᠭ ᠢ ᠬᠠᠰᠤᠵᠤ ᠬᠤᠬᠢᠷᠠᠭᠤᠯᠬᠤ ᠪᠤᠶᠤ ᠲᠡᠭᠦᠨ ᠤ ᠡᠭᠦᠷᠭᠡ ᠶᠢ ᠨᠡᠮᠡᠭᠳᠡᠭᠦᠯᠵᠦ᠂ ᠨᠡᠶᠢᠭᠡᠮ ᠨᠡᠶᠢᠲᠡ ᠳᠤ ᠴᠢᠬᠤᠯᠠ | ᠨᠥᠯᠥᠭᠡ ᠲᠠᠢ ᠵᠡᠷᠭᠡ ᠴᠢᠬᠤᠯᠠ ᠶᠡᠭᠡ ᠠᠰᠢᠭ ᠲᠤᠰᠠ ᠶᠢᠨ ᠲᠣᠬᠢᠷᠠᠭᠤᠯᠤᠯᠲᠠ ᠶᠢᠨ ᠵᠦᠢᠯᠡᠰ ᠲᠤ᠂ ᠲᠤᠭᠤᠷᠪᠢᠨ | ᠪᠢᠴᠢᠬᠦ ᠨᠢᠭᠡᠴᠡ ᠠᠴᠠ ᠬᠠᠮᠢᠶ᠎ᠠ ᠪᠥᠬᠦᠶ ᠰᠠᠯᠠᠭ᠎ᠠ ᠮᠥᠴᠢᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠲᠤᠰᠬᠠᠶ ᠮᠡᠷᠭᠡᠵᠢᠯᠲᠡᠨ ᠡᠷᠳᠡᠮᠲᠡᠨ᠂ ᠠᠷᠠᠳ ᠤᠨ | ᠪᠦᠯᠬᠦᠮ᠂ ᠦᠨᠳᠦᠰᠦᠨ ᠱᠠᠲᠤᠨ ᠤ ᠲᠥᠯᠥᠭᠡᠯᠡᠭᠴᠢ ᠵᠡᠷᠭᠡ ᠶᠢ ᠵᠣᠬᠢᠶᠠᠨ ᠪᠠᠶᠢᠭᠤᠯᠤᠨ ᠶᠠᠷᠢᠯᠴᠠᠬᠤ ᠪᠤᠶᠤ ᠠᠰᠠᠭᠤᠨ | ᠯᠠᠪᠯᠠᠵᠤ ᠨᠤᠲᠠᠯᠠᠯᠲᠠ ᠬᠢᠯᠭᠡᠬᠦ ᠬᠡᠷᠡᠭᠲᠡᠶ᠂ ᠪᠠᠰᠠ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ ᠤ | ᠨᠢᠭᠡᠴᠡ᠂ ᠠᠵᠢᠯ ᠲᠥᠷᠥᠯ ᠤᠨ ᠨᠡᠶᠢᠭᠡᠮᠯᠢᠭ ᠵᠡᠷᠭᠡ ᠳᠤ ᠨᠠᠶᠢᠳᠠᠵᠤ ᠬᠠᠤᠯᠢ ᠲᠣᠭᠲᠠᠭᠠᠬᠤ ᠨᠤᠲᠠᠯᠠᠯᠲᠠ ᠬᠢᠯᠭᠡᠭᠰᠡᠨ | ᠴᠦ ᠪᠣᠯᠤᠨ᠎ᠠ︔ | ︵ᠲᠠᠪᠤ︶ ᠴᠢᠬᠤᠯᠠ ᠶᠡᠭᠡ ᠠᠰᠢᠭ ᠲᠤᠰᠠ ᠶᠢᠨ ᠲᠤᠬᠢᠷᠠᠭᠤᠯᠤᠯᠳᠠ ᠳᠤ ᠬᠤᠯᠪᠣᠭᠳᠠᠬᠤ ᠪᠤᠶᠤ ᠬᠦᠨᠳᠦ ᠶᠡᠭᠡ | ᠰᠠᠨᠠᠯ ᠤᠨ ᠵᠥᠷᠢᠯᠳᠦᠭᠡᠨ ᠲᠠᠢ᠂ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ | ᠪᠠᠶᠢᠭᠤᠯᠤᠯᠲᠠ ᠶᠢᠨ ᠡᠷᠬᠡ ᠡᠭᠦᠷᠭᠡ ᠬᠠᠷᠢᠭᠤᠴᠠᠯᠭ᠎ᠠ ᠳᠤ ᠨᠡᠯᠢᠶᠡᠳ ᠶᠡᠭᠡ ᠨᠥᠯᠥᠭᠡ ᠲᠠᠢ ᠪᠠᠶᠢᠵᠤ᠂ ᠠᠷᠠᠳ ᠤᠯᠠᠨ | ᠨᠡᠶᠢᠳᠡᠮ ᠠᠩᠬᠠᠷᠴᠤ᠂ ᠰᠠᠨᠠᠯ ᠰᠣᠨᠣᠰᠬᠤ ᠴᠢᠬᠤᠯᠠ ᠲᠠᠢ ᠪᠣᠯ ᠲᠤᠭᠤᠷᠪᠢᠨ ᠪᠢᠴᠢᠬᠦ ᠨᠢᠭᠡᠴᠡ ᠨᠢ ᠰᠠᠨᠠᠯ ᠰᠣᠨᠣᠰᠬᠤ | ᠬᠤᠷᠠᠯ ᠬᠤᠷᠠᠯᠳᠤᠭᠤᠯᠵᠤ ᠰᠠᠨᠠᠯ ᠰᠣᠨᠣᠰᠬᠤ ᠬᠡᠷᠡᠭᠲᠡᠶ︔ | ︵ᠵᠢᠷᠭᠤᠭ᠎ᠠ︶ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ᠂ ᠠᠵᠤ ᠦᠢᠯᠡᠰ ᠤᠨ ᠬᠥᠭᠵᠢᠯᠲᠡ᠂ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ | ᠵᠠᠰᠠᠭ ᠤᠨ ᠣᠷᠳᠣᠨ ᠤ ᠬᠤᠳᠠᠯᠳᠤᠨ ᠠᠪᠬᠤ᠂ ᠡᠵᠡᠩᠨᠡᠯᠲᠡ ᠶᠢᠨ ᠦᠢᠯᠡ ᠠᠵᠢᠯᠯᠠᠭ᠎ᠠ ᠶᠢᠨ ᠵᠢᠷᠤᠮᠵᠢᠯ᠂ ᠬᠢᠷᠢ | ᠬᠡᠮ ᠤᠨ ᠪᠠᠷᠢᠮᠵᠢᠶ᠎ᠠ ᠵᠡᠷᠭᠡ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠵᠤ ᠠᠬᠤᠶ ᠶᠢᠨ ᠠᠵᠢᠯᠯᠠᠭ᠎ᠠ ᠳᠤ | ᠬᠤᠯᠪᠣᠭᠳᠠᠪᠠᠯ᠂ ᠲᠤᠭᠤᠷᠪᠢᠨ ᠪᠢᠴᠢᠬᠦ ᠨᠢᠭᠡᠴᠡ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ | ᠲᠣᠭᠲᠠᠭᠠᠯ ᠶᠣᠰᠣᠭᠠᠷ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠬᠢᠵᠦ᠂ ᠵᠠᠬ᠎ᠠ ᠳᠡᠯᠭᠡᠭᠦᠷ ᠤᠨ ᠭᠤᠤᠯ | ᠴᠣᠭᠴᠠ ᠶᠢᠨ ᠲᠥᠯᠥᠭᠡᠯᠡᠭᠴᠢ ᠶᠢᠨ ᠰᠠᠨᠠᠯ ᠢ ᠰᠣᠨᠣᠰᠬᠤ ᠬᠡᠷᠡᠭᠲᠡᠶ᠃ | ᠲᠤᠭᠤᠷᠪᠢᠨ ᠪᠢᠴᠢᠬᠦ ᠨᠢᠭᠡᠴᠡ ᠠᠴᠠ ᠬᠠᠤᠯᠢ ᠲᠣᠭᠲᠠᠭᠠᠬᠤ ᠰᠠᠨᠠᠯ ᠪᠤᠶᠤ ᠰᠠᠨᠠᠭᠤᠯᠭ᠎ᠠ ᠶᠢ ᠭᠥᠯᠢᠶᠡᠨ | ᠠᠪᠤᠭᠰᠠᠨ ᠪᠠᠶᠢᠳᠠᠯ ᠢᠶᠠᠨ ᠵᠣᠬᠢᠰᠲᠠᠶ ᠠᠷᠭ᠎ᠠ ᠮᠠᠶ᠋ᠢᠭ ᠢᠶᠠᠷ ᠨᠡᠶᠢᠲᠡᠯᠡᠬᠦ ᠶᠢᠨ ᠬᠠᠮᠲᠤ ᠭᠥᠯᠢᠶᠡᠨ ᠠᠪᠤᠭᠰᠠᠨ ᠦᠭᠡᠢ | ᠤᠴᠢᠷ ᠰᠢᠯᠲᠠᠭᠠᠨ ᠢᠶᠠᠨ ᠬᠠᠷᠢᠭᠤ ᠲᠤᠰᠬᠠᠬᠤ ᠬᠡᠷᠡᠭᠲᠡᠶ᠃ | ᠠᠷᠪᠠᠨ ᠨᠠᠢᠮᠠᠳᠤᠭᠠᠷ ᠵᠦᠢᠯ ᠲᠤᠭᠤᠷᠪᠢᠨ ᠪᠢᠴᠢᠬᠦ ᠨᠢᠭᠡᠴᠡ ᠰᠠᠨᠠᠯ ᠰᠣᠨᠣᠰᠬᠤ ᠬᠤᠷᠠᠯ ᠬᠢᠬᠦ ᠴᠢᠬᠤᠯᠠ ᠲᠠᠢ | ᠪᠣᠯ ᠰᠠᠨᠠᠯ ᠰᠣᠨᠣᠰᠬᠤ ᠬᠤᠷᠠᠯ ᠢ ᠳᠣᠣᠷᠠᠬᠢ ᠲᠡᠰ ᠳᠠᠷᠠᠭᠠᠯᠠᠯ ᠢᠶᠠᠷ ᠵᠣᠬᠢᠶᠠᠨ ᠪᠠᠶᠢᠭᠤᠯᠤᠨ᠎ᠠ᠄ | ︵ᠨᠢᠭᠡ︶ ᠰᠠᠨᠠᠯ ᠰᠣᠨᠣᠰᠬᠤ ᠬᠤᠷᠠᠯ ᠢ ᠢᠯᠡ ᠪᠠᠷ ᠬᠢᠵᠦ᠂ ᠲᠤᠭᠤᠷᠪᠢᠨ ᠪᠢᠴᠢᠬᠦ ᠨᠢᠭᠡᠴᠡ ᠨᠢ ᠰᠠᠨᠠᠯ | ᠰᠣᠨᠣᠰᠬᠤ ᠬᠤᠷᠠᠯ ᠬᠤᠷᠠᠯᠳᠤᠭᠤᠯᠬᠤ ᠠᠴᠠ ᠭᠤᠴᠢᠨ ᠡᠳᠦᠷ ᠤᠨ ᠡᠮᠦᠨ᠎ᠡ ᠰᠠᠨᠠᠯ ᠰᠣᠨᠣᠰᠬᠤ ᠬᠤᠷᠠᠯ ᠤᠨ ᠴᠠᠭ᠂ | ᠭᠠᠵᠠᠷ ᠪᠣᠯᠤᠨ ᠠᠭᠤᠯᠭ᠎ᠠ ᠶᠢ ᠨᠡᠶᠢᠲᠡᠯᠡᠬᠦ ᠬᠡᠷᠡᠭᠲᠡᠶ︔ | ︵ᠬᠤᠶᠠᠷ︶ ᠰᠠᠨᠠᠯ ᠰᠣᠨᠣᠰᠬᠤ ᠬᠤᠷᠠᠯ ᠳᠤ ᠣᠷᠣᠯᠴᠠᠭᠰᠠᠨ ᠬᠠᠮᠢᠶ᠎ᠠ ᠪᠦᠬᠦᠢ ᠪᠠᠶᠢᠭᠤᠯᠭ᠎ᠠ᠂ ᠵᠣᠬᠢᠶᠠᠨ | ᠪᠠᠶᠢᠭᠤᠯᠤᠯᠲᠠ ᠪᠠ ᠠᠷᠠᠳ ᠢᠷᠭᠡᠨ ᠲᠤᠭᠤᠷᠪᠢᠨ ᠪᠢᠴᠢᠭᠰᠡᠨ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠤᠨ | ᠲᠥᠰᠦᠯ ᠪᠤᠶᠤ ᠵᠠᠰᠠᠭ ᠤᠨ ᠣᠷᠳᠣᠨ ᠤ ᠲᠦᠷᠢᠮ ᠲᠣᠭᠲᠠᠭᠠᠯ ᠤᠨ ᠲᠤᠬᠠᠶ ᠠᠰᠠᠭᠤᠯᠲᠠ ᠳᠤᠷᠠᠳᠬᠤ ᠪᠠ | ᠰᠠᠨᠠᠯ ᠢᠶᠠᠨ ᠢᠯᠡᠳᠬᠡᠬᠦ ᠡᠷᠬᠡ ᠲᠠᠢ︔ | ︵ᠭᠤᠷᠪᠠ︶ ᠰᠠᠨᠠᠯ ᠰᠣᠨᠣᠰᠬᠤ ᠬᠤᠷᠠᠯ ᠠᠴᠠ ᠥᠭᠦᠯᠡᠭᠴᠢ ᠶᠢᠨ ᠭᠤᠣᠯ ᠦᠵᠡᠯᠲᠡ ᠪᠠ ᠤᠴᠢᠷ | ᠰᠢᠯᠲᠠᠭᠠᠨ ᠢ ᠦᠨᠡᠨ ᠮᠥᠨ ᠢᠶᠠᠷ ᠨᠢ ᠲᠡᠮᠳᠡᠭᠯᠡᠬᠦ ᠬᠡᠷᠡᠭᠲᠡᠶ︔ | ︵ᠲᠥᠷᠪᠡ︶ ᠲᠤᠭᠤᠷᠪᠢᠨ ᠪᠢᠴᠢᠬᠦ ᠨᠢᠭᠡᠴᠡ ᠠᠴᠠ ᠰᠠᠨᠠᠯ ᠰᠣᠨᠣᠰᠬᠤ ᠬᠤᠷᠠᠯ ᠳᠡᠭᠡᠷ᠎ᠡ ᠲᠤᠰᠬᠠᠭᠰᠠᠨ ᠡᠯ᠎ᠡ | ᠵᠦᠢᠯ ᠤᠨ ᠰᠠᠨᠠᠯ ᠢ ᠨᠠᠷᠢᠨ ᠬᠢᠨᠠᠮᠠᠭᠠᠶ ᠰᠤᠳᠤᠯᠵᠤ᠂ ᠲᠤᠭᠤᠷᠪᠢᠨ ᠪᠢᠴᠢᠭᠰᠡᠨ ᠣᠷᠣᠨ ᠨᠤᠲᠤᠭ ᠤᠨ ᠴᠢᠨᠠᠷᠲᠠᠶ ᠬᠠᠤᠯᠢ | ᠳᠦᠷᠢᠮ ᠤᠨ ᠲᠥᠰᠦᠯ ᠪᠤᠶᠤ ᠵᠠᠰᠠᠭ ᠤᠨ ᠣᠷᠳᠣᠨ ᠤ ᠲᠥᠷᠢᠮ ᠲᠣᠭᠲᠠᠭᠠᠯ ᠢ ᠬᠢᠨᠠᠨ ᠪᠠᠶᠢᠴᠠᠭᠠᠯᠭᠠᠬᠤ ᠪᠠᠷ | ᠮᠡᠳᠡᠭᠦᠯᠦᠨ ᠬᠦᠷᠭᠡᠬᠦ ᠳᠡᠭᠡᠨ ᠰᠠᠨᠠᠯ ᠰᠣᠨᠣᠰᠬᠤ ᠬᠤᠷᠠᠯ ᠤᠨ ᠰᠠᠨᠠᠯ ᠢ ᠰᠢᠢᠳᠪᠦᠷᠢᠯᠡᠭᠰᠡᠨ ᠪᠠᠶᠢᠳᠠᠯ ᠪᠣᠯᠣᠨ ᠤᠴᠢᠷ | ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠶ᠃ | ᠠᠷᠪᠠ ᠶᠢᠰᠦᠳᠦᠭᠡᠷ ᠵᠦᠢᠯ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠤᠨ ᠲᠥᠰᠦᠯ ᠪᠠ ᠵᠠᠰᠠᠭ ᠤᠨ | ᠣᠷᠳᠣᠨ ᠤ ᠳᠦᠷᠢᠮ ᠲᠣᠭᠲᠠᠭᠠᠯ ᠢ ᠲᠤᠭᠤᠷᠪᠢᠨ ᠪᠢᠴᠢᠬᠦ ᠳᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | ᠪᠤᠰᠤᠳ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠳᠤ ᠬᠤᠯᠪᠣᠭᠳᠠᠬᠤ ᠪᠤᠶᠤ ᠪᠤᠰᠤᠳ ᠰᠠᠯᠠᠭ᠎ᠠ | ᠮᠥᠴᠢᠷ ᠲᠠᠢ ᠨᠢᠭᠲᠠ ᠬᠠᠷᠢᠴᠠᠭ᠎ᠠ ᠲᠠᠢ ᠪᠣᠯ᠂ ᠲᠤᠭᠤᠷᠪᠢᠨ ᠪᠢᠴᠢᠬᠦ ᠨᠢᠭᠡᠴᠡ ᠠᠴᠠ ᠪᠤᠰᠤᠳ ᠰᠠᠯᠠᠭ᠎ᠠ ᠮᠥᠴᠢᠷ ᠤᠨ | ᠰᠠᠨᠠᠯ ᠢ ᠭᠦᠢᠴᠡᠳ ᠬᠤᠷᠢᠶᠠᠬᠤ ᠬᠡᠷᠡᠭᠲᠡᠶ᠃ ᠲᠤᠭᠤᠷᠪᠢᠨ ᠪᠢᠴᠢᠬᠦ ᠨᠢᠭᠡᠴᠡ ᠨᠢ ᠪᠤᠰᠤᠳ ᠰᠠᠯᠠᠭ᠎ᠠ ᠮᠥᠴᠢᠷ ᠯᠦᠭᠡ | ᠠᠳᠠᠯᠢ ᠪᠤᠰᠤ ᠰᠠᠨᠠᠯ ᠲᠠᠢ ᠪᠣᠯ ᠰᠠᠨᠠᠭᠠᠴᠢᠯᠠᠭ᠎ᠠ ᠠᠴᠠ ᠪᠠᠨ ᠭᠦᠢᠴᠡᠳ ᠵᠥᠪᠳᠡᠯᠴᠡᠬᠦ ᠬᠡᠷᠡᠭᠲᠡᠶ᠃ ᠭᠦᠢᠴᠡᠳ | ᠵᠥᠪᠳᠡᠯᠴᠡᠬᠦ ᠪᠠᠷ ᠳᠠᠮᠵᠢᠭᠠᠳ ᠰᠠᠨᠠᠯ ᠨᠢᠭᠡᠳᠴᠦ ᠳᠡᠶᠢᠯᠬᠦ ᠦᠭᠡᠢ ᠪᠣᠯ᠂ ᠲᠤᠭᠤᠷᠪᠢᠨ ᠪᠢᠴᠢᠬᠦ ᠨᠢᠭᠡᠴᠡ ᠠᠴᠠ | ᠣᠷᠣᠨ ᠨᠤᠲᠤᠭ ᠤᠨ ᠴᠢᠨᠠᠷᠲᠠᠢ ᠬᠠᠤᠯᠢ ᠳᠦᠷᠢᠮ ᠤᠨ ᠲᠥᠰᠦᠯ ᠤᠨ ᠬᠦᠷᠭᠡᠨ ᠬᠢᠨᠠᠭᠤᠯᠬᠤ ᠨᠤᠤᠷᠠᠭ ᠪᠠ ᠵᠠᠰᠠᠭ ᠤᠨ | ᠣᠷᠳᠣᠨ ᠤ ᠲᠦᠷᠢᠮ ᠲᠣᠭᠲᠠᠭᠠᠯ ᠤᠨ ᠬᠦᠷᠭᠡᠨ ᠬᠢᠨᠠᠭᠤᠯᠬᠤ ᠨᠤᠤᠷᠠᠭ ᠢ ᠮᠡᠳᠡᠭᠦᠯᠦᠨ ᠬᠦᠷᠭᠡᠬᠦ ᠳᠡᠭᠡᠨ ᠪᠠᠶᠢᠳᠠᠯ ᠪᠠ | ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠢ᠃ | ᠬᠤᠷᠢᠳᠤᠭᠠᠷ ᠵᠦᠢᠯ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠤᠨ ᠲᠥᠰᠦᠯ ᠤᠨ ᠬᠦᠷᠭᠡᠨ | ᠬᠢᠨᠠᠭᠤᠯᠬᠤ ᠨᠤᠤᠷᠠᠭ ᠪᠣᠯᠤᠨ ᠵᠠᠰᠠᠭ ᠤᠨ ᠣᠷᠳᠣᠨ ᠤ ᠲᠥᠷᠢᠮ ᠲᠣᠭᠲᠠᠭᠠᠯ ᠤᠨ ᠬᠦᠷᠭᠡᠨ ᠬᠢᠨᠠᠭᠤᠯᠬᠤ ᠨᠤᠤᠷᠠᠭ ᠢ | ᠲᠤᠭᠤᠷᠪᠢᠨ ᠪᠢᠴᠢᠬᠦ ᠨᠢᠭᠡᠴᠡ ᠶᠢᠨ ᠬᠠᠤᠯᠢ ᠲᠥᠷᠢᠮ ᠤᠨ ᠪᠠᠶᠢᠭᠤᠯᠤᠮᠵᠢ ᠠᠴᠠ ᠬᠢᠨᠠᠨ ᠬᠠᠷᠭᠤᠭᠤᠯᠵᠤ᠂ ᠬᠠᠮᠢᠶ᠎ᠠ | ᠪᠥᠬᠦᠢ ᠬᠤᠷᠠᠯ ᠢᠶᠠᠷ ᠬᠠᠮᠲᠤ ᠪᠠᠷ ᠶᠠᠷᠢᠯᠴᠠᠨ ᠲᠣᠭᠲᠠᠵᠤ᠂ ᠲᠤᠭᠤᠷᠪᠢᠨ ᠪᠢᠴᠢᠬᠦ ᠨᠢᠭᠡᠴᠡ ᠶᠢᠨ ᠭᠤᠣᠯ | ᠬᠠᠷᠢᠭᠤᠴᠠᠯᠭᠠᠲᠠᠨ ᠭᠠᠷ ᠤᠨ ᠥᠰᠥᠭ ᠵᠢᠷᠤᠭᠰᠠᠨ ᠤ ᠲᠠᠷᠠᠭ᠎ᠠ᠂ ᠬᠤᠳᠠ ᠶᠢᠨ ᠬᠠᠤᠯᠢ ᠴᠠᠭᠠᠵᠠ ᠶᠢᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠶ᠃ | ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠤᠨ ᠲᠥᠰᠦᠯ ᠤᠨ ᠬᠦᠷᠭᠡᠨ ᠬᠢᠨᠠᠭᠤᠯᠬᠤ ᠨᠤᠤᠷᠠᠭ ᠪᠠ | ᠵᠠᠰᠠᠭ ᠤᠨ ᠣᠷᠳᠣᠨ ᠤ ᠲᠦᠷᠢᠮ ᠲᠣᠭᠲᠠᠭᠠᠯ ᠤᠨ ᠬᠦᠷᠭᠡᠨ ᠬᠢᠨᠠᠭᠤᠯᠬᠤ ᠨᠤᠤᠷᠠᠭ ᠢ ᠬᠡᠳᠦᠨ ᠨᠢᠭᠡᠴᠡ ᠬᠠᠮᠲᠤ ᠪᠠᠷ | ᠲᠤᠭᠤᠷᠪᠢᠭᠰᠠᠨ ᠪᠠᠶᠢᠪᠠᠯ᠂ ᠲᠤᠭᠤᠷᠪᠢᠨ ᠪᠢᠴᠢᠬᠦ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠠᠮᠲᠤ ᠪᠠᠷ ᠭᠠᠷ ᠤᠨ | ᠦᠰᠦᠭ ᠵᠢᠷᠤᠬᠤ ᠬᠡᠷᠡᠭᠲᠡᠶ᠃ | ᠬᠤᠷᠢᠨ ᠨᠢᠭᠡᠳᠦᠭᠡᠷ ᠵᠦᠢᠯ ᠲᠤᠭᠤᠷᠪᠢᠨ ᠪᠢᠴᠢᠬᠦ ᠨᠢᠭᠡᠴᠡ ᠬᠠᠤᠯᠢ ᠲᠣᠭᠲᠠᠭᠠᠬᠤ ᠣᠨ ᠤ ᠲᠥᠯᠥᠪᠯᠡᠭᠡ ᠳᠤ | ᠱᠠᠭᠠᠷᠳᠠᠭᠰᠠᠨ ᠪᠡᠶᠡᠯᠡᠭᠦᠯᠬᠦ ᠴᠠᠭ ᠤᠨ ᠶᠣᠰᠣᠭᠠᠷ᠂ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠤᠨ | ᠲᠥᠰᠦᠯ ᠤᠨ ᠬᠦᠷᠭᠡᠨ ᠬᠢᠨᠠᠭᠤᠯᠬᠤ ᠨᠣᠤᠷᠠᠭ ᠪᠠ ᠵᠠᠰᠠᠭ ᠤᠨ ᠣᠷᠳᠣᠨ ᠤ ᠲᠦᠷᠢᠮ ᠲᠣᠭᠲᠠᠭᠠᠯ ᠤᠨ ᠬᠦᠷᠭᠡᠨ | ᠬᠢᠨᠠᠭᠤᠯᠬᠤ ᠨᠣᠤᠷᠠᠭ ᠢ ᠴᠠᠭ ᠲᠤᠬᠠᠶ ᠳᠤᠨᠢ ᠮᠡᠳᠡᠭᠦᠯᠦᠨ ᠬᠦᠷᠭᠡᠵᠦ᠂ ᠬᠢᠨᠠᠨ ᠪᠠᠶᠢᠴᠠᠭᠠᠬᠤ᠂ ᠬᠢᠨᠠᠨ ᠵᠥᠪᠯᠡᠬᠦ ᠵᠡᠷᠭᠡ | ᠠᠵᠢᠯ ᠳᠤ ᠵᠦᠶ ᠵᠣᠬᠢᠰᠲᠠᠶ ᠴᠠᠭ ︵5 — 10 ᠠᠵᠢᠯᠯᠠᠬᠤ ᠡᠳᠦᠷ︶ ᠢ ᠤᠷᠢᠳᠴᠢᠯᠠᠨ ᠦᠯᠡᠳᠡᠭᠡᠬᠦ ᠬᠡᠷᠡᠭᠲᠡᠶ᠃ | ᠲᠥᠯᠥᠪᠯᠡᠭᠡ ᠶᠣᠰᠣᠭᠠᠷ ᠪᠡᠶᠡᠯᠡᠭᠦᠯᠵᠦ ᠳᠡᠶᠢᠯᠬᠦ ᠦᠭᠡᠢ ᠪᠣᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ | ᠮᠡᠳᠡᠭᠦᠯᠦᠯᠲᠡ ᠪᠠᠨ ᠳᠡᠪᠰᠢᠭᠦᠯᠬᠦ ᠶᠢᠨ ᠬᠠᠮᠲᠤ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠶ᠃ | ᠳᠥᠷᠪᠡᠳᠦᠭᠡᠷ ᠪᠦᠯᠦᠭ ᠬᠢᠨᠠᠨ ᠪᠠᠶᠢᠴᠠᠭᠠᠬᠤ | ᠬᠤᠷᠢᠨ ᠬᠤᠶᠠᠳᠤᠭᠠᠷ ᠵᠦᠢᠯ ᠲᠤᠭᠤᠷᠪᠢᠨ ᠪᠢᠴᠢᠬᠦ ᠨᠢᠭᠡᠴᠡ ᠠᠴᠠ ᠬᠤᠲᠠ ᠶᠢᠨ ᠠᠷᠠᠳ ᠤᠨ ᠵᠠᠰᠠᠭ ᠤᠨ | ᠣᠷᠳᠣᠨ ᠳᠤ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠤᠨ ᠲᠦᠰᠦᠯ ᠤᠨ ᠬᠦᠷᠭᠡᠨ ᠬᠢᠨᠠᠭᠤᠯᠬᠤ ᠨᠣᠤᠷᠠᠭ | ᠪᠠ ᠵᠠᠰᠠᠭ ᠤᠨ ᠣᠷᠳᠣᠨ ᠤ ᠲᠦᠷᠢᠮ ᠲᠣᠭᠲᠠᠭᠠᠯ ᠤᠨ ᠬᠦᠷᠭᠡᠨ ᠬᠢᠨᠠᠭᠤᠯᠬᠤ ᠨᠣᠤᠷᠠᠭ ᠢ ᠮᠡᠳᠡᠭᠦᠯᠦᠨ ᠬᠦᠷᠭᠡᠬᠦ ᠳᠤ | ᠳᠣᠤᠷᠠᠬᠢ ᠮᠠᠲ᠋ᠧᠷᠢᠶᠠᠯ ᠤᠳ ᠢ ᠲᠤᠰᠢᠶᠠᠬᠤ ᠬᠡᠷᠡᠭᠲᠡᠶ᠄ | ︵ᠨᠢᠭᠡ︶ ᠬᠢᠨᠠᠨ ᠪᠠᠶᠢᠴᠠᠭᠠᠯᠭᠠᠬᠤ ᠪᠠᠷ ᠮᠡᠳᠡᠭᠦᠯᠦᠨ ᠬᠦᠷᠭᠡᠭᠰᠡᠨ ᠵᠢᠭᠠᠪᠤᠷᠢ ᠠᠪᠬᠤ ᠮᠡᠳᠡᠭᠦᠯᠦᠯᠲᠡ ᠵᠢᠴᠢ | ᠣᠷᠣᠨ ᠨᠤᠲᠤᠭ ᠤᠨ ᠴᠢᠨᠠᠷᠲᠠᠢ ᠬᠠᠤᠯᠢ ᠳᠦᠷᠢᠮ ᠤᠨ ᠲᠥᠰᠦᠯ ᠤᠨ ᠬᠦᠷᠭᠡᠨ ᠬᠢᠨᠠᠭᠤᠯᠬᠤ ᠨᠤᠤᠷᠠᠭ ᠪᠠ ᠵᠠᠰᠠᠭ ᠤᠨ | ᠣᠷᠳᠣᠨ ᠤ ᠲᠦᠷᠢᠮ ᠲᠣᠭᠲᠠᠭᠠᠯ ᠤᠨ ᠬᠦᠷᠭᠡᠨ ᠬᠢᠨᠠᠭᠤᠯᠬᠤ ᠨᠤᠤᠷᠠᠭ ᠤᠨ ᠪᠢᠴᠢᠭ︔ | ︵ᠬᠤᠶᠠᠷ︶ ᠲᠤᠭᠤᠷᠪᠢᠨ ᠪᠢᠴᠢᠬᠦ ᠲᠣᠳᠣᠷᠬᠠᠶᠢᠯᠠᠯᠲᠠ᠂ ᠡᠭᠦᠨ ᠳᠤ ᠴᠢᠬᠤᠯᠠ ᠴᠢᠨᠠᠷ᠂ ᠲᠤᠭᠤᠷᠪᠢᠨ | ᠪᠢᠴᠢᠭᠰᠡᠨ ᠶᠠᠪᠤᠴᠠ᠂ ᠭᠤᠤᠯ ᠠᠭᠤᠯᠭ᠎ᠠ᠂ ᠭᠤᠤᠯᠳᠠᠯᠭ᠎ᠠ ᠲᠠᠢ ᠵᠦᠢᠯ ᠤᠨ ᠬᠤᠯᠪᠣᠭᠳᠠᠯ ᠪᠥᠬᠦᠶ ᠦᠨᠳᠦᠰᠦᠯᠡᠯ ᠪᠠ | ᠬᠦᠨᠳᠦ ᠶᠡᠭᠡ ᠮᠠᠷᠭᠤᠭᠠᠨ ᠲᠠᠢ ᠠᠰᠠᠭᠤᠳᠠᠯ ᠢ ᠵᠣᠬᠢᠴᠠᠭᠤᠯᠤᠭᠰᠠᠨ ᠪᠠᠶᠢᠳᠠᠯ ᠵᠡᠷᠭᠡ ᠪᠠᠭᠲᠠᠨ᠎ᠠ︔ | ︵ᠭᠤᠷᠪᠠ︶ ᠬᠠᠤᠯᠢ ᠲᠣᠭᠲᠠᠭᠠᠬᠤ ᠠᠬᠤᠶ ᠪᠠᠶᠢᠳᠠᠯ ᠤᠨ ᠮᠠᠲ᠋ᠧᠷᠢᠶᠠᠯ ᠪᠠ ᠬᠠᠤᠯᠢ ᠲᠣᠭᠲᠠᠭᠠᠬᠤ ᠭᠤᠣᠯ | ᠦᠨᠳᠦᠰᠦ ᠪᠠᠷᠢᠮᠲᠠ ᠶᠢᠨ ᠮᠠᠲ᠋ᠧᠷᠢᠶᠠᠯ︔ | ︵ᠲᠦᠷᠪᠡ︶ ᠡᠯ᠎ᠡ ᠲᠠᠯ᠎ᠠ ᠶᠢᠨ ᠬᠢᠨ ᠤ ᠰᠠᠨᠠᠯ ᠢ ᠬᠤᠷᠢᠶᠠᠭᠰᠠᠨ ᠪᠠ ᠰᠠᠨᠠᠯ ᠢ ᠬᠦᠯᠢᠶᠡᠨ ᠠᠪᠤᠭᠰᠠᠨ ᠪᠠᠶᠢᠳᠠᠯ | ︔ | ︵ᠲᠠᠪᠤ︶ ᠬᠠᠤᠯᠢ ᠲᠣᠭᠲᠠᠭᠠᠯᠲᠠ ᠶᠢᠨ ᠵᠥᠪᠯᠡᠯᠭᠡ ᠨᠤᠲᠠᠯᠠᠯᠲᠠ᠂ ᠰᠠᠨᠠᠯ ᠰᠣᠨᠣᠰᠬᠤ᠂ ᠭᠤᠷᠪᠠᠳᠠᠬᠢ | ᠡᠲᠡᠭᠡᠳ ᠤᠨ ᠦᠨᠡᠯᠡᠨ ᠵᠢᠱᠢᠯᠲᠡ ᠪᠠ ᠭᠤᠣᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠬᠢᠭᠰᠡᠨ ᠪᠣᠯ ᠵᠥᠪᠯᠡᠯᠭᠡ | ᠨᠤᠲᠠᠯᠠᠯᠲᠠ ᠶᠢᠨ ᠮᠡᠳᠡᠭᠦᠯᠦᠯᠲᠡ᠂ ᠰᠠᠨᠠᠯ ᠰᠣᠨᠤᠰᠤᠭᠰᠠᠨ ᠮᠡᠳᠡᠭᠦᠯᠦᠯᠲᠡ᠂ ᠦᠨᠡᠯᠡᠨ ᠵᠢᠱᠢᠭᠰᠡᠨ ᠮᠡᠳᠡᠭᠦᠯᠦᠯᠲᠡ᠂ | ᠭᠤᠣᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢᠨ ᠬᠦᠰᠦᠨᠦᠭᠲᠦ ᠵᠢᠴᠢ ᠵᠥᠪᠯᠡᠯᠭᠡ ᠨᠤᠲᠠᠯᠠᠯᠲᠠ ᠶᠢᠨ | ᠲᠡᠮᠳᠡᠭᠯᠡᠯ᠂ ᠰᠠᠨᠠᠯ ᠰᠣᠨᠣᠰᠤᠭᠰᠠᠨ ᠲᠡᠮᠳᠡᠭᠯᠡᠯ ᠵᠡᠷᠭᠡ ᠬᠤᠯᠪᠣᠭᠳᠠᠯ ᠪᠦᠬᠦᠢ ᠮᠠᠲ᠋ᠧᠷᠢᠶᠠᠯ︔ | ︵ᠵᠢᠷᠭᠤᠭ᠎ᠠ︶ ᠲᠤᠭᠤᠷᠪᠢᠨ ᠪᠢᠴᠢᠬᠦ ᠨᠢᠭᠡᠴᠡ ᠶᠢᠨ ᠬᠠᠤᠯᠢ ᠶᠢᠨ ᠠᠵᠢᠯ ᠤᠨ ᠪᠠᠶᠢᠭᠤᠯᠤᠮᠵᠢ ᠶᠢᠨ ᠬᠢᠨᠠᠨ | ᠬᠠᠷᠭᠤᠭᠤᠯᠤᠭᠰᠠᠨ ᠰᠠᠨᠠᠯ︔ | ︵ᠳᠣᠯᠤᠭ᠎ᠠ︶ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ᠂ ᠵᠠᠰᠠᠭ ᠤᠨ ᠣᠷᠳᠣᠨ ᠤ ᠲᠦᠷᠢᠮ | ᠲᠣᠭᠲᠠᠭᠠᠯ ᠳᠤ ᠵᠠᠯᠠᠷᠠᠭᠤᠯᠭ᠎ᠠ ᠬᠢᠬᠦ ᠪᠤᠶᠤ ᠵᠠᠰᠠᠪᠤᠷᠢ ᠣᠷᠣᠭᠤᠯᠬᠤ ᠳᠤ ᠲᠣᠭᠠᠴᠠᠭᠳᠠᠪᠠᠯ᠂ ᠵᠠᠯᠠᠷᠠᠭᠤᠯᠭ᠎ᠠ ᠬᠢᠬᠦ ᠪᠤᠶᠤ | ᠵᠠᠰᠠᠪᠤᠷᠢ ᠣᠷᠣᠭᠤᠯᠬᠤ ᠶᠢᠨ ᠡᠮᠦᠨ᠎ᠡ ᠬᠤᠶᠢᠨᠠᠬᠢ ᠬᠠᠷᠢᠴᠠᠭᠤᠯᠤᠭᠰᠠᠨ ᠬᠦᠰᠦᠨᠦᠭᠲᠦ ᠶᠢ ᠬᠠᠩᠭᠠᠬᠤ ᠬᠡᠷᠡᠭᠲᠡᠶ︔ | ︵ᠨᠠᠢᠮᠠ︶ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ᠂ ᠠᠵᠤ ᠦᠢᠯᠡᠰ ᠤᠨ ᠬᠥᠭᠵᠢᠯᠲᠡ᠂ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ | ᠵᠠᠰᠠᠭ ᠤᠨ ᠣᠷᠳᠣᠨ ᠤ ᠬᠤᠳᠠᠯᠳᠤᠨ ᠠᠪᠬᠤ᠂ ᠡᠵᠡᠩᠨᠡᠯᠲᠡ ᠶᠢᠨ ᠦᠢᠯᠡ ᠠᠵᠢᠯᠯᠠᠭ᠎ᠠ ᠶᠢᠨ ᠵᠢᠷᠤᠮᠵᠢᠯ᠂ ᠬᠢᠷᠢ | ᠬᠡᠮ ᠤᠨ ᠪᠠᠷᠢᠮᠵᠢᠶ᠎ᠠ ᠵᠡᠷᠭᠡ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠵᠤ ᠠᠬᠤᠶ ᠶᠢᠨ ᠠᠵᠢᠯᠯᠠᠭ᠎ᠠ ᠳᠤ | ᠬᠤᠯᠪᠣᠭᠳᠠᠭᠰᠠᠨ ᠪᠣᠯ᠂ ᠲᠤᠭᠤᠷᠪᠢᠨ ᠪᠢᠴᠢᠬᠦ ᠨᠢᠭᠡᠴᠡ ᠠᠴᠠ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ | ᠪᠥᠬᠦᠶ ᠲᠣᠭᠲᠠᠭᠠᠯ ᠶᠣᠰᠣᠭᠠᠷ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠬᠢᠵᠦ᠂ ᠭᠤᠤᠯᠴᠢ | ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢᠨ ᠬᠦᠰᠦᠨᠦᠭᠲᠦ ᠶᠢ ᠬᠠᠩᠭᠠᠬᠤ ᠬᠡᠷᠡᠭᠲᠡᠶ︔ | ︵ᠶᠢᠰᠦ︶ ᠲᠤᠰᠢᠶᠠᠬᠤ ᠴᠢᠬᠤᠯᠠ ᠲᠠᠢ ᠪᠤᠰᠤᠳ ᠮᠠᠲ᠋ᠧᠷᠢᠶᠠᠯ᠃ | ᠬᠤᠷᠢᠨ ᠭᠤᠷᠪᠠᠳᠤᠭᠠᠷ ᠵᠦᠢᠯ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠤᠨ ᠲᠥᠰᠦᠯ ᠤᠨ ᠬᠦᠷᠭᠡᠨ | ᠬᠢᠨᠠᠭᠤᠯᠬᠤ ᠨᠣᠣᠷᠠᠭ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠬᠦᠷᠭᠡᠨ ᠬᠢᠨᠠᠭᠤᠯᠬᠤ ᠨᠣᠣᠷᠠᠭ ᠢ | ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠠᠷᠢᠭᠤᠴᠠᠨ ᠬᠢᠨᠠᠨ ᠪᠠᠶᠢᠴᠠᠭᠠᠨ᠎ᠠ᠃ | | ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠭᠤᠣᠯᠳᠠᠭᠤ ᠳᠣᠣᠷᠠᠬᠢ ᠬᠡᠳᠦᠨ | ᠲᠠᠯ᠎ᠠ ᠪᠠᠷ ᠬᠢᠨᠠᠨ ᠪᠠᠶᠢᠴᠠᠭᠠᠨ᠎ᠠ᠄ | ︵ᠨᠢᠭᠡ︶ ᠬᠠᠤᠯᠢ ᠲᠣᠭᠲᠠᠭᠠᠬᠤ ᠮᠡᠷᠭᠡᠵᠢᠯ ᠤᠨ ᠱᠠᠭᠠᠷᠳᠠᠯᠭ᠎ᠠ ᠳᠤ ᠨᠡᠶᠢᠴᠡᠬᠦ ᠡᠰᠡᠬᠦ︔ | ︵ᠬᠤᠶᠠᠷ︶ ᠳᠡᠭᠡᠳᠦ ᠪᠠᠶᠢᠷᠢ ᠶᠢᠨ ᠬᠠᠤᠯᠢ ᠶᠢᠨ ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠬᠦ ᠡᠰᠡᠬᠦ︔ | ︵ᠭᠤᠷᠪᠠ︶ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢᠨ ᠱᠠᠭᠠᠷᠳᠠᠯᠭ᠎ᠠ ᠳᠤ ᠨᠡᠶᠢᠴᠡᠬᠦ | ᠡᠰᠡᠬᠦ︔ | ︵ᠲᠥᠷᠪᠡ︶ ᠬᠠᠮᠢᠶ᠎ᠠ ᠪᠥᠬᠦᠢ ᠬᠠᠤᠯᠢ ᠲᠣᠭᠲᠠᠭᠠᠯ᠂ ᠲᠥᠷᠢᠮ ᠲᠣᠭᠲᠠᠭᠠᠯ ᠯᠤᠭ᠎ᠠ ᠵᠣᠬᠢᠴᠠᠯᠳᠤᠵᠤ᠂ | ᠵᠣᠯᠭᠠᠯᠳᠤᠵᠤ ᠪᠠᠶᠢᠬᠤ ᠡᠰᠡᠬᠦ︔ | ︵ᠲᠠᠪᠤ︶ ᠲᠤᠰ ᠲᠣᠭᠲᠠᠭᠠᠯ ᠤᠨ ᠲᠠᠪᠤᠳᠤᠭᠠᠷ ᠵᠦᠢᠯ ᠤᠨ ᠲᠣᠭᠲᠠᠭᠠᠯ ᠳᠤ ᠨᠡᠶᠢᠴᠡᠬᠦ ᠡᠰᠡᠬᠦ︔ | ︵ᠵᠢᠷᠭᠤᠭ᠎ᠠ︶ ᠬᠦᠷᠭᠡᠨ ᠬᠢᠨᠠᠭᠤᠯᠬᠤ ᠨᠤᠤᠷᠠᠭ ᠤᠨ ᠭᠤᠣᠯ ᠠᠰᠠᠭᠤᠳᠠᠯ ᠤᠨ ᠲᠤᠬᠠᠶ ᠬᠠᠮᠢᠶ᠎ᠠ ᠪᠦᠬᠦᠢ | ᠰᠠᠯᠠᠭ᠎ᠠ ᠮᠥᠴᠢᠷ᠂ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠰᠠᠨᠠᠯ ᠢ | ᠵᠥᠪ ᠰᠢᠢᠳᠪᠦᠷᠢᠯᠡᠭᠰᠡᠨ ᠡᠰᠡᠬᠦ︔ | ︵ᠲᠤᠯᠤᠭ᠎ᠠ︶ ᠲᠣᠭᠲᠠᠭᠠᠭᠰᠠᠨ ᠭᠤᠣᠯ ᠲᠦᠷᠢᠮ ᠪᠤᠶᠤ ᠠᠷᠭ᠎ᠠ ᠬᠡᠮᠵᠢᠶ᠎ᠡ ᠨᠢ ᠦᠨᠡᠨᠬᠦ ᠴᠢᠬᠤᠯᠠ ᠲᠠᠢ | ᠪᠠᠶᠢᠬᠤ ᠡᠰᠡᠬᠦ︔ | ︵ᠨᠠᠢᠮᠠ︶ ᠬᠢᠨᠠᠨ ᠪᠠᠶᠢᠴᠠᠭᠠᠬᠤ ᠴᠢᠬᠤᠯᠠ ᠲᠠᠢ ᠪᠤᠰᠤᠳ ᠠᠭᠤᠯᠭ᠎ᠠ᠃ | ᠬᠤᠷᠢᠨ ᠳᠥᠷᠪᠡᠳᠦᠭᠡᠷ ᠵᠦᠢᠯ ᠣᠷᠣᠨ ᠨᠤᠲᠤᠭ ᠤᠨ ᠴᠢᠨᠠᠷᠲᠠᠢ ᠬᠠᠤᠯᠢ ᠳᠦᠷᠢᠮ ᠤᠨ ᠲᠥᠰᠦᠯ ᠤᠨ | ᠬᠦᠷᠭᠡᠨ ᠬᠢᠨᠠᠭᠤᠯᠬᠤ ᠨᠣᠣᠷᠠᠭ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠬᠦᠷᠭᠡᠨ ᠬᠢᠨᠠᠭᠤᠯᠬᠤ | ᠨᠣᠣᠷᠠᠭ ᠲᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠬᠢᠨᠠᠨ ᠪᠠᠶᠢᠴᠠᠭᠠᠬᠤ ᠶᠢ ᠲᠦᠷ ᠬᠤᠶᠢᠰᠢᠯᠠᠭᠤᠯᠬᠤ ᠬᠡᠷᠡᠭᠲᠡᠢ᠄ | ︵ᠨᠢᠭᠡ︶ ᠲᠣᠭᠲᠠᠭᠠᠯ ᠶᠣᠰᠣᠭᠠᠷ ᠢᠯᠡ ᠪᠠᠷ ᠰᠠᠨᠠᠯ ᠬᠤᠷᠢᠶᠠᠭᠰᠠᠨ ᠥᠭᠡᠢ︔ | ︵ᠬᠤᠶᠠᠷ︶ ᠬᠠᠮᠢᠶ᠎ᠠ ᠪᠥᠬᠦᠢ ᠰᠠᠯᠠᠭ᠎ᠠ ᠮᠥᠴᠢᠷ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠤᠨ | ᠲᠥᠰᠦᠯ ᠤᠨ ᠬᠦᠷᠭᠡᠨ ᠬᠢᠨᠠᠭᠤᠯᠬᠤ ᠨᠤᠤᠷᠠᠭ ᠪᠣᠯᠤᠨ ᠵᠠᠰᠠᠭ ᠤᠨ ᠣᠷᠳᠣᠨ ᠤ ᠲᠥᠷᠢᠮ ᠲᠣᠭᠲᠠᠭᠠᠯ ᠤᠨ ᠬᠦᠷᠭᠡᠨ | ᠬᠢᠨᠠᠭᠤᠯᠬᠤ ᠨᠤᠤᠷᠠᠭ ᠤᠨ ᠲᠠᠯ᠎ᠠ ᠪᠠᠷ ᠨᠡᠯᠢᠶᠡᠳ ᠶᠡᠭᠡ ᠮᠠᠷᠭᠤᠭᠠᠨ ᠲᠠᠢ ᠪᠠᠶᠢᠵᠤ᠂ ᠲᠤᠭᠤᠷᠪᠢᠨ ᠪᠢᠴᠢᠬᠦ | ᠨᠢᠭᠡᠴᠡ ᠠᠴᠠ ᠬᠠᠮᠢᠶ᠎ᠠ ᠪᠥᠬᠦᠢ ᠰᠠᠯᠠᠭ᠎ᠠ ᠮᠥᠴᠢᠷ ᠲᠠᠢ ᠭᠦᠢᠴᠡᠳ ᠵᠥᠪᠳᠡᠯᠴᠡᠭᠰᠡᠨ ᠥᠭᠡᠢ︔ | ︵ᠭᠤᠷᠪᠠ︶ ᠲᠤᠭᠤᠷᠪᠢᠨ ᠪᠢᠴᠢᠬᠦ ᠨᠢᠭᠡᠴᠡ ᠶᠢᠨ ᠭᠤᠣᠯ ᠬᠠᠷᠢᠭᠤᠴᠠᠯᠭᠠᠲᠠᠨ ᠭᠠᠷ ᠤᠨ ᠥᠰᠥᠭ ᠵᠢᠷᠤᠭᠰᠠᠨ | ᠥᠭᠡᠢ︔ | ︵ᠲᠦᠷᠪᠡ︶ ᠲᠤᠭᠤᠷᠪᠢᠨ ᠪᠢᠴᠢᠬᠦ ᠨᠢᠭᠡᠴᠡ ᠠᠴᠠ ᠬᠢᠨᠠᠨ ᠪᠠᠶᠢᠴᠠᠭᠠᠯᠭᠠᠬᠤ ᠶᠢ ᠲᠦᠷ ᠬᠤᠶᠢᠰᠢᠯᠠᠭᠤᠯᠬᠤ | ᠪᠢᠴᠢᠭ ᠤᠨ ᠭᠤᠶᠤᠴᠢᠯᠠᠯ ᠭᠠᠷᠭᠠᠭᠰᠠᠨ︔ | ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠬᠢᠨᠠᠨ ᠪᠠᠶᠢᠴᠠᠭᠠᠬᠤ ᠶᠢ ᠲᠦᠷ ᠬᠤᠶᠢᠰᠢᠯᠠᠭᠤᠯᠵᠤ | ᠪᠣᠯᠤᠨ᠎ᠠ ᠭᠡᠵᠦ ᠲᠣᠭᠲᠠᠭᠠᠭᠰᠠᠨ ᠪᠤᠰᠤᠳ ᠪᠠᠶᠢᠳᠠᠯ ᠤᠳ᠃ | ᠬᠤᠷᠢᠨ ᠲᠠᠪᠤᠳᠤᠭᠠᠷ ᠵᠦᠢᠯ ᠣᠷᠣᠨ ᠨᠤᠲᠤᠭ ᠤᠨ ᠴᠢᠨᠠᠷᠲᠠᠢ ᠬᠠᠤᠯᠢ ᠳᠦᠷᠢᠮ ᠤᠨ ᠲᠥᠰᠥᠯ ᠤᠨ ᠬᠦᠷᠭᠡᠨ | ᠬᠢᠨᠠᠭᠤᠯᠬᠤ ᠨᠣᠣᠷᠠᠭ ᠪᠣᠯᠣᠨ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠬᠦᠷᠭᠡᠨ ᠬᠢᠨᠠᠭᠤᠯᠬᠤ ᠨᠣᠣᠷᠠᠭ ᠲᠤ | ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠠᠴᠠ ᠲᠤᠭᠤᠷᠪᠢᠨ ᠪᠢᠴᠢᠬᠦ ᠨᠢᠭᠡᠴᠡ ᠳᠤ ᠪᠤᠴᠠᠭᠠᠬᠤ ᠬᠡᠷᠡᠭᠲᠡᠢ᠄ | ︵ᠨᠢᠭᠡ︶ ᠬᠠᠤᠯᠢ ᠲᠣᠭᠲᠠᠭᠠᠬᠤ ᠨᠥᠬᠦᠴᠡᠯ ᠬᠠᠷᠠᠬᠠᠨ ᠪᠣᠯᠪᠠᠰᠤᠷᠠᠭᠠᠳᠤᠢ ᠪᠤᠶᠤ ᠴᠢᠬᠤᠯᠠ ᠶᠡᠭᠡ | ᠬᠤᠪᠢᠷᠠᠯᠲᠠ ᠭᠠᠷᠤᠭᠰᠠᠨ︔ | ︵ᠬᠤᠶᠠᠷ︶ ᠪᠤᠰᠤᠳ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢᠶᠠᠷ ᠳᠠᠮᠵᠢᠭᠤᠯᠤᠨ ᠠᠰᠠᠭᠤᠳᠠᠯ ᠢ | ᠰᠢᠢᠳᠪᠦᠷᠢᠯᠡᠵᠦ ᠪᠣᠯᠬᠤ︔ | ︵ᠭᠤᠷᠪᠠ︶ ᠬᠠᠤᠯᠢ ᠶᠣᠰᠣᠴᠢ ᠴᠢᠨᠠᠷ᠂ ᠵᠦᠢ ᠶᠣᠰᠣᠴᠢ ᠴᠢᠨᠠᠷ ᠤᠨ ᠴᠢᠬᠤᠯᠠ ᠶᠡᠭᠡ ᠠᠰᠠᠭᠤᠳᠠᠯ | ᠣᠷᠣᠰᠢᠵᠤ ᠪᠠᠶᠢᠬᠤ︔ | ︵ᠲᠦᠷᠪᠡ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠪᠤᠴᠠᠭᠠᠵᠤ ᠪᠣᠯᠤᠨ᠎ᠠ ᠭᠡᠵᠦ ᠲᠣᠭᠲᠠᠭᠠᠭᠰᠠᠨ | ᠪᠤᠰᠤᠳ ᠪᠠᠶᠢᠳᠠᠯ ᠤᠳ᠃ | ᠬᠤᠷᠢᠨ ᠵᠢᠷᠭᠤᠳᠤᠭᠠᠷ ᠵᠦᠢᠯ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ | ᠬᠢᠨᠠᠨ ᠪᠠᠶᠢᠴᠠᠭᠠᠬᠤ ᠪᠠᠨ ᠲᠦᠷ ᠬᠤᠶᠢᠰᠢᠯᠠᠭᠤᠯᠬᠤ ᠪᠤᠶᠤ ᠣᠷᠣᠨ ᠨᠤᠲᠤᠭ ᠤᠨ ᠴᠢᠨᠠᠷᠲᠠᠢ ᠬᠠᠤᠯᠢ ᠳᠦᠷᠢᠮ ᠤᠨ | ᠲᠥᠰᠥᠯ ᠤᠨ ᠬᠦᠷᠭᠡᠨ ᠬᠢᠨᠠᠭᠤᠯᠬᠤ ᠨᠣᠣᠷᠠᠭ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠬᠦᠷᠭᠡᠨ | ᠬᠢᠨᠠᠭᠤᠯᠬᠤ ᠨᠣᠣᠷᠠᠭ ᠢ ᠪᠤᠴᠠᠭᠠᠬᠤ ᠳᠤ ᠬᠦᠷᠪᠡᠯ᠂ ᠲᠤᠭᠤᠷᠪᠢᠨ ᠪᠢᠴᠢᠬᠦ ᠨᠢᠭᠡᠴᠡ ᠳᠤ ᠪᠢᠴᠢᠭ ᠢᠶᠠᠷ ᠮᠡᠳᠡᠭᠳᠡᠬᠦ ᠶᠢᠨ | ᠬᠠᠮᠲᠤ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠢ᠃ | ᠬᠤᠷᠢᠨ ᠳᠣᠯᠣᠳᠤᠭᠠᠷ ᠵᠦᠢᠯ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ | ᠣᠷᠣᠨ ᠨᠤᠲᠤᠭ ᠤᠨ ᠴᠢᠨᠠᠷᠲᠠᠢ ᠬᠠᠤᠯᠢ ᠳᠦᠷᠢᠮ ᠤᠨ ᠲᠥᠰᠦᠯ ᠤᠨ ᠬᠦᠷᠭᠡᠨ ᠬᠢᠨᠠᠭᠤᠯᠬᠤ ᠨᠣᠣᠷᠠᠭ ᠪᠠ ᠵᠠᠰᠠᠭ ᠤᠨ | ᠣᠷᠳᠣᠨ ᠤ ᠳᠦᠷᠢᠮ ᠲᠣᠭᠲᠠᠭᠠᠯ ᠤᠨ ᠬᠦᠷᠭᠡᠨ ᠬᠢᠨᠠᠭᠤᠯᠬᠤ ᠨᠣᠣᠷᠠᠭ ᠲᠤ ᠬᠤᠯᠪᠣᠭᠳᠠᠭᠰᠠᠨ ᠭᠤᠣᠯ ᠠᠰᠠᠭᠤᠳᠠᠯ ᠢ | ᠬᠤᠯᠪᠣᠭᠳᠠᠯ ᠪᠦᠬᠦᠢ ᠪᠠᠶᠢᠭᠤᠯᠭ᠎ᠠ᠂ ᠵᠣᠬᠢᠶᠠᠨ ᠪᠠᠶᠢᠭᠤᠯᠤᠯᠲᠠ ᠪᠠ ᠲᠤᠰᠬᠠᠢ ᠮᠡᠷᠭᠡᠵᠢᠯᠲᠡᠨ ᠳᠤ ᠬᠦᠷᠭᠡᠨ ᠥᠭᠴᠦ | ᠰᠠᠨᠠᠯ ᠬᠤᠷᠢᠶᠠᠬᠤ ᠬᠡᠷᠡᠭᠲᠡᠢ᠃ | ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠣᠷᠣᠨ ᠨᠤᠲᠤᠭ ᠤᠨ ᠴᠢᠨᠠᠷᠲᠠᠶ | ᠬᠠᠤᠯᠢ ᠳᠦᠷᠢᠮ ᠤᠨ ᠲᠥᠰᠥᠯ ᠤᠨ ᠬᠦᠷᠭᠡᠨ ᠬᠢᠨᠠᠭᠤᠯᠬᠤ ᠨᠣᠣᠷᠠᠭ ᠪᠠ ᠵᠠᠰᠠᠭ ᠤᠨ ᠣᠷᠳᠣᠨ ᠤ ᠳᠦᠷᠢᠮ | ᠲᠣᠭᠲᠠᠭᠠᠯ ᠤᠨ ᠬᠦᠷᠭᠡᠨ ᠬᠢᠨᠠᠭᠤᠯᠬᠤ ᠨᠣᠣᠷᠠᠭ ᠵᠢᠴᠢ ᠲᠣᠳᠣᠷᠬᠠᠶᠢᠯᠠᠯᠲᠠ ᠶᠢ ᠬᠢᠨᠠᠨ ᠪᠠᠶᠢᠴᠠᠭᠠᠬᠤ ᠳᠠᠭᠠᠨ ᠨᠡᠶᠢᠭᠡᠮ | ᠨᠡᠶᠢᠲᠡ ᠳᠤ ᠨᠡᠶᠢᠲᠡᠯᠡᠵᠦ᠂ ᠰᠠᠨᠠᠯ ᠬᠤᠷᠢᠶᠠᠵᠤ ᠪᠣᠯᠤᠨ᠎ᠠ᠃ ᠰᠠᠨᠠᠯ ᠬᠤᠷᠢᠶᠠᠬᠤ ᠬᠤᠭᠤᠴᠠᠭ᠎ᠠ ᠶᠢ ᠡᠩ ᠤᠨ | ᠪᠠᠶᠢᠳᠠᠯ ᠳᠤ ᠭᠤᠴᠢᠨ ᠡᠳᠦᠷ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ | ᠬᠤᠷᠢᠨ ᠨᠠᠢᠮᠠᠳᠤᠭᠠᠷ ᠵᠦᠢᠯ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠤᠨ ᠲᠥᠰᠦᠯ ᠤᠨ ᠬᠦᠷᠭᠡᠨ | ᠬᠢᠨᠠᠭᠤᠯᠬᠤ ᠨᠣᠤᠷᠠᠭ ᠪᠠ ᠵᠠᠰᠠᠭ ᠤᠨ ᠣᠷᠳᠣᠨ ᠤ ᠲᠦᠷᠢᠮ ᠲᠣᠭᠲᠠᠭᠠᠯ ᠤᠨ ᠬᠦᠷᠭᠡᠨ ᠬᠢᠨᠠᠭᠤᠯᠬᠤ ᠨᠣᠤᠷᠠᠭ ᠨᠢ | ᠴᠢᠬᠤᠯᠠ ᠶᠡᠭᠡ ᠠᠰᠢᠭ ᠲᠤᠰᠠ ᠶᠢᠨ ᠲᠣᠬᠢᠷᠠᠭᠤᠯᠤᠯᠲᠠ ᠳᠤ ᠬᠤᠯᠪᠣᠭᠳᠠᠪᠠᠯ᠂ ᠬᠤᠲᠠ ᠶᠢᠨ ᠬᠠᠤᠯᠢ ᠴᠠᠭᠠᠵᠠ ᠶᠢᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠤᠲᠠᠯᠠᠯᠲᠠ ᠬᠢᠵᠦ ᠠᠰᠠᠭᠤᠨ ᠯᠠᠪᠯᠠᠵᠤ᠂ ᠬᠠᠮᠢᠶ᠎ᠠ ᠪᠥᠬᠦᠶ ᠲᠠᠯ᠎ᠠ ᠶᠢᠨ ᠬᠢᠨ ᠤ | ᠰᠠᠨᠠᠯ ᠢ ᠥᠷᠭᠡᠨ ᠢᠶᠠᠷ ᠰᠣᠨᠣᠰᠬᠤ ᠬᠡᠷᠡᠭᠲᠡᠶ᠃ ᠨᠤᠲᠠᠯᠠᠯᠲᠠ ᠬᠢᠵᠦ ᠯᠠᠪᠯᠠᠬᠤ ᠳᠤ ᠰᠠᠭᠤᠳᠠᠯ ᠤᠨ ᠬᠤᠷᠠᠯ᠂ | ᠨᠤᠲᠠᠯᠠᠯᠲᠠ ᠶᠢᠨ ᠬᠤᠷᠠᠯ᠂ ᠭᠤᠷᠪᠠᠳᠠᠬᠢ ᠡᠲᠡᠭᠡᠳ ᠲᠤ ᠨᠠᠶᠢᠳᠠᠨ ᠰᠤᠳᠤᠯᠤᠯᠲᠠ ᠬᠢᠬᠦ ᠵᠡᠷᠭᠡ ᠤᠯᠠᠨ ᠵᠦᠢᠯ ᠤᠨ | ᠬᠡᠯᠪᠡᠷᠢ ᠶᠢ ᠬᠡᠷᠡᠭᠯᠡᠵᠦ ᠪᠣᠯᠤᠨ᠎ᠠ᠃ | ᠬᠤᠷᠢ ᠶᠢᠰᠦᠳᠦᠭᠡᠷ ᠵᠦᠢᠯ ᠬᠠᠮᠢᠶ᠎ᠠ ᠪᠦᠬᠦᠢ ᠰᠠᠯᠠᠭ᠎ᠠ ᠮᠥᠴᠢᠷ ᠬᠠᠤᠯᠢ ᠳᠦᠷᠢᠮ ᠳᠦᠷᠢᠮ ᠲᠣᠭᠲᠠᠭᠠᠯ ᠤᠨ | ᠬᠦᠷᠭᠡᠨ ᠬᠢᠨᠠᠭᠤᠯᠬᠤ ᠨᠣᠣᠷᠠᠭ ᠲᠤ ᠬᠤᠯᠪᠣᠭᠳᠠᠭᠰᠠᠨ ᠭᠤᠣᠯ ᠠᠷᠭ᠎ᠠ ᠬᠡᠮᠵᠢᠶ᠎ᠡ᠂ ᠬᠠᠮᠢᠶᠠᠷᠤᠯᠲᠠ ᠶᠢᠨ ᠪᠠᠶᠢᠭᠤᠯᠤᠯ᠂ | ᠡᠷᠬᠡ ᠶᠢᠨ ᠠᠵᠢᠯ ᠤᠨ ᠬᠤᠪᠢᠶᠠᠷᠢᠯᠠᠯ ᠵᠡᠷᠭᠡ ᠠᠰᠠᠭᠤᠳᠠᠯ ᠳᠤ ᠠᠳᠠᠯᠢ ᠪᠤᠰᠤ ᠰᠠᠨᠠᠯ ᠲᠠᠢ ᠪᠣᠯ᠂ ᠬᠤᠲᠠ ᠶᠢᠨ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠵᠣᠬᠢᠴᠠᠭᠤᠯᠵᠤ᠂ ᠰᠠᠨᠠᠯ ᠢ ᠨᠢᠭᠡᠳᠭᠡᠬᠦ ᠪᠠᠷ ᠴᠢᠷᠮᠠᠶᠢᠬᠤ | ᠬᠡᠷᠡᠭᠲᠡᠶ᠃ | ᠨᠡᠯᠢᠶᠡᠳ ᠶᠡᠭᠡ ᠮᠠᠷᠭᠤᠭᠠᠨ ᠲᠠᠢ ᠴᠢᠬᠤᠯᠠ ᠬᠠᠤᠯᠢ ᠲᠣᠭᠲᠠᠭᠠᠬᠤ ᠵᠦᠢᠯᠡᠰ ᠢ ᠬᠤᠳᠠ ᠶᠢᠨ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠠᠮᠢᠶ᠎ᠠ ᠪᠦᠬᠦᠢ ᠲᠤᠰᠬᠠᠶ ᠮᠡᠷᠭᠡᠵᠢᠯᠲᠡᠨ᠂ ᠵᠢᠭᠠᠨ | ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠡ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠳᠤ | ᠨᠠᠶᠢᠳᠠᠵᠤ ᠦᠨᠡᠯᠡᠨ ᠵᠢᠱᠢᠭᠦᠯᠵᠦ ᠪᠣᠯᠤᠨ᠎ᠠ᠂ ᠦᠨᠡᠯᠡᠨ ᠵᠢᠱᠢᠭᠰᠡᠨ ᠦᠷ᠎ᠡ ᠳ᠋ᠦᠩ ᠢ ᠬᠤᠳᠠ ᠶᠢᠨ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠯᠠᠪᠠᠯᠬᠤ ᠰᠠᠨᠠᠯ ᠪᠣᠯᠭᠠᠨ᠎ᠠ᠃ | ᠭᠦᠢᠴᠡᠳ ᠵᠣᠬᠢᠴᠠᠭᠤᠯᠬᠤ ᠪᠠᠷ ᠳᠠᠮᠵᠢᠭᠠᠳ ᠰᠠᠨᠠᠯ ᠨᠢᠭᠡᠳᠴᠦ ᠳᠡᠶᠢᠯᠬᠦ ᠦᠭᠡᠢ ᠪᠣᠯ᠂ ᠬᠤᠲᠠ ᠶᠢᠨ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠭᠤᠣᠯ ᠠᠰᠠᠭᠤᠳᠠᠯ᠂ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠰᠠᠨᠠᠯ ᠪᠠ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠰᠠᠨᠠᠯ ᠢ | ᠴᠠᠭ ᠲᠤᠬᠠᠶ ᠳᠤᠨᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠤᠳᠤᠷᠢᠳᠤᠭᠤᠯᠤᠨ | ᠵᠣᠬᠢᠴᠠᠭᠤᠯᠬᠤ ᠪᠤᠶᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠲᠣᠭᠲᠠᠭᠠᠯᠭᠠᠬᠤ ᠬᠡᠷᠡᠭᠲᠡᠶ᠃ | | ᠭᠤᠴᠢᠳᠤᠭᠠᠷ ᠵᠦᠢᠯ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠡᠯ᠎ᠡ | ᠲᠠᠯ᠎ᠠ ᠶᠢᠨ ᠬᠢᠨ ᠤ ᠰᠠᠨᠠᠯ ᠢ ᠨᠠᠷᠢᠨ ᠬᠢᠨᠠᠮᠠᠭᠠᠢ ᠬᠤᠷᠢᠶᠠᠩᠭᠤᠶᠢᠯᠠᠵᠤ᠂ ᠡᠮᠬᠢᠳᠬᠡᠵᠦ᠂ ᠰᠤᠳᠤᠯᠬᠤ ᠶᠢᠨ ᠬᠠᠮᠲᠤ | ᠣᠷᠣᠨ ᠨᠤᠲᠤᠭ ᠤᠨ ᠴᠢᠨᠠᠷᠲᠠᠢ ᠬᠠᠤᠯᠢ ᠳᠦᠷᠢᠮ ᠤᠨ ᠲᠥᠰᠥᠯ ᠤᠨ ᠬᠦᠷᠭᠡᠨ ᠬᠢᠨᠠᠭᠤᠯᠬᠤ ᠨᠣᠣᠷᠠᠭ ᠪᠠ ᠵᠠᠰᠠᠭ ᠤᠨ | ᠣᠷᠳᠣᠨ ᠤ ᠳᠦᠷᠢᠮ ᠲᠣᠭᠲᠠᠭᠠᠯ ᠤᠨ ᠬᠦᠷᠭᠡᠨ ᠬᠢᠨᠠᠭᠤᠯᠬᠤ ᠨᠣᠣᠷᠠᠭ ᠢ ᠬᠢᠨᠠᠨ ᠪᠠᠶᠢᠴᠠᠭᠠᠵᠤ᠂ ᠵᠠᠰᠠᠪᠤᠷᠢ | ᠣᠷᠣᠭᠤᠯᠵᠤ᠂ ᠣᠷᠣᠨ ᠨᠤᠲᠤᠭ ᠤᠨ ᠴᠢᠨᠠᠷᠲᠠᠢ ᠬᠠᠤᠯᠢ ᠳᠦᠷᠢᠮ ᠤᠨ ᠲᠥᠰᠥᠯ ᠪᠠ ᠵᠠᠰᠠᠭ ᠤᠨ ᠣᠷᠳᠣᠨ ᠤ | ᠳᠦᠷᠢᠮ ᠲᠣᠭᠲᠠᠭᠠᠯ ᠤᠨ ᠲᠥᠰᠥᠯ ᠵᠢᠴᠢ ᠲᠥᠰᠦᠯ ᠤᠨ ᠲᠣᠳᠣᠷᠬᠠᠶᠢᠯᠠᠯᠲᠠ ᠶᠢ ᠪᠦᠷᠢᠯᠳᠦᠭᠦᠯᠬᠦ ᠬᠡᠷᠡᠭᠲᠡᠢ᠃ | ᠭᠤᠴᠢᠨ ᠨᠢᠭᠡᠳᠦᠭᠡᠷ ᠵᠦᠢᠯ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠤᠨ ᠲᠥᠰᠦᠯ ᠪᠠ ᠵᠠᠰᠠᠭ ᠤᠨ | ᠣᠷᠳᠣᠨ ᠤ ᠳᠦᠷᠢᠮ ᠲᠣᠭᠲᠠᠭᠠᠯ ᠤᠨ ᠲᠥᠰᠦᠯ ᠵᠢᠴᠢ ᠲᠥᠰᠦᠯ ᠤᠨ ᠲᠣᠳᠣᠷᠬᠠᠶᠢᠯᠠᠯᠲᠠ ᠶᠢ ᠬᠤᠲᠠ ᠶᠢᠨ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠭᠠᠷ ᠤᠨ ᠦᠰᠦᠭ | ᠵᠢᠷᠤᠬᠤ ᠶᠢᠨ ᠬᠠᠮᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠵᠦ ᠬᠢᠨᠠᠨ ᠵᠥᠪᠯᠡᠬᠦ ᠬᠡᠷᠡᠭᠲᠡᠢ᠃ | | ᠲᠠᠪᠤᠳᠤᠭᠠᠷ ᠪᠦᠯᠦᠭ ᠲᠣᠭᠲᠠᠭᠠᠬᠤ᠂ ᠨᠡᠶᠢᠲᠡᠯᠡᠬᠦ | ᠭᠤᠴᠢᠨ ᠬᠤᠶᠠᠳᠤᠭᠠᠷ ᠵᠦᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠣᠷᠣᠨ ᠨᠤᠲᠤᠭ ᠤᠨ | ᠴᠢᠨᠠᠷᠲᠠᠶ ᠬᠠᠤᠯᠢ ᠳᠦᠷᠢᠮ ᠤᠨ ᠲᠥᠰᠦᠯ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠲᠥᠰᠦᠯ ᠢ ᠬᠢᠨᠠᠨ | ᠵᠥᠪᠯᠡᠬᠦ ᠳᠤ᠂ ᠲᠤᠭᠤᠷᠪᠢᠨ ᠪᠢᠴᠢᠭᠰᠡᠨ ᠨᠢᠭᠡᠴᠡ ᠠᠴᠠ ᠨᠣᠣᠷᠠᠭᠯᠠᠭᠰᠠᠨ ᠲᠣᠳᠣᠷᠬᠠᠶᠢᠯᠠᠯᠲᠠ ᠬᠢᠵᠦ᠂ ᠬᠤᠲᠠ ᠶᠢᠨ | ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠢᠨᠠᠨ ᠪᠠᠶᠢᠴᠠᠭᠠᠭᠰᠠᠨ ᠲᠣᠳᠣᠷᠬᠠᠶᠢᠯᠠᠯᠲᠠ ᠬᠢᠬᠦ | ᠬᠡᠷᠡᠭᠲᠡᠢ᠃ | ᠭᠤᠴᠢᠨ ᠭᠤᠷᠪᠠᠳᠤᠭᠠᠷ ᠵᠦᠢᠯ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠤᠨ ᠲᠥᠰᠦᠯ ᠢ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠪᠤᠶᠤ ᠪᠥᠬᠦᠳᠡ ᠬᠤᠷᠠᠯ ᠢᠶᠠᠷ | ᠲᠣᠭᠲᠠᠭᠠᠵᠤ᠂ ᠬᠤᠲᠠ ᠶᠢᠨ ᠳᠠᠷᠤᠭ᠎ᠠ ᠵᠥᠪᠯᠡᠯᠭᠡ ᠳᠤ ᠭᠠᠷ ᠤᠨ ᠦᠰᠦᠭ ᠵᠢᠷᠤᠵᠤ᠂ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠪᠤᠶᠤ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠠᠴᠠ ᠬᠢᠨᠠᠨ ᠵᠥᠪᠯᠡᠨ᠎ᠡ᠃ | ᠭᠤᠴᠢᠨ ᠳᠥᠷᠪᠡᠳᠦᠭᠡᠷ ᠵᠦᠢᠯ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠪᠤᠶᠤ ᠪᠥᠬᠦᠳᠡ ᠬᠤᠷᠠᠯ ᠢᠶᠠᠷ ᠲᠣᠭᠲᠠᠭᠠᠵᠤ᠂ ᠬᠤᠲᠠ ᠶᠢᠨ | ᠳᠠᠷᠤᠭ᠎ᠠ ᠭᠠᠷ ᠤᠨ ᠦᠰᠦᠭ ᠵᠢᠷᠤᠵᠤ ᠵᠠᠷᠯᠢᠭ ᠢᠶᠠᠷ ᠨᠡᠶᠢᠲᠡᠯᠡᠨ᠎ᠡ᠃ | ᠭᠤᠴᠢᠨ ᠲᠠᠪᠤᠳᠤᠭᠠᠷ ᠵᠦᠢᠯ ᠵᠠᠰᠠᠭ ᠤᠨ ᠣᠷᠳᠣᠨ ᠤ ᠲᠦᠷᠢᠮ ᠲᠣᠭᠲᠠᠭᠠᠯ ᠢ ᠨᠡᠶᠢᠲᠡᠯᠡᠬᠦ ᠵᠠᠷᠯᠢᠭ ᠲᠤ | ᠲᠣᠭᠲᠠᠭᠠᠭᠰᠠᠨ ᠪᠠᠶᠢᠭᠤᠯᠭ᠎ᠠ᠂ ᠳ᠋ᠤᠭᠠᠷᠯᠠᠯ᠂ ᠲᠦᠷᠢᠮ ᠲᠣᠭᠲᠠᠭᠠᠯ ᠤᠨ ᠨᠡᠷᠡᠶᠢᠳᠦᠯ᠂ ᠪᠠᠲᠤᠯᠠᠭᠰᠠᠨ ᠡᠳᠦᠷ ᠰᠠᠷ᠎ᠠ᠂ | ᠬᠡᠷᠡᠭᠵᠢᠭᠦᠯᠬᠦ ᠡᠳᠦᠷ ᠰᠠᠷ᠎ᠠ᠂ ᠬᠤᠳᠠ ᠶᠢᠨ ᠳᠠᠷᠤᠭ᠎ᠠ ᠶᠢᠨ ᠭᠠᠷ ᠤᠨ ᠦᠰᠦᠭ ᠪᠠ ᠨᠡᠶᠢᠲᠡᠯᠡᠭᠰᠡᠨ ᠡᠳᠦᠷ ᠰᠠᠷ᠎ᠠ ᠶᠢ | ᠲᠣᠳᠣᠷᠬᠠᠶ ᠪᠢᠴᠢᠬᠦ ᠬᠡᠷᠡᠭᠲᠡᠶ᠃ | ᠭᠤᠴᠢᠨ ᠵᠢᠷᠭᠤᠳᠤᠭᠠᠷ ᠵᠦᠢᠯ ᠵᠠᠰᠠᠭ ᠤᠨ ᠣᠷᠳᠣᠨ ᠤ ᠲᠦᠷᠢᠮ ᠲᠣᠭᠲᠠᠭᠠᠯ ᠢ ᠭᠠᠷ ᠤᠨ ᠥᠰᠥᠭ ᠵᠢᠷᠤᠵᠤ | ᠨᠡᠶᠢᠲᠡᠯᠡᠭᠰᠡᠨ ᠤ ᠳᠠᠷᠠᠭ᠎ᠠ᠂ ︽ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ︾ ︽ | ᠬᠥᠬᠡᠬᠤᠲᠠ ᠶᠢᠨ ᠡᠳᠦᠷ ᠤᠨ ᠰᠣᠨᠢᠨ︾ ᠪᠣᠯᠤᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ | ᠰᠦᠯᠵᠢᠶᠡᠨ ᠳᠤ ᠴᠠᠭ ᠲᠤᠬᠠᠶ ᠳᠤᠨᠢ ᠨᠡᠶᠢᠲᠡᠯᠡᠬᠦ ᠬᠡᠷᠡᠭᠲᠡᠶ᠃ | ᠭᠤᠴᠢᠨ ᠳᠣᠯᠣᠳᠤᠭᠠᠷ ᠵᠦᠢᠯ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠨᠡᠶᠢᠲᠡᠯᠡᠭᠰᠡᠨ ᠡᠳᠦᠷ ᠠᠴᠠ | ᠡᠬᠢᠯᠡᠨ ᠭᠤᠴᠢᠨ ᠡᠳᠦᠷ ᠤᠨ ᠳᠠᠷᠠᠭ᠎ᠠ ᠠᠴᠠ ᠬᠡᠷᠡᠭᠵᠢᠭᠦᠯᠬᠦ ᠬᠡᠷᠡᠭᠲᠡᠶ᠃ ᠤᠯᠤᠰ ᠤᠨ ᠠᠮᠤᠷ ᠲᠦᠪᠰᠢᠨ ᠳᠤ | ᠬᠤᠯᠪᠣᠭᠳᠠᠬᠤ ᠪᠤᠶᠤ ᠨᠡᠶᠢᠲᠡᠯᠡᠭᠰᠡᠨ ᠳᠠᠷᠤᠶ ᠳᠤᠨᠢ ᠬᠡᠷᠡᠭᠵᠢᠭᠦᠯᠬᠦ ᠥᠬᠡᠶ ᠪᠣᠯ ᠵᠠᠰᠠᠭ ᠤᠨ ᠣᠷᠳᠣᠨ ᠤ ᠲᠦᠷᠢᠮ | ᠲᠣᠭᠲᠠᠭᠠᠯ ᠢ ᠬᠡᠷᠡᠭᠵᠢᠭᠦᠯᠬᠦ ᠳᠤ ᠬᠠᠷᠰᠢ ᠪᠣᠯᠬᠤ ᠵᠡᠷᠭᠡ ᠬᠠᠤᠯᠢ ᠪᠠᠷ ᠲᠣᠭᠲᠠᠭᠠᠭᠰᠠᠨ ᠪᠠᠶᠢᠳᠠᠯ ᠲᠠᠢ ᠪᠣᠯ | ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ ᠪᠣᠯᠤᠨ᠎ᠠ᠃ | ᠵᠢᠷᠭᠤᠳᠤᠭᠠᠷ ᠪᠦᠯᠦᠭ ᠳᠠᠩᠰᠠᠯᠠᠬᠤ᠂ ᠲᠠᠶᠢᠯᠪᠤᠷᠢᠯᠠᠬᠤ᠂ ᠦᠨᠡᠯᠡᠨ ᠵᠢᠱᠢᠬᠦ | ᠭᠤᠴᠢᠨ ᠨᠠᠢᠮᠠᠳᠤᠭᠠᠷ ᠵᠦᠢᠯ ᠵᠠᠰᠠᠭ ᠤᠨ ᠣᠷᠳᠣᠨ ᠤ ᠲᠥᠷᠢᠮ ᠲᠣᠭᠲᠠᠭᠠᠯ ᠢ ᠨᠡᠶᠢᠲᠡᠯᠡᠭᠰᠡᠨ ᠡᠳᠦᠷ ᠠᠴᠠ | ᠡᠬᠢᠯᠡᠨ ᠭᠤᠴᠢᠨ ᠡᠳᠦᠷ ᠤᠨ ᠳᠣᠲᠣᠷ᠎ᠠ᠂ ᠬᠤᠳᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠠᠴᠠ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠳᠤ ᠳᠠᠩᠰᠠᠯᠠᠭᠤᠯᠬᠤ ᠬᠡᠷᠡᠭᠲᠡᠶ᠃ | ᠭᠤᠴᠢ ᠶᠢᠰᠦᠳᠦᠭᠡᠷ ᠵᠦᠢᠯ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠲᠠᠶᠢᠯᠪᠤᠷᠢᠯᠠᠬᠤ ᠡᠷᠬᠡ | ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠬᠠᠷᠢᠶᠠᠯᠠᠭᠳᠠᠨ᠎ᠠ᠃ | ᠵᠠᠰᠠᠭ ᠤᠨ ᠣᠷᠳᠣᠨ ᠤ ᠲᠦᠷᠢᠮ ᠲᠣᠭᠲᠠᠭᠠᠯ ᠤᠨ ᠲᠣᠭᠲᠠᠭᠠᠯ ᠢ ᠪᠣᠳᠠᠲᠠᠶ ᠠᠭᠤᠯᠭ᠎ᠠ ᠶᠢ ᠤᠯᠠᠮ ᠨᠢᠭᠡ | ᠠᠯᠬᠤᠮ ᠲᠣᠳᠣᠷᠬᠠᠶᠢᠯᠠᠬᠤ ᠴᠢᠬᠤᠯᠠᠲᠠᠶ ᠪᠤᠶᠤ ᠲᠣᠭᠲᠠᠭᠠᠭᠰᠠᠨ ᠤ ᠲᠠᠷᠠᠭ᠎ᠠ ᠰᠢᠨ᠎ᠡ ᠪᠠᠶᠢᠳᠠᠯ ᠭᠠᠷᠴᠤ ᠲᠦᠷᠢᠮ | ᠲᠣᠭᠲᠠᠭᠠᠯ ᠢ ᠬᠡᠷᠡᠭᠯᠡᠬᠦ ᠦᠨᠳᠦᠰᠦ ᠪᠠᠷᠢᠮᠲᠠ ᠶᠢ ᠲᠣᠳᠣᠷᠬᠠᠶᠢᠯᠠᠬᠤ ᠴᠢᠬᠤᠯᠠᠲᠠᠶ ᠪᠣᠯ᠂ ᠵᠠᠰᠠᠭ ᠤᠨ ᠣᠷᠳᠣᠨ ᠤ | ᠲᠦᠷᠢᠮ ᠲᠣᠭᠲᠠᠭᠠᠯ ᠢ ᠬᠡᠷᠡᠭᠵᠢᠭᠦᠯᠬᠦ ᠪᠠᠶᠢᠭᠤᠯᠭ᠎ᠠ ᠠᠴᠠ ᠰᠠᠨᠠᠯ ᠳᠤᠷᠠᠳᠬᠤ ᠶᠢᠨ ᠬᠠᠮᠲᠤ ᠬᠤᠳᠠ ᠶᠢᠨ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠢᠨᠠᠨ ᠪᠠᠶᠢᠴᠠᠭᠠᠯᠭᠠᠬᠤ ᠪᠤᠶᠤ ᠬᠤᠳᠠ ᠶᠢᠨ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠰᠢᠭᠤᠳ ᠰᠠᠨᠠᠯ ᠳᠤᠷᠠᠳᠴᠤ᠂ ᠬᠤᠳᠠ ᠶᠢᠨ ᠠᠷᠠᠳ ᠤᠨ | ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠲᠠᠷᠠᠭ᠎ᠠ ᠨᠡᠶᠢᠭᠡᠮ ᠳᠤ ᠨᠡᠶᠢᠲᠡᠯᠡᠬᠦ ᠬᠡᠷᠡᠭᠲᠡᠢ᠃ | ᠲᠦᠷᠢᠮ ᠲᠣᠭᠲᠠᠭᠠᠯ ᠤᠨ ᠲᠠᠶᠢᠯᠪᠤᠷᠢᠯᠠᠯᠲᠠ ᠨᠢ ᠲᠦᠷᠢᠮ ᠲᠣᠭᠲᠠᠭᠠᠯ ᠲᠠᠢ ᠠᠳᠠᠯᠢᠬᠠᠨ ᠬᠦᠴᠦᠨ ᠲᠠᠢ᠃ | ᠳᠥᠴᠢᠳᠦᠭᠡᠷ ᠵᠦᠢᠯ ᠵᠠᠰᠠᠭ ᠤᠨ ᠣᠷᠳᠣᠨ ᠤ ᠳᠦᠷᠢᠮ ᠲᠣᠭᠲᠠᠭᠠᠯ ᠳᠤ ᠳᠣᠣᠷ᠎ᠠ ᠵᠢᠭᠰᠠᠭᠠᠭᠰᠠᠨ | ᠪᠠᠶᠢᠳᠠᠯ ᠤᠨ ᠨᠢᠭᠡ ᠨᠢ ᠪᠠᠶᠢᠪᠠᠯ᠂ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠬᠡᠷᠡᠭᠵᠢᠭᠦᠯᠬᠦ ᠪᠠᠶᠢᠭᠤᠯᠭ᠎ᠠ ᠠᠴᠠ | ᠬᠠᠤᠯᠢ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠯᠲᠡ ᠶᠢ ᠥᠷᠨᠢᠭᠦᠯᠬᠦ ᠬᠡᠷᠡᠭᠲᠡᠶ᠃ ᠴᠢᠬᠤᠯᠠ ᠲᠠᠢ ᠦᠶ᠎ᠡ ᠳᠤ᠂ | ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠵᠠᠰᠠᠭ ᠤᠨ ᠣᠷᠳᠣᠨ ᠤ ᠳᠦᠷᠢᠮ | ᠲᠣᠭᠲᠠᠭᠠᠯ ᠢ ᠬᠡᠷᠡᠭᠵᠢᠭᠦᠯᠬᠦ ᠪᠠᠶᠢᠭᠤᠯᠭ᠎ᠠ ᠲᠠᠢ ᠬᠠᠮᠲᠤᠷᠠᠨ ᠦᠨᠡᠯᠡᠨ ᠵᠢᠱᠢᠯᠲᠡ ᠬᠢᠵᠦ ᠪᠣᠯᠣᠨ᠎ᠠ᠃ | ︵ᠨᠢᠭᠡ︶ ᠣᠷᠣᠨ ᠨᠤᠲᠤᠭ ᠤᠨ ᠴᠢᠨᠠᠷᠲᠠᠶ ᠬᠠᠤᠯᠢ ᠳᠦᠷᠢᠮ ᠪᠣᠯᠭᠠᠨ ᠳᠡᠭᠡᠭᠰᠢᠯᠡᠭᠦᠯᠬᠦ ᠪᠠᠷ ᠲᠥᠯᠥᠪᠯᠡᠭᠰᠡᠨ︔ | | ︵ᠬᠤᠶᠠᠷ︶ ᠴᠢᠬᠤᠯᠠ ᠶᠡᠭᠡ ᠵᠠᠰᠠᠪᠤᠷᠢ ᠣᠷᠣᠭᠤᠯᠬᠤ ᠪᠠᠷ ᠲᠥᠯᠥᠪᠯᠡᠭᠰᠡᠨ︔ | ︵ᠭᠤᠷᠪᠠ︶ ᠬᠦᠴᠦᠨ ᠦᠭᠡᠢ ᠪᠣᠯᠭᠠᠬᠤ ᠪᠠᠷ ᠲᠥᠯᠥᠪᠯᠡᠵᠦ ᠪᠠᠶᠢᠭ᠎ᠠ ᠪᠣᠯᠪᠠᠴᠤ ᠨᠡᠯᠢᠶᠡᠳ ᠶᠡᠭᠡ | ᠮᠠᠷᠭᠤᠭᠠᠨ ᠲᠠᠢ︔ | ︵ᠲᠦᠷᠪᠡ︶ ᠠᠵᠤ ᠠᠬᠤᠶ ᠨᠡᠶᠢᠭᠡᠮ ᠤᠨ ᠬᠥᠭᠵᠢᠯᠲᠡ ᠪᠤᠶᠤ ᠤᠯᠠᠨ ᠨᠡᠶᠢᠲᠡ ᠶᠢᠨ ᠠᠰᠢᠭ ᠲᠤᠰᠠ ᠲᠠᠢ | ᠨᠢᠭᠲᠠ ᠬᠤᠯᠪᠣᠭ᠎ᠠ ᠲᠠᠢ ᠮᠥᠷᠲᠡᠭᠡᠨ ᠬᠡᠷᠡᠭᠵᠢᠭᠦᠯᠦᠭᠡᠳ ᠪᠦᠬᠦᠯᠢ ᠲᠠᠪᠤᠨ ᠵᠢᠯ ᠪᠣᠯᠤᠭᠰᠠᠨ︔ | ︵ᠲᠠᠪᠤ︶ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠨ ᠵᠢᠴᠢ ᠨᠡᠶᠢᠭᠡᠮ ᠨᠡᠶᠢᠲᠡ ᠶᠢᠨ ᠲᠤᠰᠬᠠᠭᠰᠠᠨ ᠠᠰᠠᠭᠤᠳᠠᠯ ᠨᠡᠯᠢᠶᠡᠳ ᠲᠥᠪᠯᠡᠷᠡᠩᠭᠦᠶ ᠪᠠᠶᠢᠬᠤ | ︔ | ︵ᠵᠢᠷᠭᠤᠭ᠎ᠠ︶ ᠦᠨᠡᠯᠡᠨ ᠵᠢᠱᠢᠬᠦ ᠴᠢᠬᠤᠯᠠᠲᠠᠶ ᠪᠤᠰᠤᠳ ᠪᠠᠶᠢᠳᠠᠯ᠃ | ᠵᠠᠰᠠᠭ ᠤᠨ ᠣᠷᠳᠣᠨ ᠤ ᠲᠦᠷᠢᠮ ᠲᠣᠭᠲᠠᠭᠠᠯ ᠢ ᠬᠡᠷᠡᠭᠵᠢᠭᠦᠯᠬᠦ ᠪᠠᠶᠢᠭᠤᠯᠭ᠎ᠠ ᠪᠤᠶᠤ ᠬᠤᠳᠠ ᠶᠢᠨ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠠᠮᠢᠶ᠎ᠠ ᠪᠦᠬᠦᠢ ᠵᠢᠭᠠᠨ ᠰᠤᠷᠭᠠᠯᠲᠠ ᠰᠢᠨᠵᠢᠯᠡᠬᠦ | ᠤᠬᠠᠭᠠᠨ ᠤ ᠰᠤᠳᠤᠯᠭᠠᠨ ᠤ ᠨᠢᠭᠡᠴᠡ᠂ ᠲᠤᠰᠬᠠᠢ ᠮᠡᠷᠭᠡᠵᠢᠯ ᠤᠨ ᠪᠠᠶᠢᠴᠠᠭᠠᠯᠲᠠ ᠶᠢᠨ ᠪᠠᠶᠢᠭᠤᠯᠤᠮᠵᠢ ᠵᠡᠷᠭᠡ ᠵᠣᠬᠢᠶᠠᠨ | ᠪᠠᠶᠢᠭᠤᠯᠤᠯᠲᠠ ᠳᠤ ᠨᠠᠶᠢᠳᠠᠵᠤ ᠬᠠᠤᠯᠢ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠯᠲᠡ ᠬᠢᠯᠭᠡᠵᠦ ᠪᠣᠯᠤᠨ᠎ᠠ᠃ | ᠳᠡᠭᠡᠳᠦ ᠪᠠᠶᠢᠷᠢ ᠶᠢᠨ ᠬᠠᠤᠯᠢ ᠳᠤ ᠲᠤᠬᠢᠷᠠᠭᠤᠯᠤᠯᠳᠠ ᠬᠢᠭᠰᠡᠨ ᠪᠤᠶᠤ ᠪᠠᠴᠢᠮ ᠪᠠᠶᠢᠳᠠᠯ ᠳᠤ | ᠲᠤᠯᠭᠠᠷᠠᠭᠰᠠᠨ ᠠᠴᠠ ᠪᠤᠯᠵᠤ ᠵᠠᠰᠠᠭ ᠤᠨ ᠣᠷᠳᠣᠨ ᠤ ᠲᠦᠷᠢᠮ ᠲᠣᠭᠲᠠᠭᠠᠯ ᠳᠤ ᠵᠠᠰᠠᠪᠤᠷᠢ ᠣᠷᠣᠭᠤᠯᠬᠤ ᠴᠢᠬᠤᠯᠠᠲᠠᠢ | ᠪᠣᠯ᠂ ᠬᠠᠤᠯᠢ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠯᠲᠡ ᠬᠢᠬᠦ ᠦᠭᠡᠢ ᠪᠠᠶᠢᠵᠤ ᠪᠣᠯᠤᠨ᠎ᠠ᠃ | ᠳᠥᠴᠢᠨ ᠨᠢᠭᠡᠳᠦᠭᠡᠷ ᠵᠦᠢᠯ ᠬᠠᠤᠯᠢ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠯᠲᠡ ᠳᠤ ᠵᠠᠰᠠᠭ ᠤᠨ | ᠣᠷᠳᠣᠨ ᠤ ᠳᠦᠷᠢᠮ ᠲᠣᠭᠲᠠᠭᠠᠯ ᠤᠨ ᠬᠠᠤᠯᠢ ᠲᠣᠭᠲᠠᠭᠠᠬᠤ ᠶᠠᠰᠤ ᠴᠢᠨᠠᠷ᠂ ᠬᠡᠷᠡᠭᠵᠢᠭᠦᠯᠬᠦ ᠦᠷ᠎ᠡ ᠠᠰᠢᠭ᠂ | ᠣᠷᠣᠰᠢᠵᠤ ᠪᠠᠶᠢᠭ᠎ᠠ ᠠᠰᠠᠭᠤᠳᠠᠯ ᠵᠢᠴᠢ ᠨᠥᠯᠥᠭᠡ ᠵᠡᠷᠭᠡ ᠳᠤ ᠪᠠᠶᠢᠴᠠᠭᠠᠯᠲᠠ ᠪᠠ ᠦᠨᠡᠯᠡᠯᠲᠡ ᠬᠢᠵᠦ᠂ ᠦᠷᠭᠦᠯᠵᠢᠯᠡᠨ | ᠬᠡᠷᠡᠭᠵᠢᠭᠦᠯᠬᠦ᠂ ᠵᠠᠰᠠᠪᠤᠷᠢ ᠣᠷᠣᠭᠤᠯᠬᠤ ᠪᠤᠶᠤ ᠬᠦᠴᠦᠨ ᠦᠭᠡᠢ ᠪᠣᠯᠭᠠᠬᠤ ᠰᠠᠨᠠᠭᠤᠯᠭ᠎ᠠ ᠳᠤᠷᠠᠳᠴᠤ᠂ ᠬᠠᠤᠯᠢ | ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠭᠰᠡᠨ ᠮᠡᠳᠡᠭᠦᠯᠦᠯᠲᠡ ᠶᠢ ᠪᠦᠷᠢᠯᠳᠦᠭᠦᠯᠬᠦ ᠬᠡᠷᠡᠭᠲᠡᠶ᠃ ᠦᠨᠡᠯᠡᠨ | ᠵᠢᠱᠢᠭᠰᠡᠨ ᠦᠷ᠎ᠡ ᠳ᠋ᠦᠩ ᠢ ᠵᠠᠰᠠᠭ ᠤᠨ ᠣᠷᠳᠣᠨ ᠤ ᠬᠠᠮᠢᠶ᠎ᠠ ᠪᠦᠬᠦᠢ ᠲᠦᠷᠢᠮ ᠲᠣᠭᠲᠠᠭᠠᠯ ᠳᠤ ᠵᠠᠰᠠᠪᠤᠷᠢ | ᠣᠷᠣᠭᠤᠯᠬᠤ᠂ ᠲᠡᠭᠦᠨ ᠢ ᠬᠦᠴᠦᠨ ᠦᠭᠡᠢ ᠪᠣᠯᠭᠠᠬᠤ ᠶᠢᠨ ᠴᠢᠬᠤᠯᠠ ᠯᠠᠪᠯᠠᠯᠲᠠ ᠪᠣᠯᠭᠠᠨ᠎ᠠ᠃ | ᠳᠥᠴᠢᠨ ᠬᠤᠶᠠᠳᠤᠭᠠᠷ ᠵᠦᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠥᠭᠡᠷᠡᠴᠢᠯᠡᠯᠲᠡ ᠶᠢ ᠪᠦᠬᠦ | ᠲᠠᠯ᠎ᠠ ᠪᠠᠷ ᠭᠦᠨᠵᠡᠭᠡᠶᠢᠷᠡᠭᠦᠯᠬᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠵᠢᠴᠢ ᠳᠡᠭᠡᠳᠦ | ᠪᠠᠶᠢᠷᠢ ᠶᠢᠨ ᠬᠠᠤᠯᠢ ᠶᠢ ᠲᠣᠭᠲᠠᠭᠠᠭᠰᠠᠨ᠂ ᠵᠠᠰᠠᠪᠤᠷᠢ ᠣᠷᠣᠭᠤᠯᠤᠭᠰᠠᠨ᠂ ᠬᠦᠴᠦᠨ ᠦᠭᠡᠢ ᠪᠣᠯᠭᠠᠭᠰᠠᠨ ᠪᠠᠶᠢᠳᠠᠯ ᠢ | ᠦᠨᠳᠦᠰᠦᠯᠡᠨ᠂ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠡᠮᠬᠢᠯᠡᠨ ᠲᠢᠭᠯᠡᠬᠦ ᠠᠵᠢᠯ ᠢ ᠴᠠᠭ ᠲᠤᠬᠠᠶ ᠳᠤᠨᠢ | ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠶ᠃ | ᠳᠥᠴᠢᠨ ᠭᠤᠷᠪᠠᠳᠤᠭᠠᠷ ᠵᠦᠢᠯ ᠣᠷᠣᠨ ᠨᠤᠲᠤᠭ ᠤᠨ ᠴᠢᠨᠠᠷᠲᠠᠢ ᠬᠠᠤᠯᠢ ᠳᠦᠷᠢᠮ ᠪᠠ ᠵᠠᠰᠠᠭ ᠤᠨ | ᠣᠷᠳᠣᠨ ᠤ ᠲᠦᠷᠢᠮ ᠲᠣᠭᠲᠠᠭᠠᠯ ᠳᠤ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠬᠡᠷᠡᠭᠵᠢᠭᠦᠯᠬᠦ | ᠪᠠᠶᠢᠭᠤᠯᠭ᠎ᠠ ᠪᠤᠶᠤ ᠬᠤᠳᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠴᠠᠭ | ᠲᠤᠬᠠᠢ ᠳᠤᠨᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠳᠤ ᠵᠠᠰᠠᠪᠤᠷᠢ ᠣᠷᠣᠭᠤᠯᠬᠤ ᠪᠤᠶᠤ ᠬᠦᠴᠦᠨ ᠦᠭᠡᠢ | ᠪᠣᠯᠭᠠᠬᠤ ᠰᠠᠨᠠᠭᠤᠯᠭ᠎ᠠ ᠳᠤᠷᠠᠳᠬᠤ ᠬᠡᠷᠡᠭᠲᠡᠢ᠄ | ︵ᠨᠢᠭᠡ︶ ᠰᠢᠨ᠎ᠡ ᠪᠠᠷ ᠲᠣᠭᠲᠠᠭᠠᠭᠰᠠᠨ ᠳᠡᠭᠡᠳᠦ ᠪᠠᠶᠢᠷᠢ ᠶᠢᠨ ᠬᠠᠤᠯᠢ ᠪᠤᠶᠤ ᠤᠯᠤᠰ ᠤᠨ ᠬᠠᠮᠢᠶ᠎ᠠ ᠪᠦᠬᠦᠢ | ᠲᠣᠭᠲᠠᠭᠠᠯ ᠲᠠᠢ ᠬᠠᠷᠰᠢᠯᠳᠤᠭᠰᠠᠨ︔ | ︵ᠬᠤᠶᠠᠷ︶ ᠦᠨᠳᠦᠰᠦᠯᠡᠯ ᠪᠣᠯᠭᠠᠭᠰᠠᠨ ᠳᠡᠭᠡᠳᠦ ᠪᠠᠶᠢᠷᠢ ᠶᠢᠨ ᠬᠠᠤᠯᠢ ᠳᠤ ᠨᠢᠭᠡᠨᠲᠡ ᠵᠠᠰᠠᠪᠤᠷᠢ | ᠣᠷᠣᠭᠤᠯᠤᠭᠰᠠᠨ ᠪᠤᠶᠤ ᠬᠦᠴᠦᠨ ᠦᠭᠡᠢ ᠪᠣᠯᠭᠠᠭᠰᠠᠨ︔ | ︵ᠭᠤᠷᠪᠠ︶ ᠨᠢᠭᠡᠨᠲᠡ ᠰᠢᠨ᠎ᠡ ᠪᠠᠷ ᠨᠡᠶᠢᠲᠡᠯᠡᠭᠰᠡᠨ ᠬᠠᠤᠯᠢ ᠴᠠᠭᠠᠵᠠ᠂ ᠬᠠᠤᠯᠢ ᠳᠦᠷᠢᠮ᠂ ᠲᠦᠷᠢᠮ | ᠲᠣᠭᠲᠠᠭᠠᠯ ᠢᠶᠠᠷ ᠣᠷᠣᠯᠠᠭᠳᠠᠭᠰᠠᠨ︔ | ︵ᠲᠦᠷᠪᠡ︶ ᠲᠤᠬᠢᠷᠡᠭᠤᠯᠦᠯᠳᠠ ᠬᠢᠭᠰᠡᠨ ᠡᠲᠡᠭᠡᠳ ᠨᠢ ᠨᠢᠭᠡᠨᠲᠡ ᠦᠭᠡᠢ ᠪᠣᠯᠣᠭᠰᠠᠨ ᠪᠤᠶᠤ ᠬᠤᠪᠢᠷᠠᠯᠲᠠ | ᠭᠠᠷᠤᠭᠰᠠᠨ︔ | ︵ᠲᠠᠪᠤ︶ ᠬᠡᠷᠡᠭᠵᠢᠭᠦᠯᠬᠦ ᠭᠤᠣᠯ ᠴᠣᠭᠴᠠ ᠳᠤ ᠬᠤᠪᠢᠷᠠᠯᠲᠠ ᠭᠠᠷᠤᠭᠰᠠᠨ︔ | ︵ᠵᠢᠷᠭᠤᠭ᠎ᠠ︶ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠬᠡᠷᠡᠭᠴᠡᠭᠡ ᠳᠤ ᠵᠣᠬᠢᠴᠠᠬᠤ ᠦᠭᠡᠢ ᠪᠣᠯᠣᠭᠰᠠᠨ︔ | ︵ᠲᠤᠯᠤᠭ᠎ᠠ︶ ᠵᠠᠰᠠᠪᠤᠷᠢ ᠣᠷᠣᠭᠤᠯᠬᠤ ᠪᠤᠶᠤ ᠬᠦᠴᠦᠨ ᠥᠭᠡᠢ ᠪᠣᠯᠭᠠᠬᠤ ᠴᠢᠬᠤᠯᠠ ᠲᠠᠢ ᠪᠤᠰᠤᠳ ᠪᠠᠶᠢᠳᠠᠯ | ᠃ | ᠳᠣᠯᠣᠳᠤᠭᠠᠷ ᠪᠦᠯᠦᠭ ᠳᠠᠭᠠᠯᠳᠤᠭᠤᠯᠤᠭᠰᠠᠨ ᠲᠦᠷᠢᠮ | ᠳᠥᠴᠢᠨ ᠳᠥᠷᠪᠡᠳᠦᠭᠡᠷ ᠵᠦᠢᠯ ᠵᠠᠰᠠᠭ ᠤᠨ ᠣᠷᠳᠣᠨ ᠤ ᠳᠦᠷᠢᠮ ᠲᠣᠭᠲᠠᠭᠠᠯ ᠳᠤ ᠵᠠᠰᠠᠪᠤᠷᠢ ᠣᠷᠣᠭᠤᠯᠬᠤ | ᠪᠤᠶᠤ ᠲᠡᠭᠦᠨ ᠢ ᠬᠦᠴᠦᠨ ᠦᠭᠡᠶ ᠪᠣᠯᠭᠠᠬᠤ ᠳᠠᠷᠠᠭᠠᠯᠠᠯ ᠲᠤᠰ ᠠᠷᠭ᠎ᠠ ᠶᠢᠨ ᠵᠠᠰᠠᠭ ᠤᠨ ᠣᠷᠳᠣᠨ ᠤ ᠳᠦᠷᠢᠮ | ᠲᠣᠭᠲᠠᠭᠠᠯ ᠢ ᠲᠣᠭᠲᠠᠭᠠᠬᠤ ᠳᠠᠷᠠᠭᠠᠯᠠᠯ ᠤᠨ ᠬᠤᠯᠪᠣᠭᠳᠠᠯ ᠪᠦᠬᠦᠢ ᠲᠣᠭᠲᠠᠭᠠᠯ ᠢ ᠵᠢᠷᠤᠮᠯᠠᠨ᠎ᠠ᠃ | ᠳᠥᠴᠢᠨ ᠲᠠᠪᠤᠳᠤᠭᠠᠷ ᠵᠦᠢᠯ ᠲᠤᠰ ᠲᠣᠭᠲᠠᠭᠠᠯ ᠢ 2021 ᠣᠨ ᠤ 9 ᠳ᠋ᠤᠭᠡᠷ ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | |