︽ᠨᠣᠭᠤᠭ᠎ᠠ ᠶᠢᠨ ᠰᠠᠭᠰᠤ︾᠂ ︽ᠬᠦᠨᠡᠰᠦᠨ ᠤ ᠤᠭᠤᠲᠠ︾ ᠶᠢᠨ ᠬᠠᠩᠭᠠᠯᠭ᠎ᠠ ᠶᠢ ᠭᠦᠢᠴᠡᠳ ᠬᠠᠩᠭᠠᠬᠤ ᠶᠢ ᠪᠠᠲᠤᠯᠠᠬᠤ ᠪᠠᠷ ᠬᠥᠬᠡᠬᠤᠲᠠ ᠶᠢᠨ ᠬᠢᠨ ᠢᠩᠭᠢᠵᠦ ᠬᠢᠵᠦ ᠪᠣᠢ︕
ᠨᠡᠶᠢᠲᠡᠯᠡᠭᠰᠡᠨ ᠴᠠᠭ᠄
2021/11/3
      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠴᠢᠩᠭᠠᠳᠬᠠᠵᠤ᠂ ᠣᠷᠣᠨ ᠤ ᠲᠥᠪ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠤᠯᠠᠮ ᠨᠢᠭᠡ ᠠᠯᠬᠤᠮ ᠪᠠᠲᠤᠯᠠᠵᠤ᠂ ᠬᠠᠯᠳᠠᠪᠤᠷᠢᠯᠠᠬᠤ ᠲᠦᠭᠰᠢᠭᠦᠷᠢ ᠶᠢ ᠠᠯᠢ ᠴᠢᠳᠠᠬᠤ ᠪᠠᠷ ᠪᠠᠭᠠᠰᠬᠠᠬᠤ ᠶᠢᠨ ᠲᠥᠯᠥᠭᠡ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠴᠠ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠢ ᠢᠳᠡᠪᠬᠢᠲᠡᠶ ᠵᠣᠬᠢᠶᠠᠨ ᠪᠠᠶᠢᠭᠤᠯᠵᠤ᠂ ᠠᠵᠤ ᠠᠬᠤᠶᠢᠯᠠᠯ ᠤᠨ ᠳᠠᠪᠠᠭᠤᠯᠢᠭ ᠢ ᠪᠠᠳᠠᠷᠠᠭᠤᠯᠤᠨ᠂ ᠨᠡᠶᠢᠭᠡᠮ ᠤᠨ ᠬᠠᠷᠢᠭᠤᠴᠠᠯᠭ᠎ᠠ ᠶᠢ ᠡᠭᠦᠷᠭᠡᠯᠡᠵᠦ᠂ ᠠᠮᠤ ᠪᠤᠳᠠᠭ᠎ᠠ ᠢᠳᠡᠰᠢᠨ ᠲᠣᠰᠣ᠂ ᠢᠳᠡᠰᠢᠨ ᠨᠣᠭᠤᠭ᠎ᠠ᠂ ᠵᠢᠮᠢᠰ ᠵᠡᠷᠭᠡ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠢ ᠰᠦᠯᠵᠢᠶᠡᠨ ᠳᠤ ᠬᠤᠯᠪᠣᠪᠠ᠃      ᠬᠤᠲᠠ ᠶᠢᠨ ᠠᠷᠠᠳ ᠵᠥᠪᠬᠡᠨ ᠬᠤᠯᠪᠣᠭᠳᠠᠯ ᠪᠥᠬᠦᠶ ᠠᠵᠤ ᠠᠬᠤᠶᠢᠯᠠᠯ ᠤᠨ ᠰᠦᠯᠵᠢᠶᠡᠨ ᠳᠡᠭᠡᠷᠡᠬᠢ ᠬᠤᠳᠠᠯᠳᠤᠭᠠᠨ ᠤ ᠬᠤᠲᠠ ᠳᠤ ᠣᠷᠣᠵᠤ᠂ ᠲᠡᠷᠡ ᠳᠠᠷᠤᠶ ᠳᠤᠨᠢ ᠬᠤᠳᠠᠯᠳᠤᠨ ᠠᠪᠴᠤ᠂ ᠲᠣᠭᠲᠠᠭᠰᠠᠨ ᠬᠤᠭᠤᠴᠠᠭᠠᠨ ᠳᠤ ᠬᠦᠷᠭᠡᠵᠦ᠂ ᠳᠣᠭᠢᠷᠠᠭᠤᠯᠤᠨ ᠬᠦᠷᠭᠡᠬᠦ ᠳᠤ ᠬᠦᠷᠦᠯᠴᠡᠵᠦ ᠪᠣᠯᠬᠤ ᠥᠬᠡᠶ᠃ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠲᠣᠰ ᠤᠳᠠᠭᠠᠨ ᠤ ᠬᠢᠵᠢᠭ ᠢ ᠡᠰᠡᠷᠭᠦᠴᠡᠨ ᠬᠠᠩᠭᠠᠯᠭ᠎ᠠ ᠶᠢ ᠪᠠᠲᠤᠯᠠᠬᠤ ᠳᠤ ᠣᠷᠣᠯᠴᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠢ ᠪᠠᠷᠠᠭᠠᠨ ᠤ ᠢᠷᠡᠯᠲᠡ ᠶᠢᠨ ᠠᠷᠭ᠎ᠠ ᠵᠠᠮ᠂ ᠳᠣᠭᠢᠷᠠᠭᠤᠯᠤᠨ ᠬᠦᠷᠭᠡᠬᠦ ᠴᠢᠳᠠᠪᠤᠷᠢ᠂ ᠪᠣᠷᠣᠯᠠᠭᠤᠯᠤᠭᠰᠠᠨ ᠤ ᠳᠠᠷᠠᠭᠠᠬᠢ ᠪᠠᠲᠤᠯᠠᠭ᠎ᠠ ᠵᠡᠷᠭᠡ ᠲᠠᠯ᠎ᠠ ᠪᠠᠷ ᠴᠥᠮ ᠴᠢᠩᠭ᠎ᠠ ᠰᠢᠭᠰᠢᠨ ᠰᠣᠩᠭᠤᠪᠠ᠃ ᠠᠵᠤ ᠠᠬᠤᠶᠢᠯᠠᠯ ᠤᠨ ᠬᠢᠨ ᠥᠷᠭᠡᠨ ᠤᠯᠠᠨ ᠬᠤᠳᠠ ᠶᠢᠨ ᠠᠷᠠᠳ ᠲᠤ ᠴᠢᠨᠠᠷ ᠰᠠᠶᠢᠲᠠᠢ ᠪᠥᠭᠡᠳ ᠬᠢᠮᠳᠠ ᠲᠠᠸᠠᠷ ᠬᠠᠩᠭᠠᠬᠤ ᠶᠢᠨ ᠬᠠᠮᠲᠤ ᠬᠢᠵᠢᠭ ᠢ ᠰᠡᠷᠭᠡᠶᠢᠯᠡᠨ ᠠᠷᠢᠭᠤᠳᠬᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠪᠤᠢ ᠪᠦᠬᠦᠢ ᠢᠯᠭᠠᠯᠲᠠ ᠶᠢᠨ ᠠᠵᠢᠯᠳᠠᠨ᠂ ᠲᠦᠷᠭᠡᠨ ᠬᠦᠷᠭᠡᠭᠴᠢ ᠳᠤ ᠪᠡᠶ᠎ᠡ ᠶᠢᠨ ᠳᠤᠯᠠᠭᠠᠨ ᠤ ᠪᠠᠶᠢᠴᠠᠭᠠᠯᠲᠠ ᠬᠢᠵᠦ᠂ ᠲᠦᠷᠭᠡᠨ ᠬᠦᠷᠭᠡᠯᠲᠡ ᠶᠢᠨ ᠭᠠᠳᠠᠷ ᠪᠣᠭᠤᠳᠠᠯ ᠪᠠᠭᠯᠠᠭ᠎ᠠ᠂ ᠬᠥᠮᠦᠰ ᠤᠨ ᠬᠤᠪᠴᠠᠰᠤ ᠬᠤᠨᠠᠷ ᠵᠡᠷᠭᠡ ᠶᠢ ᠠᠷᠢᠭᠤᠳᠬᠠᠨ ᠬᠢᠵᠢᠭ ᠢ ᠰᠡᠷᠭᠡᠶᠢᠯᠡᠵᠦ᠂ ᠢᠳᠡᠭᠡᠨ ᠤ ᠮᠠᠲ᠋ᠧᠷᠢᠶᠠᠯ ᠢ ᠠᠮᠤᠷ ᠲᠦᠪᠰᠢᠨ ᠢᠶᠠᠷ ᠬᠦᠷᠭᠡᠬᠦ ᠶᠢ ᠪᠠᠲᠤᠯᠠᠨ᠎ᠠ᠃      ᠣᠶᠢᠯᠠᠭᠠᠭᠰᠠᠨ ᠢᠶᠠᠷ᠂ ᠬᠠᠩᠭᠠᠯᠭ᠎ᠠ ᠶᠢ ᠪᠠᠲᠤᠯᠠᠬᠤ ᠳᠤ ᠣᠷᠣᠯᠴᠠᠭᠰᠠᠨ ᠠᠵᠤ ᠠᠬᠤᠶᠢᠯᠠᠯ ᠣᠳᠣᠬᠠᠨ ᠳᠤ 9 ᠪᠠᠶᠢᠨ᠎ᠠ᠂ ᠲᠤᠬᠠᠶᠢᠯᠠᠪᠠᠯ ᠮᠸᠢ ᠲᠤᠸᠠᠨ ᠵᠠᠬᠢᠶᠠᠯᠠᠭ᠎ᠠ ᠶᠢᠨ ᠬᠤᠭᠤᠯᠠ᠂ ᠳ᠋ᠥᠸᠧ ᠳ᠋ᠥᠸᠧ ᠨᠣᠭᠤᠭ᠎ᠠ ᠬᠤᠳᠠᠯᠳᠤᠬᠤ᠂ ᠴᠡᠯᠡᠭᠡᠷ ᠲᠠᠯ᠎ᠠ ᠨᠦᠩ ᠪᠥᠸᠧ ᠬᠤᠳᠠᠯᠳᠤᠭᠠᠨ ᠤ ᠬᠤᠲᠠ ᠶᠢᠨ ᠵᠢᠵᠢᠭ ᠫᠷᠤᠭ᠍ᠷᠠᠮ᠂ ᠠ ᠯᠢ ᠫᠥᠸᠧ ᠫᠥᠸᠧ᠂ ᠰᠦ ᠨᠢᠩ ᠢ ᠭᠧᠦ᠂ ᠵᠢᠩ ᠳ᠋ᠦᠩ ᠳᠤᠮᠳᠠᠳᠤ ᠤᠯᠤᠰ ᠤᠨ ᠣᠨᠴᠠ ᠭᠠᠷᠤᠯᠲᠠ · ᠥᠪᠥᠷ ᠮᠣᠩᠭᠤᠯ ᠤᠨ ᠣᠷᠳᠣᠨ᠂ ᠥᠪᠥᠷ ᠮᠣᠩᠭᠤᠯ ᠤᠨ ᠱᠧᠩ ᠲᠢᠶᠠᠨ ᠱᠧᠩ ᠰᠢᠨ᠎ᠡ ᠰᠣᠷᠭᠤᠭ ᠡᠯᠧᠺᠲᠷᠣᠨ ᠬᠤᠳᠠᠯᠳᠤᠭᠠᠨ ᠤ ᠲᠠᠪᠴᠠᠩ᠂ ᠱᠢ ᠴᠢᠣᠸᠠᠨ ᠱᠢ ᠮᠸᠢ ᠴᠢᠨᠠᠷ ᠰᠠᠶᠢᠲᠠᠶ ᠠᠮᠢᠳᠤᠷᠠᠯ ᠤᠨ ᠣᠷᠳᠣᠨ᠂ ᠮᠧᠩ ᠧᠨ  ᠢᠮᠠᠭᠠᠨ ᠰᠦ ︵11 ᠲᠠᠪᠴᠠᠩ︶ ᠵᠡᠷᠭᠡ ᠨᠢ ᠠᠮᠤ ᠪᠤᠳᠠᠭ᠎ᠠ᠂ ᠲᠦᠭᠦᠬᠡᠶ ᠰᠢᠨ᠎ᠡ ᠰᠣᠷᠭᠤᠭ᠂ ᠮᠢᠬᠠᠨ ᠤ ᠵᠦᠢᠯ᠂ ᠰᠡᠯᠡᠭᠦᠴᠡᠯ ᠤᠨ ᠢᠳᠡᠭᠡᠨ᠂ ᠡᠳᠦᠷ ᠲᠤᠲᠤᠮ ᠤᠨ ᠬᠡᠷᠡᠭᠯᠡᠭᠡᠨ ᠤ ᠪᠦᠷᠢᠨ ᠪᠠᠷᠠᠭ᠎ᠠ ᠵᠡᠷᠭᠡ ᠲᠥᠷᠥᠯ ᠵᠦᠢᠯ ᠢ ᠬᠠᠮᠤᠷᠴᠤ᠂ ᠳᠣᠭᠢᠷᠠᠭᠤᠯᠤᠨ ᠬᠦᠷᠭᠡᠬᠦ ᠬᠡᠪᠴᠢᠶ᠎ᠡ ᠨᠢ ᠪᠥᠬᠦ ᠬᠤᠲᠠ ᠶᠢ ᠬᠠᠮᠤᠷᠴᠤ ᠪᠠᠶᠢᠨ᠎ᠠ᠃ ᠵᠠᠯᠭᠠᠭᠠᠳ ᠪᠠᠶᠢᠳᠠᠯ ᠢ ᠦᠨᠳᠦᠰᠦᠯᠡᠨ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠠᠩ ᠣᠯᠠᠨ ᠡᠯᠧᠺᠲᠷᠣᠨ ᠬᠤᠳᠠᠯᠳᠤᠭᠠᠨ ᠤ ᠰᠢᠯᠢᠳᠡᠭ ᠠᠵᠤ ᠠᠬᠤᠶᠢᠯᠠᠯ ᠢ ᠰᠣᠩᠭᠤᠨ ᠣᠷᠣᠯᠴᠠᠭᠤᠯᠬᠤ ᠪᠣᠯᠣᠨ᠎ᠠ᠃
 
ᠢᠷᠡᠯᠲᠡ᠄ ᠲᠣᠳᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号