ᠠᠩᠬᠠᠨ ᠤ ᠪᠦᠯᠦᠭ︕ ᠲᠡᠳᠡ ᠤᠷᠤᠭᠰᠢᠲᠠᠶ ᠪᠠᠷ ᠡᠮᠨᠡᠯᠭᠡ ᠠᠴᠠ ᠭᠠᠷᠪᠠ
ᠨᠡᠶᠢᠲᠡᠯᠡᠭᠰᠡᠨ ᠴᠠᠭ᠄
2021/11/3
      ᠥᠪᠥᠷ ᠮᠣᠩᠭᠤᠯ ᠤᠨ ᠲᠤᠰ ᠡᠭᠡᠯᠵᠢ ᠳᠤ ᠠᠩᠬᠠᠨ ᠤ ᠪᠦᠯᠦᠭ ᠤᠨ ᠲᠣᠰ ᠭᠠᠵᠠᠷ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠲᠠᠢ 8 ᠡᠪᠡᠳᠴᠢᠲᠡᠨ ᠤᠷᠤᠭᠰᠢᠲᠠᠶ ᠪᠠᠷ ᠡᠮᠨᠡᠯᠭᠡ ᠠᠴᠠ ᠭᠠᠷᠪᠠ᠃      10 ᠰᠠᠷ᠎ᠠ ᠶᠢᠨ 31 ᠤ ᠡᠳᠦᠷ ᠤᠨ ᠦᠳᠡ ᠶᠢᠨ ᠬᠤᠶᠢᠨ᠎ᠠ᠂ ᠡᠮᠴᠢ ᠰᠤᠪᠢᠯᠠᠭᠴᠢᠳ ᠤᠨ ᠨᠠᠷᠢᠨ ᠨᠢᠮᠪᠠᠶ ᠵᠠᠬᠢᠶ᠎ᠠ ᠪᠠ ᠪᠠᠷ᠎ᠠ ᠪᠤᠯᠤᠯᠭ᠎ᠠ ᠲᠠᠢ ᠪᠠᠷ᠂ ᠥᠪᠥᠷ ᠮᠣᠩᠭᠤᠯ ᠤᠨ ᠲᠣᠰ ᠡᠭᠡᠯᠵᠢ ᠶᠢᠨ ᠲᠦᠷᠦᠭᠦᠤ ᠪᠦᠯᠦᠭ ᠤᠨ ᠲᠣᠰ ᠭᠠᠵᠠᠷ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠲᠠᠢ 8 ᠡᠪᠡᠳᠴᠢᠲᠡᠨ ᠡᠮᠨᠡᠯᠭᠡ ᠠᠴᠠ ᠭᠠᠷᠴᠤ᠂ ᠡᠷᠡᠭᠦᠯᠵᠢᠬᠦ ᠱᠠᠲᠤᠨ ᠳᠤ ᠣᠷᠣᠪᠠ᠃      ᠡᠨᠡ 8 ᠡᠪᠡᠳᠴᠢᠲᠡᠨ ᠪᠣᠯ ᠥᠪᠥᠷ ᠮᠣᠩᠭᠤᠯ ᠤᠨ ᠲᠣᠰ ᠤᠳᠠᠭᠠᠨ ᠤ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠲᠣᠭᠲᠠᠮᠠᠯ ᠴᠡᠭ ᠤᠨ ᠡᠮᠨᠡᠯᠭᠡ ᠶᠢᠨ ᠬᠤᠷᠢᠶ᠎ᠠ ᠳᠤ ᠲᠥᠪᠯᠡᠷᠡᠭᠦᠯᠦᠨ ᠡᠮᠨᠡᠭᠦᠯᠦᠭᠰᠡᠨ ᠠᠩᠬᠠᠨ ᠤ ᠪᠦᠯᠦᠭ ᠤᠨ ᠡᠮᠨᠡᠯᠭᠡ ᠠᠴᠠ ᠭᠠᠷᠬᠤ ᠪᠠᠷᠢᠮᠵᠢᠶ᠎ᠠ ᠳᠤ ᠬᠦᠷᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠪᠡᠳᠴᠢᠲᠡᠨ ᠪᠣᠯᠤᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠠᠮᠲᠤᠷᠠᠨ ᠣᠨᠣᠰᠢᠯᠠᠬᠤ ᠪᠠᠷ ᠳᠡᠮᠵᠢᠨ᠂ 8 ᠡᠪᠡᠳᠴᠢᠲᠡᠨ ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢ ᠣᠨᠣᠰᠢᠯᠠᠨ ᠡᠮᠨᠡᠬᠦ ᠲᠥᠰᠦᠯ ︵ᠲᠤᠷᠰᠢᠨ ᠬᠡᠷᠡᠭᠵᠢᠭᠦᠯᠬᠦ ᠨᠠᠢᠮᠠᠳᠤᠭᠠᠷ ᠬᠡᠪ︶︾ ᠲᠤ ᠲᠣᠭᠲᠠᠭᠠᠭᠰᠠᠨ ᠡᠮᠨᠡᠯᠭᠡ ᠠᠴᠠ ᠭᠠᠷᠬᠤ ᠪᠠᠷᠢᠮᠵᠢᠶ᠎ᠠ ᠳᠤ ᠬᠦᠷᠴᠦ᠂ ᠡᠮᠨᠡᠯᠭᠡ ᠠᠴᠠ ᠭᠠᠷᠬᠤ ᠶᠢ ᠵᠥᠪᠰᠢᠶᠡᠷᠡᠪᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠳᠤ ᠬᠠᠮᠵᠢᠯᠴᠠᠨ᠂ ᠬᠠᠷᠢᠴᠠᠯᠠᠰᠢ ᠦᠭᠡᠢ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠡᠳᠡᠭᠡᠷ ᠡᠪᠡᠳᠴᠢᠲᠡᠨ ᠢ ᠲᠤᠰᠠᠭᠠᠷᠯᠠᠨ ᠬᠠᠮᠢᠶᠠᠷᠬᠤ ᠪᠠ ᠡᠷᠡᠭᠦᠯᠵᠢᠭᠦᠯᠬᠦ ᠡᠮᠴᠢᠯᠡᠭᠡ ᠬᠢᠬᠦ ᠪᠣᠯᠤᠨ᠎ᠠ᠃      ᠡᠲᠡᠭᠡᠷ ᠡᠮᠨᠡᠯᠭᠡ ᠠᠴᠠ ᠭᠠᠷᠤᠭᠰᠠᠨ ᠡᠪᠡᠳᠴᠢᠲᠡᠨ ᠤ ᠨᠠᠰᠤ ᠨᠢ ᠬᠠᠮᠤᠭ ᠤᠨ ᠶᠡᠭᠡ ᠨᠢ 82 ᠨᠠᠰᠤᠲᠠᠶ᠂ ᠬᠠᠮᠤᠭ ᠤᠨ ᠪᠠᠭ᠎ᠠ ᠨᠢ 10 ᠨᠠᠰᠤᠲᠠᠶ᠂ ᠡᠭᠦᠨ ᠳᠤ 3 ᠨᠢ ᠡᠷᠢᠶᠡᠨ ᠬᠤᠲᠠ ᠶᠢᠨ ᠲᠣᠭᠲᠠᠮᠠᠯ ᠴᠡᠭ ᠤᠨ ᠡᠮᠨᠡᠯᠭᠡ ᠶᠢᠨ ᠬᠤᠷᠢᠶ᠎ᠠ ᠠᠴᠠ ᠰᠢᠯᠵᠢᠵᠦ ᠢᠷᠡᠭᠰᠡᠨ ᠪᠥᠭᠡᠳ 5 ᠨᠢ ᠡᠵᠡᠨ᠎ᠡ ᠬᠤᠰᠢᠭᠤᠨ ᠤ ᠲᠣᠭᠲᠠᠮᠠᠯ ᠴᠡᠭ ᠤᠨ ᠡᠮᠨᠡᠯᠭᠡ ᠶᠢᠨ ᠬᠤᠷᠢᠶ᠎ᠠ ᠠᠴᠠ ᠰᠢᠯᠵᠢᠵᠦ ᠢᠷᠡᠭᠰᠡᠨ ᠪᠠᠶᠢᠨ᠎ᠠ᠃ ᠲᠣᠰ ᠤᠳᠠᠭᠠᠨ ᠤ ᠬᠢᠵᠢᠭ ᠤᠨ ᠬᠠᠯᠳᠠᠪᠤᠷᠢᠯᠠᠯ ᠳᠤ ᠨᠡᠷᠪᠡᠭᠳᠡᠭᠰᠡᠳ ᠤᠨ ᠡᠪᠡᠳᠴᠢᠨ ᠤ ᠪᠠᠶᠢᠳᠠᠯ ᠨᠢ ᠨᠡᠯᠢᠶᠡᠳ ᠪᠤᠳᠤᠯᠢᠶᠠᠨᠲᠠᠶ ᠪᠠᠶᠢᠵᠤ᠂ ᠨᠠᠰᠤ ᠠᠬᠢᠭᠰᠠᠨ ᠡᠪᠡᠳᠴᠢᠲᠡᠨ ᠣᠯᠠᠨ᠂ ᠤᠤᠯ ᠤᠨ ᠪᠠᠶᠢᠭᠰᠠᠨ ᠡᠪᠡᠳᠴᠢᠨ ᠣᠯᠠᠨ᠂ ᠬᠦᠨᠳᠦ ᠡᠪᠡᠳᠴᠢᠲᠡᠨ ᠣᠯᠠᠨ ᠵᠡᠷᠭᠡ ᠣᠨᠴᠠᠯᠢᠭ ᠲᠠᠢ ᠪᠠᠶᠢᠳᠠᠭ᠃ ᠡᠪᠡᠳᠴᠢᠲᠡᠨ ᠨᠢᠭᠡᠪᠦᠷᠢ ᠶᠢᠨ ᠠᠳᠠᠯᠢ ᠪᠤᠰᠤ ᠪᠠᠶᠢᠳᠠᠯ ᠢ ᠦᠨᠳᠦᠰᠦᠯᠡᠨ᠂ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠲᠤᠬᠠᠶ ᠶᠢᠨ ᠭᠠᠵᠠᠷ ᠤᠨ ᠲᠤᠰᠬᠠᠶ ᠮᠡᠷᠭᠡᠵᠢᠯᠲᠡᠨ ᠠᠪᠤᠷᠠᠨ ᠵᠠᠰᠠᠬᠤ ᠶᠠᠪᠤᠴᠠ ᠶᠢ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠡᠮᠨᠡᠯᠭᠡ ᠶᠢᠨ ᠠᠵᠢᠯᠲᠠᠨ ᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠤᠨ᠂ ᠡᠪᠡᠳᠴᠢᠲᠡᠨ ᠤ ᠡᠪᠡᠳᠴᠢᠨ ᠤ ᠪᠠᠶᠢᠳᠠᠯ᠂ ᠦᠨᠳᠦᠰᠦᠨ ᠡᠪᠡᠳᠴᠢᠨ᠂ ᠰᠡᠳᠬᠢᠴᠡ ᠶᠢᠨ ᠪᠠᠶᠢᠳᠠᠯ ᠳᠤ ᠴᠢᠭᠯᠡᠭᠦᠯᠦᠨ ᠦᠨᠡᠯᠡᠨ ᠵᠢᠱᠢᠯᠲᠡ ᠬᠢᠵᠦ᠂ ︽ᠨᠢᠭᠡ ᠬᠥᠮᠦᠨ ᠳᠤ ᠨᠢᠭᠡ ᠠᠷᠭ᠎ᠠ ᠪᠣᠳᠣᠯᠭ᠎ᠠ ᠠᠪᠬᠤ︾᠂ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠡᠮᠴᠢᠯᠡᠭᠡᠨ ᠤ ᠲᠥᠰᠦᠯ ᠢ ᠠᠪᠤᠭᠰᠠᠨ ᠪᠠᠶᠢᠨ᠎ᠠ᠃ ᠢᠳᠡᠪᠬᠢᠲᠡᠶ ᠪᠠᠷ ᠰᠢᠨᠵᠢᠯᠡᠬᠦ ᠤᠬᠠᠭᠠᠨᠴᠢ ᠪᠠᠷ ᠠᠪᠤᠷᠠᠨ ᠵᠠᠰᠠᠬᠤ ᠪᠠ ᠨᠠᠷᠢᠨ ᠨᠢᠮᠪᠠᠶ ᠬᠠᠷᠠᠭᠠᠯᠵᠠᠨ ᠰᠤᠪᠢᠯᠠᠬᠤ ᠪᠠᠷ ᠳᠡᠮᠵᠢᠨ᠂ ᠡᠨᠡ 8 ᠡᠪᠡᠳᠴᠢᠲᠡᠨ ᠡᠮᠨᠡᠯᠭᠡ ᠠᠴᠠ ᠭᠠᠷᠬᠤ ᠪᠠᠷᠢᠮᠵᠢᠶ᠎ᠠ ᠳᠤ ᠭᠦᠷᠦᠭᠰᠡᠨ ᠪᠠᠶᠢᠨ᠎ᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号