ᠪᠢᠲᠡᠭᠦᠮᠵᠢᠯᠡᠭᠰᠡᠨ ᠬᠠᠮᠢᠶᠠᠷᠤᠯᠲᠠ ᠶᠢ ᠬᠦᠴᠦᠨ ᠦᠭᠡᠢ ᠪᠣᠯᠭᠠᠨ᠎ᠠ︕
ᠨᠡᠶᠢᠲᠡᠯᠡᠭᠰᠡᠨ ᠴᠠᠭ᠄
2021/11/4
      ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂  ᠬᠤᠲᠣᠩ ᠠᠷᠠᠳ ᠤᠨ ᠲᠣᠭᠤᠷᠢᠭ ᠤᠨ ᠬᠢᠨ ᠡᠮᠦᠨ᠎ᠡ ᠨᠢᠭᠡ ᠬᠤᠭᠤᠴᠠᠭᠠᠨ ᠳᠤ ᠸᠢᠺᠲ᠋ᠣᠷᠢ ᠶᠢᠨ ᠴᠠᠭ ᠦᠶ᠎ᠡ ᠶᠢᠨ ᠬᠤᠲᠠ᠂ ᠦᠨᠳᠦᠰᠦᠲᠡᠨ ᠤ ᠬᠤᠳᠠᠯᠳᠤᠭᠠᠨ ᠤ ᠳᠡᠯᠭᠡᠭᠦᠷ ᠤᠨ ᠨᠢᠭᠡᠳᠦᠭᠡᠷ ᠳᠠᠪᠬᠤᠷᠯᠢᠭ ᠤᠨ ᠰᠠᠭᠤᠷᠢ ᠳᠡᠯᠭᠡᠭᠦᠷ ᠾᠧᠩ ᠳ᠋ᠧ ᠯᠢ ᠨᠢᠳᠦᠨ ᠰᠢᠯ ᠤᠨ ᠳᠡᠯᠭᠡᠭᠦᠷ ᠤᠨ ᠣᠷᠣᠨ ᠪᠦᠰᠡ ᠶᠢ ᠪᠢᠲᠡᠭᠦᠮᠵᠢᠯᠡᠨ ᠬᠠᠮᠢᠶᠠᠷᠤᠭᠰᠠᠨ ᠪᠠᠶᠢᠨ᠎ᠠ᠃ ᠣᠶᠢᠷ᠎ᠠ ᠳᠤ᠂ ᠬᠤᠲᠣᠩ ᠠᠷᠠᠳ ᠤᠨ ᠲᠣᠭᠤᠷᠢᠭ ᠤᠨ ᠡᠪᠡᠳᠴᠢᠨ ᠡᠮᠭᠡᠭ ᠰᠡᠷᠭᠡᠶᠢᠯᠡᠨ ᠡᠵᠡᠮᠳᠡᠬᠦ ᠲᠥᠪ ᠠᠴᠠ ᠬᠢᠵᠢᠭ ᠲᠤ ᠬᠤᠯᠪᠣᠭᠳᠠᠭᠰᠠᠨ ᠣᠷᠣᠨ ᠪᠦᠰᠡ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠳᠤ ᠬᠤᠶᠠᠷ ᠤᠳᠠᠭᠠᠨ ᠤ ᠡᠴᠦᠰ ᠤᠨ ᠠᠷᠢᠭᠤᠳᠬᠠᠯ ᠵᠢᠴᠢ ᠠᠷᠢᠭᠤᠳᠬᠠᠯ ᠤᠨ ᠦᠷ᠎ᠡ ᠪᠦᠲᠦᠮᠵᠢ ᠶᠢᠨ ᠦᠨᠡᠯᠡᠯᠲᠡ ᠬᠢᠬᠦ ᠪᠠᠷ ᠳᠡᠮᠵᠢᠨ᠂ ᠬᠤᠲᠠ ᠶᠢᠨ ᠡᠪᠡᠳᠴᠢᠨ ᠡᠮᠭᠡᠭ ᠰᠡᠷᠭᠡᠶᠢᠯᠡᠨ ᠡᠵᠡᠮᠳᠡᠬᠦ ᠲᠥᠪ ᠵᠡᠷᠭᠡ ᠲᠤᠰᠬᠠᠶ ᠰᠠᠯᠠᠭ᠎ᠠ ᠮᠥᠴᠢᠷ ᠤᠨ ᠬᠤᠯᠪᠣᠭᠳᠠᠯ ᠪᠥᠬᠦᠶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠦᠨᠳᠦᠰᠦᠯᠡᠨ ᠰᠤᠳᠤᠯᠤᠨ ᠮᠠᠭᠠᠳᠯᠠᠭᠰᠠᠨ ᠢᠶᠠᠷ᠂ ᠡᠨᠡ ᠬᠤᠶᠠᠷ ᠣᠷᠣᠨ ᠪᠦᠰᠡ ᠨᠢᠭᠡᠨᠲᠡ ᠪᠢᠲᠡᠭᠦᠮᠵᠢᠯᠡᠯ ᠢ ᠲᠠᠶᠢᠯᠬᠤ ᠨᠥᠬᠦᠴᠡᠯ ᠳᠤ ᠨᠡᠶᠢᠴᠡᠭᠰᠡᠨ ᠪᠥᠭᠡᠳ 11 ᠰᠠᠷ᠎ᠠ ᠶᠢᠨ 3 ᠤ ᠡᠳᠦᠷ ᠤᠨ ᠲᠡᠭ ᠴᠠᠭ ᠠᠴᠠ ᠡᠬᠢᠯᠡᠨ ᠪᠢᠲᠡᠭᠦᠮᠵᠢᠯᠡᠯ ᠢ ᠬᠦᠴᠦᠨ ᠥᠬᠡᠶ ᠪᠣᠯᠭᠠᠵᠤ᠂ ᠲᠣᠰ ᠡᠳᠦᠷ ᠠᠴᠠ ᠡᠬᠢᠯᠡᠨ ᠬᠡᠪ ᠤᠨ ᠡᠵᠡᠩᠨᠡᠯᠲᠡ ᠶᠢ ᠰᠡᠷᠭᠦᠭᠡᠨ᠎ᠡ᠃
 
ᠢᠷᠡᠯᠲᠡ᠄ ᠬᠦᠬᠡᠬᠤᠲᠠ ᠶᠢᠨ ᠡᠳᠦᠷ ᠤᠨ ᠰᠣᠨᠢᠨ ᠤ ᠮᠣᠩᠭᠤᠯ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号