ᠵᠢᠵᠢᠭ ᠪᠢᠴᠢᠯ ᠠᠵᠤ ᠠᠬᠤᠶᠢᠯᠠᠯ ᠤᠨ ᠦᠢᠯᠡᠰ ᠪᠦᠲᠦᠭᠡᠬᠦ ᠵᠢᠭᠡᠯᠡᠯᠭᠡ ᠶᠢᠨ ᠳᠠᠮ ᠬᠦᠦ ᠶᠢᠨ ᠲᠦᠷᠦ ᠶᠢᠨ ᠪᠤᠳᠤᠯᠭ᠎ᠠ
ᠨᠡᠶᠢᠲᠡᠯᠡᠭᠰᠡᠨ ᠴᠠᠭ᠄
2021/12/2
     ᠨᠢᠭᠡ᠂ ᠭᠤᠶᠤᠴᠢᠯᠠᠬᠤ ᠨᠥᠬᠦᠴᠡᠯ      ᠲᠤᠬᠠᠶ ᠶᠢᠨ ᠵᠢᠯ ᠳᠤ ᠰᠢᠨ᠎ᠡ ᠪᠠᠷ ᠡᠯᠰᠡᠭᠰᠡᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠭᠤᠶᠤᠴᠢᠯᠠᠬᠤ ᠨᠥᠬᠦᠴᠡᠯ ᠳᠤ ᠨᠡᠶᠢᠴᠡᠭᠰᠡᠨ ᠬᠥᠮᠦᠰ ︵ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ᠂ ᠠᠵᠢᠯ ᠤᠯᠬᠤ ᠳᠤ ᠬᠦᠴᠢᠷᠲᠡᠶ ᠬᠥᠮᠦᠰ᠂ ᠴᠡᠷᠢᠭ ᠠᠴᠠ ᠰᠢᠯᠵᠢᠵᠦ ᠴᠡᠷᠢᠭ ᠠᠴᠠ ᠬᠠᠯᠠᠭᠳᠠᠭᠰᠠᠳ᠂ ᠳᠡᠭᠡᠳᠦ ᠰᠤᠷᠭᠠᠭᠤᠯᠢ ᠲᠡᠭᠦᠰᠦᠭᠰᠡᠳ᠂ ᠦᠯᠡᠭᠦᠳᠡᠭᠰᠡᠨ ᠦᠢᠯᠡᠳᠪᠦᠷᠢᠯᠡᠬᠦ ᠴᠢᠳᠠᠪᠤᠷᠢ ᠶᠢ ᠠᠷᠢᠯᠭᠠᠭᠰᠠᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠪᠠ ᠠᠵᠢᠯ ᠠᠯᠳᠠᠭᠰᠠᠳ᠂ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ᠂ ᠡᠷᠡᠭᠦᠤ ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠭᠰᠠᠨ ᠬᠥᠮᠦᠰ︶ ᠤᠨ ᠲᠤᠭ᠎ᠠ ᠬᠡᠮᠵᠢᠶ᠎ᠡ ᠨᠢ ᠠᠵᠤ ᠠᠬᠤᠶᠢᠯᠠᠯ ᠤᠨ ᠣᠲᠣ ᠶᠢᠨ ᠠᠵᠢᠯᠯᠠᠵᠤ ᠪᠠᠶᠢᠭ᠎ᠠ ᠠᠵᠢᠯᠲᠠᠨ ᠠᠵᠢᠯᠴᠢᠨ ᠤ ᠲᠤᠭ᠎ᠠ ᠶᠢᠨ 15% ᠳᠤ ᠬᠦᠷᠦᠭᠰᠡᠨ ︵100 ᠬᠥᠮᠦᠨ ᠠᠴᠠ ᠳᠠᠪᠠᠭᠰᠠᠨ ᠠᠵᠤ ᠠᠬᠤᠶᠢᠯᠠᠯ 8% ᠳᠤ ᠬᠦᠷᠦᠭᠰᠡᠨ︶ ᠪᠥᠭᠡᠳ ᠲᠡᠭᠦᠨ ᠯᠦᠭᠡ 1 ᠵᠢᠯ ᠠᠴᠠ ᠳᠡᠭᠡᠭᠰᠢ ᠬᠥᠳᠡᠯᠮᠦᠷᠢ ᠶᠢᠨ ᠭᠡᠷ᠎ᠡ ᠲᠣᠭᠲᠠᠭᠰᠠᠨ ᠪᠠᠶᠢᠬᠤ᠃ ᠵᠢᠵᠢᠭ ᠪᠢᠴᠢᠯ ᠠᠵᠤ ᠠᠬᠤᠶᠢᠯᠠᠯ ᠤᠳ ᠠᠵᠢᠯᠲᠠᠨ ᠠᠵᠢᠯᠴᠢᠨ ᠤ ᠴᠠᠯᠢᠩ ᠢ ᠥᠷᠢᠲᠦᠬᠦ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠥᠷᠢᠲᠦᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠬᠦᠨᠳᠦ ᠨᠣᠴᠢᠲᠠᠶ ᠦᠢᠯᠡ ᠠᠵᠢᠯᠯᠠᠭ᠎ᠠ ᠦᠭᠡᠢ᠃      ᠬᠤᠶᠠᠷ᠂ ᠲᠠᠮ ᠬᠦᠦ ᠮᠥᠩᠭᠦ ᠥᠭᠬᠦ ᠲᠤᠭ᠎ᠠ ᠬᠡᠮᠵᠢᠶ᠎ᠡ ᠪᠠ ᠬᠤᠭᠤᠴᠠᠭ᠎ᠠ ᠬᠢᠵᠠᠭᠠᠷ     ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠬᠠᠮᠤᠭ ᠥᠨᠳᠥᠷ ᠲᠡᠭᠡᠨ 300 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ᠂ ᠵᠢᠭᠡᠯᠡᠯᠭᠡ ᠶᠢᠨ ᠬᠤᠭᠤᠴᠠᠭ᠎ᠠ ᠬᠢᠵᠠᠭᠠᠷ ᠢ ᠬᠠᠮᠤᠭ ᠣᠷᠳᠣ ᠳᠠᠭᠠᠨ 2 ᠵᠢᠯ ᠠᠴᠠ ᠬᠡᠲᠦᠷᠡᠭᠦᠯᠵᠦ ᠪᠣᠯᠬᠤ ᠥᠬᠡᠶ᠃ ᠢᠳᠡᠪᠬᠢᠲᠡᠶ ᠪᠠᠷ ᠵᠣᠭᠤᠰ ᠪᠤᠴᠠᠭᠠᠬᠤ᠂ ᠠᠵᠢᠯ ᠣᠯᠭᠤᠬᠤ ᠶᠢ ᠳᠠᠶᠢᠴᠢᠯᠠᠬᠤ ᠴᠢᠳᠠᠪᠤᠷᠢ ᠪᠠᠷ ᠴᠢᠩᠭ᠎ᠠ᠂ ᠠᠳᠠᠯ ᠦᠶ᠋ᠯᠡᠰ ᠴᠣᠭᠴᠠᠯᠠᠬᠤ ᠲᠥᠷᠥᠯ ᠵᠦᠢᠯ ᠢᠶᠠᠷ ᠰᠠᠶᠢᠨ ᠵᠢᠵᠢᠭ ᠪᠢᠴᠢᠯ ᠠᠵᠤ ᠠᠬᠤᠶᠢᠯᠠᠯ ᠳᠤ ᠠᠳᠠᠯ ᠦᠶ᠋ᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠳᠠᠮ ᠬᠦᠤ ᠶᠢ ᠦᠷᠭᠦᠯᠵᠢᠯᠡᠨ ᠬᠠᠩᠭᠠᠵᠤ ᠪᠣᠯᠤᠨ᠎ᠠ᠂ ᠭᠡᠬᠦ ᠳᠡᠭᠡᠨ ᠨᠡᠶᠢᠲᠡ ᠲᠤᠭ᠎ᠠ ᠶᠢ 3 ᠤᠳᠠᠭ᠎ᠠ ᠠᠴᠠ ᠬᠡᠲᠦᠷᠡᠭᠦᠯᠵᠦ ᠪᠣᠯᠬᠤ ᠥᠬᠡᠶ᠃      ᠭᠤᠷᠪᠠ᠂ ᠲᠠᠮ ᠬᠦᠦ ᠶᠢᠨ ᠪᠠᠷᠢᠮᠵᠢᠶ᠎ᠠ      ᠨᠥᠬᠦᠴᠡᠯ ᠳᠤ ᠨᠡᠶᠢᠴᠡᠬᠦ ᠵᠢᠵᠢᠭ ᠪᠢᠴᠢᠯ ᠠᠵᠤ ᠠᠬᠤᠶᠢᠯᠠᠯ ᠤᠨ ᠡᠭᠦᠷᠭᠡᠯᠡᠬᠦ ᠬᠦᠤ ᠮᠥᠩᠭᠦ ᠨᠢ 2.35% ᠪᠠᠶᠢᠵᠤ᠂ ᠪᠠᠷᠢᠮᠵᠢᠶ᠎ᠠ ᠶᠢ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠨᠡᠶᠢᠲᠡᠯᠡᠭᠰᠡᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠤ ᠶᠢᠨ ᠨᠣᠷᠮ᠎ᠠ ᠶᠢ ᠦᠨᠳᠦᠰᠦᠯᠡᠨ ᠵᠣᠬᠢᠴᠠᠩᠭᠤᠶ ᠪᠠᠷ ᠳᠣᠭᠢᠷᠠᠭᠤᠯᠤᠨ᠎ᠠ᠃      ᠳᠥᠷᠪᠡ᠂ ᠬᠦᠯᠢᠶᠡᠨ ᠠᠪᠤᠭᠰᠠᠨ ᠭᠠᠵᠠᠷ ᠵᠢᠴᠢ ᠠᠰᠠᠭᠤᠨ ᠯᠠᠪᠯᠠᠬᠤ ᠤᠲᠠᠰᠤ      ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠰᠢᠨᠬᠤᠸᠠ ᠪᠠᠷᠠᠭᠤᠨ ᠵᠡᠭᠡᠯᠢ ᠶᠢᠨ 49 ᠳ᠋ᠦ᠋ᠭᠡᠷ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ 2 ᠳ᠋ᠤᠭᠠᠷ ᠠᠰᠠᠷ ᠤᠨ 2 ᠳ᠋ᠤᠭᠠᠷ ᠠᠰᠠᠷ ᠤᠨ ᠪᠠᠷᠠᠭᠤᠨ ᠲᠠᠯ᠎ᠠ ᠶᠢᠨ 227 ᠬᠠᠷᠢᠯᠴᠠᠬᠤ ᠤᠲᠠᠰᠤ᠄ 0471-3821097
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号