ᠬᠤᠲᠣᠩ ᠠᠷᠠᠳ ᠤᠨ ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠡᠮ ᠡᠮᠨᠡᠯᠭᠡ  ᠶᠢᠨ ᠪᠠᠶᠢᠭᠤᠯᠤᠮᠵᠢ ᠶᠢᠨ ᠪᠣᠯᠵᠣᠨ ᠶᠠᠷᠢᠯᠴᠠᠬᠤ ᠬᠤᠷᠠᠯ ᠢ ᠵᠣᠬᠢᠶᠠᠨ ᠪᠠᠢᠭᠤᠯᠵᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/2/1
     ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠥᠪᠡᠷ ᠢ ᠪᠠᠨ ᠱᠠᠭᠠᠷᠳᠠᠬᠤ ᠤᠬᠠᠮᠰᠠᠷ ᠢ ᠴᠢᠩᠭᠠᠳᠬᠠᠨ᠂ ᠡᠮᠴᠢᠯᠡᠭᠡᠨ ᠤ ᠦᠶᠯᠡᠴᠢᠯᠡᠭᠡ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦᠨ ᠤ ᠡᠷᠡᠭᠦᠯ ᠮᠡᠨᠳᠦ᠂ ᠲᠣᠭᠲᠠᠭᠤᠨ ᠠᠵᠢᠯᠯᠠᠭᠠᠨ ᠢ ᠦᠨᠡᠨ ᠬᠦ ᠪᠠᠲᠤᠯᠠᠬᠤ ᠶᠢᠨ ᠲᠥᠯᠥᠭᠡ᠂ 2021 ᠣᠨ  ᠤ 1 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠬᠤᠲᠣᠩ ᠠᠷᠠᠳ ᠤᠨ ᠲᠣᠭᠤᠷᠢᠭ ᠤᠨ ᠡᠮᠴᠢᠯᠡᠭᠡᠨ  ᠤ ᠪᠠᠲᠤᠯᠠᠭ᠎ᠠ ᠶᠢᠨ ᠲᠣᠪᠴᠢᠶ᠎ᠠ ᠬᠠᠷᠢᠶ᠎ᠠ ᠣᠷᠣᠨ ᠤ ᠪᠠᠨ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢ ᠴᠤᠭᠯᠠᠭᠤᠯᠤᠨ 2021 ᠣᠨ ᠤ ᠡᠮᠴᠢᠯᠡᠭᠡᠨ ᠤ ᠪᠠᠶᠢᠭᠤᠯᠤᠮᠵᠢ ᠶᠢᠨ ᠪᠣᠯᠵᠣᠨ ᠶᠠᠷᠢᠯᠴᠠᠬᠤ ᠬᠤᠷᠠᠯ ᠬᠤᠷᠠᠯᠳᠤᠭᠤᠯᠪᠠ᠃      ᠬᠤᠷᠠᠯ ᠳᠡᠭᠡᠷ᠎ᠡ᠂ ᠬᠤᠲᠣᠩ ᠠᠷᠠᠳ ᠤᠨ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠡᠩ ᠲᠡᠷᠢᠭᠦᠨ ᠳᠤ ᠡᠯ᠎ᠡ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠬᠡᠷᠡᠭᠯᠡᠭᠰᠡᠨ ᠪᠠᠶᠢᠳᠠᠯ ᠢ ᠲᠤᠰᠬᠠᠶ ᠪᠠᠶᠢᠴᠠᠭᠠᠵᠤ ᠰᠢᠶᠳᠪᠦᠷᠢᠯᠡᠭᠰᠡᠨ ᠦᠷ᠎ᠡ ᠳ᠋ᠦᠩ ᠢ ᠵᠠᠷᠯᠠᠨ ᠮᠡᠳᠡᠭᠳᠡᠭᠰᠡᠨ ᠪᠥᠭᠡᠳ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ᠂ ᠵᠥᠪᠯᠡᠯᠴᠡᠭᠡᠷ  ᠤᠨ ᠬᠠᠮᠢᠶ᠎ᠠ ᠪᠥᠬᠦᠶ ᠠᠭᠤᠯᠭ᠎ᠠ ᠳᠤ ᠪᠣᠯᠪᠠᠰᠤᠷᠠᠯ ᠤᠨ ᠲᠠᠶᠢᠯᠤᠮᠵᠢ ᠬᠢᠵᠡᠶ᠃ ᠬᠤᠷᠠᠯ ᠠᠴᠠ᠂ ᠡᠯ᠎ᠡ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠲᠦᠷᠢᠮ ᠢ ᠵᠢᠷᠤᠮᠵᠢᠭᠤᠯᠵᠤ᠂ ᠬᠠᠮᠢᠶᠠᠷᠤᠯᠲᠠ ᠪᠠᠨ ᠴᠢᠩᠭᠠᠳᠬᠠᠵᠤ᠂ ᠴᠢᠩᠭ᠎ᠠ ᠡᠵᠡᠮᠳᠡᠵᠦ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦᠨ ᠤ ᠠᠮᠤᠷ ᠲᠦᠪᠰᠢᠨ ᠡᠷᠭᠢᠯᠲᠡ ᠶᠢ ᠪᠠᠲᠤᠯᠠᠬᠤ ᠬᠡᠷᠡᠭᠲᠡᠶ᠂ ᠨᠢᠭᠡ ᠳᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦᠨ ᠤ ᠬᠠᠮᠢᠶᠠᠷᠤᠯᠲᠠ ᠶᠢ ᠴᠢᠩᠭᠠᠳᠬᠠᠬᠤ ᠶᠢᠨ ᠴᠢᠬᠤᠯᠠ ᠴᠢᠨᠠᠷ ᠪᠣᠯᠤᠨ ᠲᠤᠯᠭᠠᠮ ᠴᠢᠨᠠᠷ ᠢ ᠭᠦᠶᠴᠡᠳ ᠲᠠᠨᠢᠬᠤ ᠬᠡᠷᠡᠭᠲᠡᠶ᠂ ᠬᠤᠶᠠᠷ ᠲᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠤᠷᠳᠤ ᠬᠤᠭᠤᠴᠠᠭᠠᠨ ᠤ ᠪᠦᠲᠦᠮᠵᠢᠲᠡᠢ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠴᠢᠩᠭᠠᠳᠬᠠᠬᠤ ᠬᠡᠷᠡᠭᠲᠡᠢ᠂ ᠭᠤᠷᠪᠠ ᠳᠤ᠂ ᠰᠠᠬᠢᠯᠭ᠎ᠠ ᠪᠠᠲᠤ ᠶᠢ ᠡᠷᠬᠢᠮᠯᠡᠵᠦ᠂ ᠶᠣᠰᠣ ᠳᠦᠷᠢᠮ ᠢ ᠰᠠᠬᠢᠵᠤ᠂ ᠰᠡᠳᠬᠢᠯ ᠳᠡᠭᠡᠨ ᠡᠮᠢᠶᠡᠯ ᠲᠠᠢ᠂ ᠦᠭᠡ ᠶᠠᠷᠢᠶ᠎ᠠ ᠳᠠᠭᠠᠨ ᠴᠡᠭᠡᠷ ᠲᠠᠢ᠂ ᠦᠢᠯᠡ ᠠᠵᠢᠯᠯᠠᠭ᠎ᠠ ᠳᠠᠭᠠᠨ ᠬᠤᠷᠢᠭ᠎ᠠ ᠲᠠᠢ ᠪᠠᠶᠢᠬᠤ ᠬᠡᠷᠡᠭᠲᠡᠢ᠂ ᠲᠦᠷᠪᠡ ᠳᠤ᠂ ᠰᠠᠬᠢᠯᠭ᠎ᠠ ᠪᠠᠲᠤ ᠬᠡᠷᠡᠭᠵᠢᠭᠦᠯᠬᠦ ᠬᠠᠤᠯᠢ ᠴᠠᠭᠠᠵᠠ ᠶᠢ ᠡᠷᠡᠰ ᠬᠡᠷᠡᠭᠵᠢᠭᠦᠯᠵᠦ᠂ ᠮᠡᠬᠡᠯᠡᠨ ᠬᠢᠬᠠᠬᠤ ᠳᠠᠭᠠᠳᠬᠠᠯ ᠲᠠᠢ ᠵᠣᠷᠢᠭᠲᠠᠢ ᠪᠠᠷ ᠲᠡᠮᠡᠴᠡᠯ ᠬᠢᠬᠦ ᠬᠡᠷᠡᠭᠲᠡᠢ ᠭᠡᠪᠡ᠃      ᠬᠤᠷᠠᠯ ᠤᠨ ᠡᠴᠦᠰ ᠲᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠪᠦᠲᠦᠮᠵᠢᠲᠡᠶ᠂ ᠠᠮᠤᠷ ᠲᠦᠪᠰᠢᠨ ᠢᠶᠠᠷ ᠬᠡᠷᠡᠭᠯᠡᠬᠦ ᠨᠢ ᠮᠠᠰᠢ ᠴᠢᠬᠤᠯᠠ ᠶᠤᠮ᠂ ᠡᠯ᠎ᠡ ᠡᠮᠴᠢᠯᠡᠭᠡᠨ ᠤ ᠪᠠᠶᠢᠭᠤᠯᠤᠮᠵᠢ ᠡᠷᠬᠡᠪᠰᠢ ᠡᠮᠴᠢᠯᠡᠭᠡᠨ ᠤ ᠳᠠᠭᠠᠳᠬᠠᠯ ᠤᠨ ᠵᠥᠪᠯᠡᠯᠴᠡᠭᠡᠷ ᠤᠨ ᠬᠠᠮᠢᠶ᠎ᠠ ᠪᠥᠬᠦᠶ ᠲᠣᠭᠲᠠᠭᠠᠯ ᠢ ᠴᠢᠩᠭ᠎ᠠ ᠵᠢᠷᠤᠮᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠥᠪᠡᠷ ᠤᠨ ᠪᠡᠶ᠎ᠡ ᠳᠤ ᠣᠷᠣᠰᠢᠵᠤ ᠪᠠᠶᠢᠭ᠎ᠠ ᠠᠰᠠᠭᠤᠳᠠᠯ ᠢᠶᠠᠨ ᠴᠠᠭ ᠲᠤᠬᠠᠶ ᠳᠤᠨᠢ ᠦᠨᠡᠨ ᠬᠦ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠨᠢᠭᠡ ᠠᠴᠠ ᠨᠥᠭᠦᠭᠡ ᠶᠢ ᠵᠦᠶᠴᠢᠯᠡᠨ ᠮᠡᠳᠡᠵᠦ ᠂ ᠬᠠᠮᠢᠶᠠᠷᠤᠯᠲᠠ ᠪᠠᠨ ᠴᠢᠩᠭᠠᠳᠬᠠᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠪᠥᠭᠡᠳ ᠪᠦᠲᠦᠮᠵᠢᠲᠡᠶ ᠠᠵᠢᠯᠯᠠᠬᠤ ᠶᠢ ᠦᠨᠡᠨ ᠬᠦ ᠪᠠᠲᠤᠯᠠᠵᠤ᠂ ᠡᠮᠴᠢᠯᠡᠭᠡᠨ ᠤ ᠳᠠᠭᠠᠳᠬᠠᠯ ᠤᠨ ᠠᠵᠢᠯ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号