ᠴᠠᠭᠠᠨ ᠰᠠᠷ᠎ᠠ ᠶᠢᠨ ᠪᠠᠶᠠᠷ ᠤᠨ ᠡᠳᠦᠷ ᠬᠠᠭᠤᠴᠢᠨ ᠵᠢᠯ ᠢᠶᠠᠨ ᠦᠳᠡᠵᠦ᠂ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2021/2/23
     ᠬᠠᠭᠤᠴᠢᠨ ᠵᠢᠯ ᠢᠶᠠᠨ ᠦᠳᠡᠵᠦ᠂ ᠭᠡᠷ ᠬᠤᠲᠠᠯᠠᠭᠠᠷ ᠢᠶᠠᠨ ᠴᠠᠭᠠᠨ ᠰᠠᠷ᠎ᠠ ᠪᠠᠨ ᠤᠭᠲᠤᠪᠠ᠃ ᠴᠠᠭᠠᠨ ᠰᠠᠷ᠎ᠠ ᠪᠣᠯ ᠳᠤᠮᠳᠠᠳᠤ ᠶᠢᠨ ᠦᠨᠳᠦᠰᠦᠲᠡᠨ ᠤ ᠦᠪᠡᠳᠡᠭᠰᠢ ᠶᠡᠭᠡ ᠪᠥᠭᠡᠳ ᠤᠯᠠᠮᠵᠢᠯᠠᠯᠲᠤ ᠪᠠᠶᠠᠷ ᠤᠨ ᠡᠳᠦᠷ ᠮᠥᠨ᠂ ᠲᠦᠭ ᠲᠦᠮᠡᠨ ᠠᠶᠢᠯ ᠡᠷᠦᠬᠡ ᠭᠡᠷ ᠬᠤᠲᠠᠯᠠᠭᠠᠷ ᠢᠶᠠᠨ ᠴᠤᠭᠯᠠᠷᠠᠬᠤ᠂ ᠴᠠᠭᠠᠨ ᠰᠠᠷ᠎ᠠ ᠶᠢᠨ ᠦᠳᠡᠰᠢᠯᠡᠭᠡ ᠦᠵᠡᠬᠦ᠂ ᠲᠥᠷᠥᠯ ᠰᠠᠳᠤᠨ ᠨᠠᠶᠢᠵᠠ ᠨᠥᠬᠦᠳ ᠢᠶᠠᠨ ᠡᠷᠭᠢᠵᠦ ᠦᠵᠡᠬᠦ ᠪᠠᠶᠠᠷ ᠤᠨ ᠡᠳᠦᠷ ᠤᠨ ᠪᠠᠶᠠᠷ ᠪᠠᠶᠠᠰᠬᠤᠯᠠᠩ ᠤᠨ ᠳᠤᠮᠳᠠ ᠰᠣᠭᠲᠣᠭᠤᠷᠠᠵᠤ᠂ ᠬᠥᠮᠦᠰ ᠭᠡᠷ ᠬᠤᠲᠠᠯᠠᠭᠠᠷ ᠢᠶᠠᠨ ᠴᠤᠭᠯᠠᠷᠠᠬᠤ ᠪᠠᠶᠠᠷ ᠪᠠᠶᠠᠰᠤᠯ ᠢ ᠡᠳ᠋ᠯᠡᠵᠦ ᠪᠠᠶᠢᠬᠤ ᠦᠶ᠎ᠡ ᠳᠤ᠂ ᠮᠠᠨ ᠤ ᠬᠤᠲᠠ ᠶᠢᠨ ᠳᠣᠲᠣᠷ᠎ᠠ ᠡᠶᠢᠮᠦ ᠨᠢᠭᠡ ᠪᠦᠯᠦᠭ ᠬᠥᠮᠦᠰ ᠥᠪᠡᠷ ᠤᠨ ᠪᠠᠭ᠎ᠠ ᠭᠡᠷ ᠪᠦᠯᠢ ᠠᠴᠠ  ᠪᠠᠨ ᠲᠦᠷ ᠰᠠᠯᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠡᠨᠡ ᠬᠦ ᠶᠡᠭᠡ ᠭᠡᠷ ᠪᠦᠯᠢ ᠪᠠᠨ ᠪᠠᠲᠤ ᠰᠠᠬᠢᠵᠤ ᠪᠠᠶᠢᠳᠠᠭ᠃ ᠴᠡᠪᠡᠷ ᠲᠡᠭᠰᠢ ᠬᠤᠳᠠ ᠶᠢᠨ ᠣᠷᠴᠢᠨ ᠲᠣᠭᠤᠷᠢᠨ ᠢ ᠪᠤᠢ ᠪᠣᠯᠭᠠᠵᠤ᠂ ᠰᠠᠭᠤᠭᠠᠯᠢ ᠠᠷᠠᠳ ᠢ ᠡᠶ᠎ᠡ ᠨᠠᠶᠢᠷᠠᠮᠳᠠᠭᠤ ᠰᠢᠨᠡᠯᠡᠭᠦᠯᠬᠦ ᠶᠢᠨ ᠲᠤᠰᠠᠳᠠ᠂ ᠬᠤᠲᠣᠩ ᠠᠷᠠᠳ ᠤᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠭᠠᠵᠠᠷ ᠤᠨ 2300 ᠭᠠᠷᠤᠢ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠲᠠᠨ ᠥᠪᠡᠷ ᠤᠨ ᠠᠵᠢᠯ ᠤᠨ ᠪᠠᠶᠢᠷᠢ ᠪᠠᠨ ᠪᠠᠲᠤ ᠰᠠᠬᠢᠵᠤ᠂ ᠰᠢᠷᠭᠠᠭᠤ ᠬᠥᠳᠡᠯᠮᠦᠷᠢ ᠪᠠᠷ ᠢᠶᠠᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠳᠠᠨ ᠤ ᠤᠤᠷ ᠴᠢᠨᠠᠷ ᠢᠶᠠᠨ ᠦᠢᠯᠡᠳᠦᠯᠭᠡᠵᠢᠭᠦᠯᠵᠦ᠂ ᠴᠡᠪᠡᠷ ᠲᠡᠭᠰᠢ ᠣᠷᠴᠢᠨ ᠲᠣᠭᠤᠷᠢᠨ ᠤ ᠠᠷᠢᠭᠤᠨ ᠴᠡᠪᠡᠷ ᠢᠶᠠᠷ ᠰᠠᠷ᠎ᠠ ᠰᠢᠨ᠎ᠡ ᠪᠠᠨ ᠤᠭᠲᠤᠭᠰᠠᠨ ᠪᠠᠶᠢᠨ᠎ᠠ᠃      ᠴᠠᠭᠠᠨ ᠰᠠᠷ᠎ᠠ ᠶᠢᠨ ᠪᠠᠶᠠᠷ ᠤᠨ ᠲᠠᠰᠢᠷᠠᠮ ᠳᠤ᠂ ᠬᠤᠲᠣᠩ ᠠᠷᠠᠳ ᠤᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠭᠠᠵᠠᠷ ᠤᠨ ᠬᠢᠨ ᠳᠡᠭᠡᠳᠦ ᠱᠠᠲᠤᠨ ᠤ ᠤᠳᠤᠷᠢᠳᠤᠯᠭ᠎ᠠ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠥᠩᠭᠡᠷᠡᠭᠰᠡᠨ ᠨᠢᠭᠡ ᠵᠢᠯ ᠳᠤ ᠪᠢᠳᠡᠨ ᠤ ᠠᠵᠢᠯ ᠳᠤ ᠦᠵᠡᠭᠦᠯᠦᠭᠰᠡᠨ ᠭᠦᠨ ᠵᠤᠵᠠᠭᠠᠨ ᠬᠠᠶᠢᠷ᠎ᠠ ᠪᠠ ᠨᠤᠲᠠᠯᠠᠯᠲᠠ ᠳᠤ ᠲᠠᠯᠠᠷᠬᠠᠵᠤ᠂ ᠥᠷᠭᠡᠨ ᠣᠯᠠᠨ ᠬᠤᠲᠠ ᠶᠢᠨ ᠠᠷᠠᠳ ᠤᠨ ᠮᠠᠨ ᠤ ᠭᠠᠵᠠᠷ ᠤᠨ 2300 ᠭᠠᠷᠤᠶ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠲᠠᠨ ᠢ ᠳᠡᠮᠵᠢᠵᠦ ᠣᠶᠢᠯᠠᠭᠠᠭᠰᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠰᠢᠨ᠎ᠡ ᠨᠢᠭᠡᠨ ᠵᠢᠯ ᠳᠤ᠂ ᠬᠤᠲᠣᠩ ᠠᠷᠠᠳ ᠤᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠭᠠᠵᠠᠷ ᠤᠨ ᠪᠥᠬᠦ ᠺᠠᠳ᠋ᠷ ᠠᠵᠢᠯᠲᠠᠨ ᠠᠵᠢᠯᠴᠢᠨ ᠳᠡᠭᠡᠳᠦ ᠱᠠᠲᠤᠨ ᠤ ᠵᠠᠰᠠᠭ  ᠤᠨ ᠣᠷᠳᠣᠨ ᠤ ᠤᠳᠤᠷᠢᠳᠤᠯᠭ᠎ᠠ ᠳᠣᠤᠷ᠎ᠠ᠂ ᠦᠷᠭᠦᠯᠵᠢᠯᠡᠨ ᠡᠷᠡᠮᠡᠬᠡᠶᠢᠯᠡᠨ ᠤᠷᠤᠭᠰᠢᠯᠠᠵᠤ᠂ ᠰᠢᠷᠭᠠᠭᠤ ᠬᠠᠲᠠᠭᠤᠵᠢᠯᠲᠠᠶ ᠪᠠᠷ ᠬᠤᠪᠢ ᠨᠡᠮᠡᠷᠢ ᠦᠵᠡᠭᠦᠯᠵᠦ᠂ ᠲᠦᠭ ᠲᠦᠮᠡᠨ ᠠᠶᠢᠯ ᠡᠷᠦᠬᠡ ᠶᠢ ᠠᠷᠢᠭᠤᠨ ᠴᠡᠪᠡᠷ ᠪᠠᠶᠢᠯᠭᠠᠬᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠵᠣᠷᠢᠭ ᠰᠠᠨᠠᠭ᠎ᠠ ᠪᠠᠷ᠂ ᠮᠠᠨ ᠤ ᠣᠷᠣᠨ ᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠶᠠᠰᠤ ᠴᠢᠨᠠᠷ ᠢ ᠳᠠᠬᠢᠨ ᠳᠡᠭᠡᠭᠰᠢᠯᠡᠭᠦᠯᠬᠦ ᠶᠢ ᠢᠳᠡᠪᠬᠢᠲᠡᠶ ᠠᠬᠢᠭᠤᠯᠵᠤ᠂ ᠮᠠᠨ ᠤ ᠬᠤᠲᠠ ᠶᠢᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠴᠢᠷᠮᠠᠶᠢᠨ ᠪᠠᠬᠢᠵᠢᠭᠦᠯᠦᠨ᠎ᠡ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号