《 ᠭᠤᠷᠪᠠ ᠶᠢ ᠴᠠᠭᠠᠵᠠᠯᠠᠬᠤ 》ᠠᠵᠢᠯ ᠢ ᠰᠤᠯᠠᠷᠠᠭᠤᠯᠤᠯ ᠦᠭᠡᠢ ᠪᠠᠷ ᠥᠯᠵᠡᠶᠢᠲᠦ ᠡᠳᠦᠷ ᠢ ᠬᠠᠮᠲᠤ  ᠪᠠᠷ ᠥᠩᠭᠡᠷᠡᠭᠦᠯᠪᠡ
ᠨᠡᠶᠢᠲᠡᠯᠡᠭᠰᠡᠨ ᠴᠠᠭ᠄
2021/3/2
     ᠬᠤᠳᠠ ᠲᠣᠭᠤᠷᠢᠭ ᠬᠤᠶᠠᠷ ᠱᠠᠲᠤᠨ ᠤ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ《 ᠭᠤᠷᠪᠠ ᠶᠢ ᠴᠠᠭᠠᠵᠠᠯᠠᠬᠤ 》( ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ᠂ ᠺᠦᠩ ᠮᠢᠩ ᠳ᠋ᠧᠩ ᠠᠰᠠᠭᠠᠵᠤ ᠪᠣᠯᠬᠤ ᠦᠭᠡᠢ᠂ ᠭᠠᠯ ᠨᠣᠴᠣᠭᠠᠬᠤ ᠶᠢ ᠴᠠᠭᠠᠵᠠᠯᠠᠬᠤ ) ᠠᠵᠢᠯ ᠢ ᠪᠠᠶᠢᠷᠢᠯᠠᠭᠤᠯᠤᠨ ᠲᠣᠬᠢᠷᠠᠭᠤᠯᠵᠤ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠬᠠᠮᠲᠤ ᠪᠠᠷ ᠣᠯᠵᠤ᠂ ᠬᠥᠬᠡᠬᠤᠲᠠ ᠶᠢᠨ ᠬᠥᠬᠡ ᠲᠩᠷᠢ ᠶᠢ ᠰᠠᠬᠢᠨ ᠬᠠᠮᠠᠭᠠᠯᠠᠬᠤ ᠠᠵᠢᠯ ᠢ ᠪᠦᠬᠦ ᠲᠠᠯ᠎ᠠ ᠪᠠᠷ ᠲᠣᠭᠤᠰᠢᠯᠠᠭᠤᠯᠬᠤ ᠶᠢᠨ ᠲᠤᠰᠠᠳᠠ᠂ ᠴᠠᠭᠠᠨ ᠰᠠᠷ᠎ᠠ ᠠᠴᠠ ᠡᠬᠢᠯᠡᠨ᠂ ᠬᠤᠲᠣᠩ ᠠᠷᠠᠳ  ᠤᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠬᠠᠷᠢᠶ᠎ᠠ ᠣᠷᠣᠨ ᠤ《 ᠭᠤᠷᠪᠠ ᠶᠢ ᠴᠠᠭᠠᠵᠠᠯᠠᠬᠤ 》ᠠᠵᠢᠯ ᠢ ᠪᠠᠶᠢᠩᠭᠤᠵᠢᠭᠤᠯᠤᠭᠰᠠᠨ ᠬᠠᠮᠢᠶᠠᠷᠤᠯᠲᠠ ᠥᠷᠨᠢᠭᠦᠯᠵᠦ᠂ ᠡᠳᠦᠷ ᠪᠦᠷᠢ ᠶᠢᠨ ᠥᠷᠯᠥᠭᠡ ᠶᠢᠨ 7 ᠴᠠᠭ ᠠᠴᠠ ᠡᠬᠢᠯᠡᠨ ᠬᠠᠮᠢᠶᠠᠷᠤᠯᠲᠠ ᠶᠢᠨ ᠣᠷᠣᠨ ᠤ ᠳᠣᠲᠣᠷᠠᠬᠢ ᠣᠷᠣᠨ ᠰᠠᠭᠤᠴᠠ ᠶᠢᠨ ᠲᠣᠭᠤᠷᠢᠭ ᠲᠤ᠂ ᠬᠤᠲᠠ ᠶᠢᠨ ᠳᠤᠮᠳᠠᠬᠢ ᠲᠤᠰᠬᠤᠨ᠂ ᠭᠤᠤᠯᠳᠠᠯᠭ᠎ᠠ ᠲᠠᠢ ᠵᠡᠭᠡᠯᠢ ᠭᠤᠳᠤᠮᠵᠢ ᠳᠤ ᠡᠳᠦᠷᠵᠢᠨ ᠲᠠᠰᠤᠷᠠᠯᠲᠠ ᠦᠭᠡᠢ ᠲᠣᠭᠤᠷᠢᠨ ᠪᠠᠶᠢᠴᠠᠭᠠᠯᠲᠠ ᠬᠢᠵᠦ᠂ ᠣᠯᠠᠨᠲᠠ ᠡᠭᠦᠰᠬᠦ᠂ ᠣᠯᠠᠨ ᠡᠭᠦᠰᠳᠡᠭ ᠭᠠᠵᠠᠷ ᠣᠷᠣᠨ ᠳᠤ ᠲᠣᠭᠤᠷᠢᠨ ᠪᠠᠶᠢᠴᠠᠭᠠᠬᠤ ᠠᠵᠢᠯᠲᠠᠨ ᠪᠠ ᠲᠣᠭᠤᠷᠢᠨ ᠪᠠᠶᠢᠴᠠᠭᠠᠬᠤ ᠤᠳᠠᠭ᠎ᠠ ᠶᠢ ᠨᠡᠮᠡᠵᠦ᠂《 ᠴᠠᠭ ᠲᠤᠬᠠᠶ ᠳᠤᠨᠢ ᠢᠯᠡᠷᠡᠭᠦᠯᠵᠦ᠂᠂ ᠲᠡᠷᠡ ᠳᠣᠣᠷ᠎ᠠ ᠨᠢ ᠬᠤᠷᠢᠭᠯᠠᠨ ᠵᠣᠭᠰᠤᠭᠠᠬᠤ 》 ᠶᠢ ᠴᠢᠷᠮᠠᠶᠢᠨ ᠪᠡᠶᠡᠯᠡᠭᠦᠯᠪᠡ᠃      ᠤᠯᠠᠮᠵᠢᠯᠠᠯᠲᠤ ᠳᠠᠳᠬᠠᠯ ᠠᠴᠠ ᠪᠤᠯᠵᠤ᠂ ᠬᠡᠰᠡᠭ ᠤᠯᠠᠨ ᠲᠦᠮᠡᠨ《 ᠭᠤᠷᠪᠠ ᠶᠢ ᠴᠠᠭᠠᠵᠠᠯᠠᠬᠤ 》ᠠᠵᠢᠯ ᠢ ᠣᠶᠢᠯᠠᠭᠠᠬᠤ ᠦᠭᠡᠢ᠂ ᠬᠥᠮᠦᠨᠴᠢ ᠴᠢᠨᠠᠷ ᠢᠶᠠᠷ ᠳᠤᠲᠠᠮᠠᠭ᠂ ᠰᠢᠨᠡᠯᠡᠬᠦ ᠠᠭᠤᠷ ᠠᠮᠢᠰᠬᠤᠯ ᠦᠭᠡᠢ ᠭᠡᠵᠦ ᠦᠵᠡᠵᠦ ᠪᠠᠶᠢᠨ᠎ᠠ᠃ ᠭᠡᠪᠡᠴᠦ ᠪᠢᠳᠡ ᠪᠦᠭᠦᠳᠡᠭᠡᠷ ᠰᠢᠨ᠎ᠡ ᠰᠣᠷᠭᠤᠭ ᠠᠭᠠᠷ ᠠᠮᠢᠰᠬᠤᠯᠯᠠᠵᠤ᠂ ᠡᠳᠦᠷ ᠪᠦᠷᠢ ᠬᠥᠬᠡ ᠣᠭᠲᠠᠷᠭᠤᠶ ᠢ ᠣᠯᠵᠤ ᠦᠵᠡᠬᠦ ᠶᠢᠨ ᠲᠦᠯᠦᠭᠡ᠂ ᠪᠢᠳᠡ ᠡᠷᠬᠡᠪᠰᠢ ᠵᠥᠪ ᠰᠣᠩᠭᠤᠯᠲᠠ ᠬᠢᠵᠦ ᠤᠷᠤᠭᠰᠢᠯᠠᠬᠤ ᠬᠡᠷᠡᠭᠲᠡᠶ᠃ ᠬᠦᠬᠡ ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠤᠯᠬᠤ ᠵᠠᠮ ᠳᠡᠭᠡᠷ᠎ᠡ᠂ ᠪᠢᠳᠡ ᠠᠯᠬᠤᠮ ᠢᠶᠠᠨ ᠵᠣᠭᠰᠣᠵᠤ ᠪᠣᠯᠬᠤ ᠦᠭᠡᠢ᠂ ᠤᠴᠢᠷ ᠨᠢ ᠪᠢᠳᠡ ᠣᠷᠴᠢᠨ ᠲᠣᠭᠤᠷᠢᠨ ᠤ ᠪᠣᠬᠢᠷᠲᠤᠯ ᠢ ᠵᠠᠰᠠᠬᠤ ᠡᠭᠦᠷᠭᠡ ᠬᠦᠨᠳᠦ ᠵᠠᠮ ᠬᠤᠯᠠ ᠶᠢᠨ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠪᠠᠶᠢᠨ᠎ᠠ᠃      ᠬᠤᠲᠣᠩ ᠠᠷᠠᠳ ᠤᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠥᠷᠭᠡᠨ ᠣᠯᠠᠨ ᠬᠤᠲᠠ ᠶᠢᠨ ᠠᠷᠠᠳ ᠲᠤ᠄ ᠢᠯᠡᠭᠦᠬᠡᠨ ᠣᠶᠢᠯᠠᠭᠠᠵᠤ᠂ ᠢᠯᠡᠭᠦᠬᠡᠨ ᠬᠠᠮᠵᠢᠯᠴᠠᠵᠤ᠂ ᠪᠥᠬᠦ ᠲᠠᠯ᠎ᠠ ᠠᠴᠠ ᠡᠭᠦᠰᠴᠦ᠂ ᠶᠡᠭᠡ ᠲᠠᠯ᠎ᠠ ᠶᠢ ᠴᠢᠬᠤᠯᠠᠴᠢᠯᠠᠵᠤ᠂ ᠮᠠᠨ ᠤ ᠠᠮᠢᠳᠤᠷᠠᠯ ᠤᠨ ᠬᠥᠬᠡ ᠣᠭᠲᠠᠷᠭᠤᠶ ᠪᠠᠨ ᠬᠠᠮᠲᠤ ᠪᠠᠷ ᠰᠠᠬᠢᠨ ᠬᠠᠮᠠᠭᠠᠯᠠᠬᠤ ᠶᠢ ᠴᠠᠭ ᠢᠮᠠᠭᠲᠠ ᠰᠠᠨᠠᠭᠤᠯᠤᠨ ᠰᠡᠷᠡᠮᠵᠢᠯᠡᠭᠦᠯᠵᠦ ᠪᠠᠶᠢᠬᠤ ᠬᠡᠷᠡᠭᠲᠡᠢ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号