ᠭᠠᠵᠠᠷ ᠲᠠᠲᠠᠪᠤᠷᠢᠯᠠᠯᠲᠠ ᠶᠢᠨ ᠲᠥᠯᠥᠪᠦᠷᠢ ᠣᠯᠭᠤᠵᠤ ᠲᠥᠪᠬᠢᠨᠡᠭᠦᠯᠬᠦ ᠠᠯᠪᠠᠨ ᠵᠠᠷ
ᠨᠡᠶᠢᠲᠡᠯᠡᠭᠰᠡᠨ ᠴᠠᠭ᠄
2021/4/15
      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ ︾ ᠶᠢᠨ 47 ᠳ᠋ᠤᠭᠠᠷ ᠵᠦᠢᠯ᠂ 48 ᠳ᠋ᠤᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ᠂ ᠬᠤᠲᠣᠩ ᠠᠷᠠᠳ ᠤᠨ ᠲᠣᠭᠤᠷᠢᠭ ᠤᠨ ᠶᠦᠮ ᠤᠨ ᠪᠠᠶᠢᠰᠢᠩ ᠪᠠᠯᠭᠠᠰᠤᠨ ᠤ ᠳ᠋ᠦᠩ ᠫᠧᠩ ᠽᠢ ᠲᠣᠰᠬᠤᠨ᠂ ᠳᠣᠣᠷ᠎ᠠ ᠪᠠᠶᠢᠰᠢᠩ ᠲᠣᠰᠬᠤᠨ᠂ ᠪᠠᠷᠠᠭᠤᠨ ᠤᠰᠤᠲᠤ ᠭᠠᠴᠠᠭᠠᠨ ᠤ 0.3391 ᠾᠧᠺᠲ᠋ᠠᠷ ᠬᠠᠮᠲᠤ ᠶᠢᠨ ᠭᠠᠵᠠᠷ ᠰᠢᠷᠣᠶ ᠶᠢ ᠲᠠᠲᠠᠪᠤᠷᠢᠯᠠᠬᠤ ᠪᠠᠷ ᠲᠥᠯᠥᠪᠯᠡᠵᠦ ᠪᠣᠶ᠃ ᠤᠳᠤ ᠬᠤᠯᠪᠣᠭᠳᠠᠯ ᠪᠦᠬᠦᠢ ᠵᠦᠢᠯ ᠢ ᠳᠣᠣᠷᠠᠬᠢ ᠮᠡᠲᠦ ᠵᠠᠷᠯᠠᠶ᠎ᠠ᠄      ᠨᠢᠭᠡ᠂ ᠲᠠᠲᠠᠪᠤᠷᠢᠯᠠᠬᠤ ᠭᠠᠵᠠᠷ ᠰᠢᠷᠣᠶ ᠶᠢᠨ ᠬᠡᠪᠴᠢᠶ᠎ᠡ᠂ ᠣᠷᠣᠨ ᠪᠠᠶᠢᠷᠢ      ᠬᠡᠰᠡᠭ ᠭᠠᠵᠠᠷ ᠨᠢᠭᠡ᠄ 110 ᠤᠯᠤᠰ ᠤᠨ ᠵᠠᠮ ᠠᠴᠠ ᠬᠤᠶᠢᠰᠢ᠂ ᠲᠥᠯᠥᠪᠵᠢᠭᠦᠯᠦᠭᠰᠡᠨ ᠵᠠᠮ ᠠᠴᠠ ᠪᠠᠷᠠᠭᠤᠨᠰᠢ᠂ ᠲᠥᠯᠥᠪᠵᠢᠭᠦᠯᠦᠭᠰᠡᠨ ᠵᠠᠮ ᠠᠴᠠ ᠵᠡᠭᠦᠨᠰᠢ᠂  ᠳ᠋ᠦᠩ ᠫᠧᠩ ᠽᠢ ᠲᠣᠰᠬᠤᠨ ᠠᠴᠠ ᠡᠮᠦᠨᠡᠰᠢᠬᠢ ᠬᠡᠰᠡᠭ ᠭᠠᠵᠠᠷ᠃      ᠭᠠᠵᠠᠷ ᠬᠤᠶᠠᠷ᠄ 110 ᠤᠯᠤᠰ ᠤᠨ ᠵᠠᠮ ᠠᠴᠠ ᠡᠮᠦᠨᠡᠰᠢ᠂ ᠶᠢᠨ ᠢ ᠠᠴᠠ ᠵᠡᠭᠦᠨᠰᠢ᠂ ᠳ᠋ᠤᠤ ᠳ᠋ᠤᠤ ᠪᠠᠨ ᠲᠣᠰᠬᠤᠨ ᠠᠴᠠ ᠬᠤᠶᠢᠰᠢ᠂ ᠳᠣᠣᠷ᠎ᠠ ᠪᠠᠶᠢᠰᠢᠩ ᠲᠣᠰᠬᠤᠨ ᠠᠴᠠ ᠪᠠᠷᠠᠭᠤᠨᠰᠢᠬᠢ ᠭᠠᠵᠠᠷ᠃      ᠬᠤᠶᠠᠷ᠂ ᠭᠠᠵᠠᠷ ᠰᠢᠷᠣᠶ ᠶᠢᠨ ᠣᠳᠣᠬᠢ ᠪᠠᠶᠢᠳᠠᠯ᠂ ᠲᠠᠯᠠᠪᠠᠢ      ᠲᠣᠰ ᠲᠥᠷᠥᠯ ᠵᠦᠢᠯ ᠤᠨ ᠲᠠᠲᠠᠪᠤᠷᠢᠯᠠᠬᠤ ᠪᠠᠷ ᠭᠤᠶᠤᠴᠢᠯᠠᠭᠰᠠᠨ ᠭᠠᠵᠠᠷ ᠰᠢᠷᠣᠶ ᠶᠢᠨ ᠶᠡᠷᠦᠩᠬᠡᠶ ᠲᠠᠯᠠᠪᠠᠶ ᠨᠢ 0.3391 ᠾᠧᠺᠲ᠋ᠠᠷ ᠪᠠᠶᠢᠵᠤ᠂ ᠡᠷᠬᠡ ᠶᠢᠨ ᠬᠠᠷᠢᠶᠠᠯᠠᠯ ᠪᠠ ᠭᠠᠵᠠᠷ ᠰᠢᠷᠣᠶ ᠶᠢᠨ ᠲᠥᠷᠥᠯ ᠢᠶᠠᠷ ᠨᠢ ᠳ᠋ᠦᠩ ᠫᠧᠩ ᠽᠢ ᠲᠣᠰᠬᠤᠨ ᠤ ᠬᠠᠮᠲᠤ ᠶᠢᠨ ᠭᠠᠵᠠᠷ ᠰᠢᠷᠣᠶ 0.1598 ᠾᠧᠺᠲ᠋ᠠᠷ᠂ ᠪᠠᠷᠠᠭᠤᠨ ᠤᠰᠤᠲᠤ ᠲᠣᠰᠬᠤᠨ ᠤ ᠬᠠᠮᠲᠤ ᠶᠢᠨ ᠭᠠᠵᠠᠷ ᠰᠢᠷᠣᠶ 0.0866 ᠾᠧᠺᠲ᠋ᠠᠷ᠂ ᠳᠣᠣᠷ᠎ᠠ ᠪᠠᠶᠢᠰᠢᠩ ᠲᠣᠰᠬᠤᠨ ᠤ ᠬᠠᠮᠲᠤ ᠶᠢᠨ ᠭᠠᠵᠠᠷ ᠰᠢᠷᠣᠶ 0.0927 ᠾᠧᠺᠲ᠋ᠠᠷ ᠭᠡᠵᠦ ᠬᠤᠪᠢᠶᠠᠨ᠎ᠠ᠂ ᠡᠭᠦᠨ ᠳᠤ᠄ ᠲᠠᠷᠢᠶᠠᠯᠠᠩ ᠳᠤ ᠬᠡᠷᠡᠭᠯᠡᠬᠦ ᠭᠠᠵᠠᠷ ᠰᠢᠷᠣᠶ 0.2464 ᠾᠧᠺᠲ᠋ᠠᠷ᠂ ᠠᠰᠢᠭᠯᠠᠭᠠᠳᠤᠶ ᠭᠠᠵᠠᠷ ᠰᠢᠷᠣᠶ 0.0927 ᠾᠧᠺᠲ᠋ᠠᠷ ᠪᠠᠶᠢᠨ᠎ᠠ᠃      ᠭᠤᠷᠪᠠ᠂ ᠭᠠᠵᠠᠷ ᠰᠢᠷᠣᠶ ᠶᠢ ᠲᠠᠲᠠᠪᠤᠷᠢᠯᠠᠬᠤ ᠵᠣᠷᠢᠯᠭ᠎ᠠ      ᠲᠣᠰ ᠤᠳᠠᠭ᠎ᠠ ᠲᠠᠲᠠᠪᠤᠷᠢᠯᠠᠬᠤ ᠪᠠᠷ ᠪᠠᠶᠢᠭ᠎ᠠ ᠭᠠᠵᠠᠷ ᠰᠢᠷᠣᠶ ᠨᠢ ︽ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾ ᠶᠢᠨ 45 ᠳ᠋ᠤᠭᠠᠷ ᠵᠦᠢᠯ ᠤᠨ ᠵᠢᠷᠭᠤᠳᠤᠭᠠᠷ ᠵᠤᠷᠪᠤᠰ ᠤᠨ ᠲᠣᠭᠲᠠᠭᠠᠯ ᠳᠤ ᠨᠡᠶᠢᠴᠡᠵᠦ᠂ ᠬᠥᠮᠥᠷᠭᠡᠯᠡᠨ ᠬᠠᠳᠠᠭᠠᠯᠠᠬᠤ ᠡᠳ᠋ ᠪᠠᠷᠠᠭᠠᠨ ᠤ ᠭᠦᠢᠯᠭᠡᠭᠡᠨ ᠤ ᠲᠥᠷᠥᠯ ᠤᠨ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠳᠤ ᠬᠠᠷᠢᠶᠠᠯᠠᠭᠳᠠᠨ᠎ᠠ᠂ ︽ᠬᠤᠲᠣᠩ ᠠᠷᠠᠳ ᠤᠨ ᠲᠣᠭᠤᠷᠢᠭ ᠤᠨ 2021 ᠣᠨ ᠤ ᠨᠢᠭᠡᠳᠦᠭᠡᠷ ᠪᠦᠯᠦᠭ ᠤᠨ ᠪᠥᠲᠥᠭᠡᠨ ᠪᠠᠶᠢᠭᠤᠯᠤᠯᠲᠠ ᠶᠢᠨ ᠵᠦᠢᠯᠡᠰ︾ ᠤᠨ ᠬᠡᠷᠡᠭᠴᠡᠭᠡ ᠠᠴᠠ ᠪᠣᠯᠵᠣ᠂ ᠲᠠᠷᠢᠶᠠᠴᠢᠳ ᠤᠨ ᠬᠠᠮᠲᠤ ᠶᠢᠨ ᠥᠮᠴᠢᠯᠡᠯ ᠤᠨ ᠭᠠᠵᠠᠷ ᠰᠢᠷᠣᠶ ᠶᠢ ᠦᠨᠡᠬᠡᠷ ᠲᠠᠲᠠᠪᠤᠷᠢᠯᠠᠬᠤ ᠴᠢᠬᠤᠯᠠᠲᠠᠶ ᠪᠠᠶᠢᠵᠤ᠂ ᠨᠢᠭᠡᠨᠲᠡ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠪᠠ ᠲᠤᠰᠬᠠᠶ ᠲᠥᠯᠥᠪᠵᠢᠭᠦᠯᠭᠡ ᠳᠤ ᠣᠷᠣᠭᠤᠯᠤᠭᠰᠠᠨ ᠪᠠᠶᠢᠨ᠎ᠠ᠃      ᠲᠦᠷᠪᠡ᠂ ᠭᠠᠵᠠᠷ ᠰᠢᠷᠣᠶ ᠶᠢ ᠲᠠᠲᠠᠪᠤᠷᠢᠯᠠᠬᠤ ᠲᠥᠯᠥᠪᠦᠷᠢ ᠶᠢᠨ ᠪᠠᠷᠢᠮᠵᠢᠶ᠎ᠠ      ᠭᠠᠵᠠᠷ ᠰᠢᠷᠣᠶ ᠲᠠᠲᠠᠪᠤᠷᠢᠯᠠᠬᠤ ᠨᠥᠬᠦᠪᠥᠷᠢ ᠶᠢᠨ ᠪᠠᠷᠢᠮᠵᠢᠶ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 2020 ᠣᠨ ᠳᠤ ᠵᠥᠪᠰᠢᠶᠡᠷᠡᠨ ᠨᠡᠶᠢᠲᠡᠯᠡᠭᠰᠡᠨ ᠣᠲᠣ ᠶᠢᠨ ᠬᠡᠷᠡᠭᠵᠢᠭᠦᠯᠵᠦ ᠪᠠᠶᠢᠭ᠎ᠠ ᠭᠠᠵᠠᠷ ᠰᠢᠷᠣᠶ ᠲᠠᠲᠠᠪᠤᠷᠢᠯᠠᠬᠤ ᠨᠥᠬᠦᠪᠥᠷᠢ ᠶᠢᠨ ᠰᠦᠢᠳᠬᠡᠯ ᠤᠨ ᠪᠠᠷᠢᠮᠵᠢᠶ᠎ᠠ ᠶᠢ ᠬᠡᠷᠡᠭᠵᠢᠭᠦᠯᠦᠨ᠎ᠡ ︵ᠥᠪᠥᠷ ᠵᠠᠰᠠᠭ ᠠᠯᠪᠠᠨ ᠲᠠᠷᠬᠠᠭᠠᠭᠰᠠᠨ ︹ 2020 ︺ 16 ᠳ᠋ᠤᠭᠠᠷ ᠲᠣᠭᠠᠲᠤ︶᠃ ᠨᠡᠶᠢᠲᠡ 1 ᠲᠠᠲᠠᠪᠤᠷᠢᠯᠠᠬᠤ ᠭᠠᠵᠠᠷ ᠣᠷᠣᠨ ᠤ ᠬᠡᠰᠡᠭ ᠭᠠᠵᠠᠷ ᠤᠨ ᠦᠨ᠎ᠡ ᠶᠢᠨ ᠬᠡᠰᠡᠭ ᠣᠷᠣᠨ ᠳᠤ ᠬᠤᠯᠪᠣᠭᠳᠠᠵᠤ᠂ ᠲᠠᠷᠢᠶᠠᠯᠠᠩ ᠳᠤ ᠬᠡᠷᠡᠭᠯᠡᠬᠦ ᠭᠠᠵᠠᠷ ᠵᠢᠴᠢ ᠠᠰᠢᠭᠯᠠᠭᠠᠳᠤᠶ ᠭᠠᠵᠠᠷ ᠲᠤ ᠬᠤᠯᠪᠣᠭᠳᠠᠭᠰᠠᠨ ᠮᠥ ᠪᠦᠷᠢ ᠶᠢᠨ ᠨᠥᠬᠦᠪᠥᠷᠢ ᠶᠢᠨ ᠪᠠᠷᠢᠮᠵᠢᠶ᠎ᠠ ᠨᠢ 10.3 ᠲᠦᠮᠡᠨ ᠲᠥᠭᠦᠷᠢᠭ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠮᠥ ᠪᠦᠷᠢ ᠶᠢᠨ ᠨᠥᠬᠦᠪᠥᠷᠢ ᠶᠢᠨ ᠪᠠᠷᠢᠮᠵᠢᠶ᠎ᠠ ᠨᠢ 3.6 ᠲᠦᠮᠡᠨ ᠲᠥᠭᠦᠷᠢᠭ ᠪᠠᠶᠢᠵᠤ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠥᠬᠦᠪᠥᠷᠢ ᠨᠢ ᠬᠥᠬᠡᠬᠤᠲᠠ ᠶᠢᠨ ᠲᠣᠭᠲᠠᠭᠠᠭᠰᠠᠨ ︽ᠳᠠᠭᠠᠭᠠᠴᠢᠯᠠᠯᠲᠠ ᠵᠠᠷᠯᠠᠨ ᠦᠨ᠎ᠡ ᠬᠠᠶᠠᠵᠤ ᠬᠤᠳᠠᠯᠳᠤᠬᠤ ᠫᠠᠶᠢᠰᠠ ᠡᠯᠭᠦᠨ ᠰᠢᠯᠵᠢᠭᠦᠯᠦᠨ ᠬᠤᠳᠠᠯᠳᠤᠬᠤ ᠡᠵᠡᠩᠨᠡᠯᠲᠡ ᠶᠢᠨ ᠴᠢᠨᠠᠷᠲᠠᠶ ᠤᠯᠤᠰ ᠤᠨ ᠥᠮᠴᠢᠯᠡᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠠᠵᠠᠷ ᠰᠢᠷᠣᠶ ᠶᠢᠨ ᠥᠪᠡᠷ ᠤᠨ ᠥᠷᠲᠡᠭ ᠢ ᠮᠠᠭᠠᠳᠯᠠᠨ ᠲᠣᠭᠲᠠᠭᠠᠵᠤ ᠲᠣᠭᠠᠴᠠᠭ᠎ᠠ ᠬᠢᠬᠦ ᠪᠠ ᠵᠠᠷᠤᠯᠭ᠎ᠠ ᠶᠢᠨ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠵᠦᠢᠯᠡᠰ ᠤᠨ ᠲᠤᠬᠠᠶ ᠮᠡᠳᠡᠭᠳᠡᠯ︾ ᠤᠨ ᠲᠣᠭᠲᠠᠭᠠᠯ ︵ᠬᠥᠬᠡᠬᠤᠲᠠ ᠵᠠᠰᠠᠭ ᠲᠠᠷᠬᠠᠭᠠᠭᠰᠠᠨ ︹ 2014 ︺ 14 ᠳ᠋ᠦ᠋ᠭᠡᠷ ᠲᠣᠭᠠᠲᠤ︶ ᠳᠤ ᠨᠡᠶᠢᠴᠡᠨ᠎ᠡ᠃      ᠲᠠᠪᠤ᠂ ᠲᠥᠪᠬᠢᠨᠡᠭᠦᠯᠬᠦ ᠠᠷᠭ᠎ᠠ ᠮᠠᠶ᠋ᠢᠭ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号