ᠭᠠᠵᠠᠷ ᠰᠢᠷᠣᠶ ᠲᠠᠲᠠᠪᠤᠷᠢᠯᠠᠬᠤ ᠠᠵᠢᠯ ᠢ ᠡᠬᠢᠯᠡᠭᠦᠯᠬᠦ ᠠᠯᠪᠠᠨ ᠵᠠᠷ
ᠨᠡᠶᠢᠲᠡᠯᠡᠭᠰᠡᠨ ᠴᠠᠭ᠄
2021/4/16
      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ ︾ ᠶᠢᠨ 47 ᠳ᠋ᠤᠭᠠᠷ ᠵᠦᠢᠯ᠂ 48 ᠳ᠋ᠤᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ᠂ ᠬᠤᠲᠣᠩ ᠠᠷᠠᠳ ᠤᠨ ᠲᠣᠭᠤᠷᠢᠭ ᠤᠨ ᠶᠦᠮ ᠤᠨ ᠪᠠᠶᠢᠰᠢᠩ ᠪᠠᠯᠭᠠᠰᠤᠨ ᠤ ᠶᠦᠮ ᠤᠨ ᠪᠠᠶᠢᠰᠢᠩ ᠭᠠᠴᠠᠭᠠᠨ ᠤ 0.0821 ᠾᠧᠺᠲ᠋ᠠᠷ ᠬᠠᠮᠲᠤ ᠶᠢᠨ ᠭᠠᠵᠠᠷ ᠰᠢᠷᠣᠶ ᠶᠢ ᠲᠠᠲᠠᠪᠤᠷᠢᠯᠠᠬᠤ ᠪᠠᠷ ᠲᠥᠯᠥᠪᠯᠡᠵᠦ ᠪᠣᠶ᠃ ᠤᠳᠤ ᠬᠤᠯᠪᠣᠭᠳᠠᠯ ᠪᠦᠬᠦᠢ ᠵᠦᠢᠯ ᠢ ᠳᠣᠣᠷᠠᠬᠢ ᠮᠡᠲᠦ ᠵᠠᠷᠯᠠᠶ᠎ᠠ᠄      ᠨᠢᠭᠡ᠂ ᠲᠠᠲᠠᠪᠤᠷᠢᠯᠠᠬᠤ ᠭᠠᠵᠠᠷ ᠰᠢᠷᠣᠶ ᠶᠢᠨ ᠬᠡᠪᠴᠢᠶ᠎ᠡ᠂ ᠣᠷᠣᠨ ᠪᠠᠶᠢᠷᠢ      ᠲᠣᠰ ᠲᠥᠷᠥᠯ ᠵᠦᠶ᠋ᠯ ᠤᠨ ᠳᠥᠷᠪᠡᠨ ᠵᠠᠬ᠎ᠠ ᠨᠢ ᠬᠠᠶᠢᠯᠠᠷ ᠤᠨ ᠪᠠᠷᠠᠭᠤᠨ ᠵᠡᠭᠡᠯᠢ ᠠᠴᠠ ᠡᠮᠦᠨᠡᠰᠢ᠂ ᠶᠦᠮ ᠤᠨ ᠪᠠᠶᠢᠰᠢᠩ ᠲᠣᠰᠬᠤᠨ ᠤ ᠪᠠᠶᠢᠭᠠᠯᠢ ᠶᠢᠨ ᠵᠠᠮ ᠠᠴᠠ ᠪᠠᠷᠠᠭᠤᠨᠰᠢ᠂ ᠶᠦᠮ ᠤᠨ ᠪᠠᠶᠢᠰᠢᠩ ᠲᠣᠰᠬᠤᠨ ᠤ ᠠᠷᠠᠳ ᠤᠨ ᠣᠷᠣᠨ ᠰᠠᠭᠤᠴᠠ ᠠᠴᠠ ᠬᠤᠶᠢᠰᠢ᠂ 4S ᠳᠡᠯᠭᠡᠭᠦᠷ ᠠᠴᠠ ᠵᠡᠭᠦᠨᠰᠢ ᠪᠠᠶᠢᠨ᠎ᠠ᠃      ᠬᠤᠶᠠᠷ᠂ ᠭᠠᠵᠠᠷ ᠰᠢᠷᠣᠶ ᠶᠢᠨ ᠣᠳᠣᠬᠢ ᠪᠠᠶᠢᠳᠠᠯ᠂ ᠲᠠᠯᠠᠪᠠᠢ      ᠲᠣᠰ ᠲᠥᠷᠥᠯ ᠵᠦᠢᠯ ᠤᠨ ᠲᠠᠲᠠᠪᠤᠷᠢᠯᠠᠬᠤ ᠪᠠᠷ ᠭᠤᠶᠤᠴᠢᠯᠠᠭᠰᠠᠨ ᠭᠠᠵᠠᠷ ᠰᠢᠷᠣᠶ ᠶᠢᠨ ᠶᠡᠷᠦᠩᠬᠡᠶ ᠲᠠᠯᠠᠪᠠᠶ ᠨᠢ 0.0821 ᠾᠧᠺᠲ᠋ᠠᠷ ᠪᠠᠶᠢᠵᠤ᠂ ᠡᠷᠬᠡ ᠶᠢᠨ ᠬᠠᠷᠢᠶᠠᠯᠠᠯ ᠪᠠ ᠭᠠᠵᠠᠷ ᠰᠢᠷᠣᠶ ᠶᠢᠨ ᠲᠥᠷᠥᠯ ᠢᠶᠠᠷ ᠨᠢ ᠶᠦᠮ ᠤᠨ ᠪᠠᠶᠢᠰᠢᠩ ᠲᠣᠰᠬᠤᠨ ᠤ ᠬᠠᠮᠲᠤ ᠶᠢᠨ ᠭᠠᠵᠠᠷ ᠰᠢᠷᠣᠶ 0.0821 ᠾᠧᠺᠲ᠋ᠠᠷ ᠭᠡᠵᠦ ᠬᠤᠪᠢᠶᠠᠨ᠎ᠠ᠂ ᠡᠭᠦᠨ ᠳᠤ᠄ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠨᠢ 0.0821 ᠾᠧᠺᠲ᠋ᠠᠷ ᠪᠣᠯᠤᠨ᠎ᠠ᠃      ᠭᠤᠷᠪᠠ᠂ ᠭᠠᠵᠠᠷ ᠰᠢᠷᠣᠶ ᠶᠢ ᠲᠠᠲᠠᠪᠤᠷᠢᠯᠠᠬᠤ ᠵᠣᠷᠢᠯᠭ᠎ᠠ      ᠲᠣᠰ ᠤᠳᠠᠭ᠎ᠠ ᠲᠠᠲᠠᠪᠤᠷᠢᠯᠠᠬᠤ ᠪᠠᠷ ᠪᠠᠶᠢᠭ᠎ᠠ ᠭᠠᠵᠠᠷ ᠰᠢᠷᠣᠶ ᠨᠢ ︽ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾ ᠶᠢᠨ 45 ᠳ᠋ᠤᠭᠠᠷ ᠵᠦᠢᠯ ᠤᠨ ᠵᠢᠷᠭᠤᠳᠤᠭᠠᠷ ᠵᠤᠷᠪᠤᠰ ᠤᠨ ᠲᠣᠭᠲᠠᠭᠠᠯ ᠳᠤ ᠨᠡᠶᠢᠴᠡᠵᠦ᠂ ᠬᠤᠳᠠᠯᠳᠤᠭᠠᠨ ᠤ ᠲᠥᠷᠥᠯ ᠤᠨ ᠪᠥᠲᠥᠭᠡᠨ ᠪᠠᠶᠢᠭᠤᠯᠤᠯᠲᠠ ᠶᠢᠨ ᠵᠦᠢᠯᠡᠰ ᠲᠤ ᠲᠣᠭᠠᠴᠠᠭᠳᠠᠨ᠎ᠠ᠂ ︽ᠬᠤᠲᠣᠩ ᠠᠷᠠᠳ ᠤᠨ ᠲᠣᠭᠤᠷᠢᠭ ᠤᠨ 2021 ᠣᠨ ᠤ ᠬᠤᠶᠠᠳᠤᠭᠠᠷ ᠪᠦᠯᠦᠭ ᠤᠨ ᠪᠥᠲᠥᠭᠡᠨ ᠪᠠᠶᠢᠭᠤᠯᠤᠯᠲᠠ ᠶᠢᠨ ᠵᠦᠢᠯᠡᠰ︾ ᠤᠨ ᠬᠡᠷᠡᠭᠴᠡᠭᠡ ᠠᠴᠠ ᠪᠣᠯᠵᠣ᠂ ᠲᠠᠷᠢᠶᠠᠴᠢᠳ ᠤᠨ ᠬᠠᠮᠲᠤ ᠶᠢᠨ ᠥᠮᠴᠢᠯᠡᠯ ᠤᠨ ᠭᠠᠵᠠᠷ ᠰᠢᠷᠣᠶ ᠶᠢ ᠦᠨᠡᠬᠡᠷ ᠲᠠᠲᠠᠪᠤᠷᠢᠯᠠᠬᠤ ᠴᠢᠬᠤᠯᠠᠲᠠᠶ ᠪᠠᠶᠢᠵᠤ᠂ ᠨᠢᠭᠡᠨᠲᠡ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠪᠠ ᠲᠤᠰᠬᠠᠶ ᠲᠥᠯᠥᠪᠵᠢᠭᠦᠯᠭᠡ ᠳᠤ ᠣᠷᠣᠭᠤᠯᠤᠭᠰᠠᠨ ᠪᠠᠶᠢᠨ᠎ᠠ᠃      ᠲᠦᠷᠪᠡ᠂ ᠭᠠᠵᠠᠷ ᠰᠢᠷᠣᠶ ᠶᠢ ᠲᠠᠲᠠᠪᠤᠷᠢᠯᠠᠬᠤ ᠲᠥᠯᠥᠪᠦᠷᠢ ᠶᠢᠨ ᠪᠠᠷᠢᠮᠵᠢᠶ᠎ᠠ      ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢᠨ ᠮᠥ ᠪᠦᠷᠢ ᠳᠤ ᠬᠤᠯᠪᠣᠭᠳᠠᠬᠤ ᠨᠥᠬᠦᠪᠥᠷᠢ ᠶᠢᠨ ᠪᠠᠷᠢᠮᠵᠢᠶ᠎ᠠ ᠨᠢ 3.6 ᠲᠦᠮᠡᠨ ᠲᠥᠭᠦᠷᠢᠭ ᠪᠠᠶᠢᠵᠤ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢᠨ ᠨᠥᠬᠦᠪᠥᠷᠢ ᠨᠢ ᠬᠥᠬᠡᠬᠤᠲᠠ ᠶᠢᠨ ᠲᠣᠭᠲᠠᠭᠠᠭᠰᠠᠨ ︽ᠳᠠᠭᠠᠭᠠᠴᠢᠯᠠᠯᠲᠠ ᠵᠠᠷᠯᠠᠨ ᠦᠨ᠎ᠡ ᠬᠠᠶᠠᠵᠤ ᠬᠤᠳᠠᠯᠳᠤᠬᠤ ᠫᠠᠶᠢᠰᠠ ᠡᠯᠭᠦᠨ ᠰᠢᠯᠵᠢᠭᠦᠯᠦᠨ ᠬᠤᠳᠠᠯᠳᠤᠬᠤ ᠡᠵᠡᠩᠨᠡᠯᠲᠡ ᠶᠢᠨ ᠴᠢᠨᠠᠷᠲᠠᠶ ᠤᠯᠤᠰ ᠤᠨ ᠥᠮᠴᠢᠯᠡᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢᠨ ᠥᠪᠡᠷ ᠤᠨ ᠥᠷᠲᠡᠭ ᠢ ᠮᠠᠭᠠᠳᠯᠠᠨ ᠲᠣᠭᠲᠠᠭᠠᠵᠤ ᠲᠣᠭᠠᠴᠠᠭ᠎ᠠ ᠬᠢᠬᠦ ᠪᠠ ᠵᠠᠷᠤᠯᠭ᠎ᠠ ᠶᠢᠨ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠵᠦᠢᠯᠡᠰ ᠤᠨ ᠲᠤᠬᠠᠶ ᠮᠡᠳᠡᠭᠳᠡᠯ︾ ᠤᠨ ᠲᠣᠭᠲᠠᠭᠠᠯ ︵ᠬᠥᠬᠡᠬᠤᠲᠠ ᠵᠠᠰᠠᠭ ᠲᠠᠷᠬᠠᠭᠠᠭᠰᠠᠨ︹ 2014 ︺14 ᠳ᠋ᠦ᠋ᠭᠡᠷ ᠲᠣᠭᠠᠲᠤ︶ ᠳᠤ ᠨᠡᠶᠢᠴᠡᠨ᠎ᠡ᠃      ᠲᠠᠪᠤ᠂ ᠲᠥᠪᠬᠢᠨᠡᠭᠦᠯᠬᠦ ᠠᠷᠭ᠎ᠠ ᠮᠠᠶ᠋ᠢᠭ      ᠲᠣᠰ ᠤᠳᠠᠭ᠎ᠠ ᠬᠠᠮᠲᠤ ᠶᠢᠨ ᠭᠠᠵᠠᠷ ᠰᠢᠷᠣᠶ ᠶᠢ ᠲᠠᠲᠠᠪᠤᠷᠢᠯᠠᠬᠤ ᠳᠤ ᠵᠣᠭᠤᠰ ᠢᠶᠠᠷ ᠲᠥᠪᠬᠢᠨᠡᠭᠦᠯᠬᠦ ᠠᠷᠭ᠎ᠠ ᠮᠠᠶ᠋ᠢᠭ ᠢ ᠬᠡᠷᠡᠭᠯᠡᠬᠦ ᠪᠠᠷ      ᠵᠢᠷᠭᠤᠭ᠎ᠠ᠂ ᠨᠡᠶᠢᠭᠡᠮ ᠤᠨ ᠪᠠᠲᠤᠯᠠᠭ᠎ᠠ      ᠬᠤᠲᠣᠩ ᠠᠷᠠᠳ ᠤᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠠᠷ ᠬᠢᠨᠠᠨ ᠬᠠᠷᠭᠤᠭᠤᠯᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︽ᠭᠠᠵᠠᠷ ᠰᠢᠷᠣᠶ ᠪᠠᠨ ᠲᠠᠲᠠᠪᠤᠷᠢᠯᠠᠭᠳᠠᠭᠰᠠᠨ ᠮᠠᠯᠴᠢᠨ ᠲᠠᠷᠢᠶᠠᠴᠢᠨ ᠤ ᠨᠠᠰᠤᠵᠢᠯ ᠤᠨ ᠪᠠᠲᠤᠯᠠᠭ᠎ᠠ ᠶᠢᠨ ᠲᠦᠷᠢᠮ ᠢ ᠪᠠᠶᠢᠭᠤᠯᠬᠤ ᠲᠤᠬᠠᠶ ᠰᠠᠨᠠᠯ︾ ︵ᠥᠪᠥᠷ ᠵᠠᠰᠠᠭ ᠠᠯᠪᠠᠨ ᠥᠰᠥᠭ ︹ 2005 ︺ 392 ᠳ᠋ᠤᠭᠠᠷ ᠲᠣᠭᠠᠲᠤ︶ ᠤᠨ ᠲᠣᠭᠲᠠᠭᠠᠯ ᠶᠣᠰᠣᠭᠠᠷ᠂ ᠲᠣᠰ ᠲᠥᠷᠥᠯ ᠵᠦᠢᠯ ᠤᠨ ᠲᠠᠲᠠᠪᠤᠷᠢᠯᠠᠭᠰᠠᠨ ᠭᠠᠵᠠᠷ ᠰᠢᠷᠣᠶ ᠶᠢᠨ ᠬᠡᠪᠴᠢᠶᠡᠨ ᠳᠤ ᠨᠢᠭᠡᠨᠲᠡ ᠪᠥᠬᠦ ᠠᠵᠢᠯᠲᠠᠨ ᠢ ᠨᠡᠶᠢᠭᠡᠮ ᠤᠨ ᠳᠠᠭᠠᠳᠬᠠᠯ ᠳᠤ ᠣᠷᠣᠭᠤᠯᠵᠤ᠂ ᠨᠡᠶᠢᠭᠡᠮ ᠤᠨ ᠳᠠᠭᠠᠳᠬᠠᠯ ᠢᠶᠠᠷ ᠲᠠᠷᠢᠶᠠᠯᠠᠩ ᠮᠠᠯ ᠠᠵᠤ ᠠᠬᠤᠶ ᠶᠢᠨ ᠬᠥᠮᠦᠨ ᠠᠮᠠ ᠶᠢ ᠲᠥᠪᠬᠢᠨᠡᠭᠦᠯᠬᠦ ᠳᠤ ᠬᠤᠯᠪᠣᠭᠳᠠᠬᠤ ᠥᠬᠡᠶ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号