ᠬᠤᠲᠠ ᠶᠢᠨ ᠠᠵᠢᠯ ᠣᠯᠭᠤᠯᠲᠠ ᠶᠢᠨ ᠦᠶᠯᠡᠴᠢᠯᠡᠭᠡᠨ ᠤ ᠲᠥᠪ ᠬᠤᠲᠣᠩ ᠠᠷᠠᠳ ᠤᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤ ᠬᠦᠷᠴᠦ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2021/4/6
     2021 ᠣᠨ ᠤ 4 ᠰᠠᠷ᠎ᠠ ᠶᠢᠨ 1 ᠤ ᠡᠳᠦᠷ᠂ ᠬᠤᠲᠠ ᠶᠢᠨ ᠠᠵᠢᠯ ᠣᠯᠭᠤᠯᠲᠠ ᠶᠢᠨ ᠦᠶᠯᠡᠴᠢᠯᠡᠭᠡᠨ ᠤ ᠲᠥᠪ ᠬᠤᠲᠣᠩ ᠠᠷᠠᠳ ᠤᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ  ᠶᠢᠨ ᠲᠣᠪᠴᠢᠶ᠎ᠠ ᠳᠤ ᠬᠦᠷᠴᠦ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠴᠤ᠂ ᠪᠠᠶᠢᠴᠠᠭᠠᠨ ᠰᠤᠳᠤᠯᠵᠤ ᠵᠢᠭᠠᠨ ᠵᠢᠯᠣᠭᠤᠳᠬᠤ ᠳᠤᠮᠳᠠ᠂ ᠬᠤᠲᠠ ᠶᠢᠨ ᠠᠵᠢᠯ ᠣᠯᠭᠤᠯᠲᠠ ᠶᠢᠨ ᠦᠶᠯᠡᠴᠢᠯᠡᠭᠡᠨ ᠤ ᠲᠥᠪ᠂ ᠬᠤᠲᠣᠩ ᠠᠷᠠᠳ ᠤᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤ ᠥᠪᠥᠷ ᠮᠣᠩᠭᠤᠯ ᠤᠨ ᠨᠡᠶᠢᠳᠡᠮ ᠬᠡᠷᠡᠭᠯᠡᠬᠦ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠰᠤᠷᠭᠠᠭᠤᠯᠢ᠂ ᠥᠪᠥᠷ ᠮᠣᠩᠭᠤᠯ ᠤᠨ ᠨᠡᠬᠡᠮᠡᠯ ᠤᠨ ᠮᠡᠷᠭᠡᠵᠢᠯ ᠤᠨ ᠠᠵᠢᠯᠴᠢᠨ  ᠤ ᠰᠤᠷᠭᠠᠭᠤᠯᠢ᠂ ᠬᠥᠬᠡᠬᠤᠲᠠ ᠶᠢᠨ ᠺᠦᠩᠽᠢ ᠶᠢᠨ ᠤᠬᠠᠭᠠᠨ ᠤ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠰᠤᠷᠭᠠᠭᠤᠯᠢ ᠵᠡᠷᠭᠡ ᠪᠣᠯᠪᠠᠰᠤᠷᠠᠭᠤᠯᠤᠯ ᠤᠨ ᠪᠠᠶᠢᠭᠤᠯᠤᠮᠵᠢ ᠲᠠᠢ ᠶᠠᠷᠢᠯᠴᠠᠬᠤ ᠬᠤᠷᠠᠯ ᠥᠷᠨᠢᠭᠦᠯᠪᠡ᠃
     ᠬᠤᠲᠠ ᠶᠢᠨ ᠠᠵᠢᠯ ᠣᠯᠭᠤᠯᠲᠠ ᠶᠢᠨ ᠦᠶᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠰᠢᠶᠤᠤ ᠷᠦᠨ ᠪᠢᠨ ᠨᠠᠷ ᠬᠤᠲᠣᠩ ᠠᠷᠠᠳ ᠤᠨ ᠲᠣᠭᠤᠷᠢᠭ ᠤᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠣᠶᠢᠯᠠᠭᠠᠭᠰᠠᠨ ᠪᠥᠭᠡᠳ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠤᠬᠠᠶ ᠨᠠᠷᠢᠨ ᠲᠠᠶᠢᠯᠤᠮᠵᠢ ᠬᠢᠵᠦ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠤ ᠡᠬᠢ ᠪᠠᠶᠠᠯᠢᠭ ᠢ ᠳᠠᠩᠰᠠᠯᠠᠬᠤ᠂ ᠮᠠᠯᠵᠢᠬᠤ ᠲᠠᠷᠢᠶᠠᠯᠠᠬᠤ ᠣᠷᠣᠨ ᠤ ᠰᠢᠯᠵᠢᠭᠦᠯᠦᠨ ᠠᠵᠢᠯ ᠣᠯᠭᠤᠬᠤ ᠬᠥᠳᠡᠯᠮᠦᠷᠢᠴᠢᠳ ᠤᠨ ᠠᠮᠢᠳᠤᠷᠠᠯ ᠤᠨ ᠵᠠᠷᠤᠳᠠᠯ ᠤᠨ ᠨᠥᠬᠦᠪᠥᠷᠢ᠂ ᠰᠦᠶᠳᠬᠡᠯ ᠬᠤᠷᠢᠶᠠᠬᠤ ᠥᠬᠡᠶ ᠪᠠᠷ ᠪᠣᠯᠪᠠᠰᠤᠷᠠᠭᠤᠯᠬᠤ ᠲᠥᠷᠥ ᠶᠢᠨ ᠪᠣᠳᠣᠯᠭ᠎ᠠ ᠶᠢ ᠭᠥᠷᠳᠡᠬᠦ ᠬᠥᠮᠦᠰ ᠤᠨ ᠲᠥᠷᠥᠯ ᠢᠯᠭᠠᠯ ᠵᠡᠷᠭᠡ ᠠᠰᠠᠭᠤᠳᠠᠯ ᠳᠤ ᠴᠢᠭᠯᠡᠭᠦᠯᠦᠨ᠂ ᠬᠤᠲᠠ ᠶᠢᠨ ᠠᠵᠢᠯ ᠣᠯᠭᠤᠯᠲᠠ ᠶᠢᠨ ᠦᠶᠯᠡᠴᠢᠯᠡᠭᠡᠨ ᠤ ᠲᠥᠪ ᠠᠴᠠ ᠲᠣᠳᠣᠷᠬᠠᠶ ᠵᠢᠯᠣᠭᠤᠳᠬᠤ ᠰᠠᠨᠠᠯ ᠥᠭᠴᠦ᠂ ᠡᠯ᠎ᠡ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠲᠣᠭᠲᠠᠭᠠᠯ ᠶᠣᠰᠣᠭᠠᠷ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠠᠵᠢᠯ ᠥᠷᠨᠢᠭᠦᠯᠬᠦ ᠬᠡᠷᠡᠭᠲᠡᠶ ᠭᠡᠵᠦ ᠱᠠᠭᠠᠷᠳᠠᠪᠠ᠃ ᠶᠠᠷᠢᠯᠴᠠᠬᠤ ᠬᠤᠷᠠᠯ ᠳᠡᠭᠡᠷ᠎ᠡ᠂ ᠡᠯ᠎ᠡ ᠠᠵᠢᠯ ᠮᠡᠷᠭᠡᠵᠢᠯ ᠤᠨ ᠪᠣᠯᠪᠠᠰᠤᠷᠠᠯ ᠤᠨ ᠪᠠᠶᠢᠭᠤᠯᠤᠮᠵᠢ ᠠᠵᠢᠯ ᠮᠡᠷᠭᠡᠵᠢᠯ ᠤᠨ ᠪᠣᠯᠪᠠᠰᠤᠷᠠᠯ ᠤᠨ ᠠᠵᠢᠯ ᠳᠤ ᠣᠷᠣᠰᠢᠵᠤ ᠪᠠᠶᠢᠭ᠎ᠠ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ  ᠤᠨ ᠲᠤᠬᠠᠢ ᠬᠠᠯᠠᠭᠤᠨ ᠶᠠᠷᠢᠯᠴᠠᠭ᠎ᠠ ᠥᠷᠨᠢᠭᠦᠯᠵᠦ᠂ ᠪᠣᠯᠪᠠᠰᠤᠷᠠᠯ ᠤᠨ ᠪᠠᠶᠢᠭᠤᠯᠤᠮᠵᠢ ᠲᠣᠳᠣᠷᠬᠠᠢ ᠲᠦᠷᠦ ᠶᠢᠨ ᠪᠤᠳᠤᠯᠭ᠎ᠠ ᠶᠢᠨ ᠵᠢᠯᠤᠭᠤᠳᠤᠯᠭ᠎ᠠ ᠳᠣᠣᠷ᠎ᠠ᠂ ᠠᠵᠢᠯ ᠮᠡᠷᠭᠡᠵᠢᠯ ᠤᠨ ᠪᠣᠯᠪᠠᠰᠤᠷᠠᠯ ᠤᠨ ᠠᠵᠢᠯ ᠢ ᠢᠳᠡᠪᠬᠢᠲᠡᠢ ᠠᠬᠢᠭᠤᠯᠵᠤ᠂ ᠥᠷᠭᠡᠨ ᠤᠯᠠᠨ ᠬᠥᠳᠡᠯᠮᠦᠷᠢᠴᠢᠨ ᠢ ᠰᠤᠷᠤᠯᠴᠠᠪᠠᠯ ᠠᠮᠵᠢᠯᠲᠠ ᠣᠯᠤᠨ᠎ᠠ ᠭᠡᠵᠦ ᠢᠯᠡᠳᠬᠡᠪᠡ᠃ ᠬᠤᠲᠣᠩ ᠠᠷᠠᠳ ᠤᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠳᠠᠷᠤᠭ᠎ᠠ ᠮᠠ ᠵᠢᠶᠠᠨ ᠴᠦᠨ ᠢᠯᠡᠷᠬᠡᠶᠢᠯᠡᠬᠦ ᠳᠡᠭᠡᠨ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠠᠷᠭ᠎ᠠ ᠪᠣᠳᠣᠯᠭ᠎ᠠ ᠶᠢ ᠪᠠᠷᠢᠮᠲᠠᠯᠠᠵᠤ᠂ ᠠᠵᠢᠯᠲᠠᠨ᠂ ᠪᠠᠯᠠ ᠮᠥᠩᠭᠦ ᠶᠢᠨ ᠪᠠᠲᠤᠯᠠᠭ᠎ᠠ ᠶᠢ ᠨᠡᠮᠡᠭᠳᠡᠭᠦᠯᠦᠨ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠢᠳᠡᠪᠬᠢᠲᠡᠶ ᠠᠬᠢᠭᠤᠯᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠠᠵᠢᠯ ᠣᠯᠭᠤᠯᠲᠠ ᠶᠢᠨ ᠲᠣᠭᠲᠠᠭᠤᠨ ᠪᠠᠶᠢᠳᠠᠯ ᠢ ᠪᠠᠲᠤᠯᠠᠬᠤ᠂ ᠪᠦᠲᠦᠴᠡ ᠶᠢᠨ ᠴᠢᠨᠠᠷᠲᠠᠶ ᠠᠵᠢᠯ ᠣᠯᠭᠤᠯᠲᠠ ᠶᠢᠨ ᠵᠥᠷᠢᠴᠡᠯ ᠢ ᠨᠠᠮᠳᠠᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠭᠠᠵᠤ᠂ ᠮᠠᠨ ᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢᠨ ᠴᠢᠬᠤᠯᠠ ᠲᠤᠯᠭᠠᠭᠤᠷᠢᠯᠠᠯ ᠪᠣᠯᠭᠠᠨ᠎ᠠ ᠭᠡᠵᠡᠶ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号