ᠭᠠᠵᠠᠷ ᠰᠢᠷᠣᠶ ᠲᠠᠲᠠᠪᠤᠷᠢᠯᠠᠬᠤ ᠠᠵᠢᠯ ᠢ ᠡᠬᠢᠯᠡᠭᠦᠯᠬᠦ ᠠᠯᠪᠠᠨ ᠵᠠᠷ
ᠨᠡᠶᠢᠲᠡᠯᠡᠭᠰᠡᠨ ᠴᠠᠭ᠄
2021/4/8
     ᠶᠦᠮ ᠤᠨ ᠪᠠᠶᠢᠰᠢᠩ ᠭᠠᠴᠠᠭᠠᠨ ᠤ ᠠᠷᠠᠳ ᠤᠨ ᠵᠥᠪᠯᠡᠯ ᠬᠢᠭᠡᠳ ᠭᠠᠴᠠᠭᠠᠨ ᠤ ᠠᠷᠠᠳ ᠲᠤ᠄      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ᠰᠤᠳᠤᠯᠤᠨ ᠲᠣᠭᠲᠠᠭᠠᠬᠤ ᠪᠠᠷ ᠳᠡᠮᠵᠢᠨ᠂ ᠡᠳᠦᠭᠡ ᠭᠠᠵᠠᠷ ᠰᠢᠷᠣᠶ ᠶᠢ ᠲᠠᠲᠠᠪᠤᠷᠢᠯᠠᠬᠤ ᠠᠵᠢᠯ ᠢ ᠡᠬᠢᠯᠡᠭᠦᠯᠬᠦ ᠠᠯᠪᠠᠨ ᠵᠠᠷ ᠢ ᠳᠣᠤᠷᠠᠬᠢ ᠮᠡᠲᠦ ᠨᠡᠶᠢᠲᠡᠯᠡᠶ᠎ᠡ᠄      ᠨᠢᠭᠡ᠂ ᠲᠠᠲᠠᠪᠤᠷᠢᠯᠠᠬᠤ ᠬᠡᠪᠴᠢᠶ᠎ᠡ      ᠲᠠᠲᠠᠪᠤᠷᠢᠯᠠᠬᠤ ᠪᠠᠷ ᠪᠠᠶᠢᠭ᠎ᠠ ᠭᠠᠵᠠᠷ ᠰᠢᠷᠣᠶ ᠨᠢ ᠶᠦᠮ ᠤᠨ ᠪᠠᠶᠢᠰᠢᠩ ᠪᠠᠯᠭᠠᠰᠤᠨ ᠤ ᠬᠡᠪᠴᠢᠶᠡᠨ ᠳᠤ ᠪᠠᠶᠢᠵᠤ᠂ ᠶᠦᠮ ᠤᠨ ᠪᠠᠶᠢᠰᠢᠩ ᠲᠣᠰᠬᠤᠨ ᠳᠤ ᠬᠤᠯᠪᠣᠭᠳᠠᠵᠤ᠂ ᠲᠠᠯᠠᠪᠠᠶ ᠨᠢ ᠨᠡᠶᠢᠲᠡ 0.0821 ᠾᠧᠺᠲ᠋ᠠᠷ ᠪᠣᠯᠤᠨ᠎ᠠ᠃      ᠬᠤᠶᠠᠷ᠂ ᠲᠠᠲᠠᠪᠤᠷᠢᠯᠠᠬᠤ ᠵᠣᠷᠢᠯᠭ᠎ᠠ      ᠲᠠᠲᠠᠪᠤᠷᠢᠯᠠᠬᠤ ᠪᠠᠷ ᠪᠠᠶᠢᠭ᠎ᠠ ᠭᠠᠵᠠᠷ ᠰᠢᠷᠣᠶ ᠶᠢ ᠲᠥᠯᠥᠪᠵᠢᠭᠦᠯᠭᠡ ᠶᠣᠰᠣᠭᠠᠷ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠳᠤ ᠬᠡᠷᠡᠭᠯᠡᠨ᠎ᠡ᠃      ᠭᠤᠷᠪᠠ᠂ ᠭᠠᠵᠠᠷ ᠰᠢᠷᠣᠶ ᠶᠢᠨ ᠣᠳᠣᠬᠢ ᠪᠠᠶᠢᠳᠠᠯ ᠤᠨ ᠪᠠᠶᠢᠴᠠᠭᠠᠯᠲᠠ ᠶᠢᠨ ᠲᠤᠬᠢᠷᠠᠭᠤᠯᠤᠯᠳᠠ ᠶᠢ ᠥᠷᠨᠢᠭᠦᠯᠬᠦ ᠬᠡᠷᠡᠭᠲᠡᠶ      ᠲᠣᠰ ᠡᠬᠢᠯᠡᠯᠲᠡ ᠶᠢᠨ ᠠᠯᠪᠠᠨ ᠵᠠᠷ ᠢ ᠨᠡᠶᠢᠲᠡᠯᠡᠭᠰᠡᠨ ᠤ ᠳᠠᠷᠠᠭ᠎ᠠ᠂ ᠬᠥᠬᠡᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠤᠲᠣᠩ ᠠᠷᠠᠳ ᠤᠨ ᠲᠣᠭᠤᠷᠢᠭ ᠤᠨ ᠬᠤᠪᠢᠶᠠᠷᠢ ᠲᠣᠪᠴᠢᠶ᠎ᠠ ᠠᠴᠠ ᠭᠠᠵᠠᠷ ᠰᠢᠷᠣᠶ ᠶᠢᠨ ᠣᠳᠣᠬᠢ ᠪᠠᠶᠢᠳᠠᠯ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠵᠦ᠂ ᠪᠠᠶᠢᠴᠠᠭᠠᠯᠲᠠ ᠶᠢᠨ ᠠᠭᠤᠯᠭ᠎ᠠ ᠳᠤ ᠲᠠᠲᠠᠪᠤᠷᠢᠯᠠᠬᠤ ᠪᠠᠷ ᠪᠠᠶᠢᠭ᠎ᠠ ᠭᠠᠵᠠᠷ ᠰᠢᠷᠣᠶ ᠶᠢᠨ ᠡᠷᠬᠡ ᠶᠢᠨ ᠬᠠᠷᠢᠶᠠᠯᠠᠯ᠂ ᠭᠠᠵᠠᠷ ᠰᠢᠷᠣᠶ ᠶᠢᠨ ᠲᠥᠷᠥᠯ᠂ ᠲᠠᠯᠠᠪᠠᠶ ᠂ ᠭᠠᠵᠠᠷ ᠳᠡᠭᠡᠷᠡᠬᠢ ᠳᠠᠭᠠᠯᠲᠠ ᠪᠣᠳᠠᠰ ᠵᠡᠷᠭᠡ ᠶᠢ ᠪᠠᠭᠲᠠᠭᠠᠵᠤ᠂ ᠬᠤᠯᠪᠣᠭᠳᠠᠯ ᠪᠥᠬᠦᠶ ᠨᠢᠭᠡᠴᠡ ᠪᠠ ᠬᠤᠪᠢ ᠬᠥᠮᠦᠨ ᠢᠳᠡᠪᠬᠢᠲᠡᠶ ᠳᠡᠮᠵᠢᠨ ᠬᠠᠮᠵᠢᠯᠴᠠᠬᠤ ᠬᠡᠷᠡᠭᠲᠡᠶ᠃      ᠲᠣᠰ ᠡᠬᠢᠯᠡᠯᠲᠡ ᠶᠢᠨ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠶᠠᠮᠠᠷᠪᠠ ᠨᠢᠭᠡᠴᠡ ᠪᠠ ᠬᠤᠪᠢ ᠬᠥᠮᠦᠨ ᠭᠡᠳ ᠲᠠᠲᠠᠪᠤᠷᠢᠯᠠᠬᠤ ᠪᠠᠷ ᠪᠠᠶᠢᠭ᠎ᠠ ᠭᠠᠵᠠᠷ ᠰᠢᠷᠣᠶ ᠶᠢᠨ ᠬᠡᠪᠴᠢᠶᠡᠨ ᠳᠣᠲᠣᠷ᠎ᠠ ᠵᠠᠪᠳᠤᠨ ᠵᠠᠶᠢᠯᠠᠵᠤ ᠵᠠᠪᠳᠤᠨ ᠪᠠᠶᠢᠭᠤᠯᠵᠤ ᠪᠣᠯᠬᠤ ᠥᠬᠡᠶ᠂ ᠲᠠᠲᠠᠪᠤᠷᠢᠯᠠᠬᠤ ᠪᠠᠷ ᠪᠠᠶᠢᠭ᠎ᠠ ᠭᠠᠵᠠᠷ ᠰᠢᠷᠣᠶ ᠶᠢᠨ ᠬᠡᠪᠴᠢᠶᠡᠨ ᠳᠣᠲᠣᠷ᠎ᠠ ᠲᠠᠷᠢᠶᠠᠨ ᠴᠢᠬᠢ ᠶᠢ ᠵᠠᠪᠳᠤᠨ ᠵᠠᠶᠢᠯᠠᠬᠤ᠂ ᠵᠠᠪᠳᠤᠨ ᠳᠠᠷᠢᠬᠤ ᠪᠠ ᠭᠠᠵᠠᠷ ᠳᠡᠭᠡᠷᠡᠬᠢ ᠳᠠᠭᠠᠯᠲᠠ ᠪᠣᠳᠠᠰ ᠢ ᠵᠠᠪᠳᠤᠨ ᠪᠠᠶᠢᠭᠤᠯᠤᠭᠰᠠᠨ ᠪᠠᠶᠢᠪᠠᠯ᠂ ᠭᠠᠵᠠᠷ ᠰᠢᠷᠣᠶ ᠶᠢ ᠲᠠᠲᠠᠪᠤᠷᠢᠯᠠᠬᠤ ᠳᠠᠭᠠᠨ ᠴᠥᠮ ᠲᠥᠯᠥᠪᠦᠷᠢ ᠥᠭᠬᠦ ᠥᠬᠡᠶ᠃      ᠡᠭᠦᠨ ᠤ ᠲᠤᠯᠠ ᠣᠨᠴᠠᠭᠠᠶᠢᠯᠠᠨ ᠵᠠᠷᠯᠠᠪᠠ᠃                            ᠬᠤᠲᠣᠩ ᠠᠷᠠᠳ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ                             2021 ᠣᠨ ᠤ 4 ᠰᠠᠷ᠎ᠠ ᠶᠢᠨ 7 ᠤ ᠡᠳᠦᠷ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号