2021 ᠣᠨ ᠤ1 ᠳ᠋ᠤᠭᠡᠷ ᠰᠠᠷ᠎ᠠ ᠶᠢᠨ22 ᠤᠨ ᠡᠳᠦᠷ | 2020 ᠣᠨ ᠳᠤ᠂ ᠮᠠᠨ ᠤ ᠬᠤᠲᠠ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ | ᠬᠤᠷᠠᠯ᠂ ᠲᠥᠪ ᠤᠨ ᠬᠠᠤᠯᠢ ᠶᠣᠰᠣᠭᠠᠷ ᠤᠯᠤᠰ ᠢᠶᠠᠨ ᠵᠠᠰᠠᠬᠤ ᠠᠵᠢᠯ ᠤᠨ ᠬᠤᠷᠠᠯ ᠪᠣᠯᠤᠨ ᠲᠥᠪ ᠤᠨ ᠬᠠᠤᠯᠢ | ᠶᠣᠰᠣᠭᠠᠷ ᠤᠯᠤᠰ ᠢᠶᠠᠨ ᠵᠠᠰᠠᠬᠤ ᠵᠥᠪᠯᠡᠯ ᠤᠨ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠬᠤᠷᠠᠯ ᠤᠨ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠬᠠᠤᠯᠢᠵᠢᠯ ᠤᠨ ᠵᠠᠰᠠᠭ ᠤᠨ ᠣᠷᠳᠣᠨ ᠢ ᠦᠨᠳᠦᠰᠦᠨ ᠳᠡᠭᠡᠨ ᠪᠠᠶᠢᠭᠤᠯᠬᠤ ᠲᠣᠭᠲᠠᠭᠰᠠᠨ ᠬᠠᠷᠠᠯᠲᠠ ᠶᠢ | ᠪᠡᠶᠡᠯᠡᠭᠦᠯᠬᠦ ᠶᠢᠨ ᠲᠣᠭᠤᠷᠢᠨ ᠳᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠥᠬᠡᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠳᠤ ᠪᠠᠲᠤ ᠴᠢᠩᠭ᠎ᠠ ᠬᠠᠤᠯᠢᠵᠢᠯ ᠤᠨ ᠪᠠᠲᠤᠯᠠᠭ᠎ᠠ ᠬᠠᠩᠭᠠᠵᠠᠢ᠃ ᠬᠥᠬᠡᠬᠤᠲᠠ ᠳᠤᠮᠳᠠᠳᠤ ᠤᠯᠤᠰ ᠤᠨ | ᠣᠷᠣᠨ ᠨᠤᠲᠤᠭ ᠤᠨ ᠵᠠᠰᠠᠭ ᠤᠨ ᠣᠷᠳᠣᠨ ᠤ ᠦᠷ᠎ᠡ ᠪᠦᠳᠦᠮᠵᠢ ᠶᠢᠨ︽ᠵᠠᠭᠤᠨ ᠥᠨᠳᠥᠷ ᠬᠤᠲᠠ︾ ᠪᠠᠷ | ᠰᠣᠩᠭᠤᠭᠳᠠᠪᠠ︔ ᠲᠣᠭᠲᠠᠬᠤ ᠰᠢᠶᠠᠨ᠂ ᠢᠥᠢ ᠴᠢᠤᠸᠠᠨ ᠲᠣᠭᠤᠷᠢᠭ ᠪᠥᠬᠦ ᠣᠷᠣᠨ ᠤ ᠬᠤᠶᠠᠳᠤᠭᠠᠷ ᠪᠦᠯᠦᠭ | ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠶᠢ ᠡᠭᠦᠳᠦᠨ ᠪᠠᠶᠢᠭᠤᠯᠬᠤ ᠭᠠᠵᠠᠷ | ᠣᠷᠣᠨ ᠢᠶᠠᠷ ᠰᠣᠩᠭᠤᠭᠳᠠᠪᠠ︔ ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ | ᠬᠠᠮᠢᠶᠠᠷᠤᠯᠲᠠ ᠶᠢᠨ ᠲᠣᠪᠴᠢᠶ᠎ᠠ ᠪᠥᠬᠦ ᠤᠯᠤᠰ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ | ᠰᠢᠯᠢᠳᠡᠭ ᠬᠢᠨᠠᠨ ᠬᠠᠮᠢᠶᠠᠷᠬᠤ ᠪᠠᠶᠢᠭᠤᠯᠤᠮᠵᠢ ᠪᠠᠷ ᠦᠨᠡᠯᠡᠭᠳᠡᠵᠦ᠂ ᠬᠥᠬᠡᠬᠤᠲᠠ ᠶᠢᠨ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶᠠᠨ ᠤ ᠲᠥᠪ ᠪᠥᠬᠦ ᠤᠯᠤᠰ ᠤᠨ ᠠᠷᠪᠠᠨ ᠰᠢᠯᠢᠳᠡᠭ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶᠠᠨ ᠤ ᠲᠥᠪ ︵ᠬᠤᠲᠠ ᠶᠢᠨ ᠲᠠᠰ︶ ᠢᠶᠠᠷ ᠦᠨᠡᠯᠡᠭᠳᠡᠪᠡ᠃ | ᠨᠢᠭᠡ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠳᠠᠬᠢ ᠨᠠᠮ ᠤᠨ ᠤᠳᠤᠷᠢᠳᠤᠯᠭ᠎ᠠ ᠶᠢ | ᠴᠢᠩᠭᠠᠳᠬᠠᠵᠤ᠂ ᠬᠠᠤᠯᠢᠵᠢᠯ ᠤᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ | ᠲᠤᠰᠢᠶᠠᠯ ᠬᠠᠷᠢᠭᠤᠴᠠᠯᠭ᠎ᠠ ᠶᠢ ᠦᠨᠡᠨᠬᠦ ᠬᠦᠢᠴᠡᠳᠬᠡᠪᠡ | ︵ᠨᠢᠭᠡ︶ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢ ᠶᠢᠨ ᠫᠢᠩ ᠤᠨ ᠬᠠᠤᠯᠢᠵᠢᠯ ᠤᠨ | ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠪᠠ᠃ ᠰᠢ ᠶᠢᠨ ᠫᠢᠩ ᠤᠨ ᠬᠠᠤᠯᠢᠵᠢᠯ ᠤᠨ ᠦᠵᠡᠯ | ᠰᠠᠨᠠᠭ᠎ᠠ ᠪᠠ ᠲᠥᠪ ᠤᠨ ᠬᠠᠤᠯᠢ ᠶᠣᠰᠣᠭᠠᠷ ᠤᠯᠤᠰ ᠢᠶᠠᠨ ᠵᠠᠰᠠᠬᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ | ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠶᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠪᠠ᠃ ᠬᠤᠲᠠ ᠶᠢᠨ | ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ | ᠪᠣᠯᠤᠨ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠠᠴᠠ ᠰᠢ ᠶᠢᠨ | ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠬᠤ ᠶᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠬᠤ ᠲᠠᠢ | ᠣᠷᠭᠠᠨᠢᠭ ᠢᠶᠠᠷ ᠤᠶᠠᠯᠳᠤᠭᠤᠯᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠯᠬᠢᠨ | ᠠᠬᠢᠭᠤᠯᠬᠤ ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠪᠣᠯᠭᠠᠵᠤ᠂ ᠰᠤᠷᠤᠯᠴᠠᠨ ᠣᠶᠢᠯᠠᠭᠠᠬᠤ᠂ ᠨᠡᠪᠲᠡ | ᠣᠶᠢᠯᠠᠭᠠᠬᠤ᠂ ᠪᠣᠳᠠᠲᠠᠶᠢᠵᠢᠭᠤᠯᠬᠤ ᠳᠡᠭᠡᠷ᠎ᠡ ᠬᠦᠴᠦ ᠲᠠᠯᠪᠢᠬᠤ ᠶᠢᠨ ᠬᠠᠮᠲᠤ ᠬᠠᠤᠯᠢᠵᠢᠯ ᠤᠨ ᠵᠠᠰᠠᠭ ᠤᠨ ᠣᠷᠳᠣᠨ ᠤ | ᠪᠠᠶᠢᠭᠤᠯᠤᠯᠲᠠ ᠶᠢ ᠲᠦᠯᠬᠢᠨ ᠠᠬᠢᠭᠤᠯᠬᠤ ᠪᠦᠬᠦ ᠶᠠᠪᠤᠴᠠ ᠪᠠ ᠡᠯ᠎ᠡ ᠲᠠᠯ᠎ᠠ ᠳᠤ ᠲᠤᠭᠤᠰᠢᠯᠠᠭᠤᠯᠤᠨ | ᠨᠠᠶᠢᠳᠠᠪᠤᠷᠢᠵᠢᠭᠤᠯᠪᠠ᠃ ᠡᠨᠡ ᠵᠢᠯ ᠠᠴᠠ ᠨᠠᠰᠢ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠬᠤᠷᠠᠯ ᠪᠠ ᠤᠨᠤᠯ ᠰᠤᠷᠤᠯᠴᠠᠬᠤ ᠭᠤᠤᠯ ᠳᠤᠭᠤᠶᠢᠯᠠᠩ ᠨᠡᠶᠢᠲᠡ 5 ᠤᠳᠠᠭ᠎ᠠ ᠬᠠᠤᠯᠢᠵᠢᠯ ᠤᠨ | ᠲᠤᠰᠬᠠᠶ ᠰᠡᠳᠦᠪᠲᠦ ᠰᠤᠷᠤᠯᠴᠠᠯᠭ᠎ᠠ ᠶᠢ ᠥᠷᠨᠢᠭᠦᠯᠪᠡ᠃ | ︵ᠬᠤᠶᠠᠷ︶ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠶ | ᠲᠥᠯᠥᠪᠯᠡᠨ ᠠᠬᠢᠭᠤᠯᠪᠠ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ | ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ 2020 ᠣᠨ ᠤ ᠬᠠᠤᠯᠢᠵᠢᠯ ᠤᠨ | ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ ᠶᠢ ᠰᠤᠳᠤᠯᠤᠨ ᠲᠣᠭᠲᠠᠭᠠᠪᠠ᠃ ᠬᠤᠲᠠ ᠶᠢᠨ | ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ | ᠤᠷᠢᠳ ᠬᠤᠵᠢᠳ ᠣᠯᠠᠨ ᠤᠳᠠᠭ᠎ᠠ ᠡᠷᠬᠢᠯᠡᠨ ᠬᠤᠷᠠᠯᠳᠤᠭᠤᠯᠵᠤ᠂ ᠬᠠᠤᠯᠢᠵᠢᠯ ᠤᠨ ᠪᠠᠶᠢᠭᠤᠯᠤᠯᠲᠠ ᠶᠢᠨ | ᠬᠤᠯᠪᠣᠭᠳᠠᠯ ᠪᠦᠬᠦᠢ ᠵᠥᠪᠯᠡᠬᠦ ᠵᠦᠢᠯ ᠢ ᠬᠢᠨᠠᠨ ᠵᠥᠪᠯᠡᠵᠦ᠂ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠲᠣᠬᠢᠷᠠᠭᠤᠯᠤᠯᠲᠠ ᠪᠠᠶᠢᠷᠢᠯᠠᠭᠤᠯᠤᠯᠲᠠ ᠪᠠ ᠴᠣᠬᠤᠯᠠᠪᠤᠷᠢ ᠱᠠᠭᠠᠷᠳᠠᠯᠭ᠎ᠠ ᠭᠠᠷᠭᠠᠭᠰᠠᠨ ᠪᠥᠭᠡᠳ ᠬᠤᠯᠪᠣᠭᠳᠠᠯ ᠪᠦᠬᠦᠢ | ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠵᠤ᠂ ᠡᠯ᠎ᠡ ᠵᠦᠢᠯ ᠤᠨ ᠠᠵᠢᠯ ᠢ ᠥᠨᠳᠥᠷ | ᠪᠠᠶᠢᠷᠢᠨ ᠳᠤ ᠲᠦᠯᠬᠢᠨ ᠠᠬᠢᠭᠤᠯᠬᠤ᠂ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠡᠶᠡᠯᠡᠭᠦᠯᠵᠦ | ᠂ ᠮᠠᠨ ᠤ ᠬᠤᠲᠠ ᠶᠢᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠶᠡᠷᠦᠩᠬᠡᠢ ᠠᠵᠢᠯ ᠤᠨ ᠡᠮᠬᠢ | ᠵᠢᠷᠤᠮ ᠲᠠᠢ ᠥᠷᠨᠢᠬᠦ ᠶᠢ ᠬᠦᠴᠦᠲᠡᠶ ᠲᠦᠯᠬᠢᠨ ᠠᠬᠢᠭᠤᠯᠪᠠ᠃ | ︵ᠭᠤᠷᠪᠠ︶ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠨ ᠬᠠᠤᠯᠢᠵᠢᠯ ᠤᠨ ᠪᠠᠶᠢᠭᠤᠯᠤᠯᠲᠠ ᠶᠢᠨ | ᠬᠠᠷᠢᠭᠤᠴᠠᠯᠭ᠎ᠠ ᠶᠢ ᠴᠢᠩᠭᠠᠯᠠᠵᠤ ᠪᠤᠳᠠᠳᠠᠶᠢᠵᠢᠭᠤᠯᠪᠠ᠃ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ | ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠤᠳᠤᠷᠢᠳᠬᠤ ᠪᠠᠭ ᠤᠨ ᠣᠨ ᠤ ᠪᠣᠳᠠᠲᠤ ᠠᠮᠵᠢᠯᠲᠠ | ᠪᠦᠳᠦᠮᠵᠢ ᠶᠢ ᠬᠢᠨᠠᠨ ᠰᠢᠯᠭᠠᠬᠤ ᠪᠠ ᠵᠢᠯ ᠤᠨ ᠡᠴᠦᠰ ᠤᠨ ᠲᠤᠰᠢᠶᠠᠯ ᠤᠨ ᠮᠡᠳᠡᠭᠦᠯᠦᠯᠲᠡ ᠬᠢᠬᠦ ᠬᠡᠪᠴᠢᠶᠡᠨ ᠳᠤ | ᠤᠷᠤᠭᠤᠯᠪᠠ᠃ ᠪᠥᠬᠦ ᠬᠤᠲᠠ ᠶᠢᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠥᠪᠡᠷ ᠢ ᠪᠠᠨ | ᠪᠠᠶᠢᠴᠠᠭᠠᠬᠤ ᠪᠠ ᠨᠠᠮ ᠵᠠᠰᠠᠭ ᠤᠨ ᠭᠤᠤᠯ ᠬᠠᠷᠢᠭᠤᠴᠠᠯᠭᠠᠲᠠᠨ ᠬᠠᠤᠯᠢᠵᠢᠯ ᠤᠨ ᠪᠠᠶᠢᠭᠤᠯᠤᠯᠲᠠ ᠶᠢ ᠳᠥᠯᠭᠢᠨ | ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠶᠢ ᠬᠦᠢᠴᠡᠳᠬᠡᠬᠦ᠂ ᠥᠪᠡᠷᠲᠡᠭᠡᠨ ᠵᠠᠰᠠᠬᠤ | ᠣᠷᠣᠨ ᠤ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠪᠣᠶ ᠪᠣᠯᠭᠠᠬᠤ ᠲᠤᠰᠬᠠᠶ ᠰᠢᠮᠳᠠᠭᠤᠯᠤᠨ | ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠢᠴᠢ ᠬᠠᠤᠯᠢᠵᠢᠯ ᠤᠨ | ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠥᠬᠦ ᠲᠠᠯ᠎ᠠ ᠶᠢᠨ ᠰᠢᠮᠳᠠᠭᠤᠯᠤᠨ ᠪᠠᠶᠢᠴᠠᠭᠠᠯᠲᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠠᠤᠯᠢᠵᠢᠯ ᠤᠨ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠪᠠ᠃ ᠬᠠᠤᠯᠢᠵᠢᠯ ᠤᠨ ᠵᠠᠰᠠᠭ ᠤᠨ | ᠣᠷᠳᠣᠨ ᠤ ᠪᠠᠶᠢᠭᠤᠯᠤᠯᠲᠠ ᠶᠢᠨ 144 ᠵᠦᠢᠯ ᠤᠨ ᠠᠵᠢᠯ ᠤᠨ ᠡᠭᠦᠷᠭᠡ ᠶᠢᠨ ᠮᠠᠨ ᠤ ᠬᠤᠲᠠ ᠶᠢᠨ ᠡᠭᠦᠷᠭᠡ | ᠴᠢᠳᠠᠪᠤᠷᠢ ᠳᠤ ᠦᠯᠦ ᠬᠤᠯᠪᠣᠭᠳᠠᠬᠤ 1 ᠵᠦᠢᠯ ᠪᠠ ᠦᠵᠦ ᠲᠥᠯᠥᠪᠯᠡᠭᠡ ᠪᠠᠷ ᠠᠬᠢᠭᠤᠯᠬᠤ ᠴᠢᠬᠤᠯᠠᠲᠠᠢ 1 | ᠵᠦᠢᠯ ᠠᠴᠠ ᠭᠠᠳᠠᠨ᠎ᠠ᠂ ᠪᠤᠰᠤᠳ ᠵᠦᠢᠯ ᠢ ᠨᠢᠭᠡᠨᠲᠡ ᠪᠦᠬᠦᠨ ᠢ ᠪᠡᠶᠡᠯᠡᠭᠦᠯᠪᠡ᠃ | ᠬᠤᠶᠠᠷ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ | ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠭᠦᠨᠵᠡᠭᠡᠶᠢᠷᠡᠨ ᠬᠥᠭᠵᠢᠬᠦ ᠶᠢ ᠲᠦᠯᠬᠢᠨ ᠠᠬᠢᠭᠤᠯᠪᠠ | ︵ᠨᠢᠭᠡ︶ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠪᠥᠬᠦ ᠲᠠᠯ᠎ᠠ ᠪᠠᠷ | ᠬᠦᠢᠴᠡᠳᠭᠡᠵᠦ᠂ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠬᠦᠯᠪᠡ᠃ ᠨᠢᠭᠡ ᠳᠤ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠰᠠᠶᠢᠨ ᠲᠡᠶᠢᠰᠢ ᠬᠥᠭᠵᠢᠬᠦ ᠶᠢ ᠦᠷᠭᠦᠯᠵᠢᠯᠡᠨ ᠲᠦᠯᠬᠢᠨ ᠠᠬᠢᠭᠤᠯᠪᠠ᠃ | ᠳᠤᠮᠳᠠ ᠵᠢᠵᠢᠭ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠳᠡᠮᠵᠢᠬᠦ 15 ᠠᠷᠭ᠎ᠠ ᠬᠡᠮᠵᠢᠶ᠎ᠡ ᠶᠢ | ᠲᠣᠭᠲᠠᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠭᠤᠷᠪᠠᠨ ᠵᠢᠯ ᠤᠨ ᠠᠵᠢᠯᠯᠠᠭᠠᠨ ᠤ | ᠲᠥᠯᠥᠪᠯᠡᠭᠡ ᠶᠢ ᠬᠡᠷᠡᠭᠵᠢᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠬᠦᠯᠵᠦ ᠨᠡᠩ | ᠢᠯᠡᠭᠦᠦ ᠠᠷᠠᠳ ᠲᠤ ᠲᠦᠬᠦᠮ ᠦᠵᠡᠭᠦᠯᠵᠦ ᠠᠵᠤ ᠠᠬᠤᠶᠢᠯᠠᠯ ᠳᠤ ᠠᠰᠢᠭᠲᠠᠶ ᠪᠣᠯᠭᠠᠬᠤ ᠶᠢᠰᠦᠨ ᠠᠷᠭ᠎ᠠ | ᠬᠡᠮᠵᠢᠶ᠎ᠡ ᠶᠢ ᠨᠡᠶᠢᠲᠡᠯᠡᠵᠦ᠂ ᠨᠠᠵᠠᠭᠠᠶ ᠲᠠᠯ᠎ᠠ ᠶᠢᠨ 26 ᠵᠤᠷᠪᠤᠰ ᠨᠠᠷᠢᠨ ᠬᠠᠭᠤᠳᠠᠰᠤ ᠶᠢ ᠵᠢᠭᠰᠠᠭᠠᠨ᠂ ᠬᠤᠳᠠᠯᠳᠤᠭ᠎ᠠ | ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠬᠤᠢ ᠲᠠᠯᠠᠪᠠᠢ ᠶᠢᠨ ᠬᠤᠷᠠᠯ᠂ ᠠᠵᠤ ᠠᠬᠤᠶᠢᠯᠠᠯᠲᠠᠨ ᠤ | ᠶᠠᠷᠢᠯᠴᠠᠬᠤ ᠬᠤᠷᠠᠯ ᠢ ᠬᠤᠷᠠᠯᠳᠤᠭᠤᠯᠵᠤ᠂ ︽ᠬᠥᠮᠦᠨ ᠪᠦᠬᠦᠨ ᠴᠥᠮ ᠬᠤᠳᠠᠯᠳᠤᠭ᠎ᠠ ᠡᠷᠬᠢᠯᠡᠬᠦ ᠣᠷᠴᠢᠨ | ᠨᠥᠬᠦᠴᠡᠯ᠂ ᠬᠥᠮᠦᠨ ᠪᠦᠬᠦᠨ ᠲᠥᠪ ᠬᠤᠳᠠ ᠶᠢᠨ ᠲᠦᠷᠢ ᠲᠥᠷᠬᠦ ᠲᠠᠢ ᠬᠤᠯᠪᠣᠭᠳᠠᠬᠤ︾ ᠰᠢᠨ᠎ᠡ ᠬᠡᠪ ᠰᠤᠷᠲᠠᠯ ᠢ | ᠪᠤᠢ ᠪᠣᠯᠭᠠᠪᠠ᠃ ᠬᠤᠶᠠᠷ ᠲᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ | ᠬᠦᠨᠵᠡᠭᠡᠶᠢᠷᠡᠭᠦᠯᠪᠡ᠃ ᠬᠤᠳᠠ ᠶᠢᠨ ᠲᠤᠰ ᠱᠠᠲᠤᠨ ᠤ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠠᠴᠠ 2016 | ᠵᠦᠢᠯ ᠢ ᠬᠦᠴᠦᠨ ᠦᠭᠡᠢ ᠪᠣᠯᠭᠠᠭᠰᠠᠨ ᠪᠤᠶᠤ ᠡᠷᠬᠡ ᠶᠢ ᠳᠣᠷᠣᠭᠰᠢ ᠪᠠᠭᠤᠯᠭᠠᠵᠤ᠂ ᠬᠤᠳᠠ ᠶᠢᠨ ᠲᠤᠰ ᠱᠠᠲᠤᠨ ᠤ | ᠵᠠᠰᠠᠭ ᠵᠠᠬᠢᠷᠭᠠᠨ ᠤ ᠡᠷᠬᠡ ᠶᠢᠨ ᠵᠦᠢᠯᠡᠰ 3834 ᠵᠦᠢᠯ ᠢ ᠦᠯᠡᠳᠡᠭᠡᠵᠦ᠂ 44% ᠶᠢ ᠪᠠᠭᠠᠰᠬᠠᠵᠤ᠂ ᠠᠵᠤ | ᠠᠬᠤᠶᠢᠯᠠᠯ ᠪᠠᠶᠢᠭᠤᠯᠵᠤ ᠡᠷᠬᠢᠯᠡᠬᠦ ᠴᠠᠭ ᠢ 1 ᠠᠵᠢᠯᠯᠠᠬᠤ ᠡᠳᠦᠷ ᠪᠣᠯᠭᠠᠨ ᠪᠠᠭᠠᠰᠬᠠᠵᠤ᠂ ᠪᠠᠷᠢᠯᠭ᠎ᠠ ᠶᠢᠨ ᠪᠦᠳᠦᠭᠡᠨ | ᠪᠠᠶᠢᠭᠤᠯᠤᠯᠲᠠ ᠶᠢᠨ ᠵᠦᠢᠯᠡᠰ ᠤᠨ ᠬᠢᠨᠠᠨ ᠵᠥᠪᠰᠢᠶᠡᠷᠡᠬᠦ ᠴᠠᠭ ᠢ 90 ᠠᠵᠢᠯᠯᠠᠬᠤ ᠡᠳᠦᠷ ᠤᠨ ᠳᠣᠲᠣᠷ᠎ᠠ ᠪᠣᠯᠭᠠᠨ | ᠪᠠᠭᠠᠰᠬᠠᠪᠠ᠃ ︽ᠠᠭᠤᠯᠵᠠᠬᠤ ᠥᠬᠡᠶ︾ ᠠᠵᠢᠯ ᠶᠠᠪᠤᠳᠠᠯ ᠬᠦᠢᠴᠡᠳᠬᠡᠬᠦ ᠶᠢ ᠪᠥᠬᠦ ᠲᠠᠯ᠎ᠠ ᠪᠠᠷ ᠬᠡᠷᠡᠭᠵᠢᠭᠦᠯᠵᠦ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠭᠤᠷᠪᠠ ᠶᠢ ᠪᠠᠭᠠᠰᠬᠠᠵᠤ ᠨᠢᠭᠡ ᠶᠢ ᠨᠡᠮᠡᠭᠳᠡᠭᠦᠯᠬᠦ︾ ᠠᠵᠢᠯ ᠢ | ᠳᠥᠯᠭᠢᠨ ᠠᠬᠢᠭᠤᠯᠵᠤ᠂ ᠪᠥᠬᠦ ᠬᠤᠲᠠ ᠪᠠᠷ ᠢᠶᠠᠨ ᠭᠤᠶᠤᠴᠢᠯᠠᠯ ᠢᠶᠠᠷ ᠬᠦᠢᠴᠡᠳᠬᠡᠬᠦ ᠠᠵᠢᠯ ᠤᠨ ᠵᠢᠷᠭᠤᠭᠠᠨ | ᠲᠥᠷᠥᠯ ᠤᠨ ᠠᠮᠠᠯᠠᠯᠲᠠ ᠶᠢᠨ ᠴᠠᠭ ᠤᠨ ᠬᠢᠵᠠᠭᠠᠷ ᠢ56.94% ᠪᠠᠷ ᠪᠠᠭᠠᠰᠬᠠᠨ᠂ ᠬᠤᠲᠠ ᠶᠢᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ 26 ᠰᠠᠯᠠᠭ᠎ᠠ ᠮᠥᠴᠢᠷ ᠤᠨ 391 ᠭᠤᠶᠤᠴᠢᠯᠠᠯ ᠢᠶᠠᠷ | ᠬᠦᠢᠴᠡᠳᠬᠡᠬᠦ ᠵᠢᠷᠭᠤᠭᠠᠨ ᠲᠥᠷᠥᠯ ᠤᠨ ᠵᠦᠢᠯᠡᠰ ᠢ ︽ᠣᠷᠣᠭᠤᠯᠬᠤ ᠶᠣᠰᠣᠲᠠᠶ ᠶᠢ ᠨᠢ ᠵᠠᠪᠠᠯ ᠣᠷᠣᠭᠤᠯᠬᠤ︾ ᠶᠢ | ᠪᠡᠶᠡᠯᠡᠭᠦᠯᠵᠦ᠂ ᠤᠰᠤ ᠴᠠᠬᠢᠯᠭᠠᠨ ᠬᠡᠶ ᠳᠤᠯᠠᠭᠠᠯᠠᠭ᠎ᠠ ᠶᠢᠨ ᠰᠦᠢᠳᠬᠡᠯ ᠲᠤᠰᠢᠶᠠᠬᠤ ᠪᠠ ᠥᠯᠥ ᠬᠥᠳᠡᠯᠬᠦ | ᠬᠥᠷᠥᠩᠭᠡ ᠶᠢᠨ ᠳᠡᠩᠰᠡᠯᠡᠯᠲᠡ ᠵᠡᠷᠭᠡ ᠥᠨᠳᠥᠷ ᠲᠠᠪᠳᠠᠮᠵᠢᠳᠤ ᠦᠢᠯᠡᠴᠢᠯᠡᠭᠡᠨ ᠤ ᠵᠦᠢᠯᠡᠰ ᠢ ᠪᠦᠬᠦᠨ ᠢ ᠶᠡᠭᠡ | ᠲᠢᠩᠬᠢᠮ ᠳᠤ ᠣᠷᠣᠭᠤᠯᠵᠤ᠂ ︽ᠨᠢᠭᠡ ᠥᠷᠳᠡᠭᠡ ᠮᠠᠶ᠋ᠢᠭ︾ ᠢᠶᠠᠷ ᠭᠦᠢᠴᠡᠳᠬᠡᠬᠦ ᠶᠢ ᠪᠡᠶᠡᠯᠡᠭᠦᠯᠪᠡ᠃ ᠭᠤᠷᠪᠠ ᠳᠤ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠪᠡ᠃ ᠠᠷᠠᠳ ᠤᠨ | ᠠᠮᠢᠳᠤᠷᠠᠯ ᠤᠨ ᠦᠢᠯᠡᠴᠢᠯᠡᠭᠡᠨ ᠤ 56 ᠵᠤᠷᠪᠤᠰ ᠬᠠᠯᠠᠮᠰᠢᠯ ᠤᠲᠠᠰᠤ ᠶᠢ ︽12345︾ ᠬᠤᠲᠠ ᠶᠢᠨ | ᠠᠷᠠᠳ ᠲᠤ ᠦᠢᠯᠡᠴᠢᠯᠡᠬᠦ ᠬᠠᠯᠠᠮᠰᠢᠯ ᠤᠲᠠᠰᠤ ᠪᠠᠷ ᠡᠮᠬᠢᠯᠡᠨ ᠨᠡᠶᠢᠯᠡᠭᠦᠯᠵᠦ᠂ ︽ᠨᠢᠭᠡ ᠨᠤᠮᠧᠷ ᠢᠶᠠᠷ ᠭᠥᠯᠢᠶᠡᠨ | ᠠᠪᠴᠤ ᠰᠢᠢᠳᠪᠦᠷᠢᠯᠡᠬᠦ᠂ ᠬᠠᠷᠢᠭᠤᠴᠠᠯᠭ᠎ᠠ ᠪᠠᠷ ᠨᠢ ᠰᠢᠯᠵᠢᠭᠦᠯᠦᠨ ᠬᠦᠢᠴᠡᠳᠬᠡᠯᠭᠡᠬᠦ᠂ ᠬᠤᠭᠤᠴᠠᠭ᠎ᠠ ᠬᠢᠵᠠᠭᠠᠷᠯᠠᠨ | ᠭᠦᠢᠴᠡᠳᠬᠡᠵᠦ ᠳᠠᠭᠤᠰᠬᠠᠬᠤ᠂ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠰᠢᠯᠭᠠᠬᠤ︾ ᠨᠢᠭᠡ ᠥᠷᠲᠡᠭᠡ | ᠮᠠᠶ᠋ᠢᠭ ᠢᠶᠠᠷ ᠪᠥᠬᠦ ᠶᠠᠪᠤᠴᠠ ᠳᠤ ᠦᠢᠯᠡᠴᠢᠯᠡᠬᠦ ᠶᠢ ᠪᠡᠶᠡᠯᠡᠭᠦᠯᠪᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ | ᠰᠠᠶᠢᠨ ᠮᠠᠭᠤ ᠶᠢᠨ ᠦᠨᠡᠯᠡᠯᠲᠡ︾ ᠶᠢ ᠪᠥᠬᠦ ᠬᠦᠴᠦᠨ ᠢᠶᠠᠷ ᠠᠬᠢᠭᠤᠯᠵᠤ᠂ ᠪᠥᠬᠦ ᠬᠤᠲᠠ ᠶᠢᠨ ᠰᠠᠶᠢᠨ ᠮᠠᠭᠤ ᠶᠢᠨ | ᠦᠨᠡᠯᠡᠯᠲᠡ ᠶᠢᠨ ᠦᠢᠯᠡᠴᠢᠯᠡᠭᠡᠨ ᠤ ᠦᠨᠡᠯᠡᠯᠲᠡ 189718 ᠵᠤᠷᠪᠤᠰ ᠣᠯᠵᠤ᠂ ᠰᠠᠶᠢᠨ ᠦᠨᠡᠯᠡᠯᠲᠡ ᠶᠢᠨ ᠨᠣᠷᠮ᠎ᠠ | 100% ᠳᠤ ᠬᠦᠷᠴᠦ᠂ ᠬᠦᠴᠦᠨ ᠪᠦᠬᠦᠢ ︽ᠰᠠᠶᠢᠨ ᠮᠠᠭᠤ ᠶᠢᠨ ᠦᠨᠡᠯᠡᠯᠲᠡ︾ ᠶᠢᠨ ᠦᠨᠡᠯᠡᠯᠲᠡ ᠶᠢᠨ ᠲᠤᠭ᠎ᠠ | ᠪᠠᠷᠢᠮᠲᠠ ᠪᠠᠷ ᠪᠥᠬᠦ ᠣᠷᠣᠨ ᠳᠤ ᠨᠢᠭᠡᠳᠦᠭᠡᠷ ᠲᠤ ᠣᠷᠤᠪᠠ᠃ | ︵ᠬᠤᠶᠠᠷ︶ ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠠᠵᠢᠯ ᠢ ᠭᠦᠨᠵᠡᠭᠡᠶ ᠠᠬᠢᠭᠤᠯᠪᠠ᠃ ᠨᠢᠭᠡ ᠳᠤ | ᠬᠠᠤᠯᠢ ᠲᠣᠭᠲᠠᠭᠠᠬᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠠᠷᠢᠮᠳᠠᠯᠠᠪᠠ᠃ ᠬᠤᠳᠠ ᠶᠢᠨ ᠵᠠᠰᠠᠭ ᠤᠨ | ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠠᠴᠠ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ | ᠬᠤᠷᠢᠶ᠎ᠠ ᠳᠤ ᠤᠢᠢᠷ᠎ᠠ ᠶᠢᠨ ᠲᠠᠪᠤᠨ ᠵᠢᠯ ᠤᠨ ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠠᠵᠢᠯ ᠤᠨ | ᠪᠠᠶᠢᠳᠠᠯ ᠢᠶᠠᠨ ᠮᠡᠳᠡᠭᠦᠯᠵᠦ᠂ 2020 ᠣᠨ ᠤ ᠵᠠᠰᠠᠭ ᠤᠨ ᠣᠷᠳᠣᠨ ᠤ ᠲᠦᠷᠢᠮ ᠲᠤᠭᠲᠠᠭᠠᠯ ᠬᠠᠤᠯᠢ ᠲᠤᠭᠲᠠᠭᠠᠬᠤ | ᠲᠦᠯᠦᠪᠯᠡᠭᠡ ᠶᠢ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠳᠤ ᠲᠡᠪᠰᠢᠭᠦᠯᠵᠦ ᠬᠢᠨᠠᠨ | ᠲᠤᠭᠲᠠᠭᠠᠯᠭᠠᠭᠰᠠᠨ ᠤ ᠬᠠᠮᠳᠤ ᠨᠡᠶᠢᠲᠡᠯᠡᠵᠦ ᠬᠡᠷᠡᠭᠵᠢᠬᠦᠯᠪᠡ᠃ ᠬᠤᠶᠠᠷ ᠲᠤ ᠰᠢᠨᠵᠢᠯᠡᠬᠦ ᠤᠬᠠᠭᠠᠨᠴᠢ ᠠᠷᠠᠳᠴᠢᠯᠠᠯ | ᠢᠶᠠᠷ ᠬᠠᠤᠯᠢ ᠶᠣᠰᠣᠭᠠᠷ ᠬᠠᠤᠯᠢ ᠲᠣᠭᠲᠠᠭᠠᠬᠤ ᠶᠢ ᠪᠠᠷᠢᠮᠳᠠᠯᠠᠪᠠ᠃ ︽ᠬᠥᠬᠡᠬᠤᠲᠠ ᠶᠢᠨ ᠬᠤᠲᠠ ᠶᠢᠨ ᠵᠢᠮᠳᠤ ᠵᠠᠮ | ᠬᠠᠷᠢᠯᠴᠠᠭᠠᠨ ᠤ ᠡᠵᠡᠩᠨᠡᠯᠲᠡ ᠶᠢᠨ ᠬᠠᠮᠢᠶᠠᠷᠤᠯᠲᠠ ᠶᠢᠨ ᠠᠷᠭ᠎ᠠ︾ ᠵᠡᠷᠭᠡ 2 ᠵᠠᠰᠠᠭ ᠤᠨ ᠣᠷᠳᠣᠨ ᠤ ᠲᠦᠷᠢᠮ | ᠲᠣᠭᠲᠠᠭᠠᠯ ᠭᠠᠷᠭᠠᠵᠤ᠂ ︽ᠬᠥᠬᠡᠬᠤᠲᠠ ᠶᠢᠨ ᠪᠣᠯᠪᠠᠰᠤᠨ ᠦᠢᠯᠡ ᠠᠵᠢᠯᠯᠠᠭ᠎ᠠ ᠶᠢ ᠠᠬᠢᠭᠤᠯᠬᠤ ᠲᠦᠷᠢᠮ︾ ᠵᠡᠷᠭᠡ | 5 ᠬᠤᠪᠢ ᠬᠠᠤᠯᠢ ᠲᠣᠭᠲᠠᠭᠠᠯ ᠤᠨ ᠰᠠᠨᠠᠯ ᠵᠥᠪᠯᠡᠯᠭᠡ ᠶᠢ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠳᠤ ᠳᠡᠪᠰᠢᠭᠦᠯᠦᠨ ᠬᠢᠨᠠᠨ ᠵᠥᠪᠯᠡᠭᠦᠯᠵᠦ᠂ ᠪᠥᠬᠦ ᠬᠤᠲᠠ ᠶᠢᠨ ᠬᠠᠤᠯᠢ | ᠲᠣᠭᠲᠠᠭᠠᠯ ᠲᠦᠷᠢᠮ ᠲᠣᠭᠲᠠᠭᠠᠯ ᠤᠨ ᠲᠥᠰᠦᠯ ᠳᠤ ᠢᠯᠡ ᠪᠠᠷ ᠰᠠᠨᠠᠯ ᠬᠤᠷᠢᠶᠠᠭᠰᠠᠨ ᠨᠣᠷᠮ᠎ᠠ 100% ᠳᠤ | ᠬᠥᠷᠪᠡ᠃ ᠭᠤᠷᠪᠠ ᠳᠤ ᠲᠣᠭᠲᠠᠭᠠᠬᠤ ᠵᠠᠰᠠᠬᠤ ᠬᠦᠴᠦᠨ ᠦᠭᠡᠢ ᠪᠣᠯᠭᠠᠬᠤ ᠲᠠᠶᠢᠯᠪᠤᠷᠢᠯᠠᠬᠤ ᠶᠢ ᠵᠡᠷᠭᠡᠪᠡᠷ ᠠᠳᠬᠤᠪᠠ | ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠵᠠᠬ᠎ᠠ ᠳᠡᠯᠭᠡᠭᠦᠷ ᠤᠨ ᠭᠤᠣᠯᠴᠢ | ᠥᠷᠢᠰᠥᠯᠳᠦᠭᠡᠨ ᠢ ᠬᠠᠷᠰᠢᠯᠠᠬᠤ᠂ ᠬᠡᠭᠡᠷ᠎ᠡ ᠶᠢᠨ ᠠᠮᠢᠲᠠᠨ ᠤ ᠬᠠᠮᠠᠭᠠᠯᠠᠯᠲᠠ ᠂ ᠢᠷᠭᠡᠨ ᠤ ᠬᠠᠤᠯᠢ ᠶᠢᠨ ᠪᠢᠴᠢᠭ ᠲᠤ | ᠬᠤᠯᠪᠣᠭᠳᠠᠭᠰᠠᠨ ᠲᠦᠷᠢᠮ ᠲᠣᠭᠲᠠᠭᠠᠯ ᠪᠠ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠰᠬᠠᠶ ᠴᠡᠪᠡᠷᠯᠡᠬᠦ | ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠲᠡ ᠵᠠᠰᠠᠭ ᠤᠨ ᠣᠷᠳᠣᠨ ᠤ ᠲᠦᠷᠢᠮ ᠲᠣᠭᠲᠠᠭᠠᠯ 3 | ᠬᠤᠪᠢ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ 23 ᠬᠤᠪᠢ ᠶᠢ ᠬᠦᠴᠦᠨ ᠦᠭᠡᠢ ᠪᠣᠯᠭᠠᠵᠤ᠂ ᠬᠦᠴᠦᠨ | ᠦᠭᠡᠢ ᠪᠣᠯᠤᠭᠰᠠᠨ ᠢ ᠨᠡᠶᠢᠲᠡᠯᠡᠪᠡ᠃ | ︵ᠭᠤᠷᠪᠠ︶ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠬᠠᠤᠯᠢᠵᠢᠯ ᠤᠨ ᠬᠢᠷᠢ ᠬᠡᠮᠵᠢᠶ᠎ᠡ ᠶᠢ | ᠳᠡᠭᠡᠭᠰᠢᠯᠡᠭᠦᠯᠪᠡ᠃ ᠨᠢᠭᠡ ᠳᠤ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠶᠢᠨ ᠲᠡᠰ | ᠲᠠᠷᠠᠭᠠᠯᠠᠯ ᠤᠨ ᠲᠦᠷ ᠬᠡᠷᠡᠭᠵᠢᠭᠦᠯᠬᠦ ᠲᠦᠷᠢᠮ︾ ᠤᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠪᠠ᠃ 2020 | ᠣᠨ ᠤ ᠬᠤᠲᠠ ᠶᠢᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ | ᠵᠦᠢᠯᠡᠰ ᠤᠨ ᠭᠠᠷᠴᠠᠭ ᠢ ᠲᠣᠭᠲᠠᠭᠠᠨ ᠨᠡᠶᠢᠲᠡᠯᠡᠵᠦ᠂ ᠣᠯᠠᠨ ᠨᠡᠶᠢᠲᠡ ᠪᠠᠷ ᠢᠶᠠᠨ ᠣᠷᠣᠯᠴᠠᠬᠤ᠂ ᠠᠰᠠᠭᠤᠨ ᠯᠠᠪᠯᠠᠵᠤ | ᠨᠤᠲᠠᠯᠠᠯᠲᠠ ᠬᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠨ ᠲᠣᠭᠲᠠᠭᠠᠬᠤ᠂ | ᠦᠷ᠎ᠡ ᠳ᠋ᠦᠩ ᠢ ᠨᠡᠶᠢᠲᠡᠯᠡᠬᠦ ᠵᠡᠷᠭᠡ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ | ᠲᠠᠰ ᠳᠠᠷᠠᠭᠠᠯᠠᠯ ᠢ ᠴᠢᠩᠭ᠎ᠠ ᠬᠡᠷᠡᠭᠵᠢᠬᠦᠯᠪᠡ᠃ ᠬᠤᠶᠠᠷ ᠲᠤ ᠰᠢᠢᠳᠪᠦᠷᠢᠲᠦ ᠪᠤᠳᠤᠯᠭ᠎ᠠ ᠲᠣᠭᠲᠠᠭᠠᠭᠰᠠᠨ ᠤ ᠳᠠᠷᠠᠭᠠᠬᠢ | ᠦᠨᠡᠯᠡᠨ ᠵᠢᠱᠢᠯᠲᠡ ᠶᠢ ᠴᠢᠩᠭᠠᠳᠬᠠᠪᠠ᠃ 2016 ᠣᠨ ᠠᠴᠠ ᠡᠬᠢᠯᠡᠨ ᠬᠡᠷᠡᠭᠵᠢᠭᠦᠯᠦᠭᠰᠡᠨ ︽ᠱᠠᠲᠤᠯᠢᠭ ᠬᠡᠢ ᠶᠢᠨ | ᠦᠨ᠎ᠡ᠂ ᠤᠰᠤᠨ ᠤ ᠦᠨ᠎ᠡ︾ ᠵᠡᠷᠭᠡ 2 ᠵᠦᠢᠯ ᠤᠨ ᠰᠢᠢᠳᠪᠦᠷᠢᠲᠦ ᠪᠤᠳᠤᠯᠭ᠎ᠠ ᠶᠢᠨ ᠵᠦᠢᠯᠡᠰ ᠲᠤ ᠰᠢᠢᠳᠪᠦᠷᠢᠲᠦ | ᠪᠤᠳᠤᠯᠭ᠎ᠠ ᠶᠢᠨ ᠳᠠᠷᠠᠭᠠᠬᠢ ᠦᠨᠡᠯᠡᠯᠲᠡ ᠬᠢᠵᠦ᠂ ᠬᠠᠤᠯᠢ ᠶᠣᠰᠣᠭᠠᠷ᠂ ᠠᠷᠠᠳᠴᠢᠯᠠᠯ ᠢᠶᠠᠷ᠂ ᠰᠢᠨᠵᠢᠯᠡᠬᠦ | ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠢ ᠪᠦᠲᠦᠮᠵᠢᠲᠡᠶ ᠪᠠᠲᠤᠯᠠᠪᠠ᠃ ᠭᠤᠷᠪᠠ ᠳᠤ ᠴᠢᠬᠤᠯᠠ | ᠶᠡᠭᠡ ᠰᠢᠢᠳᠪᠦᠷᠢᠲᠦ ᠪᠤᠳᠤᠯᠭ᠎ᠠ ᠶᠢᠨ ᠵᠦᠢᠯᠡᠰ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ ᠪᠣᠭᠤᠮᠲᠠ ᠶᠢ | ᠴᠢᠩᠭ᠎ᠠ ᠠᠳᠬᠤᠪᠠ᠃ ︽ᠬᠤᠲᠠ ᠶᠢᠨ ᠲᠣᠰ ᠱᠠᠲᠤᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠢ ᠲᠣᠭᠲᠠᠭᠠᠬᠤ ᠭᠤᠤᠯ ᠴᠣᠭᠴᠠ ᠶᠢ ᠨᠡᠶᠢᠲᠡᠯᠡᠬᠦ ᠲᠤᠬᠠᠶ ᠵᠠᠷᠯᠠᠯ︾ ︵ᠬᠥᠬᠡᠬᠤᠲᠠ ᠵᠠᠰᠠᠭ ᠠᠯᠪᠠᠨ | ᠥᠰᠥᠭ ︹ 2020 ︺ 9 ᠳ᠋ᠤᠭᠡᠷ ᠲᠣᠭᠠᠲᠤ︶ ᠪᠠ ︽ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠤᠨ ᠬᠠᠤᠯᠢ | ᠶᠣᠰᠣᠴᠢ ᠴᠢᠨᠠᠷ ᠢ ᠬᠢᠨᠠᠨ ᠬᠠᠷᠭᠤᠭᠤᠯᠬᠤ ᠠᠵᠢᠯ ᠤᠨ ᠲᠣᠭᠲᠠᠭᠠᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ | ︵ᠬᠥᠬᠡᠬᠤᠲᠠ ᠵᠠᠰᠠᠭ ᠠᠯᠪᠠᠨ ᠥᠰᠥᠭ ︹ 2020 ︺ 26 ᠳ᠋ᠤᠭᠠᠷ ᠲᠣᠭᠠᠲᠤ︶ ᠢ ᠲᠣᠭᠲᠠᠭᠠᠨ ᠲᠠᠷᠬᠠᠭᠠᠵᠤ᠂ | ᠪᠥᠬᠦ ᠵᠢᠯ ᠳᠤ ᠡᠯ᠎ᠡ ᠲᠥᠷᠥᠯ ᠤᠨ 320 ᠭᠠᠷᠤᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ | ᠬᠠᠷᠭᠤᠭᠤᠯᠪᠠ᠃ | ︵ᠲᠦᠷᠪᠡ︶ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ | ᠪᠠᠷᠢᠮᠳᠠᠯᠠᠪᠠ᠃ ᠨᠢᠭᠡ ᠳᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶ ᠲᠦᠯᠬᠢᠨ | ᠠᠬᠢᠭᠤᠯᠪᠠ᠃ ᠵᠠᠮ ᠬᠠᠷᠢᠯᠴᠠᠭ᠎ᠠ ᠲᠡᠭᠡᠭᠡᠪᠦᠷᠢ᠂ ᠲᠠᠷᠢᠶᠠᠯᠠᠩ ᠮᠠᠯ ᠠᠵᠤ ᠠᠬᠤᠶ᠂ ᠠᠮᠢ ᠠᠬᠤᠶ ᠣᠷᠴᠢᠨ | ᠲᠣᠭᠤᠷᠢᠨ ᠤ ᠬᠠᠮᠠᠭᠠᠯᠠᠯᠲᠠ᠂ ᠰᠣᠶᠣᠯ ᠤᠨ ᠵᠠᠬ᠎ᠠ ᠳᠡᠯᠭᠡᠭᠦᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠢᠳᠡᠪᠬᠢᠲᠡᠶ ᠠᠬᠢᠭᠤᠯᠵᠤ᠂ ᠲᠠᠪᠤᠨ ᠶᠡᠭᠡ ᠬᠦᠷᠢᠶ᠎ᠡ | ᠴᠠᠷᠠᠭ᠎ᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠶᠢ ᠵᠣᠬᠢᠶᠠᠨ ᠪᠠᠶᠢᠭᠤᠯᠪᠠ᠃ | ᠬᠤᠶᠠᠷ ᠲᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ︽ᠭᠤᠷᠪᠠᠨ ᠵᠦᠢᠯ ᠤᠨ ᠲᠦᠷᠢᠮ︾ ᠢ ᠪᠦᠬᠦ | ᠲᠠᠯ᠎ᠠ ᠪᠠᠷ ᠬᠡᠷᠡᠭᠵᠢᠭᠦᠯᠪᠡ᠃ ︽ᠬᠥᠬᠡᠬᠤᠲᠠ ᠶᠢᠨ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠨᠡᠶᠢᠲᠡ ᠳᠤ ᠵᠠᠷᠯᠠᠬᠤ ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢ | ᠰᠢᠩᠭᠡᠭᠡᠨ ᠲᠡᠮᠳᠡᠭᠯᠡᠬᠦ ᠴᠢᠬᠤᠯᠠ ᠶᠡᠭᠡ ᠬᠠᠤᠯᠢ ᠬᠡᠷᠡᠭᠵᠢᠭᠦᠯᠬᠦ ᠰᠢᠢᠳᠪᠦᠷᠢ ᠶᠢ ᠬᠠᠤᠯᠢ ᠲᠦᠷᠢᠮ ᠢᠶᠠᠷ ᠬᠢᠨᠠᠨ | ᠬᠠᠷᠭᠤᠭᠤᠯᠬᠤ ᠠᠷᠭ᠎ᠠ﹀ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠨᠦᠭᠦᠳ︾ ︽ | ᠬᠥᠬᠡᠬᠤᠲᠠ ᠶᠢᠨ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠢ ᠬᠠᠤᠯᠢ ᠲᠦᠷᠢᠮ ᠢᠶᠠᠷ ᠬᠢᠨᠠᠨ ᠬᠠᠷᠭᠤᠭᠤᠯᠬᠤ | ᠭᠠᠷᠴᠠᠭ ᠢ ᠨᠠᠶᠢᠷᠠᠭᠤᠯᠤᠨ ᠵᠣᠬᠢᠶᠠᠬᠤ ᠵᠦᠭᠯᠡᠭᠦᠷ ︵ᠲᠤᠷᠰᠢᠨ ᠬᠡᠷᠡᠭᠵᠢᠭᠦᠯᠬᠦ ᠨᠢᠭᠡᠳᠦᠭᠡᠷ ᠬᠡᠪᠯᠡᠯ︶︾ ᠢ ᠨᠡᠶᠢᠲᠡᠯᠡᠵᠦ | ᠂ ᠪᠥᠬᠦ ᠣᠷᠣᠨ ᠳᠤ ᠬᠥᠬᠡᠬᠤᠲᠠ ᠶᠢᠨ ᠵᠠᠰᠠᠭ ᠵᠠᠬᠢᠷᠭᠠᠨ ᠤ ᠵᠥᠪᠰᠢᠶᠡᠷᠡᠯ᠂ ᠭᠤᠶᠤᠴᠢᠯᠠᠯ ᠢᠶᠠᠷ ᠵᠠᠰᠠᠭ ᠵᠠᠬᠢᠷᠭᠠᠨ ᠤ | ᠨᠤᠲᠠᠯᠠᠯᠲᠠ ᠬᠢᠬᠦ᠂ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ᠂ ᠵᠠᠰᠠᠭ ᠵᠠᠬᠢᠷᠭᠠᠨ ᠤ ᠰᠢᠢᠳᠬᠡᠯ᠂ | ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠬᠡᠷᠡᠭᠵᠢᠬᠦᠯᠦᠯᠲᠡ᠂ ᠵᠠᠰᠠᠭ ᠵᠠᠬᠢᠷᠭᠠᠨ ᠤ ᠲᠠᠲᠠᠪᠤᠷᠢᠯᠠᠯᠲᠠ ᠵᠡᠷᠭᠡ | ᠨᠡᠶᠢᠳᠡᠮ ᠤᠨ ᠬᠡᠷᠡᠭᠯᠡᠭᠡᠨ ᠤ 6 ᠴᠤᠪᠤᠷᠠᠯ ᠵᠢᠷᠤᠭ ᠢ ᠡᠩ ᠲᠡᠷᠢᠭᠦᠨ ᠳᠤ ᠨᠠᠶᠢᠷᠠᠭᠤᠯᠤᠨ ᠵᠣᠬᠢᠶᠠᠪᠠ᠃ ᠭᠤᠷᠪᠠ ᠳᠤ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠪᠠ᠃ ︽ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ ᠲᠤᠬᠠᠶ ᠰᠠᠨᠠᠯ︾ ︽︿ | ᠤᠶᠠᠨ ᠴᠢᠨᠠᠷ ᠲᠠᠢ ᠬᠠᠤᠯᠢ ᠬᠡᠷᠡᠭᠵᠢᠭᠦᠯᠬᠦ﹀ ᠶᠢ ᠲᠦᠯᠬᠢᠨ ᠠᠬᠢᠭᠤᠯᠵᠤ ᠵᠠᠰᠠᠭ ᠵᠠᠬᠢᠷᠭᠠᠨ ᠤ ᠵᠢᠯᠣᠭᠤᠳᠬᠤ ᠠᠵᠢᠯ ᠢ | ᠰᠠᠶᠢᠲᠤᠷ ᠬᠢᠬᠦ ᠲᠤᠬᠠᠶ ᠰᠠᠨᠠᠯ︾ ᠢ ᠨᠡᠶᠢᠲᠡᠯᠡᠪᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ | ᠴᠣᠭᠴᠠ ᠶᠢᠨ ᠬᠢᠷᠢ ᠬᠡᠮ ᠢ ᠬᠢᠨᠠᠨ ᠬᠠᠷᠭᠤᠭᠤᠯᠬᠤ ᠲᠦᠷᠢᠮ ᠢ ᠴᠢᠩᠭ᠎ᠠ ᠬᠡᠷᠡᠭᠵᠢᠭᠦᠯᠵᠦ᠂ 2 ᠪᠦᠯᠦᠭ ᠬᠤᠲᠠ ᠶᠢᠨ | ᠲᠣᠰ ᠱᠠᠲᠤᠨ ᠤ 51 ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠶᠢ ᠨᠡᠶᠢᠲᠡᠯᠡᠪᠡ᠃ | ︵ᠲᠠᠪᠤ︶ ᠵᠠᠰᠠᠭ ᠵᠠᠬᠢᠷᠭᠠᠨ ᠤ ᠡᠷᠬᠡ ᠶᠢ ᠬᠢᠵᠠᠭᠠᠷᠯᠠᠬᠤ ᠪᠠ ᠲᠡᠭᠦᠨ ᠳᠤ ᠬᠢᠨᠠᠯᠲᠠ ᠲᠠᠯᠪᠢᠬᠤ ᠶᠢ | ᠴᠢᠩᠭᠠᠳᠬᠠᠪᠠ᠃ ᠨᠢᠭᠡ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ᠂ ᠠᠷᠠᠳᠴᠢᠯᠠᠭᠰᠠᠨ | ᠬᠢᠨᠠᠯᠲᠠ᠂ ᠬᠠᠤᠯᠢ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠪᠡ᠃ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ | ᠰᠠᠨᠠᠯ ᠳᠤᠷᠠᠳᠤᠯᠭ᠎ᠠ ᠶᠢ 835 ᠬᠤᠪᠢ ᠰᠢᠢᠳᠪᠦᠷᠢᠯᠡᠵᠦ᠂ ᠪᠦᠭᠦᠳᠡ ᠳᠤ ᠨᠢ ᠲᠣᠭᠲᠠᠭᠰᠠᠨ ᠴᠠᠭ ᠲᠤᠨᠢ ᠬᠠᠷᠢᠭᠤ | ᠥᠭᠪᠡ᠃ ᠪᠦᠬᠦ ᠬᠤᠲᠠ ᠶᠢᠨ ᠪᠠᠶᠢᠴᠠᠭᠠᠬᠤ ᠪᠠᠶᠢᠭᠤᠯᠭ᠎ᠠ 547 ᠵᠠᠰᠠᠭ ᠵᠠᠬᠢᠷᠭᠠᠨ ᠤ ᠨᠡᠶᠢᠲᠡ ᠶᠢᠨ ᠠᠰᠠᠷᠠᠮᠵᠢ ᠶᠢᠨ | ᠵᠠᠷᠭᠤ ᠶᠢ ᠬᠡᠷᠡᠭ ᠪᠣᠯᠭᠠᠨ ᠳᠠᠩᠰᠠᠯᠠᠵᠤ᠂ ᠵᠠᠰᠠᠭ ᠵᠠᠬᠢᠷᠭᠠᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ | ᠵᠠᠭᠠᠯᠳᠤᠬᠤ ᠠᠴᠠ ᠡᠮᠦᠨᠡᠬᠢ ᠪᠠᠶᠢᠴᠠᠭᠠᠬᠤ ᠰᠠᠨᠠᠭᠤᠯᠭ᠎ᠠ ᠶᠢ 446 ᠬᠤᠪᠢ ᠭᠠᠷᠭᠠᠵᠤ᠂ ᠬᠢᠨᠠᠯᠲᠠ ᠬᠦᠯᠢᠶᠡᠵᠦ | ᠪᠠᠶᠢᠭ᠎ᠠ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠣᠭᠲᠠᠭᠰᠠᠨ ᠴᠠᠭ ᠲᠤ ᠬᠠᠷᠢᠭᠤ ᠥᠭᠭᠦᠭᠰᠡᠨ ᠨᠣᠷᠮ᠎ᠠ 95% ᠳᠤ | ᠬᠦᠷᠪᠡ᠃ ᠬᠤᠶᠠᠷ ᠲᠤ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶ | ᠠᠬᠢᠭᠤᠯᠪᠠ᠃ ᠬᠤᠲᠠ ᠶᠢᠨ ᠲᠣᠰ ᠱᠠᠲᠤ ᠪᠠ 5 ᠬᠤᠰᠢᠭᠤ ᠰᠢᠶᠠᠨ ᠲᠣᠭᠤᠷᠢᠭ ᠲᠤ ᠵᠠᠰᠠᠭ ᠵᠠᠬᠢᠷᠭᠠᠨ ᠤ ᠳᠠᠬᠢᠨ | ᠵᠥᠪᠯᠡᠬᠦ ᠺᠣᠮᠢᠰ ᠤᠨ ᠵᠠᠭᠪᠤᠷ ᠢ ᠬᠡᠷᠡᠭᠵᠢᠭᠦᠯᠵᠦ᠂ ᠪᠥᠬᠦ ᠬᠤᠲᠠ ᠳᠤ ᠨᠡᠶᠢᠲᠡ 270 ᠵᠠᠰᠠᠭ ᠵᠠᠬᠢᠷᠭᠠᠨ ᠤ ᠳᠠᠬᠢᠨ | ᠵᠥᠪᠯᠡᠬᠦ ᠬᠡᠷᠡᠭ ᠢ ᠰᠢᠢᠳᠪᠦᠷᠢᠯᠡᠵᠦ᠂ ᠵᠠᠰᠠᠭ ᠵᠠᠬᠢᠷᠭᠠᠨ ᠤ ᠳᠠᠬᠢᠨ ᠵᠦᠪᠯᠡᠵᠦ ᠵᠠᠯᠠᠷᠠᠭᠤᠯᠤᠭᠰᠠᠨ ᠨᠣᠷᠮ᠎ᠠ 22% ᠳᠤ | ᠬᠥᠷᠪᠡ᠃ ᠭᠤᠷᠪᠠ ᠳᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠪᠦᠬᠦ ᠲᠠᠯ᠎ᠠ ᠪᠠᠷ | ᠠᠬᠢᠭᠤᠯᠪᠠ᠃ 4573 ᠵᠤᠷᠪᠤᠰ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ | ᠪᠣᠯᠭᠠᠵᠤ᠂ ᠡᠯ᠎ᠡ ᠰᠠᠯᠠᠭ᠎ᠠ ᠮᠥᠴᠢᠷ ᠤᠨ ᠬᠢᠨ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠨᠡᠶᠢᠲᠡ 187 | ᠬᠤᠪᠢ ᠬᠤᠷᠢᠶᠠᠨ ᠣᠯᠵᠤ᠂ ᠬᠠᠷᠢᠭᠤᠯᠲᠠ ᠥᠭᠭᠦᠭᠰᠡᠨ ᠨᠣᠷᠮ᠎ᠠ ᠨᠢ 100% ᠳᠤ ᠬᠥᠷᠪᠡ᠃ | ︵ᠵᠢᠷᠭᠤᠭ᠎ᠠ︶ ᠨᠡᠶᠢᠭᠡᠮ ᠤᠨ ᠵᠥᠷᠢᠴᠡᠯ ᠢ ᠬᠠᠤᠯᠢ ᠶᠣᠰᠣᠭᠠᠷ ᠪᠦᠲᠦᠮᠵᠢᠲᠡᠶ ᠰᠢᠢᠳᠪᠦᠷᠢᠯᠡᠪᠡ᠃ ᠨᠢᠭᠡ ᠳᠤ᠂ | ᠰᠢᠨ᠎ᠡ ᠴᠠᠭ ᠦᠶ᠎ᠡ ᠶᠢᠨ ︽ᠹᠧᠩ ᠴᠢᠶᠤᠤ ᠶᠢᠨ ᠲᠤᠷᠰᠢᠯᠭ᠎ᠠ︾ ᠶᠢ ᠴᠢᠷᠮᠠᠶᠢᠨ ᠦᠢᠯᠡᠳᠦᠯᠭᠡᠵᠢᠭᠦᠯᠪᠡ᠃ ᠵᠥᠷᠢᠴᠡᠯ | ᠵᠢᠭᠤᠷᠠᠭᠠᠨ ᠢ ︽ᠨᠢᠭᠡ ᠦᠷᠲᠡᠭᠡ ᠮᠠᠶ᠋ᠢᠭ ︾ ᠢᠶᠠᠷ ᠦᠨᠳᠦᠰᠦᠨ ᠱᠠᠲᠤᠨ ᠳᠤ ᠰᠢᠢᠳᠪᠦᠷᠢᠯᠡᠬᠦ ᠶᠢ ᠳᠥᠯᠭᠢᠨ | ᠠᠬᠢᠭᠤᠯᠵᠤ᠂ ᠪᠥᠬᠦ ᠬᠤᠲᠠ ᠳᠤ ᠨᠢᠭᠡᠨᠲᠡ 10 ᠬᠤᠰᠢᠭᠤ ᠰᠢᠶᠠᠨ ᠲᠣᠭᠤᠷᠢᠭ ᠤᠨ ᠲᠠᠰ᠂ 76 ᠰᠢᠶᠠᠩ ᠪᠠᠯᠭᠠᠰᠤ | ︵ᠵᠡᠭᠡᠯᠢ ᠭᠤᠳᠤᠮᠵᠢ︶ ᠶᠢᠨ ᠲᠠᠰ᠂ 616 ᠲᠣᠰᠬᠤᠨ ︵ᠨᠡᠶᠢᠭᠡᠮ ᠲᠣᠭᠤᠷᠢᠭ︶ ᠤ ᠲᠠᠰ ᠤᠨ | ᠪᠠᠷᠢᠮᠵᠢᠶᠠᠵᠢᠭᠤᠯᠤᠭᠰᠠᠨ ᠵᠥᠷᠢᠴᠡᠯ ᠵᠢᠭᠤᠷᠠᠭᠠᠨ ᠢ ᠰᠢᠢᠳᠪᠦᠷᠢᠯᠡᠬᠦ ᠬᠠᠮᠲᠤᠷᠠᠭᠰᠠᠨ ᠦᠢᠯᠡᠴᠢᠯᠡᠭᠡᠨ ᠤ ᠲᠥᠪ ᠢ | ᠪᠠᠶᠢᠭᠤᠯᠵᠤ᠂ ᠲᠣᠰᠬᠤᠨ ︵ᠨᠡᠶᠢᠭᠡᠮ ᠲᠣᠭᠤᠷᠢᠭ︶ ᠢᠶᠠᠷ ᠰᠠᠭᠤᠷᠢ ᠪᠣᠯᠭᠠᠨ᠂ ᠰᠢᠶᠠᠩ ᠪᠠᠯᠭᠠᠰᠤ ︵ᠵᠡᠭᠡᠯᠢ | ᠭᠤᠳᠤᠮᠵᠢ︶ ᠪᠠᠷ ᠲᠤᠯᠭᠠᠭᠤᠷᠢᠯᠠᠯ ᠪᠣᠯᠭᠠᠵᠤ᠂ ᠬᠤᠰᠢᠭᠤ ᠰᠢᠶᠠᠨ ᠲᠣᠭᠤᠷᠢᠭ ᠠᠴᠠ ᠵᠣᠬᠢᠶᠠᠨ ᠪᠠᠶᠢᠭᠤᠯᠵᠤ | ᠬᠡᠷᠡᠭᠵᠢᠭᠦᠯᠦᠭᠰᠡᠨ ᠭᠤᠷᠪᠠᠨ ᠱᠠᠳᠤ ᠪᠠᠷ ᠬᠤᠯᠪᠣᠭᠠᠯᠠᠨ ᠬᠥᠳᠡᠯᠦᠯᠴᠡᠬᠦ ᠵᠥᠷᠢᠴᠡᠯ ᠵᠢᠭᠤᠷᠠᠭᠠᠨ ᠢ ᠣᠯᠠᠨ ᠡᠰᠢᠴᠢᠯᠡᠨ | ᠰᠡᠷᠭᠡᠶᠢᠯᠡᠬᠦ ᠡᠶᠡᠳᠡᠭᠦᠯᠦᠨ ᠰᠢᠢᠳᠪᠦᠷᠢᠯᠡᠬᠦ ᠰᠢᠰᠲ᠋ᠧᠮ ᠢ ᠠᠩᠬ᠎ᠠ ᠠᠯᠬᠤᠮ ᠪᠦᠷᠢᠯᠳᠦᠭᠦᠯᠪᠡ᠃ ᠬᠤᠶᠠᠷ ᠲᠤ | ᠠᠷᠠᠳ ᠤᠨ ᠡᠶᠡᠳᠡᠭᠦᠯᠭᠡ ᠶᠢᠨ ᠠᠵᠢᠯ ᠢ ᠴᠢᠩᠭᠠᠳᠬᠠᠪᠠ᠃ ᠪᠦᠬᠦ ᠵᠢᠯ ᠳᠤ ᠡᠯ᠎ᠡ ᠱᠠᠲᠤᠨ ᠤ ᠠᠷᠠᠳ ᠤᠨ | ᠡᠶᠡᠳᠡᠭᠦᠯᠭᠡ ᠶᠢᠨ ᠵᠣᠬᠢᠶᠠᠨ ᠪᠠᠶᠢᠭᠤᠯᠤᠯᠲᠠ ᠠᠷᠠᠳ ᠤᠨ ᠡᠶᠡᠳᠡᠭᠦᠯᠭᠡ ᠶᠢᠨ ᠬᠡᠷᠡᠭ ᠢ ᠨᠡᠶᠢᠳᠡ 5126 ᠬᠤᠪᠢ | ᠬᠦᠯᠢᠶᠡᠨ ᠠᠪᠴᠤ ᠰᠢᠢᠳᠪᠦᠷᠢᠯᠡᠨ᠂ 4870 ᠬᠤᠪᠢ ᠶᠢ ᠨᠢ ᠠᠮᠵᠢᠯᠳᠠᠳᠠᠢ ᠡᠶᠡᠳᠡᠭᠦᠯᠵᠦ᠂ ᠠᠮᠵᠢᠯᠲᠠᠲᠠᠢ | ᠡᠶᠡᠳᠡᠭᠦᠯᠦᠭᠰᠡᠨ ᠨᠤᠷᠮ᠎ᠠ ᠨᠢ 95.1% ᠳᠤ ᠬᠦᠷᠪᠡ᠃ ᠡᠯ᠎ᠡ ᠲᠤᠰᠬᠠᠶ ᠠᠵᠢᠯ ᠤᠨ ᠴᠢᠨᠠᠷᠲᠠᠶ ᠠᠵᠢᠯ ᠲᠥᠷᠥᠯ ᠤᠨ | ᠴᠢᠨᠠᠷᠲᠠᠶ ᠠᠷᠠᠳ ᠤᠨ ᠡᠶᠡᠳᠡᠭᠦᠯᠬᠦ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ | ᠠᠬᠢᠭᠤᠯᠵᠤ᠂ ︽ᠠᠳᠠᠯ ᠠᠬᠤᠶ ᠶᠢᠨ ᠵᠢᠭᠤᠷᠠᠭᠠᠨ᠂ ᠬᠡᠷᠡᠭᠯᠡᠭᠡᠨ ᠤ ᠵᠢᠭᠤᠷᠠᠭᠠᠨ᠂ ᠵᠠᠮ ᠬᠠᠷᠢᠯᠴᠠᠭ᠎ᠠ︾ ᠶᠢᠨ | ᠲᠤᠰᠬᠠᠶ ᠠᠵᠢᠯ ᠤᠨ ᠴᠢᠨᠠᠷᠲᠠᠶ ᠠᠵᠢᠯ ᠲᠥᠷᠥᠯ ᠤᠨ ᠴᠢᠨᠠᠷᠲᠠᠶ ᠠᠷᠠᠳ ᠤᠨ ᠡᠶᠡᠳᠡᠭᠦᠯᠬᠦ ᠺᠣᠮᠢᠰ ᠢ ᠪᠠᠶᠢᠭᠤᠯᠪᠠ᠃ | ᠭᠤᠷᠪᠠ ᠳᠤ ᠢᠷᠭᠡᠨ ᠤ ᠪᠠ ᠬᠤᠳᠠᠯᠳᠤᠭᠠᠨ ᠤ ᠬᠡᠷᠡᠭ ᠢ ᠬᠥᠨᠳᠡᠯᠡᠨ ᠠᠴᠠ ᠲᠠᠰᠤᠯᠬᠤ ᠠᠵᠢᠯ ᠢ ᠴᠢᠩᠭᠠᠳᠬᠠᠪᠠ᠃ | ᠪᠦᠬᠦ ᠵᠢᠯ ᠳᠤ ᠡᠯ᠎ᠡ ᠲᠦᠷᠦᠯ ᠤᠨ ᠬᠥᠨᠳᠡᠯᠡᠨ ᠠᠴᠠ ᠲᠠᠰᠤᠯᠬᠤ ᠬᠡᠷᠡᠭ ᠢ 513 ᠬᠤᠪᠢ ᠬᠦᠯᠢᠶᠡᠨ ᠠᠪᠴᠤ | ᠰᠢᠢᠳᠪᠦᠷᠢᠯᠡᠨ᠂ ᠮᠠᠷᠭᠤᠭᠠᠨ ᠤ ᠬᠠᠷᠠᠯᠲᠠ ᠨᠢ 27.87 ᠳ᠋ᠦᠩᠰᠢᠭᠤᠷ ᠲᠥᠭᠦᠷᠢᠭ ᠬᠦᠷᠴᠡᠶ᠃ | ︵ᠳᠣᠯᠤᠭ᠎ᠠ︶ ᠬᠠᠤᠯᠢ ᠶᠢ ᠬᠦᠨᠳᠦᠳᠬᠡᠨ ᠬᠠᠤᠯᠢ ᠶᠢ ᠰᠤᠷᠤᠯᠴᠠᠵᠤ ᠬᠠᠤᠯᠢ ᠶᠢ ᠰᠠᠬᠢᠨ ᠬᠠᠤᠯᠢ ᠶᠢ ᠬᠡᠷᠡᠭᠯᠡᠬᠦ | ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠶ ᠪᠤᠢ ᠪᠣᠯᠭᠠᠪᠠ᠃ ᠨᠢᠭᠡ ᠳᠤ ᠤᠳᠤᠷᠢᠳᠬᠤ ᠺᠠᠳ᠋ᠷᠴᠤᠳ ᠤᠨ | ᠬᠠᠤᠯᠢ ᠰᠤᠷᠬᠤ ᠲᠦᠷᠢᠮ ᠢ ᠨᠠᠶᠢᠳᠠᠪᠤᠷᠢᠵᠢᠭᠤᠯᠪᠠ᠃ ᠬᠤᠳᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ | ᠬᠤᠷᠠᠯ ᠠᠴᠠ ᠡᠮᠦᠨ᠎ᠡ ᠬᠠᠤᠯᠢᠵᠢᠯ ᠤᠨ ᠪᠠᠶᠢᠭᠤᠯᠤᠯᠲᠠ ᠶᠢᠨ ᠬᠦᠷᠢᠶᠡᠨ ᠤ ᠬᠤᠯᠪᠣᠭᠳᠠᠯ ᠪᠦᠬᠦᠢ ᠲᠦᠷᠢᠮ ᠢ ᠬᠤᠶᠠᠷ | ᠤᠳᠠᠭ᠎ᠠ ᠲᠤᠰᠬᠠᠢ ᠰᠡᠳᠦᠪ ᠢᠶᠠᠷ ᠰᠤᠷᠤᠯᠴᠠᠪᠠ᠃ ᠬᠤᠶᠠᠷ ᠲᠤ ᠬᠠᠤᠯᠢᠵᠢᠯ ᠤᠨ ᠬᠥᠮᠦᠵᠢᠯ ᠪᠣᠯᠪᠠᠰᠤᠷᠠᠭᠤᠯᠤᠯ ᠢ | ᠤᠯᠠᠨ ᠲᠡᠰ ᠳᠠᠪᠬᠤᠷᠭ᠎ᠠ ᠪᠠᠷ ᠡᠷᠭᠢᠯᠡᠪᠡ᠃ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ ︽ᠰᠢ | ᠶᠢᠨ ᠫᠢᠩ ᠤᠨ ᠬᠠᠤᠯᠢᠵᠢᠯ ᠤᠨ ᠦᠵᠡᠯ ᠰᠠᠨᠠᠭᠠᠨ ᠤ ᠰᠤᠳᠤᠯᠭᠠᠨ︾ ᠵᠡᠷᠭᠡ ᠲᠤᠰᠬᠠᠢ ᠲᠦᠷᠦᠯ ᠤᠨ ᠬᠢᠴᠢᠶᠡᠯ | ᠲᠣᠬᠢᠷᠠᠭᠤᠯᠵᠤ᠂ ᠪᠦᠬᠦ ᠬᠤᠳᠠ ᠶᠢᠨ 6.6 ᠲᠦᠮᠡᠨ ᠲᠦᠷᠦ ᠶᠢᠨ ᠠᠵᠢᠯᠳᠠᠨ ᠰᠦᠯᠵᠢᠶᠡᠨ ᠳᠡᠭᠡᠷ᠎ᠡ ᠬᠠᠤᠯᠢ | ᠰᠤᠷᠤᠯᠴᠠᠬᠤ ᠳᠤ ᠣᠷᠣᠯᠴᠠᠪᠠ ᠃ ᠭᠤᠷᠪᠠ ᠳᠤ᠂ ᠬᠠᠤᠯᠢ ᠪᠠᠷ ᠵᠠᠰᠠᠬᠤ ᠬᠠᠤᠯᠢ ᠴᠠᠭᠠᠵᠠ ᠶᠢᠨ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠴᠢᠩᠭᠠᠳᠬᠠᠵᠤ᠂ 2020 ᠣᠨ ᠤ ᠬᠠᠤᠯᠢ ᠴᠠᠭᠠᠵᠠ ᠶᠢᠨ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠨᠡᠶᠢᠲᠡᠯᠡᠨ ᠨᠠᠶᠢᠳᠠᠪᠤᠷᠢᠵᠢᠭᠤᠯᠵᠤ᠂ | ᠲᠤᠰᠬᠠᠢ ᠰᠡᠳᠦᠪᠲᠦ ᠲᠠᠶᠢᠯᠤᠮᠵᠢ᠂ ᠮᠡᠳᠡᠯᠭᠡ ᠶᠢᠨ ᠤᠷᠤᠯᠳᠤᠭᠠᠨ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠺᠠᠷᠲ᠋ᠣᠨ ᠵᠢᠷᠤᠭ᠂ ᠲᠧᠯᠸᠢᠰ ᠤᠨ ᠲᠤᠰᠬᠠᠢ ᠪᠤᠯᠤᠩ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠵᠤ᠂ | ︽ᠢᠷᠭᠡᠨ ᠤ ᠬᠠᠤᠯᠢ ᠶᠢᠨ ᠪᠢᠴᠢᠭ︾ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ | ᠢᠷᠭᠡᠨ ᠤ ᠬᠠᠤᠯᠢ ᠶᠢᠨ ᠪᠢᠴᠢᠭ ᠢ ᠦᠨᠳᠦᠰᠦᠨ ᠱᠠᠲᠤᠨ ᠳᠤ ᠣᠷᠣᠭᠤᠯᠵᠤ᠂ ᠬᠥᠮᠦᠰ ᠤᠨ ᠰᠡᠳᠬᠢᠯ ᠳᠤ | ᠬᠠᠳᠠᠩᠰᠢᠭᠤᠯᠵᠤ᠂ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠪᠠ᠃ | ᠭᠤᠷᠪᠠ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ | ᠲᠣᠬᠢᠷᠠᠭᠤᠯᠤᠯᠲᠠ | ᠨᠢᠭᠡ ᠳᠤ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠰᠤᠷᠤᠯᠴᠠᠨ ᠣᠶᠢᠯᠠᠭᠠᠬᠤ ᠲᠠᠯ᠎ᠠ ᠪᠠᠷ ᠮᠦᠨ ᠬᠦᠷᠦᠯᠴᠡᠬᠦ ᠦᠭᠡᠢ᠂ ᠰᠢ ᠶᠢᠨ ᠫᠢᠩ ᠤᠨ ᠬᠠᠤᠯᠢᠵᠢᠯ ᠤᠨ | ᠦᠵᠡᠯ ᠰᠠᠨᠠᠭ᠎ᠠ ᠶᠢ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠪᠣᠯᠭᠠᠨ ᠨᠡᠩ ᠰᠠᠶᠢᠲᠤᠷ | ᠬᠤᠪᠢᠷᠠᠭᠤᠯᠬᠤ ᠪᠣᠳᠠᠲᠠᠶ ᠦᠢᠯᠡᠳᠦᠯᠭᠡ ᠶᠢᠨ ᠲᠠᠯ᠎ᠠ ᠪᠠᠷ ᠪᠠᠰᠠ ᠵᠥᠷᠢᠶ᠎ᠡ ᠲᠠᠢ ᠪᠠᠶᠢᠵᠤ᠂ ᠤᠳᠤᠷᠢᠳᠬᠤ | ᠺᠠᠳ᠋ᠷᠴᠤᠳ ᠤᠨ ᠤᠯᠤᠰ ᠲᠦᠷᠦ ᠶᠢᠨ ᠮᠠᠭᠠᠳᠯᠠᠬᠤ ᠴᠢᠳᠠᠪᠤᠷᠢ ᠤᠯᠤᠰ ᠲᠦᠷᠦ ᠶᠢᠨ ᠣᠶᠢᠯᠠᠭᠠᠬᠤ ᠴᠢᠳᠠᠪᠤᠷᠢ ᠤᠯᠤᠰ | ᠲᠦᠷᠦ ᠶᠢᠨ ᠬᠡᠷᠡᠭᠵᠢᠭᠦᠯᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃ | ᠬᠤᠶᠠᠷ ᠲᠤ ︽ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ︾ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ ᠪᠠᠰᠠ ᠵᠥᠷᠢᠶ᠎ᠡ ᠲᠠᠢ᠂ ︽ᠰᠤᠷᠭᠠᠭᠤᠯᠢ ᠳᠤ ᠣᠷᠣᠬᠤ ᠳᠤ | ᠬᠦᠴᠢᠷ︾ ︽ᠶᠠᠪᠤᠵᠤ ᠰᠠᠭᠤᠬᠤ ᠳᠤ ᠬᠦᠴᠢᠷ︾ ︽ᠦᠨᠡᠮᠯᠡᠯ ᠠᠪᠬᠤ ᠳᠤ ᠬᠦᠴᠢᠷ︾ ᠵᠡᠷᠭᠡ ᠣᠯᠠᠨ ᠲᠦᠮᠡᠨ ᠤ | ᠲᠤᠯᠭᠠᠮᠳᠠᠵᠤ ᠵᠤᠪᠠᠵᠤ ᠬᠦᠴᠢᠷᠳᠡᠵᠦ ᠬᠦᠰᠡᠵᠦ ᠰᠠᠨᠠᠭᠰᠠᠨ ᠠᠰᠠᠭᠤᠳᠠᠯ ᠢ ᠪᠠᠰᠠ ᠪᠦᠷᠢᠮᠦᠰᠦᠨ ᠰᠢᠢᠳᠪᠦᠷᠢᠯᠡᠵᠦ | ᠳᠡᠶᠢᠯᠦᠭᠡᠳᠦᠶ᠂ ︽ᠬᠠᠴᠢᠨ ᠵᠢᠭᠲᠡᠶ ᠭᠡᠷᠡᠴᠢᠯᠡᠯ︾ ︽ᠣᠷᠴᠢᠯ ᠭᠡᠷᠡᠴᠢᠯᠡᠯ︾ ᠵᠡᠷᠭᠡ ᠣᠯᠠᠨ ᠲᠦᠮᠡᠨ ᠤ ᠲᠤᠰᠬᠠᠯ | ᠶᠡᠬᠡᠲᠡᠶ ᠲᠣᠪᠤᠶᠢᠮ᠎ᠠ ᠠᠰᠠᠭᠤᠳᠠᠯ ᠢ ᠪᠠᠰᠠ ᠦᠨᠳᠦᠰᠦᠨ ᠠᠴᠠ ᠨᠢ ᠠᠷᠢᠯᠭᠠᠭᠠᠳᠤᠶ ᠪᠠᠶᠢᠵᠤ᠂ ᠠᠷᠠᠳ ᠲᠦᠮᠡᠨ ᠤ | ᠡᠷᠬᠡ ᠠᠰᠢᠭ ᠢ ᠬᠠᠤᠯᠢ ᠶᠣᠰᠣᠭᠠᠷ ᠪᠠᠲᠤᠯᠠᠬᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠵᠣᠯ ᠵᠢᠷᠭᠠᠯᠲᠤ | ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠬᠦ ᠲᠠᠯ᠎ᠠ ᠪᠠᠷ ᠪᠠᠰᠠ ᠦᠷᠭᠦᠯᠵᠢᠯᠡᠨ ᠬᠦᠴᠦ ᠣᠷᠣᠭᠤᠯᠬᠤ | ᠴᠢᠬᠤᠯᠠᠲᠠᠶ ᠪᠠᠶᠢᠨ᠎ᠠ᠃ ᠭᠤᠷᠪᠠ ᠳᠤ ︽ᠬᠠᠤᠯᠢᠵᠢᠯ ᠤᠨ ᠤᠯᠤᠰ᠂ ᠬᠠᠤᠯᠢᠵᠢᠯ ᠤᠨ ᠵᠠᠰᠠᠭ ᠤᠨ ᠣᠷᠳᠣᠨ᠂ | ᠬᠠᠤᠯᠢᠵᠢᠯ ᠤᠨ ᠨᠡᠶᠢᠭᠡᠮ ᠢ ᠨᠢᠭᠡ ᠴᠤᠭᠴᠠᠵᠢᠭᠤᠯᠤᠨ ᠪᠦᠲᠦᠭᠡᠨ ᠪᠠᠶᠢᠭᠤᠯᠬᠤ︾ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠲᠠᠯ᠎ᠠ ᠪᠠᠷ ᠪᠠᠰᠠ ᠵᠥᠷᠢᠶ᠎ᠡ ᠲᠠᠢ ᠪᠠᠶᠢᠨ᠎ᠠ᠂ ᠬᠠᠤᠯᠢᠵᠢᠯ ᠤᠨ ᠵᠠᠰᠠᠭ ᠤᠨ ᠣᠷᠳᠣᠨ ᠨᠢ | ᠭᠤᠣᠯᠳᠠᠯᠭ᠎ᠠ ᠲᠠᠢ ᠡᠭᠦᠷᠭᠡ ᠪᠠ ᠭᠤᠣᠯ ᠴᠣᠭᠴᠠ ᠶᠢᠨ ᠢᠨᠵᠧᠨᠧᠷᠢᠩ ᠪᠣᠯᠤᠭᠰᠠᠨ ᠤ ᠬᠤᠪᠢ ᠳᠤ ᠤᠷᠢᠳᠠᠪᠠᠷ | ᠰᠢᠪᠲᠤᠯᠬᠤ ᠦᠢᠯᠡᠳᠦᠯ ᠢᠶᠠᠨ ᠪᠠᠳᠠᠷᠠᠭᠤᠯᠤᠭᠰᠠᠨ ᠢᠶᠠᠷ ᠬᠦᠷᠦᠯᠴᠡᠬᠦ ᠦᠭᠡᠢ᠂ ᠪᠦᠲᠦᠮᠵᠢᠲᠡᠢ ᠵᠠᠬ᠎ᠠ ᠳᠡᠯᠭᠡᠭᠦᠷ ᠪᠠ | ᠴᠢᠷᠮᠠᠶᠢᠯᠭ᠎ᠠ ᠲᠠᠢ ᠵᠠᠰᠠᠭ ᠤᠨ ᠣᠷᠳᠣᠨ ᠤ ᠤᠶᠠᠯᠳᠤᠯ ᠨᠢ ᠲᠡᠶᠢᠮᠦ ᠨᠢᠭᠲᠠ ᠪᠢᠰᠢ ᠪᠠᠶᠢᠵᠤ᠂ ᠠᠵᠤ ᠠᠬᠤᠢ ᠶᠢᠨ | ᠣᠷᠴᠢᠯ ᠤᠨ ᠰᠠᠭᠠᠳ ᠦᠭᠡᠢ ᠨᠡᠪᠲᠡᠷᠡᠬᠦ ᠶᠢ ᠨᠥᠯᠥᠭᠡᠯᠡᠬᠦ ᠲᠦᠭᠵᠢᠷᠡᠯ᠂ ᠵᠠᠬ᠎ᠠ ᠳᠡᠯᠭᠡᠭᠦᠷ ᠤᠨ ᠡᠷᠬᠡ ᠲᠡᠭᠰᠢ | ᠥᠷᠢᠰᠥᠯᠳᠦᠭᠡᠨ ᠢ ᠬᠠᠷᠰᠢᠯᠠᠬᠤ ᠰᠠᠭᠠᠳ ᠪᠠᠰᠠ ᠠᠳᠠᠯᠢ ᠪᠤᠰᠤ ᠬᠡᠮᠵᠢᠶ᠎ᠡ ᠪᠠᠷ ᠣᠷᠣᠰᠢᠵᠤ᠂ ᠬᠠᠤᠯᠢᠵᠢᠭᠰᠠᠨ | ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠴᠢᠬᠤᠯᠠᠲᠠᠢ ᠪᠠᠶᠢᠨ᠎ᠠ᠃ | ᠳᠥᠷᠪᠡ ᠳᠤ ︽ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠲᠥᠪ | ᠭᠤᠣᠯᠴᠢ ᠪᠠᠷ ᠬᠠᠤᠯᠢ ᠪᠠᠷᠢᠬᠤ᠂ ᠪᠦᠬᠦ ᠠᠷᠠᠳ ᠢᠶᠠᠷ ᠢᠶᠠᠨ ᠬᠠᠤᠯᠢ ᠶᠢ ᠰᠠᠬᠢᠬᠤ︾ ᠶᠢ ᠪᠦᠬᠦ ᠲᠠᠯ᠎ᠠ ᠪᠠᠷ ᠳᠥᠯᠭᠢᠨ | ᠠᠬᠢᠭᠤᠯᠬᠤ ᠲᠠᠯ᠎ᠠ ᠪᠠᠷ ᠪᠠᠰᠠ ᠵᠥᠷᠢᠶ᠎ᠡ ᠲᠠᠢ ᠪᠠᠶᠢᠨ᠎ᠠ᠂ ᠺᠠᠳ᠋ᠷ ᠤᠨ ᠡᠩᠨᠡᠭᠡᠨ ᠤ ᠬᠠᠤᠯᠢᠵᠢᠯ ᠤᠨ ᠰᠡᠳᠬᠢᠬᠦᠶ ᠪᠠ | ᠬᠠᠤᠯᠢᠵᠢᠯ ᠤᠨ ᠠᠷᠭ᠎ᠠ ᠪᠠᠷᠢᠯ ᠢ ᠬᠡᠷᠡᠭᠯᠡᠨ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠰᠠ ᠨᠡᠯᠢᠶᠡᠳ ᠪᠠᠭᠤᠷᠠᠶ | ᠪᠠᠶᠢᠵᠤ᠂ ︽ᠡᠭᠦᠳᠡ ᠪᠠᠷ ᠣᠷᠣᠬᠤ ᠳᠤ ᠠᠮᠠᠷᠬᠠᠨ᠂ ᠴᠢᠷᠠᠶ ᠰᠠᠶᠢᠬᠠᠨ᠂ ᠤᠴᠢᠷ ᠶᠠᠪᠤᠳᠠᠯ ᠢ ᠰᠢᠢᠳᠪᠦᠷᠢᠯᠡᠬᠦ ᠳᠤ | ᠬᠦᠴᠢᠷᠲᠡᠶ︾ ᠪᠠᠶᠢᠬᠤ ᠵᠢᠴᠢ ᠠᠵᠢᠯ ᠬᠢᠬᠦ ᠦᠭᠡᠢ᠂ ᠤᠳᠠᠭᠠᠨ ᠬᠢᠬᠦ᠂ ᠳᠤᠷ᠎ᠠ ᠪᠠᠷ ᠢᠶᠠᠨ ᠬᠢᠬᠦ ᠵᠡᠷᠭᠡ ᠠᠰᠠᠭᠤᠳᠠᠯ ᠢ | ᠪᠠᠰᠠ ᠪᠦᠷᠢᠮᠦᠰᠦᠨ ᠠᠷᠢᠯᠭᠠᠭᠠᠳᠤᠶ ᠪᠠᠶᠢᠵᠤ᠂ ᠠᠷᠠᠳ ᠤᠯᠠᠨ ᠤ ᠬᠠᠤᠯᠢ ᠬᠡᠷᠡᠭᠵᠢᠭᠦᠯᠬᠦ ᠡᠩᠨᠡᠭᠡᠨ ᠳᠠᠬᠢ | ᠬᠠᠨᠤᠮᠵᠢ ᠶᠢᠨ ᠬᠡᠮᠵᠢᠶ᠎ᠡ ᠪᠠᠰᠠ ᠲᠡᠶᠢᠮᠦ ᠥᠨᠳᠥᠷ ᠪᠢᠰᠢ ᠪᠠᠶᠢᠨ᠎ᠠ᠃ ᠲᠠᠪᠤ ᠳᠤ ︽ᠤᠳᠤᠷᠢᠳᠬᠤ ᠺᠠᠳ᠋ᠷᠴᠤᠳ | ᠬᠠᠤᠯᠢ ᠶᠢ ᠬᠦᠨᠳᠦᠳᠬᠡᠬᠦ ᠬᠠᠤᠯᠢ ᠶᠢ ᠰᠤᠷᠤᠯᠴᠠᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠵᠢᠱᠢᠶᠡᠴᠢ ᠪᠣᠯᠬᠤ︾ | ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ ᠪᠠᠰᠠ ᠵᠥᠷᠢᠶ᠎ᠡ ᠲᠠᠢ ᠪᠠᠶᠢᠵᠤ᠂ ᠨᠡᠶᠢᠭᠡᠮ ᠳᠠᠶᠠᠭᠠᠷ ᠤᠨ | ᠬᠠᠤᠯᠢ ᠶᠢ ᠬᠦᠨᠳᠦᠳᠬᠡᠬᠦ ᠬᠠᠤᠯᠢ ᠶᠢ ᠰᠤᠷᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠠᠭᠤᠷ ᠠᠮᠢᠰᠬᠤᠯ ᠪᠠᠰᠠ | ᠲᠡᠶᠢᠮᠦ ᠥᠳᠬᠡᠨ ᠵᠤᠵᠠᠭᠠᠨ ᠪᠢᠰᠢ ᠪᠠᠶᠢᠵᠤ᠂ ᠵᠠᠰᠠᠭ ᠵᠠᠬᠢᠷᠭᠠᠨ ᠤ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ | ᠵᠠᠷᠭᠤ ᠬᠦᠯᠢᠶᠡᠬᠦ ᠨᠤᠷᠮ᠎ᠠ ᠨᠡᠯᠢᠶᠡᠳ ᠳᠣᠣᠷ᠎ᠠ ᠪᠠᠶᠢᠵᠤ᠂ ᠵᠠᠷᠢᠮ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ | ᠬᠠᠤᠯᠢᠵᠢᠯ ᠤᠨ ᠦᠵᠡᠯᠲᠡ ᠬᠠᠤᠯᠢᠵᠢᠯ ᠤᠨ ᠤᠬᠠᠮᠰᠠᠷ ᠢ ᠪᠠᠰᠠ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠶ | ᠪᠠᠶᠢᠨ᠎ᠠ᠃ | ᠳᠠᠷᠠᠭᠠᠴᠢ ᠶᠢᠨ ᠠᠯᠬᠤᠮ ᠳᠤ᠂ ᠮᠠᠨ ᠤ ᠬᠤᠲᠠ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠨ᠂ ᠤᠯᠠᠮ ᠨᠢᠭᠡ ᠠᠯᠬᠤᠮ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ | ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠵᠤ︾᠂ ᠬᠠᠤᠯᠢᠵᠢᠯ ᠤᠨ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠪᠣᠭᠤᠮᠢ ᠳᠤᠲᠠᠭᠤᠳᠠᠯ ᠪᠠ ᠠᠷᠠᠳ ᠣᠯᠠᠨ ᠤ ᠴᠢᠬᠤᠯᠠ ᠶᠡᠭᠡ ᠠᠩᠬᠠᠷᠤᠯ ᠲᠠᠯᠪᠢᠵᠤ ᠪᠠᠶᠢᠭ᠎ᠠ | ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠪᠠᠷᠢᠮᠵᠢᠶ᠎ᠠ ᠲᠠᠢ ᠬᠠᠷᠭᠤᠭᠤᠯᠬᠤ︾ ᠶᠢ ᠭᠦᠨᠵᠡᠭᠡᠶ | ᠥᠷᠨᠢᠭᠦᠯᠵᠦ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠬᠦᠷᠢᠶᠡᠨ ᠳᠠᠬᠢ ︽3+2︾ ᠤᠨ ᠲᠤᠰᠬᠠᠶ ᠴᠡᠭᠴᠡᠯᠡᠨ | ᠵᠠᠰᠠᠯᠲᠠ ᠶᠢ ᠯᠠᠪᠳᠠᠭᠤᠨ ᠪᠠᠲᠤᠲᠠᠶ ᠥᠷᠨᠢᠭᠦᠯᠦᠨ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ | ᠰᠢᠯᠢᠳᠡᠭᠵᠢᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ | ᠣᠯᠠᠨ ᠲᠦᠮᠡᠨ ᠤ ᠲᠤᠯᠭᠠᠮᠳᠠᠵᠤ ᠵᠤᠪᠠᠵᠤ ᠬᠦᠴᠢᠷᠳᠡᠵᠦ ᠬᠦᠰᠡᠵᠦ ᠰᠠᠨᠠᠭᠰᠠᠨ ᠵᠦᠢᠯ ᠢ ᠬᠦᠴᠦ ᠣᠷᠣᠭᠤᠯᠤᠨ | ᠰᠢᠢᠳᠪᠦᠷᠢᠯᠡᠵᠦ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠥᠯᠭᠢᠨ | ᠠᠬᠢᠭᠤᠯᠵᠤ᠂ ︽ᠦᠵᠡᠰᠬᠦᠯᠡᠩᠲᠦ ᠰᠠᠶᠢᠬᠠᠨ ᠬᠥᠬᠡ ᠬᠤᠲᠠ᠂ ᠦᠨᠢᠷ ᠪᠠᠶᠠᠯᠢᠭ ᠲᠠᠯ᠎ᠠ ᠶᠢᠨ ᠬᠤᠲᠠ︾ ᠶᠢ | ᠴᠢᠷᠮᠠᠶᠢᠨ ᠪᠠᠶᠢᠭᠤᠯᠵᠤ᠂ ᠠᠵᠢᠯ ᠤᠨ ᠰᠢᠯᠢᠳᠡᠭ ᠠᠮᠵᠢᠯᠲᠠ ᠪᠦᠲᠦᠮᠵᠢ ᠪᠠᠷ ᠢᠶᠠᠨ ᠨᠠᠮ ᠪᠠᠶᠢᠭᠤᠯᠤᠭᠳᠠᠭᠰᠠᠨ 100 | ᠵᠢᠯ ᠤᠨ ᠣᠶ ᠶᠢ ᠤᠭᠲᠤᠨ᠎ᠠ᠃ ᠨᠢᠭᠡ ᠳᠤ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠤᠬᠠᠭᠤᠯᠵᠤ ᠲᠤᠭᠤᠰᠢᠯᠠᠭᠤᠯᠤᠨ᠎ᠠ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠶᠢ ᠡᠯ᠎ᠡ ᠱᠠᠲᠤᠨ ᠤ ᠵᠠᠰᠠᠭ ᠤᠨ ᠣᠷᠳᠣᠨ ︵ᠨᠠᠮ ᠤᠨ ᠤᠳᠤᠷᠢᠳᠬᠤ ᠳᠤᠭᠤᠶᠢᠯᠠᠩ | ︶ ᠤ ᠤᠨᠤᠯ ᠰᠤᠷᠤᠯᠴᠠᠬᠤ ᠭᠤᠣᠯ ᠳᠤᠭᠤᠶᠢᠯᠠᠩ ᠪᠠ ᠡᠯ᠎ᠡ ᠱᠠᠲᠤᠨ ᠤ ᠨᠠᠮ ᠤᠨ ᠰᠤᠷᠭᠠᠭᠤᠯᠢ᠂ ᠵᠠᠰᠠᠭ ᠵᠠᠬᠢᠷᠭᠠᠨ ᠤ | ᠳᠡᠭᠡᠳᠦ ᠰᠤᠷᠭᠠᠭᠤᠯᠢ ᠶᠢᠨ ᠺᠠᠳ᠋ᠷᠴᠤᠳ ᠤᠨ ᠰᠤᠷᠤᠯᠴᠠᠯᠭ᠎ᠠ ᠪᠣᠯᠪᠠᠰᠤᠷᠠᠭᠤᠯᠤᠯ ᠤᠨ ᠲᠥᠯᠥᠪᠯᠡᠭᠡ ᠳᠤ ᠣᠷᠣᠭᠤᠯᠵᠤ᠂ | ᠰᠤᠷᠤᠯᠴᠠᠯᠭ᠎ᠠ ᠪᠣᠯᠪᠠᠰᠤᠷᠠᠭᠤᠯᠤᠯ ᠢ ᠭᠦᠨᠵᠡᠭᠡᠶ ᠥᠷᠨᠢᠭᠦᠯᠦᠨ᠎ᠡ᠃ ᠬᠠᠤᠯᠢᠵᠢᠯ ᠤᠨ ᠶᠡᠭᠡ ᠬᠢᠴᠢᠶᠡᠯ ᠤᠨ ᠲᠠᠩᠬᠢᠮ᠂ | ᠲᠤᠰᠬᠠᠶ ᠰᠡᠳᠦᠪᠲᠦ ᠮᠡᠳᠡᠭᠡᠯᠡᠯ ᠥᠷᠨᠢᠭᠦᠯᠬᠦ ᠵᠡᠷᠭᠡ ᠠᠷᠭ᠎ᠠ ᠮᠠᠶ᠋ᠢᠭ ᠢᠶᠠᠷ ᠰᠢ ᠶᠢᠨ ᠫᠢᠩ ᠤᠨ ᠬᠠᠤᠯᠢᠵᠢᠯ ᠤᠨ ᠦᠵᠡᠯ | ᠰᠠᠨᠠᠭ᠎ᠠ ᠶᠢ ᠤᠬᠠᠭᠤᠯᠤᠨ ᠬᠥᠮᠦᠰ ᠤᠨ ᠰᠡᠳᠬᠢᠯ ᠳᠤ ᠬᠠᠳᠠᠩᠰᠢᠭᠤᠯᠤᠨ᠎ᠠ᠃ ᠬᠤᠶᠠᠷ ᠲᠤ᠂ ᠲᠥᠪ ᠤᠨ | ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠨ᠎ᠡ᠃ ᠲᠥᠪ ᠬᠤᠷᠢᠶᠠᠨ ᠤ | ᠬᠠᠤᠯᠢ ᠶᠣᠰᠣᠭᠠᠷ ᠤᠯᠤᠰ ᠢᠶᠠᠨ ᠵᠠᠰᠠᠬᠤ ᠠᠯᠪᠠᠨ ᠭᠡᠷ ᠤᠨ ᠬᠠᠤᠯᠢᠵᠢᠯ ᠤᠨ ᠵᠠᠰᠠᠭ ᠤᠨ ᠣᠷᠳᠣᠨ ᠤ | ᠪᠠᠶᠢᠭᠤᠯᠤᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠲᠠᠢ ᠬᠠᠷᠢᠴᠠᠭᠤᠯᠵᠤ᠂ | ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠤᠯᠠᠮ ᠨᠢᠭᠡ ᠠᠯᠬᠤᠮ ᠪᠠᠶᠢᠴᠠᠭᠠᠨ ᠦᠵᠡᠵᠦ᠂ ᠠᠰᠠᠭᠤᠳᠠᠯ ᠤᠨ ᠵᠠᠩᠭᠢᠯᠠᠭ᠎ᠠ ᠶᠢ | ᠣᠨᠣᠪᠴᠢᠲᠠᠶ ᠡᠷᠢᠵᠦ ᠣᠯᠤᠨ᠂ ᠵᠦᠢᠯ ᠵᠤᠷᠪᠤᠰ ᠳᠠᠷᠠᠭᠠᠯᠠᠨ ᠨᠠᠶᠢᠳᠠᠪᠤᠷᠢᠵᠢᠭᠤᠯᠤᠨ᠎ᠠ᠃ ᠭᠤᠷᠪᠠ ᠳᠤ ᠬᠠᠤᠯᠢ | ᠬᠡᠷᠡᠭᠵᠢᠭᠦᠯᠬᠦ ᠬᠠᠤᠯᠢ ᠪᠠᠷᠢᠬᠤ ᠬᠦᠷᠢᠶᠡᠨ ᠳᠠᠬᠢ ᠲᠤᠪᠤᠶᠢᠮ᠎ᠠ ᠠᠰᠠᠭᠤᠳᠠᠯ ᠢ ᠲᠦᠷᠭᠡᠯᠡᠨ ᠰᠢᠢᠳᠪᠦᠷᠢᠯᠡᠨ᠎ᠡ᠃ | ᠬᠤᠲᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠭᠰᠠᠨ ︽3+2︾ ᠤᠨ ᠲᠤᠰᠬᠠᠶ ᠴᠡᠭᠴᠡᠯᠡᠨ ᠵᠠᠰᠠᠬᠤ | ᠲᠥᠰᠦᠯ ᠤᠨ ᠱᠠᠭᠠᠷᠳᠠᠯᠭ᠎ᠠ ᠶᠣᠰᠣᠭᠠᠷ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠠᠵᠢᠯ ᠤᠨ ᠭᠤᠤᠯᠴᠢ ᠪᠤᠰᠤ | ᠲᠣᠪᠤᠶᠢᠮ᠎ᠠ ᠠᠰᠠᠭᠤᠳᠠᠯ ᠵᠢᠴᠢ ᠬᠠᠤᠯᠢ ᠪᠠᠷᠢᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠰᠠᠬᠢᠯᠭ᠎ᠠ ᠪᠠᠲᠤ ᠣᠪᠣᠷ | ᠰᠤᠷᠲᠠᠯ ᠢ ᠴᠢᠩᠳᠠᠯᠠᠵᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ᠂ | ᠲᠦᠷᠢᠮ ᠲᠣᠭᠲᠠᠭᠠᠯ ᠢ ᠵᠥᠷᠢᠴᠡᠵᠦ ᠬᠠᠤᠯᠢ ᠴᠠᠭᠠᠵᠠ ᠶᠢ ᠵᠥᠷᠢᠴᠡᠨ ᠡᠷᠡᠭᠦᠤ ᠰᠢᠢᠳᠬᠡᠯ ᠢ ᠨᠢ ᠬᠥᠩᠭᠡᠯᠡᠨ ᠲᠠᠩᠰᠠᠨ | ᠰᠤᠯᠠᠯᠠᠵᠤ ᠭᠢᠨᠳᠠᠨ ᠤ ᠭᠠᠳᠠᠨ᠎ᠠ ᠲᠦᠷ ᠭᠦᠢᠴᠡᠳᠭᠡᠬᠦ 3 ᠵᠦᠢᠯ ᠤᠨ ᠲᠤᠰᠬᠠᠶ ᠴᠡᠭᠴᠡᠯᠡᠨ ᠵᠠᠰᠠᠬᠤ ᠠᠵᠢᠯ ᠢ ᠶᠡᠬᠡᠪᠡᠷ | ᠥᠷᠨᠢᠭᠦᠯᠬᠦ ᠶᠢᠨ ᠬᠠᠮᠲᠤ ᠬᠤᠲᠠ ᠶᠢᠨ ᠨᠠᠮ ᠤᠨ ᠬᠤᠷᠢᠶ᠎ᠠ ᠶᠢᠨ ᠦᠨᠳᠦᠰᠦᠨ ᠱᠠᠲᠤᠨ ᠤ ᠲᠣᠮᠢᠯᠠᠭᠰᠠᠨ ᠰᠠᠯᠪᠤᠷᠢ ᠶᠢ | ᠲᠤᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ | ᠥᠷᠨᠢᠭᠦᠯᠦᠨ᠎ᠡ᠃ ᠲᠦᠷᠪᠡ ᠳᠤ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠲᠦᠷᠢᠮ ᠤᠨ | ᠰᠢᠰᠲ᠋ᠧᠮᠵᠢ ᠶᠢ ᠲᠡᠭᠦᠯᠳᠡᠷᠵᠢᠭᠦᠯᠦᠨ ᠪᠤᠢ ᠪᠣᠯᠭᠠᠨ᠎ᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ | ᠂ ᠮᠠᠨ ᠤ ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠲᠣᠪᠤᠶᠢᠮ᠎ᠠ ᠳᠤᠲᠠᠭᠤᠳᠠᠯ ᠤᠨ | ᠲᠣᠭᠤᠷᠢᠨ ᠳᠤ᠂ ᠵᠠᠰᠠᠭ ᠤᠨ ᠶᠠᠪᠤᠳᠠᠯ ᠤᠨ ᠳᠡᠮᠵᠢᠯᠭᠡ ᠶᠢᠨ ᠣᠷᠴᠢᠨ ᠨᠥᠬᠦᠴᠡᠯ᠂ ᠬᠤᠲᠠ ᠶᠢᠨ ᠦᠢᠯᠡᠴᠢᠯᠡᠭᠡᠨ ᠤ | ᠣᠷᠴᠢᠨ ᠨᠥᠬᠦᠴᠡᠯ ᠪᠠ ᠠᠵᠤ ᠠᠬᠤᠶᠢᠯᠠᠯ ᠤᠨ ᠡᠷᠬᠡ ᠠᠰᠢᠭ ᠤᠨ ᠣᠷᠴᠢᠨ ᠨᠥᠬᠦᠴᠡᠯ ᠤᠨ ᠬᠠᠮᠠᠭᠠᠯᠠᠯᠲᠠ ᠵᠡᠷᠭᠡ | ᠲᠠᠯ᠎ᠠ ᠪᠠᠷ ᠬᠠᠤᠯᠢᠵᠢᠯ ᠤᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ | ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠢᠷᠢ ᠲᠦᠪᠰᠢᠨ ᠪᠠ ᠬᠠᠤᠯᠢ ᠶᠣᠰᠣᠭᠠᠷ ᠵᠠᠰᠠᠭ | ᠶᠠᠪᠤᠭᠤᠯᠬᠤ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠬᠤᠳᠠᠯᠳᠤᠭ᠎ᠠ ᠡᠷᠭᠢᠯᠡᠬᠦ ᠣᠷᠴᠢᠨ | ᠨᠥᠬᠦᠴᠡᠯ ᠢ ᠰᠢᠯᠢᠳᠡᠭᠵᠢᠭᠦᠯᠬᠦ ︽ᠡᠷᠭᠢᠯᠲᠡ ᠶᠢᠨ ᠳᠠᠶᠢᠯᠠᠯᠳᠤᠭᠠᠨ︾ ᠤ ᠢᠯᠠᠯᠲᠠ ᠶᠢ ᠵᠠᠪᠠᠯ ᠤᠯᠤᠨ᠎ᠠ᠃ ᠲᠠᠪᠤ ᠳᠤ | ᠬᠠᠤᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠴᠢᠩᠭᠠᠷᠠᠭᠤᠯᠤᠨ᠎ᠠ᠃ ︽ | ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ | ᠡᠬᠢᠯᠡᠭᠦᠯᠦᠨ ᠬᠡᠷᠡᠭᠵᠢᠬᠦᠯᠦᠨ᠎ᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ᠂ ᠲᠦᠷᠦ ᠶᠢᠨ ᠠᠵᠢᠯᠳᠠᠨ | ᠲᠢᠩᠬᠢᠮ ᠤᠨ ᠰᠢᠭᠦᠯᠲᠡ ᠶᠢ ᠰᠤᠯᠠ ᠰᠣᠨᠣᠰᠬᠤ ᠵᠡᠷᠭᠡ ᠬᠥᠮᠦᠵᠢᠯ ᠤᠨ ᠠᠷᠭ᠎ᠠ ᠮᠠᠶ᠋ᠢᠭ ᠢ ᠢᠳᠡᠪᠬᠢᠲᠡᠶ ᠬᠡᠷᠡᠭᠵᠢᠭᠦᠯᠵᠦ | ᠂ ᠬᠠᠤᠯᠢ ᠶᠣᠰᠣᠭᠠᠷ ᠵᠠᠰᠠᠭ ᠶᠠᠪᠤᠭᠤᠯᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ᠵᠢᠷᠭᠤᠭ᠎ᠠ ᠳᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠶᠢ | ᠢᠳᠡᠪᠬᠢᠲᠡᠶ ᠡᠭᠦᠳᠦᠨ ᠪᠠᠶᠢᠭᠤᠯᠤᠨ᠎ᠠ᠃ ᠲᠥᠪ ᠬᠤᠷᠢᠶᠠᠨ ᠤ ᠬᠠᠤᠯᠢ ᠶᠣᠰᠣᠭᠠᠷ ᠤᠯᠤᠰ ᠢᠶᠠᠨ ᠵᠠᠰᠠᠬᠤ ᠠᠯᠪᠠᠨ | ᠭᠡᠷ ᠤᠨ ᠬᠠᠤᠯᠢᠵᠢᠯ ᠤᠨ ᠵᠠᠰᠠᠭ ᠤᠨ ᠣᠷᠳᠣᠨ ᠤ ᠵᠢᠱᠢᠶ᠎ᠡ ᠶᠢ ᠡᠭᠦᠳᠦᠨ ᠪᠠᠶᠢᠭᠤᠯᠬᠤ ᠠᠵᠢᠯ ᠳᠠᠬᠢ ᠴᠢᠭᠯᠡᠯᠳᠤ | ᠴᠢᠨᠠᠷ ᠤᠨ ᠱᠠᠭᠠᠷᠳᠠᠯᠭ᠎ᠠ ᠶᠣᠰᠣᠭᠠᠷ᠂ ᠲᠥᠪ ᠤᠨ ︽ᠬᠤᠲᠠ ᠰᠢᠶᠠᠨ ᠤ ᠬᠠᠤᠯᠢᠵᠢᠯ ᠤᠨ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠭᠦᠢᠴᠡᠳᠬᠡᠯ ᠲᠣᠭᠠᠨ ᠤ ᠰᠢᠰᠲ᠋ᠧᠮ︾ ᠲᠠᠢ ᠬᠠᠷᠭᠤᠭᠤᠯᠤᠨ᠂ ᠪᠦᠬᠦ | ᠤᠯᠤᠰ ᠤᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠶᠢ | ᠴᠢᠷᠮᠠᠶᠢᠨ ᠡᠭᠦᠳᠦᠨ ᠪᠠᠶᠢᠭᠤᠯᠤᠨ᠎ᠠ᠃ | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ | 2021 ᠣᠨ ᠤ 1 ᠳ᠋ᠤᠭᠡᠷ ᠰᠠᠷ᠎ᠠ ᠶᠢᠨ 22 ᠤᠨ ᠡᠳᠦᠷ | | |