2021 ᠣᠨ ᠤ 2 ᠳ᠋ᠤᠭᠠᠷ ᠰᠠᠷ᠎ᠠ ᠶᠢᠨ 22 ᠤᠨ ᠡᠳᠦᠷ ᠬᠥᠬᠡᠬᠤᠲᠠ ᠶᠢᠨ ᠠᠷᠪᠠᠨ ᠲᠠᠪᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠳᠡᠭᠡᠷ᠎ᠡ | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠾᠧ ᠬᠠᠶ ᠳ᠋ᠦᠩ | ᠲᠥᠯᠥᠭᠡᠯᠡᠭᠴᠢᠳ ᠡ᠄ | ᠤᠳᠤ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠤᠨ | ᠮᠡᠳᠡᠭᠦᠯᠦᠯᠲᠡ ᠬᠢᠶ᠎ᠡ᠂ ᠬᠢᠨᠠᠨ ᠵᠥᠪᠯᠡᠬᠦ ᠪᠣᠯᠪᠠᠤ᠂ ᠲᠡᠭᠦᠨᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ | ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2020 ᠣᠨ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ ᠠᠵᠢᠯ ᠤᠨ | ᠡᠷᠭᠢᠴᠡᠭᠦᠯᠦᠯ | 2020 ᠣᠨ ᠪᠣᠯ ᠣᠷᠣᠨ ᠤ ᠲᠥᠪ ᠤᠨ ᠬᠥᠭᠵᠢᠯᠲᠡ ᠶᠢᠨ ᠶᠠᠪᠤᠴᠠ ᠳᠠᠬᠢ ᠲᠦᠢᠯ ᠤᠨ ᠶᠡᠷᠦ | ᠪᠤᠰᠤ ᠶᠢᠨ ᠨᠢᠭᠡ ᠵᠢᠯ ᠮᠥᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ | ᠪᠠᠶᠢᠳᠠᠯ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠬᠠᠲᠠᠭᠤ ᠬᠦᠨᠳᠦ ᠡᠭᠦᠷᠭᠡ᠂ ᠢᠯᠠᠩᠭᠤᠶ᠎ᠠ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠶ ᠲᠠᠭᠠᠷᠢᠯᠲᠠ ᠶᠢᠨ ᠡᠮᠦᠨ᠎ᠡ᠂ | ᠪᠢᠳᠡ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ | ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ | ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ | ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠪᠥᠬᠦ ᠬᠤᠲᠠ ᠶᠢᠨ ᠠᠵᠤ ᠠᠬᠤᠶ ᠦᠷᠭᠦᠯᠵᠢᠯᠡᠨ ᠲᠣᠭᠲᠠᠭᠤᠨ ᠪᠣᠯᠵᠣ᠂ ᠨᠡᠶᠢᠭᠡᠮ ᠤᠨ ᠶᠡᠭᠡ | ᠲᠠᠯ᠎ᠠ ᠡᠶ᠎ᠡ ᠵᠣᠬᠢᠴᠠᠯ ᠲᠠᠢ ᠲᠣᠭᠲᠠᠭᠤᠨ ᠪᠠᠶᠢᠵᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ | ᠰᠢᠢᠳᠪᠦᠷᠢᠲᠦ ᠢᠯᠠᠯᠲᠠ ᠶᠢ ᠤᠯᠬᠤ ᠲᠠᠯ᠎ᠠ ᠪᠠᠷ ᠰᠢᠢᠳᠪᠦᠷᠢᠯᠡᠬᠦ ᠴᠢᠨᠠᠷᠲᠠᠶ ᠠᠮᠵᠢᠯᠲᠠ ᠪᠦᠲᠦᠮᠵᠢ ᠣᠯᠤᠭᠰᠠᠨ | ᠪᠠᠶᠢᠨ᠎ᠠ᠃ | ᠨᠢᠭᠡ ᠵᠢᠯ ᠤᠨ ᠲᠤᠷᠰᠢ ᠪᠢᠳᠡ ᠭᠤᠣᠯᠳᠠᠭᠤ ᠳᠣᠣᠷᠠᠬᠢ ᠠᠵᠢᠯ ᠤᠳ ᠢ ᠬᠢᠪᠡ᠄ | ︵ᠨᠢᠭᠡ︶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠢᠯ ᠢᠶᠠᠨ ᠰᠡᠷᠭᠦᠭᠡᠵᠦ | ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠴᠢᠬᠤᠯᠠ ᠶᠡᠭᠡ ᠦᠷ᠎ᠡ ᠪᠦᠲᠦᠭᠡᠯ ᠤᠯᠪᠠ᠃ ᠭᠡᠨᠡᠳᠲᠡ ᠡᠭᠦᠰᠦᠭᠰᠡᠨ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ᠂ ᠪᠥᠬᠦ ᠬᠤᠲᠠ ᠪᠠᠷ ᠢᠶᠠᠨ | ᠲᠦᠷᠭᠡᠨ ᠲᠤᠰᠬᠠᠯ ᠭᠠᠷᠭᠠᠵᠤ᠂ ᠪᠥᠬᠦ ᠬᠦᠴᠦᠨ ᠢᠶᠠᠷ ᠢᠶᠠᠨ ᠠᠷᠭᠠᠴᠠᠭᠠᠵᠤ᠂ ᠵᠢᠷᠭᠤᠭᠠᠨ ᠱᠠᠲᠤᠨ ᠤ ᠰᠡᠷᠭᠡᠶᠢᠯᠡᠨ | ᠡᠵᠡᠮᠳᠡᠬᠦ ᠨᠢᠭᠲᠠ ᠴᠢᠩᠭ᠎ᠠ ᠰᠢᠰᠲ᠋ᠧᠮᠵᠢ ᠶᠢ ᠪᠠᠶᠢᠭᠤᠯᠵᠤ᠂ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷ᠂ | ᠠᠵᠢᠯᠲᠠᠨ ᠠᠵᠢᠯᠴᠢᠨ᠂ ᠳᠠᠷᠤᠭ᠎ᠠ ᠪᠠᠶᠢᠯᠳᠤᠭᠴᠢ᠂ ᠰᠠᠶᠢᠨ ᠳᠤᠷᠠᠴᠢᠳ ᠲᠣᠰᠬᠤᠨ᠂ ᠨᠡᠶᠢᠭᠡᠮ ᠲᠣᠭᠤᠷᠢᠭ ᠲᠤ | ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠣᠷᠣᠯᠴᠠᠵᠤ᠂ ᠨᠠᠮ ᠵᠠᠰᠠᠭ ᠴᠡᠷᠢᠭ | ᠴᠠᠭᠳᠠᠭ᠎ᠠ ᠠᠷᠠᠳ ᠤᠨ ᠰᠡᠳᠬᠢᠯ ᠨᠢᠭᠡᠳᠦᠨ ᠬᠢᠵᠢᠭ ᠢ ᠡᠰᠡᠷᠭᠦᠴᠡᠬᠦ ᠬᠦᠴᠦᠷᠬᠡᠭ ᠶᠡᠭᠡ ᠨᠡᠶᠢᠯᠡᠯ ᠬᠦᠴᠦᠨ ᠢ | ᠨᠢᠭᠲᠠᠷᠠᠭᠤᠯᠪᠠ︔ ᠤᠷᠢᠳ ᠬᠤᠵᠢᠳ 4 ᠪᠦᠯᠦᠭ ᠤᠳᠠᠭ᠎ᠠ᠂ 80 ᠬᠥᠮᠦᠨ ᠤ ᠡᠮᠴᠢᠯᠡᠭᠡᠨ ᠤ ᠠᠩᠬᠢ ᠶᠢ ᠲᠣᠮᠢᠯᠠᠨ | ᠬᠤᠪᠸᠢ ᠶᠢ ᠲᠤᠰᠠᠯᠠᠪᠠ︔ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠨᠡᠶᠢᠲᠡ 84 ᠤᠳᠠᠭ᠎ᠠ᠂ 1.6 ᠲᠦᠮᠡᠨ | ᠬᠥᠮᠦᠨ ᠢ ᠬᠤᠪᠢᠶᠠᠷᠢᠯᠠᠨ ᠪᠠᠭᠤᠯᠭᠠᠵᠤ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ 184 ᠣᠨᠣᠰᠢᠯᠠᠭᠰᠠᠨ | ᠡᠪᠡᠳᠴᠢᠨ ᠤ ᠵᠢᠱᠢᠶ᠎ᠡ ᠶᠢ ᠠᠪᠤᠷᠠᠨ ᠵᠠᠰᠠᠵᠤ᠂ ᠲᠤᠰ ᠭᠠᠵᠠᠷ ᠤᠨ ᠡᠪᠡᠳᠴᠢᠨ ᠤ ᠵᠢᠱᠢᠶ᠎ᠡ ᠶᠢ ︽ᠪᠦᠬᠦᠨ ᠢ | ᠡᠳᠡᠭᠡᠷᠡᠭᠦᠯᠵᠦ᠂ ᠦᠬᠦᠭᠰᠡᠨ ᠡᠪᠡᠳᠴᠢᠲᠡᠨ ᠦᠭᠡᠢ︾᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ | ᠡᠪᠡᠳᠴᠢᠨ ᠤ ᠵᠢᠱᠢᠶ᠎ᠡ ᠠᠴᠠ ︽ᠬᠠᠯᠳᠠᠪᠤᠷᠢᠯᠠᠭᠰᠠᠨ ᠬᠥᠮᠥᠨ ᠦᠭᠡᠶ᠂ ᠡᠪᠡᠳᠴᠢᠨ ᠲᠠᠷᠬᠠᠭᠠᠭᠰᠠᠨ ᠦᠭᠡᠶ︾ ᠶᠢ | ᠪᠡᠶᠡᠯᠡᠭᠦᠯᠵᠦ᠂ ᠨᠠᠮ ᠤᠨ ᠲᠥᠪ ᠬᠤᠷᠢᠶ᠎ᠠ ᠶᠢᠨ ᠭᠦᠢᠴᠡᠳ ᠨᠤᠲᠠᠯᠠᠯᠲᠠ ᠶᠢ ᠣᠯᠤᠭᠰᠠᠨ ᠪᠠᠶᠢᠨ᠎ᠠ᠃ ᠠᠵᠢᠯ | ᠰᠡᠷᠭᠦᠭᠡᠵᠦ ᠦᠢᠯᠡᠳᠪᠦᠷᠢᠯᠡᠯ ᠢ ᠰᠡᠷᠭᠦᠭᠡᠬᠦ᠂ ᠬᠤᠳᠠᠯᠳᠤᠭ᠎ᠠ ᠶᠢ ᠰᠡᠷᠭᠦᠭᠡᠵᠦ ᠵᠠᠬ᠎ᠠ ᠳᠡᠯᠭᠡᠭᠦᠷ ᠢ ᠰᠡᠷᠭᠦᠭᠡᠬᠦ ᠶᠢ ᠡᠮᠬᠢ | ᠵᠢᠷᠤᠮ ᠲᠠᠢ ᠪᠠᠷ ᠲᠦᠯᠬᠢᠨ ᠠᠬᠢᠭᠤᠯᠵᠤ᠂ ᠳᠤᠮᠳᠠ ᠵᠢᠵᠢᠭ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ | ᠳᠡᠮᠵᠢᠬᠦ 15 ᠵᠦᠢᠯ ᠤᠨ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠤᠳᠤᠷᠢᠳᠬᠤ ᠺᠠᠳ᠋ᠷᠴᠤᠳ ︽ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠰᠤᠷᠪᠤᠯᠵᠢᠯᠠᠬᠤ᠂ ᠬᠦᠴᠢᠷᠳᠡᠯ ᠢ ᠨᠢ ᠠᠷᠢᠯᠭᠠᠬᠤ᠂ ᠳᠠᠭᠠᠭᠠᠴᠢᠯᠠᠨ | ᠬᠠᠷᠢᠭᠤᠴᠠᠬᠤ︾ ᠠᠵᠢᠯ ᠢ ᠥᠷᠨᠢᠭᠦᠯᠵᠦ᠂ ᠪᠦᠬᠦ ᠵᠢᠯ ᠳᠤ 55 ᠳ᠋ᠦᠩᠰᠢᠭᠤᠷ ᠲᠥᠭᠦᠷᠢᠭ ᠤᠨ ᠭᠠᠶᠢᠯᠢ ᠶᠢ | ᠬᠥᠩᠭᠡᠯᠡᠵᠦ ᠰᠦᠢᠳᠬᠡᠯ ᠢ ᠪᠠᠭᠤᠷᠠᠭᠤᠯᠪᠠ᠃ ᠪᠦᠬᠦ ᠬᠤᠳᠠ ᠶᠢᠨ ᠠᠵᠤ ᠠᠬᠤᠢ ᠳᠠᠪᠬᠤᠷ ᠳᠠᠪᠬᠤᠷ ᠬᠦᠴᠢᠷ | ᠪᠡᠷᠬᠡᠰᠢᠶᠡᠯ ᠤᠨ ᠳᠤᠮᠳᠠ ᠲᠣᠭᠲᠠᠭᠤᠨ ᠢᠶᠠᠷ ᠰᠠᠶᠢᠵᠢᠷᠠᠵᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ | ᠦᠷᠳᠡᠭ 2800.7 ᠳ᠋ᠦᠩᠰᠢᠭᠤᠷ ᠲᠥᠭᠦᠷᠢᠭ ᠲᠤ ᠬᠦᠷᠴᠦ᠂ ᠨᠡᠮᠡᠭᠳᠡᠯ ᠤᠨ ᠬᠤᠷᠳᠤᠴᠠ ᠤᠯᠠᠷᠢᠯ ᠳᠠᠷᠠᠭᠠᠯᠠᠨ | ᠳᠡᠭᠡᠭᠰᠢᠯᠡᠵᠦ᠂ ᠰᠥᠭᠡᠷᠭᠦ ᠪᠠᠶᠢᠭᠰᠠᠨ ᠠᠴᠠ ᠪᠠᠨ ᠡᠶᠡᠷᠡᠬᠦ ᠪᠣᠯᠪᠠ︔ ᠡᠩ ᠤᠨ ᠣᠯᠠᠨ ᠨᠡᠶᠢᠲᠡ ᠶᠢᠨ ᠲᠥᠰᠦᠪ ᠤᠨ | ᠣᠷᠣᠯᠭ᠎ᠠ ᠶᠢ 217.1 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6.9% ᠪᠠᠷ | ᠨᠡᠮᠡᠭᠳᠡᠪᠡ᠃ | ︵ᠬᠤᠶᠠᠷ︶ ᠭᠤᠷᠪᠠᠨ ᠶᠡᠭᠡ ᠪᠣᠭᠤᠮᠲᠠ ᠰᠢᠪᠲᠤᠯᠬᠤ ᠲᠠᠶᠢᠯᠠᠯᠳᠤᠭᠠᠨ ᠢᠯᠡᠳᠲᠡ ᠦᠷ᠎ᠡ ᠪᠦᠲᠦᠮᠵᠢ ᠤᠯᠪᠠ᠃ | ᠡᠯ᠎ᠡ ᠱᠠᠲᠤᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠡᠯᠡ ᠮᠥᠩᠭᠦ ᠶᠢ 5.4 ᠳ᠋ᠦᠩᠰᠢᠭᠤᠷ ᠲᠥᠭᠦᠷᠢᠭ | ᠡᠮᠬᠢᠯᠡᠨ ᠨᠡᠶᠢᠯᠡᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ 276 ᠶᠠᠳᠠᠭᠤ ᠶᠢ ᠲᠡᠳᠬᠦᠬᠦ ᠠᠵᠤ | ᠦᠢᠯᠡᠰ ᠤᠨ ᠲᠥᠷᠥᠯ ᠵᠦᠢᠯ ᠢ ᠬᠡᠷᠡᠭᠵᠢᠭᠦᠯᠵᠦ᠂ ᠲᠤᠰᠬᠠᠶ ᠵᠦᠢᠯ ᠤᠨ ᠠᠵᠢᠯ ᠤᠨ ︽ᠶᠡᠭᠡ ᠬᠢᠨᠠᠨ ᠰᠢᠯᠭᠠᠯᠲᠠ︾᠂ | ᠦᠯᠢᠭᠡᠷ ᠳᠠᠭᠤᠷᠢᠶᠠᠯ ᠤᠨ ︽ᠶᠡᠭᠡ ᠬᠥᠲᠥᠯᠥᠨ ᠳᠠᠭᠠᠭᠤᠯᠭ᠎ᠠ︾᠂ ᠶᠠᠳᠠᠭᠤ ᠶᠢ ᠲᠡᠳᠬᠦᠬᠦ ᠺᠠᠳ᠋ᠷᠴᠤᠳ ᠤᠨ ︽ᠶᠡᠭᠡ | ᠪᠣᠯᠪᠠᠰᠤᠷᠠᠭᠤᠯᠤᠯ︾ ᠵᠡᠷᠭᠡ ᠠᠵᠢᠯ ᠢ ᠵᠡᠷᠭᠡᠪᠡᠷ ᠲᠦᠯᠬᠢᠨ ᠠᠬᠢᠭᠤᠯᠵᠤ᠂ ᠡᠯ᠎ᠡ ᠲᠦᠷᠦᠯ ᠤᠨ ᠰᠢᠮᠳᠠᠭᠤᠯᠤᠨ | ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ᠂ 3 ᠬᠠᠮᠲᠤ ᠨᠡᠶᠢᠳᠡ᠂ | 3 ᠬᠤᠪᠢ ᠬᠥᠮᠦᠨ ᠪᠦᠬᠦ ᠤᠯᠤᠰ ᠤᠨ ᠰᠠᠶᠢᠰᠢᠶᠠᠯ ᠬᠥᠬᠢᠭᠦᠯᠦᠯ ᠢ ᠬᠦᠷᠳᠡᠵᠤ᠂ ︽ᠪᠦᠯᠬᠦᠮ ᠮᠠᠶ᠋ᠢᠭ︾ ᠤᠨ | ᠨᠡᠶᠢᠭᠡᠮ ᠤᠨ ᠬᠠᠪᠰᠤᠷᠤᠨ ᠲᠡᠳᠬᠦᠬᠦ ᠲᠣᠭᠲᠠᠴᠠ ᠶᠢ ᠨᠡᠶᠢᠲᠡᠯᠢᠭ ᠬᠡᠷᠡᠭ ᠤᠨ ᠵᠢᠱᠢᠶ᠎ᠡ ᠪᠣᠯᠭᠠᠨ ᠪᠦᠬᠦ ᠤᠯᠤᠰ ᠲᠤ | ᠰᠤᠷᠤᠯᠴᠠᠨ ᠳᠡᠯᠭᠡᠷᠡᠭᠦᠯᠪᠡ᠃ ᠬᠥᠬᠡᠬᠤᠲᠠ ᠶᠢᠨ ᠢᠯᠴᠢ ᠶᠢᠨ ᠴᠠᠬᠢᠯᠭᠠᠨ ᠤ ᠦᠢᠯᠡᠳᠪᠦᠷᠢ᠂ ᠵᠢᠨᠱᠠᠨ ᠢᠯᠴᠢ ᠶᠢᠨ | ᠴᠠᠬᠢᠯᠭᠠᠨ ᠤ ᠦᠢᠯᠡᠳᠪᠦᠷᠢ ᠶᠢᠨ ᠳᠠᠯᠳᠠ ᠬᠦᠴᠦᠨ ᠢ ᠠᠭᠤᠳᠠᠯᠤᠨ ᠥᠭᠡᠷᠡᠴᠢᠯᠡᠬᠦ ᠶᠢ ᠬᠡᠷᠡᠭᠵᠢᠭᠦᠯᠵᠦ᠂ ᠢᠯᠴᠢ ᠶᠢᠨ | ᠴᠠᠬᠢᠯᠭᠠᠨ ᠤ ᠬᠠᠮᠲᠤᠷᠠᠨ ᠦᠢᠯᠡᠳᠪᠦᠷᠢᠯᠡᠬᠦ ᠢᠯᠴᠢ ᠬᠠᠩᠭᠠᠬᠤ ᠴᠢᠳᠠᠪᠤᠷᠢ ᠶᠢ 1470 ᠲᠦᠮᠡᠨ ᠲᠡᠭᠰᠢ | ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠦ᠂ ᠭᠤᠤᠯ ᠬᠤᠲᠠ ᠶᠢᠨ ᠲᠣᠭᠤᠷᠢᠭ ᠤᠨ 35 ᠠᠭᠤᠷᠰᠢᠭᠤᠯᠬᠤ | ᠲᠣᠨ ᠵᠢᠴᠢ ᠲᠡᠭᠦᠨ ᠠᠴᠠ ᠳᠣᠷᠣᠭᠰᠢᠬᠢ ᠨᠡᠭᠦᠷᠡᠰᠦ ᠰᠢᠲᠠᠭᠠᠬᠤ ᠭᠦᠸᠧᠯᠦ ᠶᠢ ᠪᠦᠬᠦᠨ ᠢ ᠴᠡᠪᠡᠷᠯᠡᠪᠡ︔ 157 | ᠲᠣᠰᠬᠤᠨ᠂ 6.8 ᠲᠦᠮᠡᠨ ᠡᠷᠦᠬᠡ ᠶᠢᠨ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ | ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠣᠷᠣᠨ ᠤ ᠲᠥᠪ ᠤᠨ ᠠᠭᠠᠷ ᠤᠨ ᠶᠠᠰᠤ ᠴᠢᠨᠠᠷ ᠢ | ᠢᠯᠡᠳᠲᠡ ᠰᠠᠶᠢᠵᠢᠷᠠᠭᠤᠯᠪᠠ᠃ ᠪᠥᠬᠦ ᠤᠯᠤᠰ ᠤᠨ ᠪᠣᠬᠢᠷ ᠦᠮᠡᠬᠡᠶ ᠤᠰᠤᠨ ᠴᠣᠭᠴᠠ ᠶᠢ ᠵᠠᠰᠠᠬᠤ ᠵᠢᠱᠢᠶ᠎ᠡ | ᠦᠵᠡᠭᠦᠯᠬᠦ ᠬᠤᠲᠠ ᠶᠢᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ 12 | ᠳ᠋ᠦᠩᠰᠢᠭᠤᠷ ᠲᠥᠭᠦᠷᠢᠭ ᠪᠠᠯᠠ ᠣᠷᠣᠭᠤᠯᠤᠭᠰᠠᠨ 6 ᠶᠡᠭᠡ ᠲᠥᠷᠥᠯ ᠤᠨ ᠢᠨᠵᠧᠨᠧᠷᠢᠩ ᠤᠨ ᠲᠥᠷᠥᠯ ᠵᠦᠢᠯ ᠢ ᠪᠥᠬᠦ | ᠲᠠᠯ᠎ᠠ ᠪᠠᠷ ᠡᠬᠢᠯᠡᠭᠦᠯᠵᠦ᠂ ᠪᠠᠨᠳᠢ ᠶᠢᠨ ᠠᠶᠢᠯ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠭᠤᠷᠪᠠᠳᠤᠭᠠᠷ | ᠬᠤᠭᠤᠴᠠᠭᠠᠨ ᠤ ᠢᠨᠵᠧᠨᠧᠷᠢᠩ ᠢ ᠤᠷᠤᠭᠰᠢᠲᠠᠶ ᠠᠬᠢᠭᠤᠯᠵᠤ᠂ ᠭᠠᠵᠠᠷ ᠳᠣᠤᠷᠠᠬᠢ ᠤᠰᠤᠨ ᠤ ︽ᠤᠰᠤᠨ ᠲᠦᠪᠰᠢᠨ | ᠤᠰᠤᠨ ᠤ ᠬᠡᠮᠵᠢᠶ᠎ᠡ ᠶᠢ ᠬᠤᠶᠠᠷ ᠢ ᠡᠵᠡᠮᠳᠡᠬᠦ︾ ᠵᠠᠰᠠᠯᠲᠠ ᠶᠢᠨ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ | ᠪᠡᠶᠡᠯᠡᠭᠦᠯᠪᠡ᠃ ᠲᠠᠷᠢᠶᠠᠯᠠᠩ ᠤᠨ ︽ᠲᠦᠷᠪᠡ ᠶᠢ ᠬᠢᠵᠠᠭᠠᠷᠯᠠᠬᠤ ᠠᠵᠢᠯᠯᠠᠭ᠎ᠠ︾ ᠶᠢ ᠭᠦᠨᠵᠡᠭᠡᠶ ᠥᠷᠨᠢᠭᠦᠯᠵᠦ᠂ | 90% ᠶᠢᠨ ᠲᠠᠷᠢᠮᠠᠯ ᠤᠨ ᠵᠦᠢᠯ ᠳᠤ ᠬᠥᠷᠥᠰᠥ ᠰᠢᠷᠣᠶ ᠶᠢ ᠨᠢ ᠬᠡᠮᠵᠢᠵᠦ ᠨᠠᠶᠢᠷᠠᠯᠭ᠎ᠠ ᠲᠠᠢ ᠪᠠᠷ ᠪᠤᠷᠳᠤᠭᠤᠷ | ᠣᠷᠣᠭᠤᠯᠬᠤ ᠶᠢ ᠪᠡᠶᠡᠯᠡᠭᠦᠯᠵᠦ᠂ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ | ᠨᠤᠷᠮ᠎ᠠ ᠶᠢ 91% ᠳᠤ ᠬᠦᠷᠦᠭᠦᠯᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢᠳᠡᠪᠬᠢᠲᠡᠶ ᠠᠬᠢᠴᠠ ᠲᠠᠢ | ᠪᠣᠯᠪᠠ᠃ ᠪᠥᠬᠦ ᠵᠢᠯ ᠳᠤ 192.1 ᠳ᠋ᠦᠩᠰᠢᠭᠤᠷ ᠲᠥᠭᠦᠷᠢᠭ ᠤᠨ ᠳᠠᠯᠳᠠ ᠥᠷᠢ ᠥᠭᠴᠡᠭᠡ ᠶᠢ ᠠᠷᠢᠯᠭᠠᠵᠤ᠂ | ᠣᠨ ᠤ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ ᠥᠷᠢ ᠥᠭᠴᠡᠭᠡ ᠶᠢᠨ ᠲᠦᠭᠰᠢᠭᠦᠷᠢ ᠶᠢᠨ ᠲᠠᠰ ᠢ ᠤᠯᠠᠭᠠᠨ | ᠪᠠᠶᠢᠭᠰᠠᠨ ᠠᠴᠠ ᠤᠯᠠᠪᠤᠷ ᠥᠩᠭᠡ ᠪᠣᠯᠭᠠᠨ ᠪᠠᠭᠤᠷᠠᠭᠤᠯᠪᠠ︔ 11 ᠵᠠᠮ᠂ ᠬᠥᠭᠦᠷᠭᠡ ᠶᠢᠨ ᠲᠥᠷᠥᠯ ᠵᠦᠢᠯ ᠢ | ᠴᠥᠭᠡᠳᠬᠡᠭᠰᠡᠨ ᠪᠤᠶᠤ ᠵᠣᠭᠰᠣᠭᠠᠵᠤ ᠬᠤᠶᠢᠰᠢᠯᠠᠭᠤᠯᠤᠨ ᠪᠠᠶᠢᠭᠤᠯᠵᠤ᠂ ᠡᠳ᠋ ᠤᠨ ᠵᠠᠰᠠᠭ ᠤᠨ ᠵᠠᠷᠤᠯᠭ᠎ᠠ ᠶᠢ 250 | ᠭᠠᠷᠤᠶ ᠳ᠋ᠦᠩᠰᠢᠭᠤᠷ ᠲᠥᠭᠦᠷᠢᠭ ᠪᠠᠭᠠᠰᠬᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠬᠦᠴᠦᠲᠡᠶ ᠰᠡᠷᠭᠡᠶᠢᠯᠡᠪᠡ᠃ | | ︵ᠭᠤᠷᠪᠠ︶ ᠴᠢᠨᠠᠷ ᠰᠠᠶᠢᠲᠠᠶ ᠬᠥᠭᠵᠢᠯᠲᠡ ᠰᠢᠨ᠎ᠡ ᠠᠯᠬᠤᠭ᠎ᠠ ᠶᠢ ᠠᠯᠬᠤᠪᠠ᠃ ᠨᠢᠭᠡᠳᠦᠭᠡᠷ ᠠᠵᠤ | ᠦᠢᠯᠡᠰ ᠤᠨ ᠲᠠᠯ᠎ᠠ ᠪᠠᠷ᠂ ᠲᠠᠷᠢᠮᠠᠯ ᠤᠨ ᠶᠡᠷᠦᠩᠬᠡᠶ ᠳᠠᠷᠢᠭᠰᠠᠨ ᠲᠠᠯᠠᠪᠠᠶ 671.7 ᠲᠦᠮᠡᠨ ᠮᠥ ᠪᠠᠶᠢᠵᠤ᠂ ᠠᠮᠤ | ᠪᠤᠳᠠᠭᠠᠨ ᠤ ᠶᠡᠷᠦᠩᠬᠡᠶ ᠤᠨᠠᠯᠲᠠ 34.8 ᠳ᠋ᠦᠩᠰᠢᠭᠤᠷ ᠵᠢᠩ ᠳᠤ ᠬᠦᠷᠴᠦ᠂ ︽ᠠᠷᠪᠠᠨ ᠳᠣᠯᠣᠭᠠᠨ ᠵᠢᠯ ᠳᠠᠷᠠᠭᠠᠯᠠᠨ | ᠡᠯᠪᠡᠭ ᠬᠤᠷᠢᠶᠠᠯᠲᠠ︾ ᠶᠢ ᠪᠡᠶᠡᠯᠡᠭᠦᠯᠪᠡ︔ ᠲᠠᠷᠢᠶᠠᠨ ᠭᠠᠵᠠᠷ ᠤᠨ ᠪᠡᠯᠡᠳᠬᠡᠮᠵᠢ ᠶᠢ ᠲᠡᠭᠦᠯᠳᠡᠷᠵᠢᠭᠦᠯᠬᠦ᠂ ᠤᠰᠤ | ᠠᠷᠪᠢᠯᠠᠬᠤ ᠤᠰᠤᠯᠠᠯᠲᠠ ᠶᠢ ᠳᠡᠯᠭᠡᠷᠡᠭᠦᠯᠬᠦ ᠪᠠᠷ ᠬᠠᠷᠠᠯᠲᠠ ᠪᠣᠯᠭᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠥᠲᠥᠭᠡᠨ ᠪᠠᠶᠢᠭᠤᠯᠤᠯᠲᠠ ᠶᠢ 49 ᠲᠦᠮᠡᠨ ᠮᠥ ᠬᠡᠷᠡᠭᠵᠢᠭᠦᠯᠪᠡ︔ ᠢᠳᠡᠰᠢᠨ ᠨᠣᠭᠤᠭ᠎ᠠ ᠳᠠᠷᠢᠬᠤ ᠲᠠᠯᠠᠪᠠᠶ᠂ | ᠭᠠᠷᠤᠯᠲᠠ ᠲᠣᠰ ᠲᠣᠰ 15.9 ᠲᠦᠮᠡᠨ ᠮᠥ᠂ 56.1 ᠲᠦᠮᠡᠨ ᠲᠣᠨ ᠳᠤ ᠬᠥᠷᠪᠡ︔ ᠵᠧᠩ ᠳ᠋ᠡ ᠪᠦᠯᠦᠭᠯᠡᠯ ᠤᠨ | ᠬᠤᠷᠢᠨᠭᠡᠷ ᠰᠢᠶᠠᠨ ᠤ ᠵᠠᠭᠤᠨ ᠲᠦᠮᠡᠨ ᠭᠠᠭ᠋ᠠᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠲᠦᠷᠦᠯ ᠵᠦᠢᠯ | ᠤᠷᠤᠭᠰᠢᠲᠠᠢ ᠶᠠᠪᠤᠭᠳᠠᠵᠤ᠂ ᠵᠢᠯ ᠳᠤ 15 ᠲᠦᠮᠡᠨ ᠭᠠᠭ᠋ᠠᠢ ᠶᠢᠨ ᠭᠠᠷᠭᠠᠯᠲᠠ ᠲᠠᠢ ᠲᠡᠵᠢᠭᠡᠨ ᠦᠷᠡᠵᠢᠭᠦᠯᠬᠦ 3 | ᠬᠦᠷᠢᠶᠡᠯᠡᠩ ᠲᠣᠭᠤᠷᠢᠭ ᠢ ᠪᠠᠶᠢᠭᠤᠯᠪᠠ︔ ︽ᠴᠡᠯᠡᠭᠡᠷ ᠲᠠᠯ᠎ᠠ ᠶᠢᠨ ᠦᠨᠦᠷ ᠠᠮᠲᠠ︾ ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠵᠢᠴᠢ ︽ᠶᠣᠣ ᠱᠠᠩ ᠲᠢᠶᠠᠨ︾ ︽ᠦ᠋ ᠴᠤᠸᠠᠨ ᠤ ᠡᠬᠢ ᠠᠮᠲᠠ︾ | ᠵᠡᠷᠭᠡ ᠳᠡᠳ᠋ ᠲᠥᠷᠥᠯ ᠲᠡᠮᠳᠡᠭᠲᠦ ᠶᠢᠨ ᠨᠡᠷ᠎ᠡ ᠠᠯᠳᠠᠷ ᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠣᠲᠣ | ᠦᠶ᠎ᠡ ᠶᠢᠨ ᠲᠠᠷᠢᠶᠠᠯᠠᠩ ᠤᠨ ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ᠃ | ᠬᠤᠶᠠᠳᠤᠭᠠᠷ ᠠᠵᠤ ᠦᠢᠯᠡᠰ ᠤᠨ ᠲᠠᠯ᠎ᠠ ᠪᠠᠷ᠂ ᠢᠯᠢ ᠶᠢᠨ ᠣᠲᠣ ᠦᠶ᠎ᠡ ᠶᠢᠨ ᠤᠶᠤᠨᠲᠤ ᠡᠷᠡᠭᠦᠯ ᠮᠡᠨᠳᠦ ᠶᠢᠨ | ᠬᠦᠨᠳᠡᠢ᠂ ᠮᠧᠩ ᠨᠢᠦ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠢ ᠤᠷᠤᠭᠰᠢᠲᠠᠶ ᠠᠬᠢᠭᠤᠯᠵᠤ᠂ | ᠢᠯᠢ᠂ ᠮᠧᠩ ᠨᠢᠦ ᠲᠣᠰ ᠲᠣᠰ ᠪᠥᠬᠦ ᠳᠡᠯᠡᠬᠡᠶ ᠶᠢᠨ ᠰᠦ ᠶᠢᠨ ᠦᠢᠯᠡᠰ ᠤᠨ 5 ᠳ᠋ᠤᠭᠠᠷ ᠪᠠ 8 ᠳ᠋ᠤᠭᠠᠷ ᠲᠤ | ᠣᠷᠣᠵᠤ᠂ ︽ᠳᠤᠮᠳᠠᠳᠤ ᠤᠯᠤᠰ ᠤᠨ ᠰᠦ ᠶᠢᠨ ᠦᠢᠯᠡᠰ ᠤᠨ ᠬᠤᠲᠠ︾ ᠶᠢᠨ ᠳᠠᠬᠢᠨ ᠦᠨᠡᠯᠡᠯᠲᠡ ᠶᠢ ᠤᠷᠤᠭᠰᠢᠲᠠᠶ | ᠥᠩᠭᠡᠷᠡᠭᠦᠯᠪᠡ︔ ᠵᠢᠦ ᠲᠠᠢ ᠰᠢᠨ᠎ᠡ ᠮᠠᠲ᠋ᠧᠷᠢᠶᠠᠯ ᠤᠨ 100 ᠲᠦᠮᠡᠨ ᠲᠣᠨ ᠨᠡᠭᠦᠷᠡᠰᠦ ᠪᠠᠷ ᠡᠲ᠋ᠠ ᠬᠤᠶᠠᠷᠴᠢ | ᠠᠯᠺᠣᠣᠯ ᠦᠢᠯᠡᠳᠪᠦᠷᠢᠯᠡᠬᠦ ᠲᠦᠷᠦᠯ ᠵᠦᠢᠯ ᠲᠠᠩ ᠴᠣᠭᠴᠠ ᠶᠢ ᠲᠤᠷᠰᠢᠬᠤ ᠱᠠᠲᠤᠨ ᠳᠤ ᠣᠷᠣᠵᠤ᠂ ᠵᠦᠩ ᠬᠤᠸᠠᠨ | ᠰᠢᠶᠧ ᠰᠢᠨ ᠭᠡᠷᠡᠯ ᠸᠣᠯᠲ ᠤᠨ ᠲᠠᠩ ᠲᠠᠯᠠᠰᠲᠤ ᠴᠠᠬᠢᠭᠤᠷ ᠤᠨ ᠲᠠᠪᠤᠳᠤᠭᠠᠷ ᠬᠤᠭᠤᠴᠠᠭᠠᠨ ᠤ ᠲᠦᠷᠦᠯ ᠵᠦᠢᠯ ᠤᠨ | ᠬᠡᠰᠡᠭ ᠨᠢ ᠠᠰᠢᠭᠯᠠᠯᠲᠠ ᠳᠤ ᠣᠷᠣᠵᠤ᠂ ᠶᠢᠨ ᠢᠦᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ | ᠦᠢᠯᠡᠰ ᠤᠨ ᠬᠦᠷᠢᠶᠡᠯᠡᠩ ᠤᠨ ᠨᠢᠭᠡᠳᠦᠭᠡᠷ ᠬᠤᠭᠤᠴᠠᠭ᠎ᠠ ᠵᠢᠴᠢ ᠳᠡᠭᠡᠳᠦ ᠳᠡᠰ ᠤᠨ ᠠᠮᠢᠳᠤ ᠪᠣᠳᠠᠰ ᠤᠨ ᠠᠮᠤᠷ | ᠲᠦᠪᠰᠢᠨ ᠤ ᠲᠤᠷᠰᠢᠯᠲᠠ ᠶᠢᠨ ᠲᠠᠰᠤᠭ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠶᠢᠨ ᠾᠧ ᠶᠢᠤ ᠪᠧᠨ | ᠠᠮᠢᠲᠠᠨ ᠤ ᠸᠠᠺᠼᠢᠨ ᠤ ᠦᠢᠯᠡᠳᠪᠦᠷᠢᠯᠡᠯ ᠤᠨ ᠰᠠᠭᠤᠷᠢᠨ ᠤ ᠲᠦᠷᠦᠯ ᠵᠦᠢᠯ ᠤᠳᠠᠯ ᠦᠭᠡᠢ ᠲᠤᠷᠰᠢᠨ | ᠦᠢᠯᠡᠳᠪᠦᠷᠢᠯᠡᠬᠦ ᠪᠠᠷ ᠪᠣᠯᠪᠠ︔ ᠤᠯᠤᠰ ᠤᠨ ᠲᠡᠰ ᠤᠨ ᠢᠨᠲ᠋ᠧᠷ ᠰᠦᠯᠵᠢᠶᠡᠨ ᠤ ᠭᠤᠣᠯᠯᠠᠭᠴᠢ ᠰᠢᠭᠤᠳ | ᠬᠤᠯᠪᠣᠯᠲᠠ ᠶᠢᠨ ᠴᠡᠭ ᠢᠶᠠᠷ ᠵᠥᠪᠰᠢᠶᠡᠷᠡᠭᠳᠡᠭᠰᠡᠨ ᠪᠥᠭᠡᠳ ᠨᠡᠪᠲᠡᠷᠡᠭᠦᠯᠦᠨ ᠠᠰᠢᠭᠯᠠᠯᠲᠠ ᠳᠤ ᠣᠷᠣᠭᠤᠯᠵᠤ᠂ | ᠳᠤᠮᠳᠠᠳᠤ ᠤᠯᠤᠰ ᠤᠨ ︽ᠮᠥᠩᠭᠦᠨ ᠭᠦᠢᠯᠭᠡᠭᠡᠨ ᠤ ᠡᠭᠦᠯᠡᠨ ᠬᠥᠨᠳᠡᠢ︾ ᠶᠢᠨ ᠪᠦᠳᠦᠭᠡᠨ ᠪᠠᠶᠢᠭᠤᠯᠤᠯᠲᠠ ᠶᠢ | ᠡᠬᠢᠯᠡᠭᠦᠯᠵᠦ᠂ ᠬᠥᠬᠡ ᠬᠤᠲᠠ ᠶᠢᠨ ᠭᠡᠷᠡᠯ ᠪᠦᠬᠦ ᠤᠯᠤᠰ ᠤᠨ ᠳᠡᠭᠡᠳᠦ ᠴᠢᠳᠠᠮᠵᠢᠲᠤ ᠺᠣᠮᠫᠢᠦ᠋ᠲ᠋ᠧᠷ ᠤᠨ ᠳᠣᠲᠣᠷ᠎ᠠ 4 | ᠳ᠋ᠦ᠋ᠭᠡᠷ ᠲᠤ ᠣᠷᠣᠵᠤ᠂ ᠮᠠᠨ ᠤ ᠤᠯᠤᠰ ᠤᠨ ᠪᠤᠳᠤᠯᠭ᠎ᠠ ᠶᠢᠨ ᠴᠢᠳᠠᠪᠤᠷᠢ ᠪᠠᠷ ᠬᠠᠮᠤᠭ ᠤᠨ ᠴᠢᠩᠭ᠎ᠠ ᠲᠡᠰ ᠠᠴᠠ | ᠳᠠᠪᠠᠭᠰᠠᠨ ᠺᠣᠮᠫᠢᠦ᠋ᠲ᠋ᠧᠷ ᠤᠨ ᠡᠩᠨᠡᠭᠡᠨ ᠳᠤ ᠣᠷᠣᠵᠠᠢ᠃ ᠪᠥᠬᠦ ᠵᠢᠯ ᠳᠤ 100 ᠳ᠋ᠦᠩᠰᠢᠭᠤᠷ ᠲᠥᠭᠦᠷᠢᠭ ᠤᠨ ᠠᠵᠤ | ᠠᠬᠤᠶᠢᠯᠠᠯ 1᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 16 ᠰᠢᠨ᠎ᠡ ᠪᠠᠷ | ᠨᠡᠮᠡᠭᠳᠡᠵᠦ᠂ ᠳᠠᠪᠠᠭᠤᠯᠢᠭ ᠤᠨᠴᠠᠯᠢᠭᠳᠤ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠰᠠᠶᠢᠨ ᠪᠠᠶᠢᠨ᠎ᠠ᠃ | ᠭᠤᠷᠪᠠᠳᠤᠭᠠᠷ ᠠᠵᠤ ᠦᠢᠯᠡᠰ ᠤᠨ ᠲᠠᠯ᠎ᠠ ᠪᠠᠷ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠰᠢᠨ᠎ᠡ ᠪᠠᠷ 4 | ᠨᠡᠮᠡᠭᠳᠡᠭᠦᠯᠵᠦ᠂ ᠠᠷᠠᠳ ᠤᠨ ᠵᠣᠭᠤᠰᠣᠨ ᠤ ᠵᠢᠭᠡᠯᠡᠯᠭᠡ ᠶᠢᠨ ᠦᠯᠡᠳᠡᠪᠦᠷᠢ ᠲᠤᠭ᠎ᠠ 4.5% ᠪᠠᠷ ᠨᠡᠮᠡᠭᠳᠡᠪᠡ︔ ᠵᠢᠩ | ᠳ᠋ᠦᠩ ᠤᠨ ᠠᠽᠢᠶ᠎ᠠ ᠨᠢᠭᠡᠳᠦᠭᠡᠷ ᠨᠡᠷᠡᠮᠵᠢᠲᠦ ᠥᠪᠥᠷ ᠮᠣᠩᠭᠤᠯ ᠤᠨ ᠣᠶᠤᠨᠴᠢ ᠪᠠᠷᠠᠭᠠᠨ ᠤ ᠭᠦᠢᠯᠭᠡᠭᠡᠨ ᠤ | ᠬᠦᠷᠢᠶᠡᠯᠡᠩ ᠢ ᠪᠠᠶᠢᠭᠤᠯᠵᠤ ᠠᠰᠢᠭᠯᠠᠯᠲᠠ ᠳᠤ ᠣᠷᠣᠭᠤᠯᠪᠠ︔ ᠶᠢᠨ ᠴᠢᠶᠣᠤ ᠶᠢᠨ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ ᠤᠯᠤᠰ ᠤᠨ ᠵᠢᠵᠢᠭ ᠪᠢᠴᠢᠯ ᠠᠵᠤ ᠠᠬᠤᠶᠢᠯᠠᠯ ᠤᠨ ︽ᠦᠢᠯᠡᠰ | ᠴᠣᠭᠴᠠᠯᠠᠵᠤ ᠰᠢᠨ᠎ᠡ ᠶᠢ ᠡᠭᠦᠳᠬᠦ︾ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠢᠷᠠᠭᠤ ᠠᠯᠳᠠᠷ ᠢ ᠭᠥᠷᠳᠡᠵᠦ᠂ | ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠰᠦᠯᠵᠢᠶᠡᠨ | ᠭᠠᠳᠠᠨᠠᠬᠢ ᠵᠢᠵᠢᠭᠯᠡᠨ ᠪᠣᠷᠣᠯᠠᠭᠤᠯᠭ᠎ᠠ ᠶᠢᠨ ᠪᠡᠶᠡᠴᠢᠯᠡᠨ ᠣᠶᠢᠯᠠᠭᠠᠬᠤ ᠳᠡᠯᠭᠡᠭᠦᠷ ᠢ ᠪᠠᠶᠢᠭᠤᠯᠤᠨ ᠠᠰᠢᠭᠯᠠᠯᠲᠠ ᠳᠤ | ᠣᠷᠣᠭᠤᠯᠤᠨ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶᠠᠨ ᠤ ᠲᠤᠭ᠎ᠠ 1200 ᠳ᠋ᠦᠩᠰᠢᠭᠤᠷ | ᠲᠥᠭᠦᠷᠢᠭ ᠢ ᠳᠠᠪᠠᠪᠠ︔ ᠬᠤᠸᠠ ᠸᠧᠢ ᠪᠦᠯᠦᠭᠯᠡᠯ ᠤᠨ ᠣᠷᠣᠨ ᠪᠦᠰᠡ ᠶᠢᠨ ᠶᠡᠷᠦᠩᠬᠡᠢ ᠬᠡᠯᠲᠡᠰ ᠵᠡᠷᠭᠡ ᠶᠡᠷᠦᠩᠬᠡᠢ | ᠬᠡᠯᠲᠡᠰ ᠤᠨ ᠰᠠᠭᠤᠷᠢᠨ ᠤ ᠲᠦᠷᠦᠯ ᠵᠦᠢᠯ ᠨᠠᠶᠢᠳᠠᠪᠤᠷᠢᠵᠢᠭᠤᠯᠬᠤ ᠬᠠᠨᠳᠤᠯᠭ᠎ᠠ ᠲᠠᠢ ᠪᠤᠯᠵᠤ᠂ ᠰᠢ ᠪᠧᠢ ᠶᠢᠨ | ᠢᠳᠡᠭᠡᠨ ᠤᠮᠳᠠᠭᠠᠨ ᠤ ᠶᠡᠷᠦᠩᠬᠡᠢ ᠬᠡᠯᠲᠡᠰ ᠤᠨ ᠲᠦᠷᠦᠯ ᠵᠦᠢᠯ ᠢ ᠡᠬᠢᠯᠡᠨ ᠪᠦᠳᠦᠭᠡᠨ ᠪᠠᠶᠢᠭᠤᠯᠪᠠ︔ 4A | ᠲᠠᠰ ᠤᠨ ᠦᠵᠡᠮᠵᠢ ᠶᠢᠨ ᠣᠷᠣᠨ 1᠂ 3A ᠲᠠᠰ ᠤᠨ ᠦᠵᠡᠮᠵᠢ ᠶᠢᠨ ᠣᠷᠣᠨ 3 ᠶᠢ ᠠᠮᠵᠢᠯᠲᠠ ᠲᠠᠢ ᠪᠠᠷ ᠡᠭᠦᠳᠦᠨ | ᠪᠠᠶᠢᠭᠤᠯᠵᠤ᠂ ᠲᠦᠷᠦᠭᠦᠦ ᠪᠦᠯᠦᠭ ᠤᠯᠤᠰ ᠤᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠲᠤᠷᠰᠢᠯᠲᠠ ᠶᠢᠨ | ᠬᠤᠲᠠ ᠪᠠᠷ ᠦᠨᠡᠯᠡᠭᠳᠡᠵᠦ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠦᠷᠭᠦᠯᠵᠢᠯᠡᠨ ᠲᠠᠰ ᠳᠡᠪᠰᠢᠪᠡ᠃ | ︵ᠲᠦᠷᠪᠡ︶ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠪᠠ᠃ ︽ | ᠬᠥᠬᠡᠮᠳᠦᠭ ᠠᠭᠤᠯᠠ ᠶᠢ ᠨᠣᠭᠤᠭᠠᠷᠠᠭᠤᠯᠵᠤ · ᠤᠮᠠᠷᠠᠲᠤ ᠬᠢᠯᠢ ᠶᠢ ᠰᠠᠬᠢᠨ ᠬᠠᠮᠠᠭᠠᠯᠠᠶ᠎ᠠ︾᠂ ᠴᠡᠯᠡᠭᠡᠷ ᠲᠠᠯ᠎ᠠ ᠳᠠᠭᠠᠤ | ᠣᠷᠣᠨ ᠢ ᠳᠡᠭᠡᠭᠰᠢᠯᠡᠭᠦᠯᠬᠦ ᠵᠡᠷᠭᠡ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ | ᠂ 60.6 ᠲᠦᠮᠡᠨ ᠮᠥ ᠣᠶ ᠮᠣᠳᠣ ᠳᠠᠷᠢᠵᠤ᠂ ᠴᠡᠯᠡᠭᠡᠷ ᠲᠠᠯ᠎ᠠ ᠤᠯᠤᠰ ᠤᠨ ᠲᠠᠯ᠎ᠠ ᠨᠤᠲᠤᠭ ᠤᠨ ᠪᠠᠶᠢᠭᠠᠯᠢ ᠶᠢᠨ | ᠴᠡᠴᠡᠷᠯᠢᠭ ᠤᠨ ᠲᠤᠷᠰᠢᠯᠲᠠ ᠶᠢᠨ ᠴᠡᠭ ᠢᠶᠠᠷ ᠰᠣᠩᠭᠤᠭᠳᠠᠵᠤ᠂ ᠰᠢᠨ᠎ᠡ ᠬᠤᠲᠠ ᠲᠣᠭᠤᠷᠢᠭ ︽ᠤᠯᠤᠰ ᠤᠨ ᠠᠮᠢ | ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠣᠭᠤᠷᠢᠭ︾ ᠢ ᠠᠮᠵᠢᠯᠲᠠ ᠲᠠᠢ ᠪᠠᠷ ᠡᠭᠦᠳᠦᠨ | ᠪᠠᠶᠢᠭᠤᠯᠪᠠ᠃ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠵᠠᠰᠠᠯᠲᠠ ᠶᠢ ᠪᠥᠬᠦ | ᠲᠠᠯ᠎ᠠ ᠪᠠᠷ ᠴᠢᠩᠭᠠᠳᠬᠠᠵᠤ᠂ ᠬᠠᠷ᠎ᠠ ᠤᠰᠤ ᠨᠠᠭᠤᠷ᠂ ᠬᠠᠯᠢᠭᠤᠲᠤ ᠤᠰᠤᠨ ᠴᠥᠭᠦᠷᠥᠮ᠂ ᠶᠡᠭᠡ ᠲᠦᠷᠭᠡᠨ ᠭᠤᠤᠯ | ᠵᠡᠷᠭᠡ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠬᠠᠲᠤᠨ ᠭᠤᠤᠯ ᠳᠤ | ᠣᠷᠣᠬᠤ ᠠᠮᠠᠰᠠᠷ ᠤᠨ ᠤᠯᠤᠰ ᠤᠨ ᠡᠵᠡᠮᠳᠡᠯ ᠤᠨ ᠣᠭᠲᠣᠯᠤᠭᠠᠰᠤ ᠶᠢᠨ ᠤᠰᠤᠨ ᠤ ᠴᠢᠨᠠᠷ ᠢ ᠴᠥᠮ ᠪᠠᠷᠢᠮᠵᠢᠶ᠎ᠠ ᠳᠤ | ᠬᠦᠷᠭᠡᠪᠡ᠃ ᠤᠯᠤᠰ ᠤᠨ ᠲᠠᠰ ᠤᠨ ᠪᠣᠬᠢᠷᠲᠤᠯ ᠥᠬᠡᠶ ᠦᠢᠯᠡᠳᠪᠦᠷᠢ 5᠂ ᠥᠪᠡᠷᠲᠡᠭᠡᠨ ᠵᠠᠰᠠᠬᠤ ᠣᠷᠣᠨ ᠤ | ᠲᠠᠰ ᠤᠨ ᠪᠣᠬᠢᠷᠲᠤᠯ ᠥᠬᠡᠶ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ 2᠂ ᠦᠢᠯᠡᠳᠪᠦᠷᠢ 5 ᠶᠢ | ᠪᠠᠶᠢᠭᠤᠯᠵᠤ᠂ ᠪᠣᠬᠢᠷᠲᠤᠯ ᠥᠬᠡᠶ ᠠᠭᠤᠷᠬᠠᠶ ᠶᠢ 6 ᠶᠢ ᠰᠢᠨ᠎ᠡ ᠪᠠᠷ ᠪᠠᠶᠢᠭᠤᠯᠵᠤ᠂ ᠪᠣᠬᠢᠷᠲᠤᠯ ᠥᠬᠡᠶ ᠬᠡᠯᠪᠡᠷᠢ ᠪᠠᠨ | ᠬᠤᠪᠢᠷᠠᠭᠤᠯᠤᠨ ᠬᠥᠭᠵᠢᠭᠦᠯᠬᠦ ᠦᠷ᠎ᠡ ᠪᠦᠲᠦᠮᠵᠢ ᠠᠩᠬ᠎ᠠ ᠠᠯᠬᠤᠮ ᠢᠯᠡᠷᠡᠪᠡ᠃ | ︵ᠲᠠᠪᠤ︶ ᠬᠥᠭᠵᠢᠯᠲᠡ ᠶᠢᠨ ᠰᠠᠭᠤᠷᠢ ᠨᠠᠩ ᠯᠠᠪᠳᠠᠭᠤᠨ ᠪᠠᠲᠤᠲᠠᠶ ᠪᠣᠯᠪᠠ᠃ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠠᠴᠢᠶᠠᠯᠠᠪᠤᠷᠢ ᠶᠢ ᠲᠦᠷᠭᠡᠨ ᠪᠠᠶᠢᠭᠤᠯᠵᠤ᠂ ᠤᠯᠤᠰ ᠤᠨ ᠳᠠᠩᠰᠠᠯᠠᠭᠤᠯᠤᠭᠰᠠᠨ | ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ 3᠂ ᠥᠪᠡᠷᠲᠡᠭᠡᠨ ᠵᠠᠰᠠᠬᠤ ᠣᠷᠣᠨ ᠤ ᠲᠠᠰ ᠤᠨ ᠣᠴᠢ | ᠲᠥᠯᠥᠪᠯᠡᠭᠡ ᠪᠠᠷ ᠰᠢᠨ᠎ᠡ ᠶᠢ ᠡᠭᠦᠳᠴᠦ ᠦᠢᠯᠡᠰ ᠴᠣᠭᠴᠠᠯᠠᠬᠤ ᠣᠷᠣᠨ ᠵᠠᠶ 3᠂ ᠥᠪᠡᠷᠲᠡᠭᠡᠨ ᠵᠠᠰᠠᠬᠤ ᠣᠷᠣᠨ ᠤ | ᠲᠠᠰ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ 7᠂ ᠥᠪᠡᠷᠲᠡᠭᠡᠨ ᠵᠠᠰᠠᠬᠤ ᠣᠷᠣᠨ ᠤ ᠠᠺᠠᠳᠧᠮᠢᠴᠢ | ᠲᠤᠰᠬᠠᠶ ᠮᠡᠷᠭᠡᠵᠢᠯᠲᠡᠨ ᠤ ᠠᠵᠢᠯ ᠤᠨ ᠥᠷᠲᠡᠭᠡ 2 ᠢ ᠪᠣᠶᠢᠵᠢᠭᠤᠯᠵᠤ᠂ ᠬᠥᠬᠡᠬᠤᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠲᠥᠪ ᠵᠢᠩᠬᠢᠨᠢ ᠪᠠᠷ ᠠᠵᠢᠯᠯᠠᠪᠠ︔ ᠳᠤᠮᠳᠠᠳᠤ ᠤᠯᠤᠰ ᠤᠨ ᠰᠢᠨᠵᠢᠯᠡᠬᠦ | ᠤᠬᠠᠭᠠᠨ ᠤ ᠬᠦᠷᠢᠶᠡᠯᠡᠩ᠂ ᠴᠢᠩᠬᠤᠸᠠ ᠶᠡᠭᠡ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠶᠢᠨ ᠬᠦᠷᠢᠶᠡᠯᠡᠩ | ᠭᠠᠵᠠᠷ ᠯᠤᠭ᠎ᠠ 72 ᠵᠦᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠲᠥᠷᠥᠯ ᠵᠦᠢᠯ ᠢ | ᠥᠷᠨᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠥᠲᠥᠯᠥᠨ ᠳᠠᠭᠠᠭᠤᠯᠬᠤ ᠦᠢᠯᠡᠳᠦᠯ ᠢ ᠤᠯᠠᠮ ᠨᠢᠭᠡ ᠠᠯᠬᠤᠮ | ᠴᠢᠩᠭᠠᠳᠬᠠᠪᠠ᠃ ᠪᠥᠬᠦ ᠵᠢᠯ ᠳᠤ 5000 ᠲᠦᠮᠡᠨ ᠲᠥᠭᠦᠷᠢᠭ ᠠᠴᠠ ᠳᠡᠭᠡᠭᠰᠢᠬᠢ ᠵᠠᠰᠠᠭ ᠤᠨ ᠣᠷᠳᠣᠨ ᠤ ᠪᠠᠯᠠ | ᠣᠷᠣᠭᠤᠯᠤᠯᠲᠠ ᠪᠠ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ | 255 ᠲᠥᠷᠥᠯ ᠵᠦᠢᠯ ᠢ ᠬᠡᠷᠡᠭᠵᠢᠭᠦᠯᠵᠦ᠂ 60.8 ᠳ᠋ᠦᠩᠰᠢᠭᠤᠷ ᠲᠥᠭᠦᠷᠢᠭ ᠤᠨ ᠲᠤᠰᠬᠠᠶ ᠵᠦᠢᠯ ᠤᠨ | ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢ ᠴᠢᠷᠮᠠᠶᠢᠨ ᠣᠯᠵᠤ᠂ ᠪᠠᠯᠠ ᠣᠷᠣᠭᠤᠯᠤᠯᠲᠠ ᠶᠢᠨ ᠡᠷᠴᠢᠮ ᠢ | ᠦᠷᠭᠦᠯᠵᠢᠯᠡᠨ ᠴᠢᠩᠭᠠᠷᠠᠭᠤᠯᠪᠠ᠃ ︽ᠬᠡᠷᠡᠭᠯᠡᠭᠡ ᠶᠢ ᠠᠬᠢᠭᠤᠯᠬᠤ ᠵᠠᠭᠤᠨ ᠡᠳᠦᠷ︾ ︽ᠣᠷᠣᠨ ᠤ ᠲᠥᠪ ᠤᠨ | ᠬᠡᠷᠡᠭᠯᠡᠭᠡᠨ ᠤ ᠤᠯᠠᠷᠢᠯ︾ ᠵᠡᠷᠭᠡ ᠠᠵᠢᠯᠯᠠᠭ᠎ᠠ ᠶᠢ ᠥᠷᠨᠢᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠶᠡᠷᠦᠩᠬᠡᠶ ᠲᠤᠭ᠎ᠠ ᠪᠠ ᠨᠡᠮᠡᠭᠳᠡᠯ ᠤᠨ ᠬᠤᠷᠳᠤᠴᠠ ᠨᠢ ᠴᠥᠮ ᠪᠥᠬᠦ ᠣᠷᠣᠨ ᠤ ᠨᠢᠭᠡᠳᠦᠭᠡᠷ ᠲᠤ | ᠣᠷᠣᠪᠠ᠃ ᠪᠥᠬᠦ ᠬᠤᠲᠠ ᠶᠢᠨ 10 ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ 7 ᠪᠣᠯᠭᠠᠨ | ᠰᠢᠯᠢᠳᠡᠭᠵᠢᠭᠦᠯᠦᠨ ᠨᠡᠶᠢᠯᠡᠭᠦᠯᠵᠦ᠂ 1 ᠳ᠋ᠦᠩᠰᠢᠭᠤᠷ ᠲᠥᠭᠦᠷᠢᠭ ᠤᠨ ᠲᠤᠰᠬᠠᠶ ᠪᠠᠯᠠ ᠮᠥᠩᠭᠦ ᠭᠠᠷᠭᠠᠨ ᠬᠦᠷᠢᠶᠡᠯᠡᠩ | ᠲᠣᠭᠤᠷᠢᠭ ᠤᠨ ᠬᠥᠭᠵᠢᠯᠲᠡ ᠶᠢ ᠳᠡᠮᠵᠢᠵᠦ᠂ ᠬᠥᠬᠡᠬᠤᠲᠠ ᠶᠢᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ | ᠲᠣᠭᠤᠷᠢᠭ ᠨᠢ ᠤᠯᠤᠰ ᠤᠨ ᠲᠠᠰ ᠤᠨ ᠨᠡᠭᠡᠭᠡᠯᠲᠡ ᠶᠢᠨ ᠲᠣᠭᠤᠷᠢᠭ ᠤᠨ ᠶᠡᠷᠦᠩᠬᠡᠶᠢᠯᠡᠭᠰᠡᠨ ᠦᠨᠡᠯᠡᠯᠲᠡ ᠳᠤ ᠠᠩᠬ᠎ᠠ | ᠤᠳᠠᠭ᠎ᠠ ᠳᠤᠮᠳᠠᠭᠤᠷ ᠪᠠᠶᠢᠷᠢᠨ ᠳᠤ ᠣᠷᠣᠪᠠ᠃ | ︵ᠵᠢᠷᠭᠤᠭ᠎ᠠ︶ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠤᠯᠠᠮ | ᠨᠢᠭᠡ ᠠᠯᠬᠤᠮ ᠳᠡᠭᠡᠭᠰᠢᠯᠡᠭᠦᠯᠪᠡ᠃ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢᠨ ᠶᠡᠷᠦᠩᠬᠡᠶ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠬᠤᠳᠠ ᠶᠢᠨ | ᠲᠣᠭᠤᠷᠢᠭ ᠤᠨ ᠡᠵᠡᠮᠳᠡᠯ ᠤᠨ ᠴᠢᠨᠠᠷᠲᠠᠶ ᠨᠠᠷᠢᠨ ᠲᠣᠭᠲᠠᠭᠠᠯ ᠢ ᠨᠡᠶᠢᠳᠡᠮ ᠬᠡᠷᠡᠭᠵᠢᠭᠦᠯᠪᠡ᠃ ᠪᠠᠶᠢᠭᠤᠯᠵᠤ | ᠳᠠᠭᠤᠰᠬᠠᠭᠰᠠᠨ ᠲᠣᠭᠤᠷᠢᠭ ᠤᠨ 3 ᠵᠤᠷᠪᠤᠰ ᠭᠤᠤᠯ ᠵᠠᠮ ᠢ ᠥᠭᠡᠷᠡᠴᠢᠯᠡᠨ ᠳᠡᠭᠡᠭᠰᠢᠯᠡᠭᠦᠯᠬᠦ ᠢᠨᠵᠧᠨᠧᠷᠢᠩ ᠢ | ᠦᠨᠳᠦᠰᠦᠨ ᠳᠡᠭᠡᠨ ᠳᠠᠭᠤᠰᠬᠠᠵᠤ᠂ ᠤᠯᠤᠰ ᠤᠨ ᠵᠠᠮ ᠤᠨ 209 ᠱᠤᠭᠤᠮ ᠤᠨ ᠬᠥᠬᠡᠬᠤᠲᠠ ᠠᠴᠠ ᠦᠴᠤᠸᠠᠨ | ᠬᠥᠷᠬᠦ ᠬᠡᠰᠡᠭ᠂ ᠤᠯᠤᠰ ᠤᠨ ᠵᠠᠮ ᠤᠨ 110 ᠱᠤᠭᠤᠮ ᠤᠨ ᠯᠦᠸᠧ ᠵᠢᠶᠠ ᠶᠢᠩ ᠠᠴᠠ ᠪᠢᠴᠢᠭᠡᠴᠢ ᠬᠥᠷᠬᠦ | ᠬᠡᠰᠡᠭ ᠢ ᠪᠠᠶᠢᠭᠤᠯᠵᠤ ᠳᠠᠭᠤᠰᠬᠠᠭᠠᠳ ᠲᠡᠷᠭᠡ ᠨᠡᠪᠲᠡᠷᠡᠪᠡ︔ 72 ᠬᠠᠭᠤᠴᠢᠨ ᠬᠤᠷᠢᠶᠠᠯᠠᠯ ᠤᠨ ᠥᠭᠡᠷᠡᠴᠢᠯᠡᠯᠲᠡ ᠶᠢ | ᠪᠡᠶᠡᠯᠡᠭᠦᠯᠪᠡ︔ 59 ᠺᠢᠯᠣᠮᠧᠲᠷ ᠤᠨ ᠬᠠᠭᠤᠴᠢᠷᠬᠠᠰᠠᠨ ᠰᠢᠲᠠᠮᠠᠬᠠᠶ ᠬᠡᠶ ᠶᠢᠨ ᠬᠤᠭᠤᠯᠠᠶ ᠶᠢᠨ ᠲᠣᠤᠷ ᠤᠨ | ᠥᠭᠡᠷᠡᠴᠢᠯᠡᠯᠲᠡ ᠶᠢ ᠬᠡᠷᠡᠭᠵᠢᠭᠦᠯᠵᠦ᠂ 36.4 ᠺᠢᠯᠣᠮᠧᠲᠷ ᠤᠨ ᠢᠯᠴᠢ ᠬᠠᠩᠭᠠᠬᠤ ᠬᠤᠭᠤᠯᠠᠶ ᠶᠢᠨ ᠲᠣᠤᠷ ᠢ | ᠬᠤᠯᠪᠣᠯᠳᠤᠭᠤᠯᠤᠨ ᠨᠡᠪᠲᠡᠷᠡᠭᠦᠯᠪᠡ︔ ᠤᠨᠴᠠᠯᠢᠬᠳᠤ ᠦᠵᠡᠮᠵᠢ ᠶᠢᠨ 9 ᠵᠡᠭᠡᠯᠢ ᠭᠤᠳᠤᠮᠵᠢ ᠶᠢ ᠪᠠᠶᠢᠭᠤᠯᠵᠤ᠂ | ᠬᠤᠲᠠ ᠶᠢᠨ ᠴᠢᠳᠠᠪᠬᠢ ᠶᠢ ᠨᠠᠩ ᠲᠡᠭᠦᠯᠳᠡᠷᠵᠢᠭᠦᠯᠪᠡ᠃ ᠬᠤᠲᠠ ᠶᠢᠨ ᠲᠣᠭᠤᠷᠢᠭ ᠤᠨ ᠪᠣᠶ ᠪᠥᠬᠦᠶ ᠬᠤᠷᠢᠶᠠᠯᠠᠯ ᠳᠤ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠥᠷᠨᠢᠭᠦᠯᠪᠡ︔ 4341 ᠭᠡᠷ ᠤᠨ ᠭᠠᠳᠠᠨᠠᠬᠢ | ᠵᠠᠷ ᠤᠨ ᠫᠠᠶᠢᠰᠠ ᠶᠢ ᠴᠡᠪᠡᠷᠯᠡᠪᠡ︔ ᠨᠡᠶᠢᠭᠡᠮ ᠲᠣᠭᠤᠷᠢᠭ᠂ ᠭᠠᠶᠢᠯᠢ ᠶᠢᠨ ᠶᠠᠪᠤᠳᠠᠯ ᠤᠨ ᠲᠢᠩᠬᠢᠮ ᠳᠤ ᠥᠯᠥ | ᠬᠥᠳᠡᠯᠬᠦ ᠬᠥᠷᠥᠩᠭᠡ ᠶᠢᠨ ᠲᠥᠷᠥᠯ ᠵᠦᠢᠯ ᠢ ᠡᠷᠦᠬᠡ ᠬᠤᠪᠢᠶᠠᠨ ᠭᠥᠯᠢᠶᠡᠨ ᠠᠪᠴᠤ ᠰᠢᠢᠳᠪᠦᠷᠢᠯᠡᠬᠦ ᠥᠷᠲᠡᠭᠡ ᠶᠢ | 60 ᠪᠠᠶᠢᠭᠤᠯᠵᠤ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ︽ᠰᠥᠨᠢ ᠶᠢᠨ ᠵᠠᠬ᠎ᠠ︾ ᠶᠢᠨ | ᠦᠢᠯᠡᠴᠢᠯᠡᠭᠡ ᠶᠢ ᠥᠷᠨᠢᠭᠦᠯᠵᠦ᠂ ︽ᠦᠨᠡᠮᠯᠡᠯ ᠠᠪᠬᠤ ᠳᠤ ᠬᠦᠴᠢᠷ᠂ ᠪᠤᠴᠠᠵᠤ ᠨᠡᠭᠦᠬᠦ ᠳᠤ ᠬᠦᠴᠢᠷ᠂ ᠣᠷᠣᠵᠤ | ᠰᠠᠭᠤᠬᠤ ᠳᠤ ᠬᠦᠴᠢᠷ︾ ᠲᠥᠷᠥᠯ ᠵᠦᠢᠯ ᠢ 275᠂ 20.88 ᠲᠦᠮᠡᠨ ᠢᠵᠢ ᠶᠢ ᠰᠢᠢᠳᠪᠦᠷᠢᠯᠡᠪᠡ︔ 500 | ᠴᠠᠬᠢᠯᠭᠠᠨ ᠬᠥᠳᠡᠯᠭᠡᠭᠦᠷᠲᠦ ᠨᠡᠶᠢᠲᠡ ᠶᠢᠨ ᠮᠠᠰᠢᠨ ᠲᠡᠷᠭᠡ ᠬᠤᠳᠠᠯᠳᠤᠨ ᠠᠪᠴᠤ᠂ ᠨᠡᠶᠢᠲᠡ ᠶᠢᠨ ᠮᠠᠰᠢᠨ ᠲᠡᠷᠭᠡᠨ ᠤ | ᠱᠤᠭᠤᠮ 21 ᠶᠢ ᠰᠢᠨ᠎ᠡ ᠪᠠᠷ ᠨᠡᠪᠲᠡᠷᠡᠭᠦᠯᠦᠨ᠂ 38 ᠵᠠᠮ ᠱᠤᠭᠤᠮ ᠢ ᠳᠣᠭᠢᠷᠠᠭᠤᠯᠤᠨ ᠰᠢᠯᠢᠳᠡᠭᠵᠢᠭᠦᠯᠵᠦ᠂ ︽ | ᠤᠯᠤᠰ ᠤᠨ ᠨᠡᠶᠢᠲᠡ ᠶᠢᠨ ᠵᠠᠮ ᠬᠠᠷᠢᠯᠴᠠᠭᠠᠨ ᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ | ᠬᠤᠲᠠ︾ ᠶᠢᠨ ᠢᠷᠠᠭᠤ ᠠᠯᠳᠠᠷ ᠢ ᠭᠥᠷᠳᠡᠪᠡ︔ ︽ᠤᠶᠤᠨᠲᠤ ᠬᠥᠬᠡ ᠬᠤᠲᠠ︾ ᠶᠢᠨ ᠨᠢᠭᠡᠳᠦᠭᠡᠷ ᠬᠤᠭᠤᠴᠠᠭᠠᠨ ᠤ | ᠲᠥᠷᠥᠯ ᠵᠦᠢᠯ ᠢ ᠬᠡᠷᠡᠭᠵᠢᠭᠦᠯᠵᠦ᠂ ᠪᠥᠬᠦ ᠣᠷᠣᠨ ᠤ ᠠᠩᠬᠠᠳᠠᠭᠴᠢ ᠬᠤᠲᠠ ᠶᠢᠨ ᠶᠡᠭᠡ ᠲᠠᠷᠢᠬᠢ ᠶᠢ | ᠠᠰᠢᠭᠯᠠᠯᠲᠠ ᠳᠤ ᠣᠷᠣᠭᠤᠯᠤᠨ ᠠᠵᠢᠯᠯᠠᠭᠤᠯᠪᠠ︔ ᠪᠥᠬᠦ ᠨᠡᠶᠢᠭᠡᠮ ᠤᠨ ᠬᠦᠴᠦᠨ ᠢ ᠵᠣᠬᠢᠶᠠᠨ ᠪᠠᠶᠢᠭᠤᠯᠤᠨ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠳᠤ ᠣᠷᠣᠯᠴᠠᠭᠤᠯᠤᠨ᠂ ᠡᠷᠡᠭᠦᠯ ᠮᠡᠨᠳᠦ ᠶᠢᠨ | ᠬᠥᠮᠦᠵᠢᠯ᠂ ᠡᠷᠡᠭᠦᠯ ᠮᠡᠨᠳᠦ ᠶᠢᠨ ᠠᠬᠢᠭᠤᠯᠤᠯ᠂ ᠬᠤᠲᠠ ᠶᠢᠨ ᠳᠦᠷᠢ ᠲᠥᠷᠬᠦ ᠣᠷᠴᠢᠨ ᠲᠣᠭᠤᠷᠢᠨ ᠤ ᠠᠷᠢᠭᠤᠨ | ᠴᠡᠪᠡᠷ ᠪᠥᠬᠦ ᠲᠠᠯ᠎ᠠ ᠪᠠᠷ ᠳᠡᠭᠡᠭᠰᠢᠯᠡᠵᠦ᠂ ᠤᠯᠤᠰ ᠤᠨ ᠬᠢᠨᠠᠨ ᠰᠢᠯᠭᠠᠵᠤ ᠰᠢᠯᠭᠠᠨ ᠠᠪᠬᠤ ᠶᠢ ᠤᠷᠤᠭᠰᠢᠲᠠᠶ | ᠥᠩᠭᠡᠷᠡᠭᠦᠯᠦᠭᠡᠳ ︽ᠤᠯᠤᠰ ᠤᠨ ᠡᠷᠡᠭᠦᠯ ᠬᠠᠮᠠᠭᠠᠯᠠᠯ ᠤᠨ ᠬᠤᠲᠠ︾ ᠭᠡᠬᠦ ᠡᠨᠡ ᠬᠦ ᠰᠠᠶᠢᠬᠠᠨ ᠨᠡᠷ᠎ᠡ ᠶᠢᠨ | ᠬᠠᠭᠤᠳᠠᠰᠤ ᠶᠢ ᠠᠮᠵᠢᠯᠲᠠ ᠲᠠᠢ ᠣᠯᠤᠭᠰᠠᠨ ᠪᠠᠶᠢᠨ᠎ᠠ᠃ | ︵ᠳᠣᠯᠤᠭ᠎ᠠ︶ ᠥᠭᠡᠷᠡᠴᠢᠯᠡᠯᠲᠡ ᠨᠡᠭᠡᠭᠡᠯᠲᠡ ᠲᠠᠰᠤᠷᠠᠯᠲᠠ ᠥᠬᠡᠶ ᠭᠦᠨᠵᠡᠭᠡᠶᠢᠷᠡᠪᠡ᠃ ᠳᠤᠮᠳᠠᠳᠤ ᠤᠯᠤᠰ ︵ | ᠬᠥᠬᠡᠬᠤᠲᠠ︶ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ | ᠲᠤᠷᠰᠢᠯᠲᠠ ᠶᠢᠨ ᠣᠷᠣᠨ ᠨᠢ ᠠᠰᠢᠭᠯᠠᠯᠲᠠ ᠳᠤ ᠣᠷᠣᠵᠤ᠂ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ | ᠪᠠᠲᠤᠯᠠᠬᠤ ᠣᠷᠣᠨ ᠨᠢ ᠪᠣᠭᠤᠮᠲᠠ ᠶᠢᠨ ᠶᠡᠷᠦᠩᠬᠡᠶ ᠵᠠᠬᠢᠷᠭ᠎ᠠ ᠶᠢᠨ ᠴᠤᠬᠤᠯᠠᠪᠤᠷᠢᠯᠠᠵᠤ ᠰᠢᠯᠭᠠᠨ ᠠᠪᠬᠤ ᠶᠢ | ᠥᠩᠭᠡᠷᠡᠭᠡᠵᠦ᠂ ᠪᠥᠬᠦ ᠬᠤᠲᠠ ᠶᠢᠨ ᠡᠳ᠋ ᠪᠠᠷᠠᠭᠠᠨ ᠤ ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ | ᠳᠤ ᠭᠠᠷᠭᠠᠬᠤ ᠶᠡᠷᠦᠩᠬᠡᠶ ᠲᠤᠭ᠎ᠠ ᠶᠢ 147 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠬᠥᠬᠡᠬᠤᠲᠠ ᠪᠤᠭᠤᠲᠤ | ᠣᠷᠳᠣᠰ ᠲᠡᠮᠡᠭᠡᠲᠦ ᠶᠢᠨ ᠬᠤᠲᠠ ᠶᠢᠨ ᠰᠦᠷᠦᠭᠵᠢᠯ ᠵᠢᠴᠢ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠢ | ᠬᠠᠮᠵᠢᠯᠴᠠᠨ ᠬᠥᠭᠵᠢᠭᠦᠯᠬᠦ ᠨᠠᠮ ᠵᠠᠰᠠᠭ ᠤᠨ ᠬᠠᠮᠲᠤᠷᠠᠭᠰᠠᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ | ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ 31 ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ《 | ᠳᠥᠷᠪᠡᠨ ᠬᠤᠲᠠ ᠳᠤ ᠨᠡᠶᠢᠳᠡᠮ ᠭᠦᠶᠴᠡᠳᠬᠡᠬᠦ 》 ᠶᠢ ᠪᠡᠶᠡᠯᠡᠭᠦᠯᠵᠦ᠂ ᠬᠠᠲᠤᠨ ᠭᠤᠤᠯ ᠳᠠᠭᠠᠤ ᠶᠢᠨ 6 ᠮᠤᠵᠢ ᠶᠢᠨ | ᠲᠥᠪ ᠬᠤᠲᠠ ᠯᠤᠭ᠎ᠠ ᠬᠤᠳᠠᠯᠳᠤᠭᠠᠨ ᠤ ᠶᠠᠪᠤᠳᠠᠯ ᠤᠨ ᠳᠡᠩᠰᠡᠯᠡᠨ ᠲᠡᠮᠳᠡᠭᠯᠡᠬᠦ ᠶᠢ《 ᠮᠤᠵᠢ ᠠᠯᠤᠰᠯᠠᠨ ᠨᠡᠶᠢᠳᠡᠮ | ᠭᠦᠶᠴᠡᠳᠬᠡᠬᠦ 》 ᠶᠢ ᠪᠡᠶᠡᠯᠡᠭᠦᠯᠪᠡ᠃ ᠪᠡᠭᠡᠵᠢᠩ᠂ ᠬᠠᠩᠵᠧᠦ᠂ ᠴᠢᠩᠳᠣᠤ᠂ ᠱᠧᠨᠵᠧᠨ ᠵᠡᠷᠭᠡ ᠭᠠᠵᠠᠷ ᠲᠤ ᠲᠣᠮᠣ | ᠬᠡᠯᠪᠡᠷᠢ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯᠯᠠᠭ᠎ᠠ ᠶᠢ 11 ᠤᠳᠠᠭ᠎ᠠ ᠥᠷᠨᠢᠭᠦᠯᠵᠦ᠂ 83 | ᠲᠥᠷᠥᠯ ᠵᠦᠶᠯ ᠢ ᠭᠡᠷ᠎ᠡ ᠲᠣᠭᠲᠠᠨ ᠨᠠᠶᠢᠳᠠᠪᠤᠷᠢᠵᠢᠭᠤᠯᠵᠤ᠂ ᠨᠡᠭᠡᠭᠡᠯᠲᠡ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ | ᠥᠷᠭᠡᠳᠬᠡᠪᠡ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠭᠤᠷᠪᠠᠨ ᠵᠢᠯ ᠤᠨ ᠠᠵᠢᠯᠯᠠᠭᠠᠨ | ᠤ ᠲᠥᠯᠥᠪᠯᠡᠭᠡ ᠶᠢ ᠬᠡᠷᠡᠭᠵᠢᠭᠦᠯᠵᠦ᠂ ᠠᠷᠠᠳ ᠲᠤ ᠲᠥᠬᠦᠮ ᠦᠵᠡᠭᠦᠯᠦᠨ ᠠᠵᠤ ᠠᠬᠤᠶᠢᠯᠠᠯ ᠳᠤ ᠠᠰᠢᠭ ᠬᠦᠷᠲᠡᠭᠡᠬᠦ | 9 ᠵᠤᠷᠪᠤᠰ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ᠬᠤᠲᠠ ᠶᠢᠨ ᠲᠣᠰ ᠱᠠᠲᠤᠨ ᠤ ᠵᠠᠰᠠᠭ ᠵᠠᠬᠢᠷᠭᠠᠨ ᠤ | ᠡᠷᠬᠡ ᠶᠢ 44% ᠪᠠᠷ ᠪᠠᠭᠠᠰᠬᠠᠵᠤ᠂ ᠠᠵᠤ ᠠᠬᠤᠶᠢᠯᠠᠯ ᠨᠡᠭᠡᠭᠡᠨ ᠡᠷᠭᠢᠯᠡᠬᠦ ᠴᠠᠭ ᠢ 1 ᠠᠵᠢᠯᠯᠠᠬᠤ ᠡᠳᠦᠷ ᠪᠣᠯᠭᠠᠨ | ᠪᠣᠭᠤᠨᠢᠰᠬᠠᠵᠤ᠂ 202 ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ︽ᠶᠡᠬᠡᠳᠡᠬᠦ ᠳᠤ ᠪᠠᠨ ᠨᠢᠭᠡ ᠯᠡ | ᠤᠳᠠᠭ᠎ᠠ ᠭᠦᠶᠦᠯᠭᠡᠬᠦ︾ ᠶᠢ ᠪᠡᠶᠡᠯᠡᠭᠦᠯᠵᠦ᠂ ᠪᠥᠬᠦ ᠣᠷᠣᠨ ᠤ ︽ᠪᠠᠭᠤᠯᠭᠠᠬᠤ ᠬᠠᠮᠢᠶᠠᠷᠬᠤ ᠦᠶᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠮᠵᠢᠯᠲᠠ ᠪᠦᠲᠦᠮᠵᠢ ᠶᠢᠨ | ᠬᠢᠨᠠᠨ ᠰᠢᠯᠭᠠᠯᠲᠠ ᠳᠤ ᠨᠢᠭᠡᠳᠦᠭᠡᠷ ᠲᠤ ᠣᠷᠣᠵᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠬᠢᠯᠡᠬᠦ | ᠣᠷᠴᠢᠨ ᠨᠥᠬᠦᠴᠡᠯ ᠤᠨ ᠦᠨᠡᠯᠡᠯᠲᠡ ᠳᠤ 2019 ᠣᠨ ᠳᠤ ᠰᠡᠭᠦᠯ ᠠᠴᠠ ᠨᠢ ᠨᠢᠭᠡᠳᠦᠭᠡᠷ ᠲᠤ ᠣᠷᠣᠵᠤ | ᠪᠠᠶᠢᠭᠰᠠᠨ ᠠᠴᠠ ᠪᠠᠨ ᠳᠡᠭᠡᠭᠰᠢᠯᠡᠭᠡᠳ 2020 ᠣᠨ ᠳᠤ ᠡᠮᠦᠨ᠎ᠡ ᠠᠴᠠ ᠨᠢ ᠬᠤᠶᠠᠳᠤᠭᠠᠷ ᠲᠤ ᠣᠷᠣᠪᠠ᠃ | ︵ᠨᠠᠶᠮᠠ︶ ᠠᠷᠠᠳ ᠤᠨ ᠠᠮᠢᠳᠤᠷᠠᠯ ᠨᠡᠶᠢᠭᠡᠮ ᠤᠨ ᠦᠶᠯᠡᠰ ᠪᠥᠬᠦ ᠲᠠᠯ᠎ᠠ ᠪᠠᠷ ᠳᠡᠪᠰᠢᠪᠡ᠃ ᠡᠩ ᠤᠨ ᠣᠯᠠᠨ | ᠨᠡᠶᠢᠲᠡ ᠶᠢᠨ ᠲᠥᠰᠦᠪ ᠤᠨ ᠵᠠᠷᠤᠯᠭ᠎ᠠ ᠳᠠᠬᠢ ᠠᠷᠠᠳ ᠤᠨ ᠠᠮᠢᠳᠤᠷᠠᠯ ᠤᠨ ᠣᠷᠣᠭᠤᠯᠤᠯᠲᠠ ᠶᠢᠨ ᠡᠵᠡᠯᠡᠬᠦ ᠬᠠᠷᠢᠴᠠᠯ | 70 % ᠶᠢ ᠳᠠᠪᠠᠵᠤ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ | ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 49789 ᠲᠥᠭᠦᠷᠢᠭ ᠪᠠ 20489 ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 0.8% ᠪᠠ 8% ᠪᠠᠷ ᠨᠡᠮᠡᠭᠳᠡᠵᠦ᠂ ᠬᠤᠲᠠ ᠪᠠᠯᠭᠠᠰᠤ ᠶᠢᠨ ᠰᠢᠨ᠎ᠡ ᠪᠠᠷ | ᠨᠡᠮᠡᠭᠳᠡᠭᠰᠡᠨ ᠠᠵᠢᠯ ᠣᠯᠭᠤᠯᠲᠠ ᠨᠡᠶᠢᠲᠡ 4.74 ᠲᠦᠮᠡᠨ ᠬᠥᠮᠦᠨ ᠳᠤ ᠬᠦᠷᠴᠦ᠂ ᠬᠥᠳᠡᠭᠡ ᠲᠣᠰᠬᠤᠨ ᠤ | ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠭᠰᠠᠨ ᠨᠢ 27.77 ᠲᠦᠮᠡᠨ ᠬᠥᠮᠦᠨ ᠳᠤ ᠬᠥᠷᠪᠡ᠃ | ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ 19 ᠰᠠᠭᠤᠷᠢ ᠰᠢᠨ᠎ᠡ ᠪᠠᠷ ᠪᠠᠶᠢᠭᠤᠯᠤᠭᠰᠠᠨ ᠪᠠ | ᠥᠭᠡᠷᠡᠴᠢᠯᠡᠵᠦ ᠥᠷᠭᠡᠳᠬᠡᠨ ᠪᠠᠶᠢᠭᠤᠯᠵᠤ᠂ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠪᠠ ᠲᠦᠭᠡᠮᠡᠯ | ᠬᠠᠷᠠᠭᠠᠯᠵᠠᠯ ᠤᠨ ᠬᠡᠦᠬᠡᠳ ᠤᠨ ᠴᠡᠴᠡᠷᠯᠢᠭ ᠤᠨ ᠴᠡᠴᠡᠷᠯᠢᠭ ᠲᠤ ᠰᠠᠭᠤᠭ᠎ᠠ ᠬᠡᠦᠬᠡᠳ ᠤᠨ ᠡᠵᠡᠯᠡᠬᠦ ᠬᠠᠷᠢᠴᠠᠯ ᠨᠢ | ᠤᠯᠤᠰ ᠠᠴᠠ ᠱᠠᠭᠠᠷᠳᠠᠭᠰᠠᠨ ᠪᠠᠷᠢᠮᠵᠢᠶ᠎ᠠ ᠳᠤ ᠬᠦᠷᠦᠭᠰᠡᠨ ᠪᠠ ᠳᠠᠪᠠᠭᠰᠠᠨ ᠪᠠᠶᠢᠨ᠎ᠠ᠃ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠱᠠᠲᠤᠨ ᠤ ︽ᠢᠯᠡ ᠪᠠᠷ ᠰᠣᠷᠣᠭᠴᠢ ᠡᠯᠰᠡᠬᠦ︾᠂ ︽ᠢᠯᠡ ᠪᠠᠷ ᠠᠩᠭᠢ ᠬᠤᠪᠢᠶᠠᠬᠤ︾ | ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠪᠣᠶ ᠪᠥᠬᠦᠶ ᠪᠠᠭ᠎ᠠ ᠰᠤᠷᠭᠠᠭᠤᠯᠢ ᠲᠡᠭᠦᠰᠦᠭᠰᠡᠳ ᠴᠥᠮ ᠰᠢᠭᠤᠳ ᠳᠡᠪᠰᠢᠬᠦ | ᠪᠤᠶᠤ ᠺᠣᠮᠫᠢᠦ᠋ᠲ᠋ᠧᠷ ᠢᠶᠠᠷ ᠪᠠᠶᠢᠷᠢ ᠲᠣᠮᠢᠯᠠᠨ ᠳᠤᠮᠳᠠᠳᠤ ᠰᠤᠷᠭᠠᠭᠤᠯᠢ ᠳᠤ ᠣᠷᠣᠪᠠ᠃ ᠠᠷᠠᠳ ᠤᠨ ᠰᠠᠨᠠᠭ᠎ᠠ ᠶᠢ | ᠰᠤᠷᠪᠤᠯᠵᠢᠯᠠᠬᠤ᠂ ᠰᠤᠷᠤᠭᠴᠢᠳ ᠤᠨ ᠬᠡᠷ ᠪᠦᠯᠢ ᠶᠢ ᠰᠤᠷᠪᠤᠯᠵᠢᠯᠠᠬᠤ᠂ ᠵᠠᠬᠢᠳᠠᠯ ᠰᠤᠷᠪᠤᠯᠵᠢᠯᠠᠭ᠎ᠠ ᠶᠢ ᠭᠥᠯᠢᠶᠡᠨ | ᠠᠪᠬᠤ ︽ᠭᠤᠷᠪᠠᠨ ᠰᠤᠷᠪᠤᠯᠵᠢᠯᠠᠭ᠎ᠠ ᠶᠢ ᠤᠶᠠᠯᠳᠤᠭᠤᠯᠬᠤ︾ ᠠᠵᠢᠯᠯᠠᠭ᠎ᠠ ᠶᠢ ᠥᠷᠨᠢᠭᠦᠯᠵᠦ᠂ ᠤᠯᠤᠰ ᠤᠨ | ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠯᠠᠪᠳᠠᠭᠤᠨ ᠢᠶᠠᠷ ᠳᠡᠯᠭᠡᠷᠡᠭᠦᠯᠦᠨ ᠬᠡᠷᠡᠭᠯᠡᠪᠡ᠃ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠪᠠᠭᠴᠠ ᠲᠥᠷᠦᠯ ᠵᠦᠢᠯ | ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠬᠤᠲᠠ ᠶᠢᠨ ᠬᠤᠯᠤᠭᠠᠨ᠎ᠠ ᠶᠢᠨ ᠬᠢᠵᠢᠭ ᠢ ᠰᠡᠷᠭᠡᠢᠯᠡᠨ ᠡᠵᠡᠮᠳᠡᠬᠦ | ᠰᠠᠭᠤᠷᠢᠨ ᠢ ᠪᠠᠶᠢᠭᠤᠯᠤᠨ ᠠᠰᠢᠭᠯᠠᠯᠲᠠ ᠳᠤ ᠣᠷᠣᠭᠤᠯᠪᠠ᠃ ᠭᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ | ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ 104 ᠪᠠᠶᠢᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ | ᠦᠨᠡᠯᠡᠵᠦ ᠰᠢᠯᠭᠠᠨ ᠬᠤᠷᠢᠶᠠᠬᠤ ᠳᠤ ᠬᠤᠶᠠᠳᠤᠭᠠᠷ ᠨᠡᠷ᠎ᠡ ᠶᠢᠨ ᠰᠠᠶᠢᠨ ᠬᠢᠷᠢ ᠪᠦᠲᠦᠮᠵᠢ ᠣᠯᠪᠠ᠃ ᠬᠤᠲᠠ ᠶᠢᠨ | ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ᠂ ᠴᠡᠷᠢᠭ ᠠᠴᠠ | ᠬᠠᠯᠠᠭᠳᠠᠭᠰᠠᠳ ᠤᠨ ᠠᠵᠢᠯ ᠣᠯᠵᠤ ᠦᠢᠯᠡᠰ ᠪᠣᠰᠬᠠᠬᠤ ᠬᠦᠷᠢᠶᠡᠯᠡᠩ ᠠᠰᠢᠭᠯᠠᠯᠲᠠ ᠳᠤ ᠣᠷᠣᠵᠤ᠂ ︽ᠪᠦᠬᠦ | ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ︾ ᠶᠢ ᠡᠭᠦᠳᠦᠨ ᠪᠠᠶᠢᠭᠤᠯᠬᠤ ᠠᠵᠢᠯ ᠶᠢᠰᠦᠨ ᠵᠢᠯ | ᠳᠠᠷᠠᠭᠠᠯᠠᠨ ᠮᠠᠩᠯᠠᠶᠢᠯᠠᠪᠠ᠃ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠠᠴᠠ | ᠵᠥᠷᠢᠴᠡᠵᠦ ᠬᠠᠤᠯᠢ ᠴᠠᠭᠠᠵᠠ ᠠᠴᠠ ᠵᠥᠷᠢᠴᠡᠭᠰᠡᠨ ᠠᠰᠠᠭᠤᠳᠠᠯ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠰᠢᠰᠲ᠋ᠧᠮ ᠤᠨ ᠢᠯᠵᠠᠷᠠᠯ᠂ ᠬᠤᠲᠠ ᠶᠢᠨ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ︽ᠠᠷᠪᠠᠨ | ᠰᠠᠮᠠᠭᠤᠨ︾ ᠵᠡᠷᠭᠡ ᠶᠢ ᠲᠤᠰᠬᠠᠶ ᠴᠡᠭᠴᠡᠯᠡᠨ ᠵᠠᠰᠠᠬᠤ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠪᠠ᠃ ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠪᠠ ᠬᠠᠤᠯᠢ ᠠᠴᠠ ᠵᠥᠷᠢᠴᠡᠭᠰᠡᠨ ᠳᠣᠪᠤᠶᠢᠮ᠎ᠠ | ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ︽ᠵᠢᠷᠭᠤᠭ᠎ᠠ ᠶᠢ | ᠴᠡᠪᠡᠷᠯᠡᠬᠦ︾ ᠠᠵᠢᠯᠯᠠᠭ᠎ᠠ ᠴᠢᠬᠤᠯᠠ ᠶᠡᠭᠡ ᠦᠷ᠎ᠡ ᠪᠦᠲᠦᠭᠡᠯ ᠣᠯᠵᠤ᠂ ᠣᠲᠣ ᠶᠢᠨ ᠪᠠᠶᠢᠭ᠎ᠠ 23 ᠠᠮᠢᠨ ᠬᠡᠷᠡᠭ ᠢ | ᠪᠦᠬᠦᠨ ᠢ ᠳᠡᠩᠨᠡᠨ ᠢᠯᠡᠷᠡᠭᠦᠯᠵᠦ᠂ ᠡᠷᠡᠭᠦᠦ ᠶᠢᠨ ᠬᠡᠷᠡᠭ ᠤᠨ ︽ᠵᠢᠷᠭᠤᠭᠠᠨ ᠲᠥᠷᠥᠯ︾ ᠤᠨ ᠬᠡᠷᠡᠭ᠂ ᠠᠮᠤᠷ ᠢ | ᠬᠠᠮᠠᠭᠠᠯᠠᠬᠤ ᠬᠡᠷᠡᠭ ᠠᠳᠠᠯᠢ ᠬᠤᠭᠤᠴᠠᠭᠠᠨ ᠤ ᠬᠢ ᠠᠴᠠ ᠲᠣᠰ ᠲᠣᠰ 23%᠂ 9.8% ᠪᠠᠷ ᠪᠠᠭᠤᠷᠠᠪᠠ᠃ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠦᠨᠳᠦᠰᠦᠲᠡᠨ ᠱᠠᠰᠢᠨ ᠰᠤᠷᠲᠠᠬᠤᠨ᠂ ᠳᠠᠩᠰᠠ | ᠡᠪᠬᠡᠮᠡᠯ ᠲᠡᠦᠬᠡ ᠣᠶᠢᠯᠠᠯᠭ᠎ᠠ᠂ ᠭᠠᠵᠠᠷ ᠬᠥᠳᠡᠯᠦᠯᠲᠡ ᠴᠠᠭ ᠠᠭᠤᠷ᠂ ᠰᠣᠶᠣᠯ ᠤᠨ ᠥᠪ ᠤᠨ ᠬᠠᠮᠠᠭᠠᠯᠠᠯᠲᠠ᠂ | ᠰᠣᠨᠢᠨ ᠮᠡᠳᠡᠭᠡ ᠬᠡᠪᠯᠡᠯ᠂ ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ ᠵᠡᠷᠭᠡ ᠠᠵᠢᠯ ᠢ ᠴᠢᠩᠭᠠᠳᠬᠠᠵᠤ᠂ | ᠤᠯᠠᠭᠠᠨ ᠵᠠᠭᠠᠯᠮᠠᠶᠢᠲᠠᠨ᠂ ᠡᠮᠡᠭᠲᠡᠶᠢᠴᠦᠳ ᠬᠡᠦᠬᠡᠳ᠂ ᠨᠠᠰᠤᠲᠠᠶᠢᠴᠤᠳ᠂ ᠵᠡᠮᠳᠡᠭᠴᠦᠳ ᠵᠢᠴᠢ ᠬᠤᠶᠢᠴᠢ ᠦᠶ᠎ᠡ ᠪᠠᠨ | ᠬᠠᠯᠠᠮᠵᠢᠯᠠᠬᠤ ᠵᠡᠷᠭᠡ ᠠᠵᠢᠯ ᠦᠢᠯᠡᠰ ᠰᠢᠨ᠎ᠡ ᠳᠠᠪᠰᠢᠯᠲᠠ ᠲᠠᠢ ᠪᠣᠯᠪᠠ᠃ | ᠥᠩᠭᠡᠷᠡᠭᠰᠡᠨ ᠨᠢᠭᠡ ᠵᠢᠯ ᠳᠤ᠂ ᠪᠢᠳᠡ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠬᠦ ᠶᠢ | ᠢᠮᠠᠭᠲᠠ ᠪᠠᠷᠢᠮᠲᠠᠯᠠᠵᠤ᠂ ︽ᠳᠥᠷᠪᠡᠨ ᠤᠬᠠᠮᠰᠠᠷ︾ ᠢᠶᠠᠨ ᠲᠠᠰᠤᠷᠠᠯᠲᠠ ᠥᠬᠡᠶ ᠴᠢᠩᠭᠠᠳᠬᠠᠨ᠂ ︽ᠳᠥᠷᠪᠡᠨ | ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠪᠡ᠃ ᠬᠠᠤᠯᠢ ᠪᠠᠷ ᠵᠠᠰᠠᠬᠤ | ᠰᠡᠳᠬᠢᠬᠦᠢ ᠶᠢ ᠪᠠᠲᠤ ᠪᠠᠬᠢ ᠪᠣᠢ ᠪᠣᠯᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ | ᠴᠠᠭᠠᠵᠠ ᠶᠢᠨ ᠬᠢᠨᠠᠯᠲᠠ᠂ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ | ᠠᠴᠠ ᠪᠠᠨ ᠬᠦᠯᠢᠶᠡᠵᠦ᠂ ᠨᠡᠶᠢᠭᠡᠮ ᠤᠨ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ | ᠬᠦᠯᠢᠶᠡᠵᠦ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ 6 | ᠬᠠᠤᠯᠢ ᠳᠦᠷᠢᠮ ᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠪᠠᠷ ᠳᠡᠪᠰᠢᠭᠦᠯᠵᠦ ᠂ ᠠᠷᠠᠳ ᠤᠨ ᠲᠥᠯᠥᠭᠡᠯᠡᠭᠴᠢᠳ | ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠶᠢ 367 ᠬᠤᠪᠢ᠂ ᠤᠯᠤᠰ ᠲᠥᠷᠦ ᠶᠢᠨ ᠵᠥᠪᠯᠡᠯᠭᠡᠨ | ᠤ ᠭᠡᠰᠢᠭᠦᠳ ᠤᠨ ᠰᠠᠨᠠᠯ ᠳᠤᠷᠠᠳᠤᠯᠭ᠎ᠠ ᠶᠢ 468 ᠬᠤᠪᠢ ᠭᠦᠢᠴᠡᠳᠬᠡᠵᠦ᠂ ᠭᠦᠢᠴᠡᠳᠬᠡᠵᠦ ᠬᠠᠷᠢᠭᠤᠯᠲᠠ | ᠥᠭᠭᠦᠭᠰᠡᠨ ᠨᠣᠷᠮ᠎ᠠ 100% ᠬᠦᠷᠴᠡᠢ᠃ ︽ᠰᠤᠷᠲᠠᠯ ᠢ ᠰᠠᠶᠢᠵᠢᠷᠠᠭᠤᠯᠤᠨ ᠳᠡᠭᠡᠭᠰᠢᠯᠡᠭᠦᠯᠬᠦ ᠣᠨ︾ ᠤ | ᠠᠵᠢᠯᠯᠠᠭ᠎ᠠ ᠶᠢ ᠥᠷᠨᠢᠭᠦᠯᠵᠦ᠂ ︽ᠨᠢᠭᠡᠳᠦᠭᠡᠷ ᠹᠷᠣᠨᠲ ᠤᠨ ᠠᠵᠢᠯᠯᠠᠬᠤ ᠠᠷᠭ᠎ᠠ︾᠂ ︽ᠪᠢᠲᠡᠭᠦᠦ ᠴᠠᠭᠠᠷᠢᠭ ᠤᠨ | ᠠᠵᠢᠯᠯᠠᠬᠤ ᠠᠷᠭ᠎ᠠ︾ ᠶᠢ ᠶᠡᠬᠡᠪᠡᠷ ᠬᠡᠷᠡᠭᠵᠢᠭᠦᠯᠪᠡ᠃ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠷᠠᠳ ᠲᠤ | ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠰᠢᠯᠢᠳᠡᠭᠵᠢᠭᠦᠯᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ︽ | 12345︾ ᠨᠢᠭᠡ ᠨᠣᠮᠧᠷ ᠢᠶᠠᠷ ᠭᠥᠯᠢᠶᠡᠨ ᠠᠪᠴᠤ ᠰᠢᠶᠳᠪᠦᠷᠢᠯᠡᠬᠦ ᠶᠢ ᠪᠡᠶᠡᠯᠡᠭᠦᠯᠪᠡ᠃ ᠠᠵᠢᠯᠴᠢ ᠠᠷᠪᠢᠴᠢ | ᠪᠠᠶᠢᠬᠤ ᠶᠢ ᠲᠦᠷᠦᠭᠦᠯᠡᠨ ᠴᠢᠩᠭ᠎ᠠ ᠬᠡᠷᠡᠭᠵᠢᠭᠦᠯᠵᠦ᠂ ᠬᠤᠲᠠ ᠶᠢᠨ ᠲᠣᠰ ᠱᠠᠲᠤᠨ ᠤ ︽ᠭᠤᠷᠪᠠᠨ ᠵᠦᠶᠯ ᠤᠨ | ᠠᠯᠪᠠᠨ ᠵᠠᠷᠤᠳᠠᠯ︾ ᠢ 30.6% ᠪᠠᠷ ᠪᠠᠭᠠᠰᠬᠠᠪᠠ᠃ | ᠲᠥᠯᠥᠭᠡᠯᠡᠭᠴᠢᠳ ᠡ᠂ 2020 ᠣᠨ ᠳᠤ ᠣᠯᠤᠭᠰᠠᠨ ᠠᠮᠵᠢᠯᠲᠠ ᠪᠦᠲᠦᠮᠵᠢ ᠨᠢ《 ᠠᠷᠪᠠᠨ | ᠭᠤᠷᠪᠠᠳᠤᠭᠠᠷ ᠲᠠᠪᠤᠨ ᠵᠢᠯ》 ᠤᠨ ᠲᠥᠯᠥᠪᠵᠢᠭᠦᠯᠭᠡ ᠶᠢᠨ ᠲᠡᠭᠦᠰ ᠠᠮᠵᠢᠯᠲᠠ ᠲᠠᠢ ᠲᠡᠭᠦᠰᠦᠭᠰᠡᠨ ᠢ ᠬᠠᠷᠠᠭᠤᠯᠵᠤ | ᠪᠠᠶᠢᠨ᠎ᠠ᠃ ᠲᠠᠪᠤᠨ ᠵᠢᠯ ᠤᠨ ᠲᠤᠷᠰᠢ᠂ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ | ᠬᠤᠲᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠡᠯ᠎ᠡ | ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠢᠳᠡᠪᠬᠢᠲᠡᠶ ᠠᠷᠭᠠᠴᠠᠭᠠᠵᠤ᠂ ᠬᠥᠭᠵᠢᠯᠲᠡ ᠶᠢᠨ ᠠᠷᠭ᠎ᠠ | ᠮᠠᠶ᠋ᠢᠭ ᠢᠶᠠᠨ ᠬᠦᠴᠦᠯᠡᠨ ᠬᠤᠪᠢᠷᠠᠭᠤᠯᠵᠤ᠂ ᠠᠵᠤ ᠠᠬᠤᠶ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠪᠥᠬᠦ | ᠲᠠᠯ᠎ᠠ ᠪᠠᠷ ᠳᠡᠪᠰᠢᠪᠠ᠃ ᠨᠢᠭᠡ ᠳᠤ᠂ ᠶᠡᠷᠦᠩᠬᠡᠶᠢᠯᠡᠭᠰᠡᠨ ᠪᠣᠳᠠᠲᠤ ᠬᠦᠴᠦᠨ ᠲᠣᠭᠲᠠᠭᠤᠨ ᠢᠶᠠᠷ ᠳᠡᠭᠡᠭᠰᠢᠯᠡᠪᠡ᠃ | ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠵᠢᠯ ᠳᠤᠮᠳᠠᠴᠢ ᠪᠠᠷ 4.3% ᠨᠡᠮᠡᠭᠳᠡᠵᠦ᠂ ᠬᠥᠮᠦᠨ | ᠳᠤᠮᠳᠠᠴᠢ ᠶᠢᠨ GDP 8.9 ᠲᠦᠮᠡᠨ ᠲᠥᠭᠦᠷᠢᠭ ᠲᠤ ᠬᠥᠷᠪᠡ᠃ ᠭᠤᠷᠪᠠᠨ ᠠᠵᠤ ᠦᠢᠯᠡᠰ ᠤᠨ ᠪᠦᠲᠦᠴᠡ ᠶᠢᠨ | ᠲᠣᠬᠢᠷᠠᠭᠤᠯᠤᠯᠲᠠ ᠶᠢ 4.5᠄ 29.1᠄ 66.4 ᠪᠣᠯᠭᠠᠵᠤ᠂ ᠰᠦ ᠶᠢᠨ ᠦᠢᠯᠡᠰ᠂ ᠠᠮᠢᠳᠤ ᠪᠣᠳᠠᠰ ᠤᠨ ᠡᠮ | ᠡᠮᠨᠡᠯᠭᠡ᠂ ᠴᠠᠬᠢᠭᠤᠷ ᠤᠨ ᠮᠠᠲ᠋ᠧᠷᠢᠶᠠᠯ᠂ ᠲᠣᠨᠤᠭ ᠲᠥᠬᠦᠭᠡᠷᠦᠮᠵᠢ ᠦᠢᠯᠡᠳᠬᠦ ᠵᠡᠷᠭᠡ ᠳᠠᠪᠠᠭᠤᠯᠢᠭ ᠠᠵᠤ ᠦᠢᠯᠡᠰ ᠢ | ᠪᠤᠶᠢᠵᠢᠭᠤᠯᠤᠨ ᠪᠦᠷᠢᠯᠳᠦᠭᠦᠯᠪᠡ᠃ ᠪᠥᠬᠦ ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 341 | ᠪᠣᠯᠵᠣ᠂ 2015 ᠣᠨ ᠤ ᠡᠴᠦᠰ ᠤᠨ ᠬᠢ ᠠᠴᠠ 3.8 ᠳᠠᠬᠢᠨ ᠨᠡᠮᠡᠭᠳᠡᠨ᠂ ᠪᠥᠬᠦ ᠨᠡᠶᠢᠭᠡᠮ ᠤᠨ ᠰᠤᠳᠤᠯᠤᠨ | ᠨᠡᠭᠡᠭᠡᠬᠦ ᠵᠠᠷᠤᠳᠠᠯ ᠤᠨ ᠣᠷᠣᠭᠤᠯᠤᠯᠲᠠ ᠶᠢᠨ ᠡᠷᠴᠢᠮ 2016 ᠣᠨ ᠳᠤ 0.94% ᠪᠠᠶᠢᠭᠰᠠᠨ ᠠᠴᠠ ᠪᠠᠨ | ᠵᠢᠱᠢᠯᠲᠡ ᠪᠠᠷ ᠨᠡᠮᠡᠭᠳᠡᠭᠡᠳ 2020 ᠣᠨ ᠳᠤ 1.6% ᠪᠣᠯᠵᠠᠶ᠃ ᠬᠤᠷᠢᠨᠭᠡᠷ ᠰᠢᠨ᠎ᠡ ᠲᠣᠭᠤᠷᠢᠭ ᠢ ︽ᠭᠤᠷᠪᠠᠨ | ᠵᠢᠯ ᠳᠤ ᠬᠡᠯᠪᠡᠷᠢᠵᠢᠭᠦᠯᠬᠦ︾ ᠬᠠᠷᠠᠯᠲᠠ ᠶᠢ ᠤᠷᠤᠭᠰᠢᠲᠠᠢ ᠪᠡᠶᠡᠯᠡᠭᠦᠯᠪᠡ᠃ ᠬᠤᠶᠠᠷ ᠲᠤ᠂ ᠬᠤᠳᠠ ᠬᠥᠳᠡᠭᠡ ᠶᠢᠨ | ᠳᠦᠷᠰᠦ ᠪᠠᠶᠢᠳᠠᠯ ᠢᠯᠡᠳᠲᠡ ᠰᠠᠶᠢᠵᠢᠷᠠᠪᠠ᠃ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠴᠢᠩ | ᠱᠦᠢ ᠾᠧ ᠰᠢᠶᠠᠨ ᠤ ᠯᠣᠣ ᠨᠢᠦ ᠸᠠᠨ ᠲᠣᠰᠬᠤᠨ᠂ ᠲᠣᠭᠲᠠᠬᠤ ᠰᠢᠶᠠᠨ ᠤ ᠬᠤᠤ ᠵᠢᠶᠠ ᠶᠣᠣ ᠲᠣᠰᠬᠤᠨ᠂ | ᠬᠤᠷᠢᠨᠭᠡᠷ ᠰᠢᠶᠠᠨ ᠤ ᠲᠠᠶᠢᠭ᠎ᠠ ᠨᠣᠬᠠᠢ ᠲᠣᠰᠬᠤᠨ ᠠᠮᠵᠢᠯᠲᠠ ᠲᠠᠢ ᠪᠠᠷ ︽ᠳᠤᠮᠳᠠᠳᠤ ᠤᠯᠤᠰ ᠤᠨ ᠦᠵᠡᠰᠬᠦᠯᠡᠩᠲᠦ | ᠰᠠᠶᠢᠬᠠᠨ ᠬᠥᠳᠡᠭᠡ ᠲᠣᠰᠬᠤᠨ︾ ᠢᠶᠠᠷ ᠰᠣᠩᠭᠤᠭᠳᠠᠪᠠ᠃ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ | ᠪᠠᠷᠢᠯᠭ᠎ᠠ ᠡᠬᠢᠯᠡᠪᠡ︔ ᠪᠡᠭᠡᠵᠢᠩ ᠠᠴᠠ ᠬᠥᠬᠡᠬᠤᠲᠠ ᠬᠦᠷᠬᠦ ᠲᠥᠷᠭᠡᠨ ᠤ ᠲᠡᠮᠦᠷ ᠵᠠᠮ᠂ ᠬᠥᠬᠡᠬᠤᠲᠠ ᠠᠴᠠ | ᠲᠠᠶᠢᠶᠤᠸᠠᠨ ᠬᠥᠷᠬᠦ ᠬᠤᠷᠳᠤᠨ ᠤ ᠭᠠᠯᠲᠤ ᠲᠡᠷᠭᠡ ᠪᠥᠬᠦ ᠱᠤᠭᠤᠮ ᠢᠶᠠᠷ ᠲᠡᠷᠭᠡ ᠨᠡᠪᠲᠡᠷᠡᠪᠡ︔ ᠭᠠᠵᠠᠷ ᠳᠣᠣᠷᠠᠬᠢ | ᠲᠡᠮᠦᠷ ᠵᠠᠮ ᠤᠨ 1᠂ 2 ᠳ᠋ᠤᠭᠠᠷ ᠱᠤᠭᠤᠮ ᠠᠰᠢᠭᠯᠠᠯᠲᠠ ᠳᠤ ᠣᠷᠣᠵᠤ᠂ ᠬᠥᠬᠡᠬᠤᠲᠠ ᠶᠢᠨ ᠭᠠᠵᠠᠷ ᠳᠣᠣᠷᠠᠬᠢ | ᠲᠡᠮᠦᠷ ᠵᠠᠮ ︽ᠲᠡᠷᠭᠡ ᠰᠣᠯᠢᠬᠤ ᠴᠠᠭ ᠦᠶ᠎ᠡ︾ ᠳᠤ ᠣᠷᠤᠪᠠ᠃ ᠭᠤᠷᠪᠠ ᠳᠤ᠂ ᠠᠮᠢ ᠠᠬᠤᠶ ᠶᠢᠨ ᠬᠠᠯᠬᠠᠪᠴᠢ ᠶᠢ | ᠨᠡᠩ ᠪᠠᠲᠤ ᠪᠠᠬᠢ ᠪᠣᠯᠭᠠᠪᠠ᠃ ᠳᠠᠯᠠᠨ ᠬᠠᠷ᠎ᠠ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠳᠠᠬᠢ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠢ ᠪᠦᠬᠦᠨ ᠢ ᠬᠠᠭᠠᠵᠤ᠂ | ᠵᠣᠭᠰᠣᠭᠠᠵᠤ ᠤᠬᠤᠷᠢᠭᠤᠯᠤᠨ ᠭᠠᠷᠭᠠᠵᠤ᠂ ᠶᠡᠭᠡ ᠬᠡᠪᠴᠢᠶᠡᠨ ᠤ ᠤᠯᠤᠰ ᠤᠨ ᠨᠤᠲᠤᠭ ᠳᠡᠪᠢᠰᠭᠡᠷ ᠢ | ᠨᠣᠭᠤᠭᠠᠷᠠᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ 225 ᠲᠦᠮᠡᠨ ᠮᠥ ᠤᠯᠤᠰ ᠤᠨ ᠨᠤᠲᠤᠭ ᠳᠡᠪᠢᠰᠭᠡᠷ | ᠤᠨ ᠠᠮᠢ ᠠᠬᠤᠶ ᠶᠢ ᠰᠡᠷᠭᠦᠭᠡᠨ ᠵᠠᠰᠠᠬᠤ ᠶᠢ ᠪᠡᠶᠡᠯᠡᠭᠦᠯᠵᠦ᠂ ᠪᠠᠶᠢᠭᠤᠯᠤᠭᠰᠠᠨ ᠣᠷᠣᠨ ᠤ ᠨᠣᠭᠤᠭᠠᠷᠠᠭᠤᠯᠤᠯᠲᠠ ᠶᠢᠨ | ᠪᠦᠷᠬᠦᠴᠡ ᠶᠢᠨ ᠨᠣᠷᠮ᠎ᠠ᠂ ᠨᠣᠭᠤᠭᠠᠷᠠᠭᠤᠯᠤᠯᠲᠠ ᠶᠢᠨ ᠨᠣᠷᠮ᠎ᠠ ᠲᠣᠰ ᠲᠣᠰ 40.1%᠂ 37.3% ᠳᠤ ᠬᠥᠷᠪᠡ᠃ | ᠲᠦᠷᠪᠡ ᠳᠤ᠂ ᠥᠭᠡᠷᠡᠴᠢᠯᠡᠯᠲᠡ ᠡᠯᠪᠡᠭ ᠦᠷ᠎ᠡ ᠪᠦᠲᠦᠭᠡᠯ ᠣᠯᠪᠠ᠃ ᠬᠥᠳᠡᠭᠡ ᠲᠣᠰᠬᠤᠨ ᠤ ᠭᠠᠵᠠᠷ ᠰᠢᠷᠣᠶ | ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠲᠣᠭᠲᠠᠭᠠᠬᠤ ᠪᠠ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ | ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ ᠲᠡᠭᠦᠰ ᠠᠮᠵᠢᠯᠲᠠ ᠲᠠᠢ ᠪᠠᠷ ᠪᠡᠶᠡᠯᠡᠭᠦᠯᠵᠦ᠂ ᠡᠳ᠋ ᠤᠨ ᠵᠠᠰᠠᠭ ᠭᠠᠶᠢᠯᠢ | ᠮᠥᠩᠭᠦᠨ ᠭᠦᠢᠯᠭᠡᠭᠡ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ | ᠂ ᠡᠮ ᠡᠮᠨᠡᠯᠭᠡ ᠡᠷᠡᠭᠦᠯ ᠬᠠᠮᠠᠭᠠᠯᠠᠯ᠂ ᠴᠠᠬᠢᠯᠭᠠᠨ ᠬᠦᠴᠦᠨ ᠤ ᠠᠷᠠᠯᠵᠢᠶ᠎ᠠ ᠵᠡᠷᠭᠡ ᠶᠢᠨ ᠥᠭᠡᠷᠡᠴᠢᠯᠡᠯᠲᠡ ᠴᠢᠬᠤᠯᠠ | ᠠᠬᠢᠯᠳᠠ ᠲᠠᠢ ᠪᠤᠯᠵᠤ᠂ ᠥᠭᠡᠷᠡᠴᠢᠯᠡᠯᠲᠡ ᠶᠢᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ | ᠴᠢᠨᠠᠷ ᠤᠯᠠᠮ ᠨᠢᠭᠡ ᠠᠯᠬᠤᠮ ᠴᠢᠩᠭᠠᠷᠠᠪᠠ᠃ ︽ᠨᠢᠭᠡ ᠪᠦᠰᠡ ᠨᠢᠭᠡ ᠵᠠᠮ︾ ᠪᠣᠯᠤᠨ ᠳᠤᠮᠳᠠᠳᠤ ᠮᠣᠩᠭᠤᠯ | ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠪᠠᠷ ᠠᠭᠤᠰᠤᠯᠴᠠᠵᠤ᠂ | ᠪᠡᠭᠡᠵᠢᠩ ᠲᠢᠶᠠᠨᠵᠢᠨ ᠾᠧᠪᠸᠢ ᠶᠢᠨ ᠠᠵᠤ ᠠᠬᠤᠶ ᠶᠢᠨ ᠲᠣᠭᠤᠷᠢᠭ ᠲᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ | ᠪᠠ ᠲᠡᠭᠦᠨ ᠳᠤ ᠦᠢᠯᠡᠴᠢᠯᠡᠵᠦ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠨᠠᠩ ᠨᠢᠭᠲᠠᠷᠠᠭᠤᠯᠪᠠ᠃ ᠲᠠᠪᠤ ᠳᠤ᠂ | ᠠᠷᠠᠳ ᠤᠨ ᠠᠮᠢᠳᠤᠷᠠᠯ ᠤᠨ ᠪᠤᠶᠠᠨ ᠬᠡᠰᠢᠭ ᠢ ᠦᠷᠭᠦᠯᠵᠢᠯᠡᠨ ᠨᠡᠮᠡᠭᠳᠡᠭᠦᠯᠪᠡ᠃ ᠡᠳ᠋ ᠤᠨ ᠵᠠᠰᠠᠭ ᠤᠨ ᠶᠠᠳᠠᠭᠤ ᠶᠢ | ᠲᠡᠳᠬᠦᠬᠦ ᠲᠤᠰᠬᠠᠶ ᠪᠠᠯᠠ ᠮᠥᠩᠭᠦ ᠶᠢ ᠨᠡᠶᠢᠲᠡ 23.8 ᠳ᠋ᠦᠩᠰᠢᠭᠤᠷ ᠲᠥᠭᠦᠷᠢᠭ ᠣᠷᠣᠭᠤᠯᠵᠤ᠂ ︽ᠬᠥᠮᠦᠨ ᠢ | ᠶᠠᠳᠠᠭᠤ ᠠᠴᠠ ᠠᠩᠭᠢᠵᠢᠷᠠᠭᠤᠯᠬᠤ᠂ ᠲᠣᠰᠬᠤᠨ ᠢ ᠶᠠᠳᠠᠭᠤ ᠠᠴᠠ ᠠᠩᠭᠢᠵᠢᠷᠠᠭᠤᠯᠬᠤ᠂ ᠰᠢᠶᠠᠨ ᠢ ᠶᠠᠳᠠᠭᠤ ᠠᠴᠠ | ᠠᠩᠭᠢᠵᠢᠷᠠᠭᠤᠯᠬᠤ︾ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ︽ᠬᠤᠶᠠᠷ ᠲᠤ ᠵᠣᠪᠠᠭ᠋ᠤ ᠥᠬᠡᠶ᠂ | ᠭᠤᠷᠪᠠ ᠶᠢ ᠪᠠᠲᠤᠯᠠᠬᠤ︾ ᠶᠢ ᠲᠣᠭᠲᠠᠭᠤᠨ ᠢᠶᠠᠷ ᠪᠡᠶᠡᠯᠡᠭᠦᠯᠵᠦ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ | ᠬᠥᠮᠦᠵᠢᠯ ᠢ ᠲᠡᠩᠴᠡᠭᠦᠷᠢᠲᠡᠶ ᠬᠥᠭᠵᠢᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ | ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢ ᠨᠠᠩ | ᠪᠦᠷᠢᠨᠰᠢᠬᠦᠯᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ | ᠲᠦᠪᠰᠢᠨ ᠤ ᠲᠥᠷᠥᠭᠳᠡᠯ ᠢ ᠢᠯᠡᠳᠲᠡ ᠳᠡᠭᠡᠭᠰᠢᠯᠡᠭᠦᠯᠪᠡ᠃ | ᠲᠥᠯᠥᠭᠡᠯᠡᠭᠴᠢᠳ ᠡ᠂ ᠲᠠᠪᠤᠨ ᠵᠢᠯ ᠤᠨ ᠴᠥᠬᠦᠷᠡᠰᠢ ᠥᠬᠡᠶ ᠴᠢᠷᠮᠠᠶᠢᠯᠭ᠎ᠠ ᠪᠠᠷ ᠳᠡᠮᠵᠢᠨ᠂ ᠣᠷᠣᠨ ᠤ | ᠲᠥᠪ ᠤᠨ ᠡᠯ᠎ᠡ ᠲᠥᠷᠥᠯ ᠤᠨ ᠢᠳᠡᠪᠬᠢ ᠬᠦᠴᠦᠨ ᠵᠦᠢᠯ ᠬᠤᠷᠠᠮᠳᠤᠵᠤ ᠪᠠᠶᠢᠨ᠎ᠠ᠂ ᠲᠣᠭᠲᠠᠭᠤᠨ ᠤ ᠳᠤᠮᠳᠠ | ᠰᠠᠶᠢᠵᠢᠷᠠᠬᠤ ᠪᠠᠶᠢᠳᠠᠯ ᠪᠠᠬᠢᠵᠢᠵᠦ ᠪᠠᠶᠢᠨ᠎ᠠ᠃ ᠠᠮᠵᠢᠯᠲᠠ ᠪᠦᠲᠦᠮᠵᠢ ᠶᠢ ᠬᠢᠯᠪᠠᠷᠬᠠᠨ ᠢᠶᠠᠷ ᠣᠯᠤᠭᠰᠠᠨ ᠪᠢᠰᠢ᠂ | ᠰᠢᠷᠭᠠᠭᠤ ᠲᠡᠮᠡᠴᠡᠯ ᠳᠤ ᠬᠠᠲᠠᠭᠤ ᠪᠡᠷᠬᠡᠰᠢᠶᠡᠯ ᠢᠶᠠᠷ ᠳᠦᠭᠦᠷᠴᠦ᠂ ᠣᠯᠤᠯᠲᠠ ᠨᠢ ᠲᠦᠢᠯ ᠤᠨ ᠡᠷᠬᠢᠮ ᠨᠠᠨᠳᠢᠨ ᠶᠤᠮ᠃ | 《ᠠᠷᠪᠠᠨ ᠭᠤᠷᠪᠠᠳᠤᠭᠠᠷ ᠲᠠᠪᠤᠨ ᠵᠢᠯ》 ᠤᠨ ᠬᠤᠭᠤᠴᠠᠭᠠᠨ ᠳᠤ ᠣᠯᠤᠭᠰᠠᠨ ᠠᠮᠵᠢᠯᠲᠠ ᠪᠦᠲᠦᠮᠵᠢ ᠶᠢᠨ | ᠦᠨᠳᠦᠰᠦ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢᠨ ᠰᠢᠨᠵᠢᠯᠡᠬᠦ ᠤᠬᠠᠭᠠᠨᠴᠢ ᠵᠢᠯᠣᠭᠤᠳᠣᠯᠭ᠎ᠠ ᠳᠤ ᠪᠣᠢ᠂ ᠰᠢ ᠶᠢᠨ ᠫᠢᠩ ᠨᠥᠬᠦᠷ ᠢᠶᠠᠷ | ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠵᠠᠯᠠᠭᠤᠷ ᠢ ᠡᠵᠡᠮᠳᠡᠨ ᠵᠠᠮᠴᠢᠯᠠᠭᠰᠠᠨ ᠳᠤ ᠪᠣᠢ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ᠂ ᠬᠠᠯᠠᠮᠵᠢᠯᠠᠨ | ᠳᠡᠮᠵᠢᠭᠰᠡᠨ ᠤ ᠦᠷ᠎ᠡ ᠳ᠋ᠦᠩ ᠮᠥᠨ᠂ ᠬᠤᠳᠠ ᠶᠢᠨ ᠨᠠᠮ ᠤᠨ ᠬᠤᠷᠢᠶ᠎ᠠ ᠰᠢᠨᠵᠢᠯᠡᠬᠦ ᠤᠬᠠᠭᠠᠨᠴᠢ ᠪᠠᠷ | ᠲᠥᠯᠥᠪᠵᠢᠭᠦᠯᠵᠦ᠂ ᠪᠦᠬᠦ ᠲᠠᠯ᠎ᠠ ᠶᠢ ᠶᠡᠷᠦᠩᠬᠡᠶᠢᠯᠡᠨ ᠵᠢᠯᠣᠭᠤᠳᠴᠤ᠂ ᠬᠤᠳᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠲᠠᠯᠪᠢᠨ | ᠳᠡᠮᠵᠢᠵᠦ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠪᠦᠯᠬᠦᠮᠳᠡᠨ ᠨᠢᠭᠡᠳᠴᠦ᠂ | ᠰᠢᠷᠭᠠᠭᠤ ᠬᠠᠲᠠᠭᠤᠵᠢᠯᠲᠠᠢ ᠪᠠᠷ ᠵᠢᠳᠬᠦᠭᠰᠡᠨ ᠤ ᠦᠷ᠎ᠡ ᠳ᠋ᠦᠩ ᠮᠥᠨ᠃ ᠠᠳᠡ ᠪᠢ ᠬᠤᠳᠠ ᠶᠢᠨ ᠠᠷᠠᠳ ᠤᠨ | ᠵᠠᠰᠠᠭ ᠤᠨ ᠣᠷᠳᠣᠨ ᠤ ᠡᠮᠦᠨ᠎ᠡ ᠠᠴᠠ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ᠂ | ᠬᠥᠬᠡᠬᠤᠲᠠ ᠶᠢᠨ ᠪᠦᠳᠦᠭᠡᠨ ᠪᠠᠶᠢᠭᠤᠯᠤᠯᠲᠠ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠤᠢ ᠪᠦᠬᠦᠢ ᠨᠥᠬᠦᠳ᠂ | ᠨᠠᠶᠢᠵᠠ ᠨᠠᠷ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠨᠤᠲᠠᠯᠠᠬᠤ ᠶᠢᠨ ᠵᠡᠷᠭᠡᠪᠡᠷ ᠪᠢᠳᠡ ᠪᠠᠰᠠ ᠬᠥᠭᠵᠢᠯᠲᠡ ᠶᠢᠨ ᠳᠤᠮᠳᠠ ᠲᠤᠯᠭᠠᠷᠠᠵᠤ ᠪᠠᠶᠢᠭ᠎ᠠ | ᠬᠦᠴᠢᠷᠳᠡᠯ ᠪᠠ ᠠᠰᠠᠭᠤᠳᠠᠯ ᠪᠠᠰᠠ ᠮᠠᠰᠢ ᠤᠯᠠᠨ ᠪᠠᠶᠢᠬᠤ ᠶᠢ ᠰᠡᠷᠭᠡᠭ ᠢᠶᠠᠷ ᠣᠯᠵᠤ ᠬᠠᠷᠠᠪᠠ᠃ ᠨᠢᠭᠡ ᠳᠤ᠂ | ᠬᠥᠭᠵᠢᠯᠲᠡ ᠲᠡᠩᠴᠡᠭᠦᠷᠢ ᠥᠬᠡᠶ᠂ ᠭᠦᠢᠴᠡᠳ ᠥᠬᠡᠶ ᠠᠰᠠᠭᠤᠳᠠᠯ ᠮᠥᠨ ᠬᠦ ᠲᠣᠪᠤᠶᠢᠮ᠎ᠠ ᠪᠠᠶᠢᠵᠤ᠂ ᠶᠠᠰᠤ ᠴᠢᠨᠠᠷ | ᠥᠨᠳᠥᠷ ᠪᠢᠰᠢ᠂ ᠶᠡᠷᠦᠩᠬᠡᠶ ᠬᠡᠮᠵᠢᠶ᠎ᠡ ᠶᠡᠭᠡ ᠪᠢᠰᠢ᠂ ᠪᠦᠲᠦᠴᠡ ᠰᠢᠯᠢᠳᠡᠭ ᠪᠢᠰᠢ᠂ ᠨᠥᠭᠡᠴᠡ ᠬᠦᠴᠦᠨ ᠬᠦᠷᠦᠯᠴᠡᠬᠦ | ᠥᠬᠡᠶ ᠪᠠᠶᠢᠨ᠎ᠠ᠂ ᠢᠯᠠᠩᠭᠤᠶ᠎ᠠ ᠮᠠᠨ ᠤ ᠰᠢᠨ᠎ᠡ ᠶᠢ ᠡᠭᠦᠳᠬᠦ ᠴᠢᠳᠠᠪᠤᠷᠢ ᠴᠢᠩᠭ᠎ᠠ ᠪᠢᠰᠢ᠂ ᠪᠥᠬᠦ ᠤᠯᠤᠰ ᠤᠨ 35 | ᠲᠣᠮᠣ ᠳᠤᠮᠳᠠ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠢᠭᠠᠯᠲᠠ ᠲᠤᠭ᠎ᠠ ᠶᠢᠨ | ᠨᠡᠷᠡᠰ ᠤᠨ ᠵᠢᠭᠰᠠᠭᠠᠯᠲᠠ ᠳᠤ ᠰᠡᠭᠦᠯ ᠠᠴᠠ ᠨᠢ 2 ᠳ᠋ᠤᠭᠠᠷ ᠲᠤ ᠵᠢᠭᠰᠠᠭᠠᠭᠳᠠᠵᠤ᠂ ᠴᠢᠨᠠᠷ ᠰᠠᠶᠢᠲᠠᠶ ᠬᠥᠭᠵᠢᠯᠲᠡ ᠶᠢᠨ | ᠱᠠᠭᠠᠷᠳᠠᠯᠭ᠎ᠠ ᠠᠴᠠ ᠪᠠᠰᠠ ᠨᠡᠯᠢᠶᠡᠳ ᠶᠡᠭᠡ ᠵᠥᠷᠢᠶ᠎ᠡ ᠲᠠᠢ ᠪᠠᠶᠢᠨ᠎ᠠ᠃ ᠬᠤᠶᠠᠷ ᠲᠤ᠂ ᠬᠤᠳᠠᠯᠳᠤᠭ᠎ᠠ ᠡᠷᠬᠢᠯᠡᠬᠦ | ᠣᠷᠴᠢᠨ ᠨᠥᠬᠦᠴᠡᠯ ᠰᠢᠯᠢᠳᠡᠭ ᠪᠤᠰᠤ ᠪᠠᠶᠢᠬᠤ ᠠᠰᠠᠭᠤᠳᠠᠯ ᠲᠦᠢᠯ ᠤᠨ ᠬᠦᠨᠳᠦ ᠨᠣᠴᠢᠲᠠᠶ ᠪᠠᠶᠢᠵᠤ᠂ ︽ᠬᠠᠲᠠᠭᠤ | ᠣᠷᠴᠢᠨ ᠨᠥᠬᠦᠴᠡᠯ︾ ᠤᠨ ᠠᠰᠠᠭᠤᠳᠠᠯ ᠣᠷᠣᠰᠢᠵᠤ᠂ ᠰᠠᠭᠤᠷᠢ ᠪᠡᠯᠡᠳᠬᠡᠮᠵᠢ ᠲᠡᠭᠦᠯᠳᠡᠷᠵᠢᠭᠡᠳᠦᠶ᠂ ᠬᠦᠴᠦᠨ | ᠵᠦᠢᠯ ᠤᠨ ᠪᠠᠲᠤᠯᠠᠭ᠎ᠠ ᠬᠦᠷᠦᠯᠴᠡᠬᠦ ᠦᠭᠡᠢ᠂ ᠬᠤᠳᠠ ᠶᠢᠨ ᠠᠮᠢᠳᠤᠷᠠᠯ ᠲᠠᠭᠠᠯᠠᠮᠵᠢᠲᠠᠢ᠂ ᠣᠷᠣᠰᠢᠨ ᠰᠠᠭᠤᠬᠤ ᠳᠤ | ᠲᠣᠬᠢᠷᠠᠮᠵᠢᠲᠠᠶ᠂ ᠳᠥᠭᠦᠮ ᠳᠥᠲᠡ ᠵᠡᠷᠭᠡ ᠲᠠᠯ᠎ᠠ ᠪᠠᠷ ᠪᠠᠰᠠ ᠮᠠᠰᠢ ᠤᠯᠠᠨ ᠬᠦᠷᠦᠯᠴᠡᠬᠦ ᠦᠭᠡᠢ ᠵᠦᠢᠯ ᠪᠣᠢ︔ | ᠪᠠᠰᠠ ︽ᠵᠥᠭᠡᠯᠡᠨ ᠣᠷᠴᠢᠨ ᠨᠥᠬᠦᠴᠡᠯ︾ ᠤᠨ ᠠᠰᠠᠭᠤᠳᠠᠯ ᠣᠷᠣᠰᠢᠵᠤ ᠪᠠᠶᠢᠨ᠎ᠠ᠂ ᠵᠠᠷᠢᠮ ᠺᠠᠳ᠋ᠷ ᠠᠵᠢᠯ ᠶᠠᠪᠤᠳᠠᠯ | ᠬᠢᠬᠦ ᠳᠡᠭᠡᠨ ︽ᠪᠥᠮᠪᠦᠭᠡ ᠢᠰᠬᠦᠯᠵᠦ︾᠂ ᠬᠠᠰᠢ ᠶᠠᠰᠢ ᠪᠠᠷ ᠠᠯᠪᠠ ᠬᠠᠰᠢᠵᠤ᠂ ᠬᠠᠷᠢᠭᠤᠴᠠᠯᠭ᠎ᠠ ᠪᠠᠨ ᠬᠠᠷᠢᠯᠴᠠᠨ | ᠲᠦᠯᠬᠢᠯᠴᠡᠵᠦ᠂ ᠠᠵᠤ ᠠᠬᠤᠶᠢᠯᠠᠯ᠂ ᠤᠯᠠᠨ ᠲᠦᠮᠡᠨ ᠤ ᠬᠠᠨᠤᠮᠵᠢ ᠦᠭᠡᠢ ᠭᠠᠵᠠᠷ ᠮᠥᠨ ᠯᠡ ᠮᠠᠰᠢ ᠤᠯᠠᠨ ᠪᠣᠢ᠃ | ᠭᠤᠷᠪᠠ ᠳᠤ᠂ ᠣᠷᠣᠨ ᠤ ᠲᠥᠪ ᠤᠨ ︽ᠲᠡᠷᠢᠭᠦᠨ ᠤ ᠬᠡᠮᠵᠢᠶ᠎ᠡ︾ ᠥᠨᠳᠥᠷ ᠪᠢᠰᠢ ᠠᠰᠠᠭᠤᠳᠠᠯ ᠮᠠᠰᠢ ᠲᠣᠪᠤᠶᠢᠮ᠎ᠠ | ᠪᠠᠶᠢᠨ᠎ᠠ᠂ ᠣᠷᠣᠨ ᠪᠦᠰᠡ ᠶᠢᠨ ᠴᠢᠨᠠᠷᠲᠠᠶ ᠲᠥᠪ ᠬᠤᠲᠠ ᠪᠣᠯᠤᠭᠰᠠᠨ ᠤ ᠬᠤᠪᠢ ᠳᠤ᠂ ᠦᠢᠯᠡᠳᠦᠯ ᠢᠶᠠᠨ ᠢᠯᠡᠳᠲᠡ | ᠪᠠᠳᠠᠷᠠᠭᠤᠯᠤᠭᠰᠠᠨ ᠥᠬᠡᠶ᠂ ᠲᠣᠰ ᠪᠡᠶ᠎ᠡ ᠶᠢᠨ ᠥᠷᠢᠰᠦᠯᠳᠦᠬᠦ ᠬᠦᠴᠦᠨ ᠢᠶᠠᠷ ᠳᠤᠲᠠᠮᠠᠭ ᠪᠠᠶᠢᠵᠤ᠂ ᠪᠥᠬᠦ ᠣᠷᠣᠨ ᠤ | ᠳᠠᠶᠢᠴᠢᠯᠠᠬᠤ ᠬᠦᠴᠦᠨ᠂ ᠡᠷᠬᠢᠨ ᠲᠣᠭᠤᠷᠢᠨ ᠢᠶᠠᠨ ᠨᠥᠯᠥᠭᠡᠯᠡᠬᠦ ᠬᠦᠴᠦᠨ ᠢᠶᠠᠷ ᠴᠢᠩᠭ᠎ᠠ ᠪᠢᠰᠢ ᠪᠠᠶᠢᠵᠤ᠂ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠪᠥᠬᠦ ᠤᠯᠤᠰ ᠤᠨ 27 ᠮᠤᠵᠢ ᠶᠢᠨ ᠲᠥᠪ ᠬᠤᠲᠠ ᠶᠢᠨ | ᠳᠣᠲᠣᠷ᠎ᠠ ᠵᠥᠪᠬᠡᠨ 23 ᠳ᠋ᠤᠭᠠᠷ ᠲᠤ ᠵᠢᠭᠰᠠᠭᠠᠭᠳᠠᠵᠤ᠂ ᠮᠤᠵᠢ ᠶᠢᠨ ᠲᠥᠪ ᠬᠤᠲᠠ ᠶᠢᠨ ︽ᠲᠡᠷᠢᠭᠦᠨ ᠤ ᠬᠡᠮᠵᠢᠶ᠎ᠡ︾ | ᠪᠠᠷ ᠰᠡᠭᠦᠯ ᠠᠴᠠ 2 ᠳ᠋ᠤᠭᠠᠷ ᠲᠤ ᠵᠢᠭᠰᠠᠭᠠᠭᠳᠠᠵᠤ᠂ ᠣᠷᠣᠨ ᠤ ᠲᠥᠪ ᠪᠠ ᠣᠷᠣᠨ ᠪᠦᠰᠡ ᠶᠢᠨ ᠴᠢᠨᠠᠷᠲᠠᠶ ᠲᠥᠪ | ᠬᠤᠲᠠ ᠶᠢᠨ ᠪᠠᠶᠢᠷᠢ ᠰᠠᠭᠤᠷᠢ ᠲᠠᠢ ᠲᠦᠢᠯ ᠤᠨ ᠵᠣᠬᠢᠴᠠᠬᠤ ᠥᠬᠡᠶ ᠪᠠᠶᠢᠨ᠎ᠠ᠃ ᠳᠥᠷᠪᠡ ᠳᠤ᠂ ᠠᠷᠠᠳ ᠤᠨ | ᠠᠮᠢᠳᠤᠷᠠᠯ ᠤᠨ ᠬᠦᠷᠢᠶᠡᠨ ᠳᠤ ᠪᠠᠰᠠ ᠴᠥᠭᠡᠨ ᠪᠤᠰᠤ ᠳᠤᠲᠠᠭᠤᠳᠠᠯ ᠣᠷᠣᠰᠢᠵᠤ ᠪᠠᠶᠢᠨ᠎ᠠ᠂ ᠵᠢᠱᠢᠶᠡᠯᠡᠪᠡᠯ ᠬᠡᠷ | ᠭᠠᠵᠠᠷ ᠤᠨ ᠬᠥᠷᠥᠩᠭᠡ ᠶᠢᠨ ᠦᠯᠡᠳᠡᠭᠳᠡᠯ ᠲᠥᠷᠦᠯ ᠵᠦᠢᠯ ᠤᠨ ᠦᠨᠡᠮᠯᠡᠯ ᠠᠪᠬᠤ ᠳᠤ ᠬᠦᠴᠢᠷᠲᠡᠶ᠂ ᠪᠤᠴᠠᠵᠤ | ᠨᠡᠭᠦᠬᠦ ᠳᠤ ᠬᠦᠴᠢᠷᠲᠡᠶ᠂ ᠣᠷᠣᠵᠤ ᠰᠠᠭᠤᠬᠤ ᠳᠤ ᠬᠦᠴᠢᠷᠲᠡᠶ ᠪᠠᠶᠢᠬᠤ ᠮᠠᠰᠢ ᠣᠯᠠᠨ ᠠᠰᠠᠭᠤᠳᠠᠯ ᠢ ᠮᠦᠨ ᠯᠡ | ᠰᠢᠢᠳᠪᠦᠷᠢᠯᠡᠭᠡᠳᠦᠢ ᠪᠠᠶᠢᠭᠰᠠᠭᠠᠷ︔ ᠪᠣᠬᠢᠷᠲᠤᠯ ᠢ ᠰᠡᠷᠭᠡᠶᠢᠯᠡᠨ ᠵᠠᠰᠠᠬᠤ ᠳᠤᠮᠳᠠ ᠤᠯᠠᠨ ᠲᠦᠮᠡᠨ ᠤ ᠲᠤᠰᠬᠠᠯ | ᠴᠢᠩᠭ᠎ᠠ ᠪᠠᠶᠢᠭ᠎ᠠ ︽ᠵᠢᠷᠦᠬᠡ ᠠᠭᠤᠰᠬᠢᠨ ᠤ ᠵᠣᠪᠠᠯᠠᠩ︾ ᠢ ᠪᠠᠰᠠ ᠦᠨᠳᠦᠰᠦᠨ ᠠᠴᠠ ᠨᠢ ᠠᠷᠢᠯᠭᠠᠭᠠᠳᠤᠢ︔ | ᠡᠭᠦᠨ ᠤ ᠵᠡᠷᠭᠡᠪᠡᠷ᠂ ᠠᠷᠠᠳ ᠢᠷᠭᠡᠳ ᠤᠨ ᠰᠤᠷᠭᠠᠭᠤᠯᠢ ᠳᠤ ᠰᠠᠭᠤᠬᠤ᠂ ᠡᠪᠡᠳᠴᠢᠨ ᠦᠵᠡᠭᠦᠯᠬᠦ᠂ ᠶᠠᠪᠤᠵᠤ | ᠰᠠᠭᠤᠬᠤ ᠵᠡᠷᠭᠡ ᠲᠠᠯ᠎ᠠ ᠪᠠᠷ ᠬᠢ ᠮᠠᠰᠢ ᠣᠯᠠᠨ ᠲᠤᠯᠭᠠᠮᠳᠠᠵᠤ ᠬᠦᠴᠢᠷᠳᠡᠵᠤ ᠵᠣᠪᠠᠵᠤ ᠬᠦᠰᠡᠵᠤ ᠰᠠᠨᠠᠭᠰᠠᠨ | ᠠᠰᠠᠭᠤᠳᠠᠯ ᠢ ᠪᠥᠲᠦᠮᠵᠢᠲᠠᠢ ᠰᠢᠢᠳᠪᠦᠷᠢᠯᠡᠵᠦ ᠴᠢᠳᠠᠭᠠᠳᠤᠶ ᠪᠠᠶᠢᠨ᠎ᠠ᠃ ᠲᠠᠪᠤ ᠳᠤ᠂ ᠺᠠᠳ᠋ᠷ ᠤᠨ ᠡᠩᠨᠡᠭᠡᠨ ᠤ | ᠨᠠᠶᠢᠳᠠᠪᠤᠷᠢᠵᠢᠭᠤᠯᠤᠯᠲᠠ ᠶᠢ ᠠᠳᠬᠤᠬᠤ ᠴᠢᠳᠠᠪᠤᠷᠢ ᠶᠢ ᠪᠠᠰᠠ ᠴᠢᠨᠠᠭᠰᠢᠳᠠ ᠳᠡᠭᠡᠭᠰᠢᠯᠡᠭᠦᠯᠬᠦ ᠴᠢᠬᠤᠯᠠᠲᠠᠢ᠂ ᠵᠠᠷᠢᠮ | ᠺᠠᠳ᠋ᠷ ᠤᠨ ᠲᠡᠷᠢᠭᠦᠨ ᠳᠤ ᠣᠷᠣᠬᠤ ᠪᠠᠷ ᠴᠢᠷᠮᠠᠶᠢᠬᠤ ᠤᠬᠠᠮᠰᠠᠷ ᠴᠢᠩᠭ᠎ᠠ ᠪᠢᠰᠢ᠂ ᠬᠠᠷᠢᠭᠤᠴᠠᠯᠭ᠎ᠠ ᠡᠭᠦᠷᠭᠡᠯᠡᠨ ᠠᠵᠢᠯ | ᠬᠢᠬᠦ ᠵᠣᠷᠢᠭ ᠰᠠᠨᠠᠭ᠎ᠠ ᠪᠠᠷ ᠬᠦᠷᠦᠯᠴᠡᠬᠦ ᠦᠭᠡᠢ᠂ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠶᠢ ᠣᠨᠤᠪᠴᠢᠲᠠᠢ | ᠡᠵᠡᠮᠳᠡᠵᠦ ᠳᠡᠶᠢᠯᠬᠦ ᠦᠭᠡᠢ᠂ ᠠᠵᠢᠯ ᠬᠢᠵᠦ ᠦᠢᠯᠡᠰ ᠪᠥᠲᠦᠭᠡᠬᠦ ︽ᠴᠤᠭ ᠰᠦᠯᠳᠡ︾ ᠨᠢ ᠰᠢᠨ᠎ᠡ ᠪᠠᠶᠢᠳᠠᠯ᠂ | ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠠᠴᠠ ᠪᠠᠰᠠ ᠨᠡᠯᠢᠶᠡᠳ ᠶᠡᠭᠡ ᠵᠦᠷᠢᠶ᠎ᠡ ᠲᠠᠢ ᠪᠠᠶᠢᠨ᠎ᠠ᠃ ᠡᠲᠡᠭᠡᠷ | ᠠᠰᠠᠭᠤᠳᠠᠯ ᠪᠣᠯ ᠴᠥᠮ ᠮᠠᠨ ᠤ ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ︽ᠰᠠᠭᠠᠳ︾ | ᠪᠠ ︽ᠲᠤᠳᠬᠠᠷ︾ ᠮᠥᠨ᠂ ᠪᠢᠳᠡ ᠵᠣᠷᠢᠭᠲᠠᠶ ᠪᠠᠷ ᠠᠰᠠᠭᠤᠳᠠᠯ ᠳᠤ ᠰᠢᠭᠤᠳ ᠬᠠᠨᠳᠤᠵᠤ᠂ ᠲᠡᠮᠡᠴᠡᠯ ᠤᠨ ᠵᠣᠷᠢᠭ | ᠰᠠᠨᠠᠭ᠎ᠠ ᠶᠢ ᠪᠠᠳᠠᠷᠠᠭᠤᠯᠤᠨ᠂ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠥᠬᠡᠶ᠂ ᠲᠡᠤᠬᠡ ᠶᠢᠨ | ᠰᠣᠩᠭᠤᠯᠲᠠ ᠳᠤ ᠣᠰᠣᠯᠳᠠᠬᠤ ᠥᠬᠡᠶ ᠪᠠᠶᠢᠵᠤ᠂ ᠰᠢᠢᠳᠪᠦᠷᠢᠯᠡᠬᠦ ᠶᠣᠰᠣᠲᠠᠶ ᠠᠰᠠᠭᠤᠳᠠᠯ ᠢ ᠪᠦᠬᠦ | ᠬᠦᠴᠦᠨ ᠢᠶᠠᠷ ᠢᠶᠠᠨ ᠰᠢᠢᠳᠪᠦᠷᠢᠯᠡᠨ᠂ ᠰᠢᠢᠳᠪᠦᠷᠢᠯᠡᠬᠦ ᠴᠢᠬᠤᠯᠠᠲᠠᠢ ᠪᠡᠷᠬᠡ ᠠᠰᠠᠭᠤᠳᠠᠯ ᠢ ᠶᠠᠭᠠᠬᠢᠵᠤ ᠪᠠᠶᠢᠭᠰᠠᠨ ᠴᠤ | ᠰᠢᠢᠳᠪᠦᠷᠢᠯᠡᠬᠦ ᠬᠡᠷᠡᠭᠲᠡᠶ︕ | ᠬᠤᠶᠠᠷ᠂ 《ᠠᠷᠪᠠᠨ ᠳᠥᠷᠪᠡᠳᠦᠭᠡᠷ ᠲᠠᠪᠤᠨ ᠵᠢᠯ 》 ᠤᠨ ᠬᠤᠭᠤᠴᠠᠭᠠᠨ ᠳᠠᠬᠢ ᠭᠤᠣᠯ ᠡᠭᠦᠷᠭᠡ | 《ᠠᠷᠪᠠᠨ ᠳᠥᠷᠪᠡᠳᠦᠭᠡᠷ ᠲᠠᠪᠤᠨ ᠵᠢᠯ 》 ᠤᠨ ᠬᠤᠭᠤᠴᠠᠭ᠎ᠠ ᠪᠣᠯ ᠮᠠᠨ ᠤ ᠤᠯᠤᠰ ᠨᠡᠶᠢᠭᠡᠮ | ᠵᠢᠷᠤᠮᠳᠤᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠵᠦ᠂ | ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠲᠡᠰᠢ ᠤᠷᠤᠭᠰᠢᠯᠠᠭᠰᠠᠨ ᠠᠩᠬᠠᠨ ᠤ ᠲᠠᠪᠤᠨ ᠵᠢᠯ ᠮᠥᠨ᠃ | ᠪᠢᠳᠡ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ | ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠥᠬᠦᠳᠡ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ | ᠬᠤᠲᠠ ᠶᠢᠨ ᠨᠠᠮ ᠤᠨ ᠬᠤᠷᠢᠶ᠎ᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠠᠷᠪᠠᠨ ᠬᠤᠶᠠᠳᠤᠭᠠᠷ ᠪᠥᠬᠦᠳᠡ | ᠬᠤᠷᠠᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ︽ᠬᠥᠬᠡᠬᠤᠲᠠ ᠶᠢᠨ ᠤᠯᠤᠰ ᠠᠷᠠᠳ ᠤᠨ ᠠᠵᠤ ᠠᠬᠤᠶ ᠪᠠ | ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ | ᠠᠯᠤᠰ ᠤᠨ ᠬᠠᠷᠠᠯᠲᠠ ᠶᠢᠨ ᠬᠥᠲᠥᠯᠪᠦᠷᠢ ︵ᠲᠥᠰᠦᠯ︶︾ ᠶᠢ ᠨᠠᠶᠢᠷᠠᠭᠤᠯᠤᠨ ᠵᠣᠬᠢᠶᠠᠵᠤ᠂ ᠲᠣᠰ ᠤᠳᠠᠭᠠᠨ ᠤ ᠶᠡᠭᠡ | ᠬᠤᠷᠠᠯ ᠳᠤ ᠬᠢᠨᠠᠨ ᠶᠠᠷᠢᠯᠴᠠᠭᠤᠯᠬᠤ ᠪᠠᠷ ᠳᠡᠪᠰᠢᠭᠦᠯᠪᠡ᠃ | ᠬᠤᠶᠢᠰᠢᠳᠠ ᠶᠢᠨ ᠲᠠᠪᠤᠨ ᠵᠢᠯ ᠳᠤ᠂ ᠪᠢᠳᠠ ᠨᠠᠮ ᠤᠨ ᠲᠥᠪ ᠬᠤᠷᠢᠶᠠᠨ ᠤ ᠱᠠᠭᠠᠷᠳᠠᠯᠭ᠎ᠠ ᠲᠠᠢ ᠪᠦᠬᠦ | ᠲᠠᠯ᠎ᠠ ᠪᠠᠷ ᠬᠠᠷᠭᠤᠭᠤᠯᠤᠨ ᠬᠠᠷᠢᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ | ᠬᠤᠳᠠ ᠶᠢᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠵᠤ᠂ ᠣᠷᠣᠨ ᠤ ᠲᠥᠪ ᠢ ᠠᠵᠤ ᠠᠬᠤᠢ ᠴᠡᠴᠡᠭᠯᠡᠨ ᠬᠥᠭᠵᠢᠭᠰᠡᠨ᠂ ᠴᠢᠳᠠᠪᠬᠢ ᠪᠦᠷᠢᠨ | ᠭᠦᠢᠴᠡᠳ᠂ ᠣᠷᠴᠢᠨ ᠲᠣᠭᠤᠷᠢᠨ ᠭᠤᠶᠢᠳᠠ ᠰᠠᠶᠢᠬᠠᠨ᠂ ᠪᠣᠯᠪᠠᠰᠤᠨ ᠡᠶ᠎ᠡ ᠵᠣᠬᠢᠴᠠᠩᠭᠤᠢ᠂ ᠨᠥᠯᠦᠭᠡᠯᠡᠬᠦ | ᠳᠠᠶᠢᠴᠢᠯᠠᠬᠤ ᠬᠦᠴᠦᠨ ᠢᠶᠠᠷ ᠴᠢᠩᠭ᠎ᠠ ᠣᠳᠣᠬᠢᠴᠢᠯᠠᠭᠰᠠᠨ ᠣᠷᠣᠨ ᠪᠦᠰᠡ ᠶᠢᠨ ᠴᠢᠨᠠᠷᠲᠠᠢ ᠲᠥᠪ ᠬᠤᠳᠠ ᠪᠣᠯᠭᠠᠨ | ᠪᠦᠳᠦᠬᠡᠨ ᠪᠠᠶᠢᠭᠤᠯᠬᠤ ᠪᠠᠷ ᠴᠢᠷᠮᠠᠶᠢᠨ᠎ᠠ᠃ ᠭᠤᠣᠯ ᠡᠭᠦᠷᠭᠡ ᠨᠢ᠄ | ︵ᠨᠢᠭᠡ︶ ᠣᠷᠣᠨ ᠤ ᠲᠥᠪ ᠤᠨ ᠰᠢᠨ᠎ᠡ ᠶᠢ ᠡᠭᠦᠳᠬᠦ ᠭᠤᠣᠯ ᠪᠠᠶᠢᠷᠢ ᠰᠠᠭᠤᠷᠢ ᠶᠢ ᠨᠠᠩ ᠲᠣᠪᠤᠶᠢᠮ᠎ᠠ | ᠪᠣᠯᠭᠠᠨ᠎ᠠ᠃ ᠰᠢᠨᠵᠢᠯᠡᠬᠦ ᠤᠬᠠᠭᠠᠨ ᠤ ᠰᠤᠳᠤᠯᠭᠠᠨ ᠤ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ | ᠵᠠᠰᠠᠭ ᠤᠨ ᠣᠷᠳᠣᠨ ᠤ ᠣᠷᠣᠭᠤᠯᠤᠯᠲᠠ ᠶᠢ ᠵᠢᠯ ᠳᠠᠷᠠᠭᠠᠯᠠᠨ ᠨᠡᠮᠡᠭᠳᠡᠭᠦᠯᠵᠦ᠂ ᠣᠯᠠᠨ ᠠᠷᠭ᠎ᠠ ᠵᠠᠮ ᠪᠥᠬᠦᠢ | ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠶᠢᠨ ᠰᠢᠰᠲ᠋ᠧᠮᠵᠢ ᠶᠢ ᠪᠠᠶᠢᠭᠤᠯᠤᠨ᠂ 2025 ᠣᠨ ᠪᠣᠯᠬᠤ ᠳᠤ | ᠂ ᠪᠥᠬᠦ ᠨᠡᠶᠢᠭᠡᠮ ᠤᠨ ᠰᠤᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ ᠶᠢᠨ ᠡᠷᠴᠢᠮ ᠢ 2% ᠠᠴᠠ ᠳᠡᠭᠡᠭᠰᠢ ᠳᠤ | ᠬᠦᠷᠦᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠴᠣᠭᠴᠠᠯᠠᠵᠤ᠂ | ᠬᠤᠲᠠ ᠶᠢᠨ ᠲᠠᠰ ᠠᠴᠠ ᠳᠡᠭᠡᠭᠰᠢᠬᠢ ᠲᠠᠪᠴᠠᠩ ᠤᠨ ᠠᠴᠢᠶᠠᠯᠠᠪᠤᠷᠢ ᠶᠢ 220 ᠠᠴᠠ ᠳᠡᠭᠡᠭᠰᠢ᠂ ᠰᠤᠳᠤᠯᠤᠨ ᠨᠡᠭᠡᠭᠡᠬᠦ | ᠪᠠᠶᠢᠭᠤᠯᠤᠮᠵᠢ ᠶᠢ 500 ᠠᠴᠠ ᠳᠡᠭᠡᠭᠰᠢ ᠪᠤᠶᠢᠵᠢᠭᠤᠯᠤᠨ᠎ᠠ᠃ ᠴᠢᠳᠠᠪᠤᠷᠢᠲᠠᠨ ᠤ ᠰᠢᠨ᠎ᠡ ᠶᠢ ᠡᠭᠦᠳᠬᠦ ᠠᠮᠢᠵᠢᠷᠠᠯ ᠤᠨ | ᠬᠦᠴᠦᠨ ᠢ ᠬᠥᠭᠵᠢᠭᠡᠵᠦ᠂ ᠴᠢᠳᠠᠪᠤᠷᠢᠲᠠᠨ ᠢ ᠰᠣᠩᠭᠤᠨ ᠬᠥᠮᠦᠵᠢᠭᠦᠯᠬᠦ᠂ ᠤᠶᠤᠲᠠᠳ ᠬᠦᠬᠡᠬᠤᠲᠠ ᠳᠤ ᠬᠦᠰᠡᠯ | ᠵᠡᠭᠦᠳᠦ ᠪᠠᠨ ᠲᠡᠷᠭᠡᠯᠰᠢᠭᠦᠯᠬᠦ ᠵᠡᠷᠭᠡ ᠲᠥᠯᠥᠪᠯᠡᠭᠡ ᠶᠢ ᠬᠡᠷᠡᠭᠵᠢᠭᠦᠯᠵᠦ᠂ ᠮᠢᠩᠭᠠᠨ ᠴᠢᠳᠠᠪᠤᠷᠢᠲᠠᠨ ᠢ ᠦᠨᠳᠦᠰᠦᠨ | ᠱᠠᠲᠤᠨ ᠳᠤ ᠪᠠᠭᠤᠯᠭᠠᠬᠤ᠂ ᠬᠤᠨ ᠭᠠᠯᠠᠭᠤ ᠤᠮᠠᠷᠠᠰᠢ ᠪᠤᠴᠠᠬᠤ ᠵᠡᠷᠭᠡ ᠠᠵᠢᠯᠯᠠᠭ᠎ᠠ ᠶᠢ ᠥᠷᠨᠢᠭᠦᠯᠵᠦ᠂ ᠣᠷᠤᠭᠤᠯᠤᠨ | ᠠᠪᠴᠢᠷᠠᠭᠰᠠᠨ ᠴᠢᠳᠠᠪᠤᠷᠢᠲᠠᠨ ᠢ ᠦᠨᠡᠨ ᠬᠦ ᠰᠠᠶᠢᠲᠤᠷ ᠬᠡᠷᠡᠭᠯᠡᠵᠦ᠂ ᠣᠷᠣᠨ ᠨᠤᠲᠤᠭ ᠤᠨ ᠴᠢᠳᠠᠪᠤᠷᠢᠲᠠᠨ ᠳᠤ ᠰᠠᠶᠢᠨ | ᠬᠠᠨᠳᠤᠵᠤ᠂ ᠭᠠᠳᠠᠨ᠎ᠠ ᠪᠠᠶᠢᠭ᠎ᠠ ᠨᠤᠲᠤᠭ ᠤᠨ ᠴᠢᠳᠠᠪᠤᠷᠢᠲᠠᠨ ᠤ ᠨᠤᠲᠤᠭ ᠲᠠᠭᠠᠨ ᠪᠤᠴᠠᠬᠤ ᠶᠢ ᠤᠷᠢᠶᠠᠯᠠᠨ᠎ᠠ᠃ | ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠡᠭᠡᠭᠡᠯᠲᠡ ᠬᠢᠵᠦ | ᠬᠠᠮᠲᠤᠷᠠᠯᠴᠠᠬᠤ ᠵᠠᠭᠪᠤᠷ ᠲᠤ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠰᠢᠨᠵᠢᠯᠡᠬᠦ ᠤᠬᠠᠭᠠᠨ ᠮᠡᠷᠭᠡᠵᠢᠯ ᠤᠨ | ᠦᠷ᠎ᠡ ᠪᠦᠲᠦᠭᠡᠯ ᠤᠨ ᠬᠡᠷᠡᠭᠯᠡᠬᠦ ᠡᠷᠬᠡ᠂ ᠰᠢᠢᠳᠪᠦᠷᠢᠯᠡᠬᠦ ᠡᠷᠬᠡ ᠪᠠ ᠠᠰᠢᠭ ᠭᠥᠷᠳᠡᠬᠦ ᠡᠷᠬᠡ ︽ᠭᠤᠷᠪᠠᠨ ᠡᠷᠬᠡ︾ | ᠶᠢᠨ ᠥᠭᠡᠷᠡᠴᠢᠯᠡᠯᠲᠡ ᠶᠢ ᠥᠷᠨᠢᠭᠦᠯᠵᠦ᠂ ᠣᠷᠣᠨ ᠤ ᠲᠥᠪ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠴᠢᠳᠠᠪᠤᠷᠢ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠎ᠡ᠃ | ︵ᠬᠤᠶᠠᠷ︶ ᠣᠷᠣᠨ ᠤ ᠲᠥᠪ ᠤᠨ ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮᠵᠢ ᠶᠢ ᠨᠠᠩ | ᠣᠨᠴᠠᠯᠢᠭ ᠲᠠᠢ ᠪᠣᠯᠭᠠᠨ᠎ᠠ᠃ ᠨᠢᠭᠡᠳᠦᠭᠡᠷ ᠠᠵᠤ ᠦᠢᠯᠡᠰ ᠢ ᠨᠠᠷᠢᠯᠢᠭ ᠪᠥᠭᠡᠳ ᠣᠨᠴᠠᠯᠢᠭ ᠲᠠᠢ ᠬᠢᠵᠦ᠂ ᠣᠷᠣᠨ ᠤ | ᠲᠥᠪ ᠤᠨ ᠪᠣᠳᠠᠲᠤ ᠪᠠᠶᠢᠳᠠᠯ ᠳᠤ ᠰᠠᠭᠤᠷᠢᠯᠠᠨ᠂ ︽ᠬᠤᠲᠠ ᠶᠢᠨ ᠣᠲᠣ ᠦᠶ᠎ᠡ ᠶᠢᠨ ᠲᠠᠷᠢᠶᠠᠯᠠᠩ︾ ᠢ ᠶᠡᠬᠡᠪᠡᠷ | ᠬᠥᠭᠵᠢᠭᠦᠯᠵᠦ᠂ ᠭᠠᠵᠠᠷ ᠰᠢᠷᠣᠶ ᠶᠢ ᠡᠷᠴᠢᠮᠵᠢᠭᠦᠯᠬᠦ᠂ ᠲᠠᠷᠢᠶᠠᠴᠢᠳ ᠢ ᠵᠣᠬᠢᠶᠠᠨ ᠪᠠᠶᠢᠭᠤᠯᠵᠢᠭᠤᠯᠬᠤ᠂ ᠠᠵᠤ | ᠦᠢᠯᠡᠰ ᠢ ᠣᠨᠴᠠᠯᠢᠬᠵᠢᠭᠤᠯᠬᠤ᠂ ᠦᠢᠯᠡᠳᠪᠦᠷᠢᠯᠡᠯ ᠢ ᠪᠠᠷᠢᠮᠵᠢᠶᠠᠵᠢᠭᠤᠯᠬᠤ᠂ ᠪᠦᠲᠦᠭᠡᠭᠳᠡᠬᠦᠨ ᠢ ᠲᠥᠷᠥᠯ | ᠲᠡᠮᠳᠡᠭᠵᠢᠭᠦᠯᠬᠦ ︽ᠲᠠᠪᠤᠨ ᠲᠠᠯ᠎ᠠ ᠶᠢᠨ ᠬᠠᠮ ᠠᠷᠭ᠎ᠠ︾ ᠶᠢ ᠰᠠᠶᠢᠲᠤᠷ ᠬᠡᠷᠡᠭᠵᠢᠭᠦᠯᠵᠦ᠂ ᠲᠠᠷᠢᠶᠠᠯᠠᠩ ᠮᠠᠯ ᠠᠵᠤ | ᠠᠬᠤᠶ ᠶᠢᠨ ᠪᠦᠲᠦᠴᠡ ᠶᠢ ᠳᠣᠭᠢᠷᠠᠭᠤᠯᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠥᠲᠥᠭᠡᠨ ᠪᠠᠶᠢᠭᠤᠯᠬᠤ᠂ | ᠠᠵᠤ ᠦᠢᠯᠡᠰ ᠤᠨ ᠰᠢᠰᠲ᠋ᠧᠮᠵᠢ ᠶᠢ ᠪᠠᠶᠢᠭᠤᠯᠬᠤ᠂ ᠡᠵᠡᠩᠨᠡᠯᠲᠡ ᠶᠢᠨ ᠰᠢᠰᠲ᠋ᠧᠮᠵᠢ ᠶᠢ ᠪᠥᠲᠥᠭᠡᠨ ᠪᠠᠶᠢᠭᠤᠯᠬᠤ ᠵᠡᠷᠭᠡ | ᠠᠵᠢᠯᠯᠠᠭ᠎ᠠ ᠶᠢ ᠬᠡᠷᠡᠭᠵᠢᠭᠦᠯᠦᠨ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠯᠲᠡ ᠶᠢᠨ ᠬᠥᠲᠥᠴᠢ ᠠᠵᠤ | ᠠᠬᠤᠶᠢᠯᠠᠯ ᠤᠨ ᠪᠣᠷᠣᠯᠠᠭᠤᠯᠤᠯᠲᠠ ᠶᠢᠨ ᠣᠷᠣᠯᠭ᠎ᠠ ᠶᠢ 2500 ᠳ᠋ᠦᠩᠰᠢᠭᠤᠷ ᠲᠥᠭᠦᠷᠢᠭ ᠲᠤ ᠬᠦᠷᠦᠭᠦᠯᠦᠨ᠎ᠡ᠃ | ᠬᠤᠶᠠᠳᠤᠭᠠᠷ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠰᠦ ᠶᠢᠨ ᠦᠢᠯᠡᠰ᠂ ᠠᠮᠢᠳᠤ | ᠪᠣᠳᠠᠰ ᠤᠨ ᠡᠮ ᠡᠮᠨᠡᠯᠭᠡ᠂ ᠴᠠᠬᠢᠭᠤᠷ ᠤᠨ ᠮᠠᠲ᠋ᠧᠷᠢᠶᠠᠯ᠂ ᠲᠤᠨᠤᠭ ᠲᠥᠬᠦᠭᠡᠷᠦᠮᠵᠢ ᠦᠢᠯᠡᠳᠬᠦ ᠵᠡᠷᠭᠡ ᠳᠠᠪᠠᠭᠤᠯᠢᠭ | ᠠᠵᠤ ᠦᠢᠯᠡᠰ ᠤᠨ ᠲᠣᠭᠤᠷᠢᠨ ᠳᠤ᠂ ᠠᠵᠤ ᠦᠢᠯᠡᠰ ᠤᠨ ᠬᠡᠯᠬᠢᠶ᠎ᠡ ᠶᠢ ᠳᠤᠤᠷᠠᠳᠤ ᠤᠷᠤᠰᠬᠠᠯ ᠲᠡᠶᠢᠰᠢ | ᠤᠷᠲᠤᠳᠬᠠᠬᠤ᠂ ᠦᠷᠳᠡᠭ ᠤᠨ ᠬᠡᠯᠬᠢᠶ᠎ᠡ ᠶᠢ ᠳᠤᠮᠳᠠ ᠳᠡᠭᠡᠳᠦ ᠲᠦᠪᠰᠢᠨ ᠲᠡᠶᠢᠰᠢ ᠳᠡᠭᠡᠭᠰᠢᠯᠡᠭᠦᠯᠬᠦ ᠶᠢ ᠠᠬᠢᠭᠤᠯᠵᠤ᠂ | ᠢᠯᠢ ᠶᠢᠨ ᠤᠳᠤ ᠦᠶ᠎ᠡ ᠶᠢᠨ ᠤᠶᠤᠨᠲᠤ ᠡᠷᠡᠭᠦᠯ ᠮᠡᠨᠳᠦ ᠶᠢᠨ ᠬᠥᠨᠳᠡᠢ᠂ ᠮᠧᠩ ᠨᠢᠦ ᠰᠦ ᠶᠢᠨ ᠦᠢᠯᠡᠰ ᠤᠨ ᠠᠵᠤ | ᠦᠢᠯᠡᠰ ᠤᠨ ᠬᠦᠷᠢᠶᠡᠯᠡᠩ ᠬᠤᠶᠠᠷ ᠶᠡᠭᠡ ᠰᠦ ᠶᠢᠨ ᠦᠢᠯᠡᠰ ᠤᠨ ᠲᠦᠷᠦᠯ ᠵᠦᠢᠯ ᠤᠨ ᠦᠢᠯᠡᠳᠪᠦᠷᠢᠯᠡᠯ ᠢᠶᠠᠨ | ᠪᠡᠶᠡᠯᠡᠭᠦᠯᠵᠦ ᠦᠷ᠎ᠡ ᠪᠥᠲᠦᠮᠵᠢ ᠣᠯᠬᠤ ᠶᠢ ᠭᠤᠣᠯᠳᠠᠯᠭ᠎ᠠ ᠲᠠᠢ ᠠᠬᠢᠭᠤᠯᠵᠤ᠂ ︽ᠮᠢᠩᠭᠠᠨ ᠳ᠋ᠦᠩᠰᠢᠭᠤᠷ ᠤᠨ | ᠳᠡᠰ ᠤᠨ ᠰᠦ ᠶᠢᠨ ᠦᠢᠯᠡᠰ ᠤᠨ ᠪᠥᠭᠡᠮᠨᠡᠷᠡᠯ︾ ᠢ ᠪᠠᠶᠢᠭᠤᠯᠵᠤ᠂ ︽ᠳᠤᠮᠳᠠᠳᠤ ᠤᠯᠤᠰ ᠤᠨ ᠰᠦ ᠶᠢᠨ ᠬᠤᠳᠠ︾ | ᠶᠢ ᠳᠡᠯᠡᠬᠡᠢ ᠳᠤ ᠠᠯᠳᠠᠷᠰᠢᠭᠤᠯᠤᠨ᠎ᠠ᠃ ᠭᠤᠷᠪᠠᠳᠤᠭᠠᠷ ᠠᠵᠤ ᠦᠢᠯᠡᠰ ᠢ ᠰᠢᠯᠢᠳᠡᠭᠵᠢᠭᠦᠯᠵᠦ ᠰᠢᠨᠡᠴᠢᠯᠡᠨ᠂ ᠣᠷᠣᠨ | ᠪᠦᠰᠡ ᠶᠢᠨ ᠴᠢᠨᠠᠷᠲᠠᠢ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠲᠥᠪ᠂ ᠠᠮᠢᠳᠤᠷᠠᠯ ᠤᠨ ᠬᠡᠷᠡᠭᠯᠡᠭᠡᠨ ᠤ ᠲᠥᠪ᠂ | ᠰᠡᠯᠡᠭᠦᠴᠡᠯ ᠠᠮᠠᠷᠠᠯᠲᠠ ᠶᠢᠨ ᠲᠥᠪ ᠢ ᠪᠦᠲᠦᠭᠡᠨ ᠪᠠᠶᠢᠭᠤᠯᠬᠤ ᠬᠠᠷᠠᠯᠲᠠ ᠲᠠᠢ ᠨᠢᠭᠲᠠ ᠤᠶᠠᠯᠳᠤᠭᠤᠯᠵᠤ᠂ ᠶᠡᠷᠦᠩᠬᠡᠢ | ᠬᠡᠯᠲᠡᠰ ᠤᠨ ᠠᠵᠤ ᠠᠬᠤᠢ᠂ ᠰᠣᠶᠣᠯ ᠵᠤᠭᠠᠴᠠᠯ ᠤᠨ ᠠᠵᠤ ᠦᠢᠯᠡᠰ᠂ ᠰᠣᠳᠣᠨ ᠪᠦᠲᠦᠭᠡᠯ ᠤᠨ ᠴᠤᠭᠯᠠᠭᠠᠨ | ᠦᠵᠡᠰᠬᠦᠯᠡᠩ ᠤᠨ ᠦᠢᠯᠡᠰ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ᠂ ᠡᠷᠡᠭᠦᠯ ᠮᠡᠨᠳᠦ | ᠨᠠᠰᠤᠵᠢᠯ ᠤᠨ ᠠᠰᠠᠷᠠᠮᠵᠢ ᠶᠢᠨ ᠦᠢᠯᠡᠰ ᠵᠡᠷᠭᠡ ᠶᠢ ᠶᠡᠬᠡᠪᠡᠷ ᠬᠥᠭᠵᠢᠭᠦᠯᠵᠦ᠂ ᠦᠢᠯᠡᠳᠪᠦᠷᠢᠯᠡᠯ ᠤᠨ ᠴᠢᠨᠠᠷᠲᠠᠢ | ᠦᠢᠯᠡᠴᠢᠯᠡᠭᠡᠨ ᠤ ᠦᠢᠯᠡᠰ ᠤᠨ ᠲᠤᠰᠬᠠᠶᠢᠵᠢᠭᠰᠠᠨ ᠳᠡᠭᠡᠳᠦ ᠲᠡᠰ ᠤᠨ ᠬᠥᠭᠵᠢᠯᠲᠡ ᠶᠢ ᠠᠬᠢᠭᠤᠯᠵᠤ᠂ | ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠤᠯᠠᠨ ᠶᠠᠩᠵᠤ ᠶᠢᠨ ᠬᠥᠭᠵᠢᠯᠲᠡ ᠶᠢ | ᠠᠬᠢᠭᠤᠯᠤᠨ᠎ᠠ᠃ | ︵ᠭᠤᠷᠪᠠ︶ ᠣᠷᠣᠨ ᠤ ᠲᠥᠪ ᠤᠨ ᠣᠲᠣ ᠦᠶ᠎ᠡ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ ᠳᠦᠷᠢ | ᠲᠥᠷᠬᠦ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠲᠠᠯ᠎ᠠ ᠪᠠᠷ᠂ ᠬᠥᠳᠡᠭᠡ ᠲᠣᠰᠬᠤᠨ ᠤ | ᠬᠥᠭᠵᠢᠯᠲᠡ ᠶᠢᠨ ᠵᠢᠮ᠎ᠡ ᠶᠣᠰᠣ ᠶᠢ ᠵᠢᠷᠤᠮᠯᠠᠵᠤ᠂ ᠤᠷᠢᠳᠠᠪᠠᠷ ᠲᠥᠯᠥᠪᠵᠢᠭᠦᠯᠬᠦ ᠶᠢ ᠪᠠᠷᠢᠮᠲᠠᠯᠠᠵᠤ᠂ ᠬᠥᠳᠡᠭᠡ | ᠲᠣᠰᠬᠤᠨ ᠤ ᠰᠠᠭᠤᠷᠢ ᠪᠡᠯᠡᠳᠬᠡᠮᠵᠢ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠳᠦᠭᠡᠨ | ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ | ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠲᠦᠷᠭᠡᠳᠬᠡᠨ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠤᠨᠢ | ᠲᠤᠬᠢᠷᠠᠭᠤᠯᠤᠨ ︽ᠵᠣᠷᠯᠣᠩ ᠤᠨ ᠬᠤᠪᠢᠰᠬᠠᠯ︾ ᠢ ᠰᠠᠶᠢᠲᠤᠷ ᠠᠳᠬᠤᠵᠤ᠂ ᠬᠥᠳᠡᠭᠡ ᠲᠣᠰᠬᠤᠨ ᠤ ᠣᠷᠣᠰᠢᠨ | ᠰᠠᠭᠤᠬᠤ ᠳᠤ ᠲᠣᠬᠢᠷᠠᠮᠵᠢᠲᠠᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠬᠤᠲᠠ ᠶᠢᠨ ᠲᠠᠯ᠎ᠠ ᠪᠠᠷ᠂ | ᠬᠥᠮᠦᠨ ᠢᠶᠠᠷ ᠭᠤᠤᠯᠯᠠᠭᠤᠯᠤᠭᠰᠠᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢ ᠪᠠᠷᠢᠮᠲᠠᠯᠠᠨ᠂ ᠭᠤᠣᠯ | ᠬᠤᠲᠠ ᠶᠢᠨ ᠲᠣᠭᠤᠷᠢᠭ ᠪᠠ ᠰᠢᠶᠠᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠬᠤᠲᠠ ᠶᠢᠨ ᠰᠢᠨᠡᠴᠢᠯᠡᠯᠲᠡ | ᠪᠠ ᠴᠢᠬᠤᠯᠠ ᠶᠡᠭᠡ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠤᠨ᠂ | ᠠᠮᠢ ᠠᠬᠤᠶ ᠶᠢᠨ ᠣᠷᠣᠨ ᠵᠠᠶ ᠶᠢ ᠰᠢᠨᠵᠢᠯᠡᠬᠦ ᠤᠬᠠᠭᠠᠨᠴᠢ ᠪᠠᠷ ᠰᠢᠯᠢᠳᠡᠭᠵᠢᠭᠦᠯᠵᠦ᠂ ᠵᠠᠮ ᠬᠠᠷᠢᠯᠴᠠᠭ᠎ᠠ ᠶᠢ ᠪᠥᠬᠦ | ᠬᠦᠴᠦᠨ ᠢᠶᠠᠷ ᠢᠶᠠᠨ ᠰᠠᠭᠠᠳ ᠥᠬᠡᠶ ᠨᠡᠪᠲᠡᠷᠡᠭᠦᠯᠵᠦ᠂ ᠬᠤᠲᠠ ᠶᠢᠨ ᠴᠢᠳᠠᠪᠬᠢ ᠶᠢ ᠲᠠᠰᠤᠷᠠᠯᠲᠠ ᠥᠬᠡᠶ | ᠲᠡᠭᠦᠯᠳᠡᠷᠵᠢᠭᠦᠯᠬᠦ ᠶᠢ ᠠᠬᠢᠭᠤᠯᠤᠨ᠂ ᠨᠠᠩ ᠠᠮᠢᠵᠢᠷᠠᠯ ᠤᠨ ᠬᠦᠴᠦᠨ ᠲᠠᠢ᠂ ᠨᠠᠩ ᠲᠠᠲᠠᠬᠤ ᠬᠦᠴᠦᠨ ᠲᠠᠢ | ᠦᠵᠡᠰᠬᠦᠯᠡᠩᠲᠦ ᠰᠠᠶᠢᠬᠠᠨ ᠬᠦᠬᠡᠬᠤᠲᠠ᠂ ᠦᠨᠢᠷ ᠪᠠᠶᠠᠯᠢᠭ ᠲᠠᠯ᠎ᠠ ᠶᠢᠨ ᠬᠤᠲᠠ ᠶᠢ ᠪᠥᠲᠥᠭᠡᠨ ᠪᠠᠶᠢᠭᠤᠯᠤᠨ᠎ᠠ᠃ | ︵ᠳᠥᠷᠪᠡ︶ ᠣᠷᠣᠨ ᠤ ᠲᠥᠪ ᠤᠨ ᠬᠥᠭᠵᠢᠯᠲᠡ ᠶᠢᠨ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ | ᠭᠦᠢᠴᠡᠳ ᠪᠠᠳᠠᠷᠠᠭᠤᠯᠤᠨ᠎ᠠ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠᠷ ᠭᠤᠣᠯᠳᠠᠯᠭ᠎ᠠ | ᠪᠣᠯᠭᠠᠨ᠂ ︽ᠬᠥᠬᠡᠭᠴᠢᠨ ᠲᠠᠯ᠎ᠠ ᠶᠢᠨ ᠰᠡᠳᠬᠢᠬᠦᠢ︾᠂ ︽ᠤᠯᠠᠨ ᠲᠦᠮᠡᠨ ᠤ ᠰᠡᠳᠬᠢᠬᠦᠢ︾᠂ ︽ᠬᠠᠤᠯᠢ ᠪᠠᠷ | ᠵᠠᠰᠠᠬᠤᠰᠡᠳᠬᠢᠬᠦᠢ︾᠂ ︽ᠬᠡᠪ ᠳᠠᠭᠤᠷᠢᠶᠠᠯ ᠤᠨ ᠰᠡᠳᠬᠢᠬᠦᠢ︾ ᠶᠢ ᠪᠠᠲᠤ ᠪᠤᠢ ᠪᠣᠯᠭᠠᠵᠤ᠂ ︽ᠪᠠᠭᠤᠯᠭᠠᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠭᠠᠷ | ᠭᠦᠢᠴᠡᠳᠬᠡᠯ ᠢ ᠴᠥᠭᠡᠳᠬᠡᠬᠦ᠂ ᠬᠢᠨᠠᠨ ᠵᠥᠪᠰᠢᠶᠡᠷᠡᠬᠦ ᠶᠢ ᠴᠥᠭᠡᠳᠬᠡᠬᠦ᠂ ᠭᠠᠷ ᠲᠦᠷᠦᠭᠦ ᠦᠭᠡᠢ ᠪᠠᠶᠢᠬᠤ ᠵᠢᠴᠢ | ᠳᠠᠷᠦ᠋ᠢᠬᠠᠨ ᠭᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ᠂ | ᠤᠢᠢᠷ᠎ᠠ ᠬᠠᠪᠢ ᠳᠠᠭᠠᠨ ᠭᠦᠢᠴᠡᠳᠬᠡᠬᠦ ᠶᠢ ᠰᠢᠨ᠎ᠡ ᠬᠡᠪ ᠪᠠᠶᠢᠳᠠᠯ ᠪᠣᠯᠭᠠᠵᠤ᠂ ︽ᠠᠵᠢᠯ ᠶᠠᠪᠤᠳᠠᠯ ᠭᠦᠢᠴᠡᠳᠬᠡᠬᠦ ᠳᠤ | ᠬᠥᠮᠦᠨ ᠢ ᠭᠤᠶᠤᠬᠤ ᠦᠭᠡᠢ᠂ ᠲᠦᠷᠦᠯ ᠵᠦᠢᠯ ᠢ ᠨᠠᠶᠢᠳᠠᠪᠤᠷᠢᠵᠢᠭᠤᠯᠵᠤ ᠳᠡᠶᠢᠯᠬᠦ︾ ᠣᠷᠣᠨ ᠤ ᠲᠥᠪ ᠤᠨ ᠰᠢᠨ᠎ᠡ | ᠲᠦᠷᠢ ᠲᠥᠷᠬᠦ ᠶᠢ ᠪᠦᠬᠦ ᠲᠠᠯ᠎ᠠ ᠪᠠᠷ ᠪᠤᠢ ᠪᠤᠯᠭᠠᠨ᠎ᠠ᠃ ᠪᠡᠭᠡᠵᠢᠩ ᠲᠢᠶᠠᠨᠵᠢᠨ ᠾᠧᠪᠸᠢ ᠶᠢᠨ ᠬᠤᠶᠠᠷ ᠴᠠᠭ ᠤᠨ | ᠠᠵᠤ ᠠᠬᠤᠢ ᠶᠢᠨ ᠲᠣᠭᠤᠷᠢᠭ ᠲᠤ ᠭᠦᠨᠵᠡᠭᠡᠢ ᠠᠭᠤᠰᠤᠯᠴᠠᠵᠤ᠂ ᠬᠥᠬᠡᠬᠤᠲᠠ ᠪᠤᠭᠤᠲᠤ ᠤᠷᠳᠤᠰ ᠤᠯᠠᠭᠠᠨᠴᠠᠪ ᠤᠨ | ᠨᠢᠭᠡ ᠴᠠᠭ ᠤᠨ ᠠᠵᠤ ᠠᠬᠤᠢ ᠶᠢᠨ ᠲᠣᠭᠤᠷᠢᠭ ᠢ ᠢᠳᠡᠪᠬᠢᠲᠡᠢ ᠬᠦᠳᠦᠯᠦᠨ ᠳᠠᠭᠠᠭᠤᠯᠵᠤ᠂ ᠰᠠᠭᠤᠷᠢ | ᠪᠡᠯᠡᠳᠬᠡᠮᠵᠢ ᠶᠢᠨ ᠬᠤᠯᠪᠣᠯᠳᠤᠨ ᠨᠡᠪᠲᠡᠷᠡᠯᠴᠡᠬᠦ᠂ ᠠᠵᠤ ᠦᠢᠯᠡᠰ ᠤᠨ ᠬᠠᠮᠵᠢᠯᠴᠠᠨ ᠬᠥᠭᠵᠢᠬᠦ᠂ ᠠᠮᠢ ᠠᠬᠤᠢ ᠶᠢᠨ | ᠪᠣᠯᠪᠠᠰᠤᠨ ᠢ ᠬᠠᠮᠲᠤᠪᠠᠷ ᠪᠠᠶᠢᠭᠤᠯᠬᠤ᠂ ᠤᠯᠠᠨ ᠨᠡᠶᠢᠲᠡ ᠶᠢᠨ ᠦᠢᠯᠡᠴᠢᠯᠡᠭᠡ ᠶᠢ ᠬᠠᠮᠲᠤᠪᠠᠷ ᠡᠳ᠋ᠯᠡᠬᠦ ᠵᠡᠷᠭᠡ | ᠬᠦᠷᠢᠶᠡᠨ ᠳᠤ ᠪᠦᠬᠦ ᠲᠠᠯ᠎ᠠ ᠪᠠᠷ ᠵᠣᠯᠭᠠᠭᠤᠯᠵᠤ᠂ ᠭᠦᠨ ᠳᠠᠪᠬᠤᠷᠭ᠎ᠠ ᠪᠠᠷ ᠠᠭᠤᠰᠤᠯᠴᠠᠭᠤᠯᠵᠤ᠂ ︽ᠵᠡᠭᠦᠨᠰᠢ | ᠠᠭᠤᠰᠤᠯᠴᠠᠬᠤ᠂ ᠪᠠᠷᠠᠭᠤᠨᠰᠢ ᠬᠤᠯᠪᠣᠯᠳᠤᠬᠤ᠂ ᠡᠮᠦᠨᠡᠰᠢ ᠨᠡᠪᠲᠡᠷᠡᠯᠴᠡᠬᠦ᠂ ᠤᠮᠠᠷᠠᠰᠢ ᠨᠡᠭᠡᠭᠡᠬᠦ︾ ᠪᠦᠬᠦ ᠲᠠᠯ᠎ᠠ ᠶᠢᠨ | ᠨᠡᠭᠡᠭᠡᠯᠲᠡᠲᠦ ᠬᠥᠭᠵᠢᠯᠲᠡ ᠶᠢᠨ ᠰᠢᠨ᠎ᠡ ᠪᠠᠶᠢᠷᠢᠰᠢᠯ ᠢ ᠴᠢᠷᠮᠠᠶᠢᠨ ᠪᠠᠶᠢᠭᠤᠯᠤᠨ᠎ᠠ᠃ | ︵ᠲᠠᠪᠤ︶ ᠣᠷᠣᠨ ᠤ ᠲᠥᠪ ᠤᠨ ᠪᠣᠬᠢᠷᠲᠤᠯ ᠥᠬᠡᠶ ᠠᠮᠢ ᠠᠬᠤᠶ ᠶᠢᠨ ᠰᠠᠭᠤᠷᠢ ᠥᠩᠭᠡ ᠶᠢ ᠨᠠᠩ | ᠦᠵᠡᠰᠬᠦᠯᠡᠩᠲᠦ ᠰᠠᠶᠢᠬᠠᠨ ᠪᠣᠯᠭᠠᠨ᠎ᠠ᠃ ᠶᠡᠭᠡ ᠬᠡᠪᠴᠢᠶᠡᠨ ᠤ ᠤᠯᠤᠰ ᠤᠨ ᠨᠤᠲᠤᠭ ᠳᠡᠪᠢᠰᠬᠡᠷ ᠤᠨ | ᠨᠣᠭᠤᠭᠠᠷᠠᠭᠤᠯᠤᠯᠲᠠ ᠶᠢ ᠭᠦᠨᠵᠡᠭᠡᠶ ᠳᠥᠯᠭᠢᠨ ᠠᠬᠢᠭᠤᠯᠵᠤ᠂ ᠳᠠᠯᠠᠨ ᠬᠠᠷ᠎ᠠ ᠠᠭᠤᠯᠠ ᠶᠢᠨ ᠡᠮᠦᠨ᠎ᠡ ᠪᠡᠯ ᠤᠨ | ᠨᠣᠭᠤᠭᠠᠷᠠᠭᠤᠯᠤᠯᠲᠠ ᠶᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠂ ᠴᠡᠯᠡᠭᠡᠷ ᠲᠠᠯ᠎ᠠ | ᠤᠯᠤᠰ ᠤᠨ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ ᠢ ᠥᠨᠳᠥᠷ ᠪᠠᠷᠢᠮᠵᠢᠶ᠎ᠠ ᠪᠠᠷ ᠪᠥᠲᠥᠭᠡᠨ ᠪᠠᠶᠢᠭᠤᠯᠵᠤ《 | ᠥᠨᠳᠦᠷ ᠲᠡᠭᠷᠢ ᠬᠥᠬᠡᠷᠡᠵᠣ ᠥᠷᠭᠡᠨ ᠲᠠᠯ᠎ᠠ ᠨᠡᠯᠦᠶᠢᠨ᠎ᠡ᠂ ᠡᠪᠡᠰᠦᠨ ᠲᠣᠯᠤᠭᠠᠢ ᠰᠠᠯᠬᠢᠨ ᠳᠤ ᠨᠠᠶᠢᠭᠤᠬᠤᠯᠠᠷ ᠦᠬᠡᠷ | ᠬᠤᠨᠢᠳ ᠦᠵᠡᠭᠳᠡᠨᠡᠮ︾ ᠴᠡᠯᠡᠭᠡᠷ ᠲᠠᠯ᠎ᠠ ᠶᠢᠨ ᠰᠠᠶᠢᠬᠠᠨ ᠦᠵᠡᠮᠵᠢ ᠶᠢ ᠳᠠᠬᠢᠨ ᠢᠯᠡᠷᠡᠭᠦᠯᠦᠨ᠎ᠡ᠃ ᠬᠠᠲᠤᠨ | ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ | ᠠᠬᠢᠭᠤᠯᠵᠤ᠂ ᠬᠠᠲᠤᠨ ᠭᠤᠤᠯ ᠤᠨ ᠰᠠᠪᠠ ᠭᠠᠵᠠᠷ ᠤᠨ ᠬᠥᠬᠡᠬᠤᠲᠠ ᠶᠢᠨ ᠬᠡᠰᠡᠭ ᠤᠨ ᠠᠮᠢ ᠠᠬᠤᠶ ᠶᠢᠨ | ᠬᠠᠮᠠᠭᠠᠯᠠᠯᠲᠠ ᠪᠠ ᠰᠡᠷᠭᠦᠭᠡᠯᠲᠡ ᠶᠢ ᠪᠥᠬᠦ ᠲᠠᠯ᠎ᠠ ᠪᠠᠷ ᠥᠷᠨᠢᠭᠦᠯᠵᠦ᠂ ᠬᠠᠲᠤᠨ ᠭᠤᠤᠯ ᠢ ᠠᠷᠠᠳ ᠲᠦᠮᠡᠨ ᠳᠤ ᠪᠤᠶᠠᠨ | ᠦᠢᠯᠡᠳᠬᠦ ᠵᠢᠷᠭᠠᠯ ᠤᠨ ᠭᠤᠤᠯ ᠪᠣᠯᠭᠠᠨ᠎ᠠ᠃ ᠬᠤᠳᠠ ᠶᠢᠨ ᠤᠰᠤᠨ ᠰᠢᠰᠲ᠋ᠧᠮ ᠢ ᠶᠡᠷᠦᠩᠬᠡᠶᠢᠯᠡᠨ ᠵᠠᠰᠠᠬᠤ ᠶᠢ | ᠲᠦᠯᠬᠢᠨ ᠠᠬᠢᠭᠤᠯᠵᠤ᠂ ᠭᠤᠣᠯᠳᠠᠯᠭ᠎ᠠ ᠲᠠᠢ ᠰᠠᠪᠠ ᠭᠠᠵᠠᠷ ᠤᠨ ᠠᠮᠢ ᠠᠬᠤᠶ ᠶᠢ ᠰᠡᠷᠭᠦᠭᠡᠬᠦ ᠢᠨᠵᠧᠨᠧᠷᠢᠩ ᠪᠠ | ᠨᠤᠭᠤ ᠭᠠᠵᠠᠷ ᠤᠨ ᠤᠰᠤ ᠬᠠᠳᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ ᠬᠤᠳᠠ ᠶᠢᠨ ᠨᠤᠭᠤ ᠭᠠᠵᠠᠷ ᠤᠨ ᠠᠮᠢ | ᠠᠬᠤᠶ ᠶᠢᠨ ᠴᠢᠳᠠᠪᠬᠢ ᠶᠢ ᠰᠡᠷᠭᠦᠭᠡᠨ᠎ᠡ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠤᠯᠠᠨ ᠪᠣᠬᠢᠷᠲᠤᠯ ᠪᠣᠳᠠᠰ ᠢ ᠬᠠᠮᠵᠢᠯᠴᠠᠨ ᠡᠵᠡᠮᠳᠡᠬᠦ ᠪᠠ ᠣᠷᠣᠨ | ᠪᠦᠰᠡ ᠶᠢᠨ ᠬᠠᠮᠵᠢᠯᠴᠠᠨ ᠵᠠᠰᠠᠬᠤ ᠶᠢ ᠦᠷᠭᠦᠯᠵᠢᠯᠡᠨ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠠᠴᠠ | ᠪᠠᠭᠤᠯᠭᠠᠭᠰᠠᠨ ᠪᠣᠬᠢᠷᠲᠤᠯ ᠢ ᠰᠡᠷᠭᠡᠶᠢᠯᠡᠨ ᠵᠠᠰᠠᠬᠤ ᠬᠢᠵᠠᠭᠠᠷᠯᠠᠯ ᠤᠨ ᠴᠢᠨᠠᠷᠲᠠᠢ ᠭᠦᠢᠴᠡᠳᠬᠡᠯ ᠲᠤᠭ᠎ᠠ ᠶᠢ ᠪᠡᠶᠡᠯᠡᠭᠦᠯᠵᠦ | ᠂ ᠣᠷᠣᠨ ᠤ ᠲᠥᠪ ᠤᠨ ᠲᠩᠷᠢ ᠨᠢ ᠴᠡᠯᠮᠡᠭ ᠭᠠᠵᠠᠷ ᠨᠢ ᠨᠣᠭᠤᠭᠠᠨ᠂ ᠤᠰᠤ ᠨᠢ ᠴᠡᠪᠡᠷ ᠭᠤᠣᠯ ᠨᠢ ᠲᠤᠩᠭᠠᠯᠠᠭ | ᠪᠠᠶᠢᠬᠤ ᠶᠢ ᠪᠡᠶᠡᠯᠡᠭᠦᠯᠦᠨ᠎ᠡ᠃ | ︵ᠵᠢᠷᠭᠤᠭ᠎ᠠ︶ ᠣᠷᠣᠨ ᠤ ᠲᠥᠪ ᠤᠨ ᠥᠷᠭᠡᠨ ᠣᠯᠠᠨ ᠲᠦᠮᠡᠨ ᠤ ᠠᠮᠢᠳᠤᠷᠠᠯ ᠢ ᠨᠠᠩ ᠵᠣᠯ ᠵᠢᠷᠭᠠᠯ ᠲᠠᠢ | ᠪᠣᠯᠭᠠᠨ᠎ᠠ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ | ᠠᠵᠢᠯ ᠣᠯᠭᠤᠯᠲᠠ ᠶᠢᠨ ᠪᠠᠭᠲᠠᠭᠠᠮᠵᠢ ᠶᠢ ᠥᠷᠭᠡᠳᠬᠡᠨ᠂ ᠠᠵᠢᠯ ᠣᠯᠭᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ | ᠬᠤᠳᠠ ᠪᠠᠯᠭᠠᠰᠤᠨ ᠤ ᠰᠢᠨ᠎ᠡ ᠪᠠᠷ ᠠᠵᠢᠯ ᠣᠯᠤᠭᠰᠠᠨ ᠬᠥᠮᠦᠨ ᠢ ᠳᠤᠮᠳᠠᠴᠢ ᠪᠠᠷ ᠵᠢᠯ ᠪᠦᠷᠢ 4 ᠲᠦᠮᠡ ᠠᠴᠠ | ᠳᠤᠲᠠᠭᠤ ᠦᠭᠡᠢ ᠪᠠᠶᠢᠯᠭᠠᠵᠤ᠂ ᠨᠡᠩ ᠭᠦᠢᠴᠡᠳ᠂ ᠨᠡᠩ ᠴᠢᠨᠠᠷ ᠰᠠᠶᠢᠲᠠᠶ ᠠᠵᠢᠯ ᠣᠯᠭᠤᠯᠲᠠ ᠪᠠᠷ ᠳᠠᠮᠵᠢᠭᠤᠯᠤᠨ | ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ ᠳᠠᠶᠢᠴᠢᠯᠠᠨ᠎ᠠ᠃ | ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠵᠦ᠂ ᠠᠯᠪᠠᠨ ᠠᠴᠠ ᠡᠷᠬᠢᠯᠡᠭᠰᠡᠨ | ᠬᠡᠦᠬᠡᠳ ᠤᠨ ᠴᠡᠴᠡᠷᠯᠢᠭ ᠢ 40 ᠶᠢ ᠰᠢᠨ᠎ᠡ ᠪᠠᠷ ᠨᠡᠮᠡᠭᠳᠡᠭᠦᠯᠵᠦ᠂ 40 ᠳᠤᠮᠳᠠᠳᠤ ᠪᠠᠭ᠎ᠠ ᠰᠤᠷᠭᠠᠭᠤᠯᠢ ᠶᠢ | ᠰᠢᠨ᠎ᠡ ᠪᠠᠷ ᠪᠠᠶᠢᠭᠤᠯᠬᠤ ᠪᠠ ᠥᠷᠭᠡᠳᠬᠡᠨ ᠪᠠᠶᠢᠭᠤᠯᠵᠤ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠲᠡᠭᠦᠰᠦᠭᠰᠡᠨ | ᠰᠤᠷᠤᠭᠴᠢᠳ ᠤᠨ ᠠᠵᠢᠯ ᠣᠯᠭᠤᠯᠲᠠ ᠶᠢᠨ ᠨᠤᠷᠮ᠎ᠠ ᠶᠢ 95 % ᠠᠴᠠ ᠳᠡᠭᠡᠭᠰᠢ ᠳᠤ ᠬᠦᠷᠦᠭᠦᠯᠵᠦ᠂ ᠰᠤᠷᠭᠠᠨ | ᠬᠥᠮᠦᠵᠢᠯ ᠢ ᠨᠡᠩ ᠲᠥᠪ ᠭᠤᠣᠯᠴᠢ ᠪᠣᠯᠭᠠᠵᠤ᠂ ᠣᠷᠤᠨ ᠤ ᠲᠥᠪ ᠤᠨ ᠬᠤᠳᠠ ᠶᠢᠨ ᠠᠷᠠᠳ ᠤᠨ ᠬᠡᠦᠬᠡᠳ ᠢ | ᠰᠤᠷᠭᠠᠭᠤᠯᠢ ᠳᠤ ᠣᠷᠣᠬᠤ ᠳᠤ ᠬᠦᠴᠢᠷ ᠦᠭᠡᠢ ᠪᠤᠯᠭᠠᠨ᠎ᠠ᠃ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠰᠢᠰᠲ᠋ᠧᠮᠵᠢ ᠶᠢ ᠪᠦᠷᠢᠨᠰᠢᠬᠦᠯᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠪᠣᠯᠤᠨ ᠪᠦᠬᠦ ᠠᠷᠠᠳ ᠤᠨ | ᠡᠷᠡᠭᠦᠯ ᠮᠡᠨᠳᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠪᠠᠶᠢᠩᠭᠤ | ᠣᠷᠣᠯᠴᠠᠬᠤ ᠬᠥᠮᠦᠨ ᠤ ᠲᠤᠭ᠎ᠠ ᠶᠢᠨ ᠬᠠᠷᠢᠴᠠᠯ ᠢ 49% ᠠᠴᠠ ᠳᠡᠭᠡᠭᠰᠢ ᠳᠤ ᠬᠦᠷᠦᠭᠦᠯᠵᠦ᠂ ᠬᠡᠷ ᠪᠦᠯᠢ ᠶᠢᠨ ᠪᠠ | ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠨᠡᠶᠢᠭᠡᠮ ᠲᠣᠭᠤᠷᠢᠭ ᠤᠨ | ᠪᠦᠷᠬᠦᠴᠡ ᠶᠢ 100% ᠳᠤ ᠬᠦᠷᠦᠭᠦᠯᠵᠦ᠂ ᠨᠡᠶᠢᠭᠡᠮ ᠤᠨ ᠪᠠᠲᠤᠯᠠᠭ᠎ᠠ᠂ ᠨᠡᠶᠢᠭᠡᠮ ᠤᠨ ᠠᠪᠤᠷᠠᠨ ᠲᠤᠰᠠᠯᠠᠯᠲᠠ᠂ | ᠨᠡᠶᠢᠭᠡᠮ ᠤᠨ ᠠᠰᠠᠷᠠᠮᠵᠢ ᠶᠢᠨ ᠰᠢᠰᠲ᠋ᠧᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠣᠯᠠᠨ ᠲᠦᠮᠡᠨ ᠤ | ᠠᠮᠢᠳᠤᠷᠠᠯ ᠢ ᠰᠠᠶᠢᠲᠤᠷ ᠪᠠᠲᠤᠯᠠᠨ᠂ ᠣᠯᠠᠨ ᠲᠦᠮᠡᠨ ᠤ ᠲᠤᠯᠭᠠᠮᠳᠠᠵᠤ ᠬᠦᠴᠢᠷᠳᠡᠵᠣ ᠵᠣᠪᠠᠵᠤ ᠬᠦᠰᠡᠵᠣ ᠰᠠᠨᠠᠭᠰᠠᠨ | ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠣᠷᠤᠨ ᠤ ᠲᠥᠪ ᠤᠨ ᠣᠯᠠᠨ ᠲᠦᠮᠡᠨ ᠤ ᠠᠮᠢᠳᠤᠷᠠᠯ ᠢ ᠵᠢᠯ ᠠᠴᠠ ᠵᠢᠯ | ᠰᠠᠶᠢᠵᠢᠷᠠᠭᠤᠯᠬᠤ ᠪᠠᠷ ᠴᠢᠷᠮᠠᠶᠢᠨ᠎ᠠ᠃ | ᠭᠤᠷᠪᠠ᠂ 2021 ᠣᠨ ᠤ ᠭᠤᠣᠯᠳᠠᠯᠭ᠎ᠠ ᠲᠠᠢ ᠠᠵᠢᠯ | ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠵᠦ᠂ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢ | ᠡᠬᠢᠯᠡᠭᠦᠯᠦᠭᠰᠡᠨ ᠠᠩᠬᠠᠨ ᠤ ᠵᠢᠯ ᠮᠥᠨ᠂ ᠮᠦᠨᠴᠤ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ | 100 ᠵᠢᠯ ᠤᠨ ᠣᠶ ᠪᠣᠯᠤᠨ᠎ᠠ᠂ ᠪᠣᠶ ᠪᠥᠬᠦᠶ ᠠᠵᠢᠯ ᠢ ᠴᠥᠮ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠶᠢᠨ | ᠳᠣᠤᠷ᠎ᠠ ᠰᠠᠶᠢᠲᠤᠷ ᠡᠬᠢᠯᠡᠭᠦᠯᠦᠨ᠎ᠡ᠃ | ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠳᠡᠭ ᠢ 6% | ᠣᠷᠴᠢᠮ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠳᠡᠭ ᠢ7.5% | ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 6% ᠣᠷᠴᠢᠮ ᠨᠡᠮᠡᠭᠳᠡᠭᠦᠯᠵᠦ᠂ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 7% ᠣᠷᠴᠢᠮ | ᠨᠡᠮᠡᠭᠳᠡᠭᠦᠯᠵᠦ᠂ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 2% ᠣᠷᠴᠢᠮ ᠨᠡᠮᠡᠭᠳᠡᠭᠦᠯᠵᠦ᠂ | ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠶᠢ ᠴᠥᠮ 6% ᠣᠷᠴᠢᠮ ᠨᠡᠮᠡᠭᠳᠡᠭᠦᠯᠵᠦ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠡᠨᠧᠷᠭᠢ | ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ | ᠡᠨᠡ ᠵᠢᠯ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠬᠢᠨ᠎ᠡ ᠄ | ︵ᠨᠢᠭᠡ︶ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤᠮᠳᠠ ᠤᠷᠤᠨ ᠤ ᠲᠥᠪ ᠤᠨ | ᠰᠢᠨ᠎ᠡ ᠰᠢᠪᠲᠤᠯᠤᠯᠲᠠ ᠶᠢ ᠪᠡᠶᠡᠯᠡᠭᠦᠯᠦᠨ᠎ᠡ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠨ᠎ᠡ᠃ | ᠭᠤᠣᠯᠳᠠᠯᠭ᠎ᠠ ᠲᠠᠢ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠵᠦ᠂ ︽ᠬᠤᠶᠠᠷ ᠲᠣᠭᠤᠷᠢᠭ | ᠬᠤᠶᠠᠷ ᠲᠥᠪ ᠲᠠᠪᠤᠨ ᠰᠠᠭᠤᠷᠢᠨ ᠭᠠᠵᠠᠷ︾ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠢᠨᠵᠧᠨᠧᠷᠢᠩ ᠢ ᠬᠡᠷᠡᠭᠵᠢᠭᠦᠯᠵᠦ᠂ ᠰᠢᠨ᠎ᠡ ᠶᠢ ᠡᠭᠦᠳᠬᠦ ᠡᠬᠢ ᠪᠠᠶᠠᠯᠢᠭ ᠢ ᠤᠯᠠᠮ ᠨᠢᠭᠡ ᠠᠯᠬᠤᠮ ᠲᠥᠪᠯᠡᠷᠡᠭᠦᠯᠦᠨ᠎ᠡ᠃ | ᠭᠤᠣᠯᠳᠠᠯᠭ᠎ᠠ ᠲᠠᠢ ᠠᠵᠤ ᠦᠢᠯᠡᠰ ᠤᠨ ᠲᠣᠭᠤᠷᠢᠨ ᠳᠤ ᠴᠢᠬᠤᠯᠠ ᠶᠡᠭᠡ ᠲᠤᠰᠬᠠᠶ ᠲᠦᠷᠦᠯ ᠵᠦᠢᠯ ᠪᠣᠯᠤᠨ | ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠬᠠᠮᠳᠤᠷᠠᠯᠴᠠᠭᠠᠨ ᠤ ᠲᠦᠷᠦᠯ ᠵᠦᠢᠯ ᠢ 30 ᠠᠴᠠ | ᠲᠡᠭᠡᠭᠰᠢ ᠶᠢ ᠬᠡᠷᠡᠭᠵᠢᠬᠦᠯᠵᠦ᠂ ᠣᠷᠣᠨ ᠤ ᠲᠤᠳᠤᠨ᠎ᠠ ᠭᠠᠳᠠᠨᠠᠬᠢ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠶᠢᠨ ᠦᠢᠯᠡᠳᠪᠦᠷᠢᠯᠡᠯ ᠵᠢᠭᠠᠨ ᠰᠤᠷᠭᠠᠯᠳᠠ ᠰᠤᠳᠤᠯᠭᠠᠨ ᠤ | ᠬᠠᠮᠳᠤᠷᠠᠯᠴᠠᠭ᠎ᠠ ᠶᠢ ᠬᠦᠨᠵᠡᠭᠡᠶᠢᠷᠡᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠤ ᠰᠢᠨ᠎ᠡ ᠶᠢ ᠡᠭᠦᠳᠬᠦ ᠬᠦᠳᠡᠯᠭᠡᠭᠴᠢ ᠬᠦᠴᠦᠨ ᠤ ᠲᠥᠪ ᠢ ᠮᠠᠨ ᠤ | ᠬᠤᠳᠠ ᠳᠤ ᠨᠤᠲᠤᠭᠰᠢᠭᠤᠯᠬᠤ ᠪᠠᠷ ᠴᠢᠷᠮᠠᠶᠢᠨ᠎ᠠ᠃ | ᠪᠦᠲᠦᠮᠵᠢᠲᠡᠶ ᠪᠡᠯᠡ ᠣᠷᠣᠭᠤᠯᠤᠯᠲᠠ ᠶᠢ ᠨᠠᠷᠢᠯᠢᠭ ᠣᠨᠣᠴᠠᠲᠠᠶ ᠪᠠᠷ ᠥᠷᠭᠡᠳᠬᠡᠨ᠎ᠡ᠃ ᠲᠥᠪ ᠤᠨ ᠪᠠ | ᠥᠪᠡᠷᠲᠡᠭᠡᠨ ᠵᠠᠰᠠᠬᠤ ᠣᠷᠣᠨ ᠤ ᠲᠥᠰᠦᠪ ᠤᠨ ᠳᠣᠲᠣᠷᠠᠬᠢ ᠪᠠᠯᠠ ᠮᠥᠩᠭᠦ ᠪᠠ ᠣᠷᠣᠨ ᠨᠤᠲᠤᠭ ᠤᠨ ᠵᠠᠰᠠᠭ ᠤᠨ | ᠣᠷᠳᠣᠨ ᠤ ᠲᠤᠰᠬᠠᠶ ᠲᠦᠷᠦᠯ ᠤᠨ ᠵᠢᠭᠡᠯᠡᠯᠭᠡ ᠶᠢᠨ ᠪᠡᠯᠡ ᠮᠥᠩᠭᠦ ᠶᠢ ᠴᠢᠷᠮᠠᠶᠢᠨ ᠣᠯᠵᠤ᠂ ᠠᠷᠠᠳ ᠤᠨ ᠪᠡᠯᠡ | ᠣᠷᠣᠭᠤᠯᠤᠯᠲᠠ ᠶᠢᠨ ᠬᠠᠷᠢᠴᠠᠯ ᠢ ᠥᠷᠭᠡᠳᠬᠡᠵᠦ᠂ ᠪᠡᠯᠡ ᠤᠷᠤᠭᠤᠯᠤᠯᠲᠠ ᠶᠢᠨ ᠵᠤᠬᠢᠰᠲᠠᠢ ᠨᠡᠮᠡᠭᠳᠡᠯ ᠢ ᠪᠠᠳᠤᠯᠠᠨ᠎ᠠ᠃ | ᠰᠢᠨ᠎ᠡ ᠨᠢᠰᠬᠡᠯ ᠤᠨ ᠪᠠᠭᠤᠳᠠᠯ ᠤᠨ ᠠᠶᠠᠯᠠᠯ ᠤᠨ ᠥᠷᠲᠡᠭᠡᠨ ᠤ ᠲᠣᠭᠤᠷᠢᠭ᠂ ᠨᠢᠰᠦᠯᠲᠡ ᠶᠢᠨ ᠲᠣᠭᠤᠷᠢᠭ᠂ ᠢᠵᠢ | ᠪᠥᠷᠢᠳᠦᠭᠦᠯᠬᠦ ᠲᠣᠭᠤᠷᠢᠭ ᠤᠨ ᠲᠥᠷᠥᠯ ᠵᠦᠢᠯ ᠢ ᠪᠥᠬᠦ ᠲᠠᠯ᠎ᠠ ᠪᠠᠷ ᠠᠵᠢᠯ ᠡᠬᠢᠯᠡᠭᠦᠯᠵᠦ᠂ ᠰᠢᠨ᠎ᠡ ᠨᠢᠰᠬᠡᠯ ᠤᠨ | ᠪᠠᠭᠤᠳᠠᠯ ᠤᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠵᠠᠩᠭᠢᠯᠠᠭ᠎ᠠ ᠶᠢᠨ ᠢᠨᠵᠧᠨᠧᠷᠢᠩ ᠢ ᠡᠬᠢᠯᠡᠨ ᠬᠡᠷᠡᠭᠵᠢᠬᠦᠯᠦᠨ᠎ᠡ᠃ | ᠮᠤᠵᠢ ᠶᠢᠨ ᠵᠠᠮ ᠤᠨ 43 ᠱᠤᠭᠤᠮ ᠤᠨ ᠰᠢᠨ᠎ᠡ ᠨᠢᠰᠬᠡᠯ ᠤᠨ ᠪᠠᠭᠤᠳᠠᠯ ᠤᠨ ᠲᠦᠷᠭᠡᠨ ᠤ ᠵᠠᠮ᠂ ᠮᠤᠵᠢ ᠶᠢᠨ | ᠵᠠᠮ ᠤᠨ 29 ᠱᠤᠭᠤᠮ ᠤᠨ ᠬᠥᠬᠡᠬᠤᠲᠠ ᠠᠴᠠ ᠯᠢᠶᠠᠩᠴᠧᠩ ᠬᠥᠷᠬᠦ ᠲᠦᠷᠭᠡᠨ ᠤ ᠵᠠᠮ᠂ ᠮᠤᠵᠢ ᠶᠢᠨ ᠵᠠᠮ ᠤᠨ | 311 ᠱᠤᠭᠤᠮ ᠤᠨ ᠦᠴᠤᠸᠠᠨ ᠠᠴᠠ ᠶᠠᠩ ᠱᠦ ᠪᠠ ᠳᠠᠪᠠᠭ᠎ᠠ ᠬᠦᠷᠬᠦ ᠵᠡᠷᠭᠡ ᠵᠠᠰᠠᠮᠠᠯ ᠵᠠᠮ ᠤᠨ ᠲᠦᠷᠦᠯ ᠵᠦᠢᠯ ᠢ | ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠤᠨ᠎ᠠ᠃ ᠬᠥᠬᠡᠬᠤᠲᠠ ᠠᠴᠠ ᠪᠤᠭᠤᠲᠤ ᠬᠦᠷᠬᠦ᠂ ᠬᠥᠬᠡᠬᠤᠲᠠ — | ᠱᠦᠸᠧᠵᠸᠦ — ᠲᠠᠶᠢᠶᠤᠸᠠᠨ ᠤ ᠲᠦᠷᠭᠡᠨ ᠤ ᠲᠡᠮᠦᠷ ᠵᠠᠮ᠂ ᠬᠥᠬᠡᠬᠤᠲᠠ — ᠤᠷᠳᠤᠰ ᠤᠨ ᠬᠤᠲᠠ ᠶᠢᠨ | ᠬᠤᠭᠤᠷᠣᠨᠳᠣᠬᠢ ᠳᠡᠮᠤᠷ ᠵᠠᠮ᠂ ᠬᠤ᠋ ᠴᠢᠩ ᠲᠦᠷᠭᠡᠨ ᠤ ᠵᠠᠮ ᠵᠡᠷᠭᠡ ᠴᠢᠬᠤᠯᠠ ᠶᠡᠭᠡ ᠳᠦᠷᠦᠯ ᠵᠦᠢᠯ ᠤᠨ ᠡᠮᠦᠨᠡᠬᠢ | ᠬᠤᠭᠤᠴᠠᠭᠠᠨ ᠤᠨ ᠠᠵᠢᠯ ᠢ ᠳᠥᠯᠭᠢᠨ ᠠᠬᠢᠭᠤᠯᠤᠨ᠎ᠠ ᠃ ᠪᠦᠬᠦ ᠵᠢᠯ ᠳᠤ ᠬᠡᠷᠡᠭᠵᠢᠬᠦᠯᠬᠦ 5000 ᠲᠦᠮᠡᠨ | ᠲᠥᠭᠦᠷᠢᠭ ᠠᠴᠠ ᠳᠡᠭᠡᠭᠰᠢᠬᠢ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠠ ᠳ᠋ᠦᠩᠰᠢᠭᠤᠷ ᠲᠥᠭᠦᠷᠢᠭ ᠠᠴᠠ | ᠳᠡᠭᠡᠭᠰᠢᠬᠢ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠦᠷᠦᠯ ᠵᠦᠢᠯ ᠢ 300 ᠠᠴᠠ ᠪᠠᠭ᠎ᠠ ᠪᠠᠶᠢᠯᠭᠠᠬᠤ | ᠦᠭᠡᠢ ᠃ | ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢ ᠬᠦᠴᠦᠲᠡᠶ ᠠᠬᠢᠭᠤᠯᠤᠨ᠎ᠠ᠃ ︽ᠬᠦᠭᠵᠢᠯᠲᠡ ᠪᠣᠯ ᠲᠡᠷᠢᠭᠦᠨ | ᠴᠢᠬᠤᠯᠠ ᠡᠭᠦᠷᠭᠡ᠂ ᠲᠥᠷᠥᠯ ᠵᠦᠢᠯ ᠪᠣᠯ ᠨᠢᠭᠡᠳᠦᠭᠡᠷ ᠭᠠᠷᠳᠠᠴᠠ᠂ ᠬᠤᠳᠠᠯᠳᠤᠭᠠᠴᠢᠨ ᠤᠷᠢᠬᠤ ᠪᠣᠯ ᠨᠢᠭᠡᠳᠦᠭᠡᠷ | ᠠᠷᠭ᠎ᠠ ᠵᠠᠮ ᠮᠥᠨ︾ ᠭᠡᠬᠦ ᠦᠵᠡᠯ ᠤᠬᠠᠮᠰᠠᠷ ᠢ ᠪᠣᠢ ᠪᠣᠯᠭᠠᠵᠤ᠂ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ | ᠲᠤᠭᠤᠷᠢᠭ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ︽ᠬᠤᠲᠠ ᠰᠢᠶᠠᠨ ᠤ ᠳᠠᠷᠤᠭ᠎ᠠ ᠶᠢᠨ | ᠲᠥᠷᠥᠯ ᠵᠦᠢᠯ︾ ᠤᠨ ᠢᠨᠵᠧᠨᠧᠷᠢᠩ ᠢ ᠬᠡᠷᠡᠭᠵᠢᠭᠦᠯᠦᠨ᠂ ᠬᠢᠨᠠᠨ ᠰᠢᠯᠭᠠᠵᠤ ᠵᠣᠷᠢᠭᠵᠢᠭᠤᠯᠬᠤ ᠲᠣᠭᠲᠠᠴᠠ ᠪᠠ | ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ ᠮᠡᠳᠡᠭᠳᠡᠬᠦ ᠲᠣᠭᠲᠠᠴᠠ ᠶᠢ ᠪᠠᠶᠢᠭᠤᠯᠵᠤ᠂ ︽ᠲᠥᠷᠥᠯ ᠵᠦᠢᠯ ᠢ ᠶᠡᠬᠡᠪᠡᠷ | ᠠᠳᠬᠤᠵᠤ᠂ ᠶᠡᠭᠡ ᠲᠥᠷᠥᠯ ᠵᠦᠢᠯ ᠢ ᠠᠳᠬᠤᠬᠤ︾ ᠬᠦᠴᠦᠷᠬᠡᠭ ᠶᠡᠭᠡ ᠨᠡᠶᠢᠯᠡᠯ ᠬᠦᠴᠦᠨ ᠢ ᠪᠣᠶ ᠪᠣᠯᠭᠠᠨ᠎ᠠ᠃ | ᠨᠠᠷᠢᠯᠢᠭ ᠣᠨᠣᠴᠠᠲᠠᠶ ᠪᠠᠷ ᠲᠥᠷᠥᠯ ᠵᠦᠢᠯ ᠢ ᠵᠣᠯᠭᠠᠭᠤᠯᠬᠤ᠂ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ | ᠣᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠢ ᠳᠠᠶᠢᠴᠢᠯᠠᠬᠤ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ᠂ | ᠪᠡᠭᠡᠵᠢᠩ ᠲᠢᠶᠠᠨᠵᠢᠨ ᠡᠾᠧᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ | ᠵᠡᠷᠭᠡ ᠭᠠᠵᠠᠷ ᠣᠷᠣᠨ ᠳᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠪᠠᠶᠢᠩᠭᠤ ᠶᠢᠨ ᠴᠢᠨᠠᠷᠳᠠᠢ | ᠥᠷᠨᠢᠬᠦᠯᠵᠦ᠂ ᠰᠢᠨ᠎ᠡ ᠪᠠᠷ ᠤᠷᠤᠭᠤᠯᠬᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠦᠷᠦᠯ ᠵᠦᠢᠯ ᠢ | 100 ᠠᠴᠠ ᠪᠠᠭ᠎ᠠ ᠦᠭᠡᠢ ᠪᠠᠶᠢᠯᠭᠠᠵᠤ᠂ 200 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠯᠠ ᠮᠥᠩᠭᠦ ᠶᠢ ᠪᠡᠯᠡᠨ | ᠪᠤᠯᠭᠠᠨ᠎ᠠ᠃ ︽ᠬᠤᠳᠠᠯᠳᠤᠭᠠᠴᠢᠨ ᠤᠷᠢᠬᠤ ᠲᠥᠷᠥᠯ ᠵᠦᠢᠯ ᠢ ᠪᠣᠳᠠᠲᠠᠶᠢᠵᠢᠭᠤᠯᠬᠤ ᠣᠨ︾ ᠤ ᠠᠵᠢᠯᠯᠠᠭ᠎ᠠ ᠶᠢ | ᠥᠷᠨᠢᠭᠦᠯᠵᠦ᠂ ︽ᠦᠢᠯᠡᠴᠢᠯᠡᠭᠴᠢ︾ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠦᠷᠦᠯ ᠵᠦᠢᠯ ᠢ ᠬᠡᠯᠡᠯᠴᠡᠬᠦ᠂ | ᠭᠡᠷ᠎ᠡ ᠲᠣᠭᠲᠠᠬᠤ᠂ ᠪᠤᠳᠠᠳᠠᠶᠢᠵᠢᠭᠤᠯᠬᠤ᠂ ᠠᠰᠢᠭᠯᠠᠯᠲᠠ ᠳᠤ ᠤᠷᠤᠭᠤᠯᠬᠤ ︽ᠪᠥᠬᠦ ᠴᠤᠪᠤᠷᠠᠯ ᠤᠨ ᠦᠢᠯᠡᠴᠢᠯᠡᠭᠡ︾ | ᠶᠢ ᠰᠠᠶᠢᠳᠤᠷ ᠬᠢᠵᠦ᠂ ᠬᠢᠨᠠᠨ ᠵᠥᠪᠰᠢᠶᠡᠷᠡᠬᠦ ᠵᠦᠢᠯᠡᠰ ᠢ ᠳᠠᠭᠠᠭᠤᠯᠤᠨ ᠬᠦᠢᠴᠡᠳᠭᠡᠬᠦ᠂ ᠣᠷᠣᠯᠠᠨ ᠭᠦᠢᠴᠡᠳᠭᠡᠬᠦ ᠶᠢ | ᠬᠡᠷᠡᠭᠵᠢᠬᠦᠯᠵᠦ᠂ ᠲᠥᠷᠥᠯ ᠵᠦᠢᠯ ᠢ ᠪᠤᠳᠠᠳᠠᠶᠢᠵᠢᠭᠤᠯᠤᠨ ᠪᠥᠲᠥᠭᠡᠨ ᠪᠠᠶᠢᠭᠤᠯᠬᠤ ᠶᠢ ᠪᠥᠬᠦ ᠬᠦᠴᠦᠨ ᠢᠶᠠᠷ ᠢᠶᠠᠨ | ᠪᠠᠳᠤᠯᠠᠨ᠎ᠠ᠃ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠬᠤᠳᠠᠯᠳᠤᠭ᠎ᠠ | ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠪᠠ ᠠᠷᠠᠳ ᠲᠤ | ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ 9 ᠵᠣᠷᠪᠤᠰ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ᠬᠢᠯᠢ ᠪᠠᠷ ᠣᠷᠣᠵᠤ ᠭᠠᠷᠬᠤ᠂ ᠭᠠᠶᠢᠯᠢ ᠶᠢᠨ ᠶᠠᠪᠤᠳᠠᠯ᠂ ᠡᠮᠴᠢᠯᠡᠭᠡ ᠶᠢᠨ ᠳᠠᠭᠠᠳᠬᠠᠯ᠂ | ᠨᠡᠶᠢᠭᠡᠮ ᠤᠨ ᠳᠠᠭᠠᠳᠬᠠᠯ ᠵᠡᠷᠭᠡ ᠠᠦ᠋ᠲ᠋ᠤ᠋ ᠦᠢᠯᠡᠴᠢᠯᠡᠭᠡ ᠶᠢᠨ ᠦᠵᠦᠭᠦᠷᠯᠢᠭ ᠢ ᠡᠯ᠎ᠡ ᠱᠠᠲᠤᠨ ᠤ ᠶᠡᠷᠦᠩᠬᠡᠶᠢᠯᠡᠭᠰᠡᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠣᠷᠣᠭᠤᠯᠵᠤ᠂ ︽24 ᠴᠠᠭ ᠤᠨ ᠵᠠᠰᠠᠭ ᠤᠨ | ᠶᠠᠪᠤᠳᠠᠯ ᠤᠨ ᠬᠡᠳᠦ ᠳᠡᠯᠭᠡᠭᠦᠷ︾ ᠢ ᠴᠤᠭᠴᠠᠯᠠᠨ᠎ᠠ︔ ᠠᠵᠤ ᠠᠬᠤᠶᠢᠯᠠᠯ ᠤᠨ ᠨᠡᠭᠡᠭᠡᠨ ᠡᠷᠬᠢᠯᠡᠬᠦ ᠠᠴᠠ ᠠᠪᠤᠭᠠᠳ | ᠤᠬᠤᠷᠢᠨ ᠭᠠᠷᠬᠤ ᠬᠦᠷᠲᠡᠯᠡᠬᠢ ︽ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ︾ ᠶᠢᠨ ᠲᠣᠭᠤᠷᠢᠨ ᠳᠤ᠂ ︽ | ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠬᠦᠢᠴᠡᠳᠭᠡᠬᠦ︾ ᠶᠡᠷᠦᠩᠬᠡᠶᠢᠯᠡᠭᠰᠡᠨ ᠦᠢᠯᠡᠴᠢᠯᠡᠭᠡᠨ ᠤ ᠴᠣᠩᠬᠤ ᠭᠠᠷᠭᠠᠵᠤ | ᠂ ᠠᠵᠤ ᠠᠬᠤᠶᠢᠯᠠᠯ ᠢ ᠨᠡᠭᠡᠭᠡᠨ ᠡᠷᠭᠢᠯᠡᠬᠦ ᠴᠠᠭ ᠢ ᠬᠠᠭᠠᠰ ᠠᠵᠢᠯ ᠤᠨ ᠡᠳᠦᠷ ᠪᠣᠯᠭᠠᠵᠤ ᠪᠣᠭᠤᠨᠢᠰᠬᠠᠨ᠎ᠠ︔ | ᠠᠭᠤᠯᠵᠠᠬᠤ ᠦᠭᠡᠶ ᠪᠠᠷ ᠬᠢᠨᠠᠨ ᠵᠥᠪᠰᠢᠶᠡᠷᠡᠬᠦ ᠵᠦᠢᠯᠡᠰ ᠢ ᠥᠷᠭᠡᠳᠬᠡᠭᠡᠳ 100 ᠵᠦᠢᠯ ᠪᠣᠯᠭᠠᠵᠤ᠂ ᠣᠯᠠᠨ | ᠨᠡᠶᠢᠲᠡ ᠶᠢᠨ ᠦᠢᠯᠡᠴᠢᠯᠡᠭᠡ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ 50 ᠵᠦᠢᠯᠡᠰ ᠢ ᠰᠢᠯᠵᠢᠮᠡᠯ | ᠦᠵᠦᠭᠦᠷᠯᠢᠭ ᠲᠤ ᠭᠦᠢᠴᠡᠳᠭᠡᠬᠦ ᠶᠢ ᠪᠡᠶᠡᠯᠡᠭᠦᠯᠦᠨ᠎ᠡ︔ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢ | ᠲᠡᠭᠦᠯᠳᠡᠷᠵᠢᠬᠦᠯᠦᠨ᠂ ᠢᠲᠡᠭᠡᠯ ᠠᠯᠳᠠᠭᠰᠠᠨ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠵᠠᠯᠬᠠᠭᠠᠨ ᠴᠡᠭᠡᠷᠯᠡᠭᠦᠯᠵᠦ | ᠂ ᠡᠯ᠎ᠡ ᠲᠥᠷᠥᠯ ᠤᠨ ᠠᠵᠤ ᠠᠬᠤᠶᠢᠯᠠᠯ ᠤᠨ ᠬᠠᠤᠯᠢ ᠶᠣᠰᠤᠨ ᠤ ᠡᠷᠬᠡ ᠠᠰᠢᠭ ᠢ ᠬᠠᠮᠠᠭᠠᠯᠠᠵᠤ᠂ ᠲᠥᠪ ᠭᠤᠣᠯᠴᠢ᠂ | ᠡᠷᠬᠡ ᠲᠡᠭᠰᠢ᠂ ᠠᠮᠤᠷ ᠲᠦᠪᠰᠢᠨ᠂ ᠵᠢᠱᠢᠵᠦ ᠪᠣᠯᠬᠤᠶᠢᠴᠠ ᠬᠥᠭᠵᠢᠯᠲᠡ ᠶᠢᠨ ᠣᠷᠴᠢᠨ ᠲᠣᠭᠤᠷᠢᠨ ᠢ ᠪᠤᠢ ᠪᠣᠯᠭᠠᠨ᠎ᠠ | ᠃ ᠵᠠᠰᠠᠭ ᠤᠨ ᠣᠷᠳᠣᠨ ᠤ ᠪᠡᠶᠡᠯᠡᠭᠦᠯᠦᠭᠡᠳᠦᠢ ᠪᠤᠶ ᠪᠦᠬᠦᠢ ᠠᠮᠠᠯᠠᠯᠲᠠ ᠶᠢ ᠲᠦᠢᠯᠪᠤᠷᠢᠲᠠᠶ ᠣᠶᠢᠯᠠᠭᠠᠵᠤ᠂ ᠵᠦᠢ | ᠶᠤᠰᠤᠨ ᠳᠤ ᠨᠡᠶᠢᠴᠡᠬᠦ ᠠᠮᠠᠯᠠᠯᠲᠠ ᠶᠢ ︽ᠣᠷᠢᠳᠠᠪᠡᠷ ᠪᠤᠷᠤᠭᠤ ᠪᠠᠨ ᠬᠦᠯᠢᠶᠡᠵᠦ ᠳᠠᠷᠠᠭ᠎ᠠ ᠨᠢ ᠪᠡᠶᠡᠯᠡᠭᠦᠯᠦᠨ᠎ᠡ︾︔ | ᠵᠠᠰᠠᠭ ᠤᠨ ᠣᠷᠳᠣᠨ ᠤ ᠡᠭᠦᠷᠭᠡ ᠴᠢᠳᠠᠪᠬᠢᠲᠦ ᠰᠠᠯᠠᠭ᠎ᠠ ᠮᠦᠴᠢᠷ ᠠᠴᠠ ᠬᠠᠷᠢᠭᠤᠴᠠᠬᠤ ᠵᠠᠮ ᠱᠤᠭᠤᠮ ᠢ ᠰᠡᠯᠪᠢᠨ | ᠵᠠᠰᠠᠬᠤ᠂ ᠨᠤᠷᠠᠭᠠᠵᠤ ᠨᠡᠭᠦᠯᠭᠡᠬᠦ ᠥᠭᠡᠷᠡᠴᠢᠯᠡᠬᠦ᠂ ᠠᠷᠠᠳ ᠤᠨ ᠠᠮᠢᠳᠤᠷᠠᠯ ᠤᠨ ᠲᠥᠷᠥᠯ ᠵᠦᠢᠯ ᠵᠡᠷᠭᠡ ᠶᠢ ︽ | ᠤᠷᠢᠳᠠᠪᠠᠷ ᠵᠠᠷᠯᠠᠨ ᠨᠡᠶᠢᠲᠡᠯᠡᠵᠦ ᠳᠠᠷᠠᠭ᠎ᠠ ᠨᠢ ᠭᠦᠢᠴᠡᠳᠬᠡᠨ᠎ᠡ︾᠃ ᠠᠵᠤ ᠠᠬᠤᠶᠢᠯᠠᠯ ᠪᠠ ᠣᠯᠠᠨ ᠲᠦᠮᠡᠨ ᠳᠤ | ᠤᠴᠢᠷ ᠶᠠᠪᠤᠳᠠᠯ ᠭᠦᠢᠴᠡᠳᠬᠡᠬᠦ ᠳᠤ ︽ᠨᠢᠭᠡ ᠤᠳᠠᠭ᠎ᠠ ᠳᠤ ᠮᠡᠳᠡᠭᠳᠡᠵᠦ ᠨᠢᠭᠡ ᠯᠡ ᠤᠳᠠᠭ᠎ᠠ ᠳᠤ ᠰᠢᠢᠳᠪᠦᠷᠢᠯᠡᠨ᠎ᠡ︾ | ᠃ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠶᠠᠪᠤᠯᠴᠠᠭ᠎ᠠ ᠶᠢᠨ ᠵᠥᠪ ᠨᠠᠵᠠᠭᠠᠢ ᠲᠠᠯ᠎ᠠ ᠶᠢᠨ ᠨᠠᠷᠢᠨ | ᠬᠠᠭᠤᠳᠠᠰᠤ ᠶᠢ ᠲᠣᠭᠲᠠᠭᠠᠵᠤ᠂ ᠦᠨᠡᠨ ᠰᠡᠳᠬᠢᠯ ᠠᠴᠠ ᠪᠠᠨ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ | ᠰᠢᠢᠳᠪᠦᠷᠢᠯᠡᠨ ᠦᠭᠴᠦ᠂ ᠰᠠᠶᠢᠳᠤᠷ ᠦᠢᠯᠡᠴᠢᠯᠡᠵᠦ᠂ ᠠᠵᠤ ᠠᠬᠤᠶᠢᠯᠠᠯ ᠢ ᠥᠯᠡᠳᠡᠭᠡᠨ ᠠᠪᠴᠤ᠂ ᠰᠠᠶᠢᠲᠤᠷ | ᠬᠦᠭᠵᠢᠬᠦᠯᠦᠨ᠎ᠡ᠂ ᠮᠠᠨ ᠤ ᠬᠤᠲᠠ ᠶᠢᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠳᠤ ᠠᠯᠢ ᠲᠦᠷᠭᠡᠨ ᠢᠶᠠᠷ | ᠦᠨᠳᠦᠰᠦᠨ ᠴᠢᠨᠠᠷᠲᠠᠶ ᠬᠤᠪᠢᠷᠠᠯᠲᠠ ᠭᠠᠷᠭᠠᠵᠤ᠂ ᠤᠷᠤᠨ ᠤ ᠲᠥᠪ ᠤᠨ ᠬᠤᠳᠠᠯᠳᠤᠭ᠎ᠠ ᠡᠷᠬᠢᠯᠡᠬᠦ ᠤᠷᠴᠢᠨ | ᠨᠦᠬᠦᠴᠡᠯ ᠤᠨ ︽ᠡᠷᠬᠢᠯᠲᠡ ᠶᠢᠨ ᠲᠠᠶᠢᠯᠠᠯᠳᠤᠭᠠᠨ︾ ᠤ ᠢᠯᠠᠯᠲᠠ ᠶᠢ ᠵᠠᠪᠠᠯ ᠤᠯᠤᠨ᠎ᠠ᠃ | ︵ᠬᠤᠶᠠᠷ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠬᠦ ᠳᠤᠮᠳᠠ | ᠤᠷᠤᠨ ᠤ ᠲᠥᠪ ᠤᠨ ᠰᠢᠨ᠎ᠡ ᠳᠠᠪᠠᠭᠤᠯᠢᠭ ᠢ ᠪᠣᠶ ᠪᠣᠯᠭᠠᠨ᠎ᠠ | ᠳᠠᠪᠠᠭᠤᠯᠢᠭ ᠤᠨᠴᠠᠯᠢᠭᠳᠤ ᠠᠵᠤ ᠦᠢᠯᠡᠰ ᠢ ᠰᠢᠯᠢᠳᠡᠭᠵᠢᠭᠦᠯᠦᠨ ᠬᠦᠴᠦᠷᠬᠡᠭᠵᠢᠭᠦᠯᠦᠨ᠎ᠡ᠃ ᠰᠦᠨ ᠤ ᠠᠵᠤ | ᠦᠢᠯᠡᠰ ᠢᠯᠢ᠂ ᠮᠧᠩ ᠨᠢᠤ ᠶᠢᠨ ᠬᠤᠶᠠᠷ ᠶᠡᠭᠡ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠭᠡᠵᠦ᠂ | ᠢᠯᠢ ᠶᠢᠨ ᠣᠲᠣ ᠦᠶ᠎ᠡ ᠶᠢᠨ ᠤᠶᠤᠨᠳᠤ ᠡᠷᠡᠭᠦᠯ ᠮᠡᠨᠳᠦ ᠶᠢᠨ ᠬᠥᠨᠳᠡᠶ ᠶᠢᠨ ᠰᠢᠩᠭᠡᠨ ᠲᠥᠯᠦᠪᠲᠦ ᠰᠦ ᠶᠢᠨ | ᠦᠢᠯᠡᠳᠪᠦᠷᠢ ᠶᠢᠨ ᠨᠢᠭᠡᠳᠦᠭᠡᠷ ᠬᠤᠭᠤᠴᠠᠭ᠎ᠠ ᠵᠢᠴᠢ ᠤᠯᠤᠰ ᠤᠨ ᠡᠭᠦᠳᠦᠯᠲᠡ ᠶᠢᠨ ᠲᠥᠪ᠂ ᠪᠠᠷᠠᠭᠠᠨ ᠤ | ᠬᠦᠢᠯᠭᠡᠭᠡ ᠶᠢᠨ ᠬᠦᠷᠢᠶᠡᠯᠡᠩ ᠲᠣᠭᠤᠷᠢᠭ ᠵᠡᠷᠭᠡ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠢ ᠡᠬᠢᠯᠡᠵᠦ | ᠪᠦᠲᠦᠭᠡᠨ ᠪᠠᠶᠢᠭᠤᠯᠤᠨ᠎ᠠ︔ ᠮᠧᠩ ᠨᠢᠦ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠪᠦᠬᠦ | ᠪᠦᠮᠪᠦᠷᠴᠡᠩ ᠤᠨ ᠶᠠᠰᠤ ᠴᠢᠨᠠᠷ ᠤᠨ ᠲᠥᠪ᠂ ᠰᠤᠳᠤᠯᠤᠨ ᠨᠡᠭᠡᠭᠡᠬᠦ ᠲᠥᠪ ᠤᠨ ᠲᠦᠷᠦᠯ ᠵᠦᠢᠯ ᠢ ᠬᠡᠷᠡᠭᠵᠢᠬᠦᠯᠵᠦ᠂ | ᠲᠤᠤᠷ᠎ᠠ ᠲᠤᠯᠠᠭᠠᠨ᠂ ᠲᠦᠭᠦᠬᠡᠢ ᠰᠦ᠂ ᠪᠢᠰᠢᠯᠠᠭ ᠤᠨ ᠭᠤᠷᠪᠠᠨ ᠦᠢᠯᠡᠳᠪᠦᠷᠢ ᠶᠢ ᠡᠬᠢᠯᠡᠵᠦ ᠪᠦᠲᠦᠭᠡᠨ | ᠪᠠᠶᠢᠭᠤᠯᠤᠨ᠎ᠠ︔ ᠬᠡᠪᠴᠢᠶᠡᠵᠢᠭᠰᠡᠨ ᠰᠠᠭᠠᠯᠢ ᠶᠢᠨ ᠦᠨᠢᠶᠡᠨ ᠤ ᠮᠠᠯᠵᠢᠯ ᠤᠨ ᠲᠠᠯᠠᠪᠠᠢ ᠶᠢ10 ᠠᠴᠠ ᠲᠡᠭᠡᠭᠰᠢ ᠶᠢ | ᠢᠵᠢᠯ ᠠᠯᠬᠤᠮ ᠢᠶᠠᠷ ᠰᠢᠨ᠎ᠡ ᠪᠠᠷ ᠪᠠᠶᠢᠭᠤᠯᠵᠤ᠂ 15 ᠶᠢ ᠦᠷᠭᠦᠯᠵᠢᠯᠡᠨ ᠪᠠᠶᠢᠭᠤᠯᠤᠨ᠂ ᠵᠢᠯ ᠤᠨ ᠳᠣᠲᠤᠷ᠎ᠠ | ᠰᠠᠭᠠᠯᠢ ᠶᠢᠨ ᠦᠨᠢᠶ᠎ᠡ ᠶᠢ 5 ᠲᠦᠮᠡᠨ ᠲᠤᠯᠤᠭᠠᠢ ᠰᠢᠨ᠎ᠡ ᠪᠠᠷ ᠨᠡᠮᠡᠭᠳᠡᠭᠦᠯᠦᠨ᠎ᠡ᠃ ᠣᠳᠣ ᠥᠶ᠎ᠡ ᠶᠢᠨ ᠡᠨᠧᠷᠭᠢ ᠶᠢᠨ | ᠠᠵᠤ ᠦᠢᠯᠡᠰ ︽ᠡᠨᠧᠷᠭᠢ ᠶᠢᠨ ᠬᠤᠷᠤᠭᠲᠠᠯ ᠤᠨ ᠬᠤᠣᠰ ᠡᠵᠡᠮᠳᠡᠯ︾ ᠤᠨ ᠱᠠᠭᠠᠷᠳᠠᠯᠭ᠎ᠠ ᠶᠣᠰᠣᠭᠠᠷ᠂ ᠡᠨᠧᠷᠭᠢ | ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠪᠠ ᠠᠷᠢᠭᠤᠨ ᠴᠡᠪᠡᠷ ᠦᠢᠯᠡᠳᠪᠦᠷᠢᠯᠡᠯ ᠢ ᠰᠠᠶᠢᠲᠤᠷ ᠠᠳᠬᠤᠵᠤ᠂ | ᠵᠢᠤ ᠲᠠᠢ ᠶᠢᠨ 100 ᠲᠦᠮᠡᠨ ᠲᠣᠨ ᠨᠡᠭᠦᠷᠡᠰᠦ ᠪᠠᠷ ᠡᠲ᠋ᠠ ᠬᠤᠶᠠᠷᠴᠢ ᠠᠯᠺᠣᠣᠯ ᠦᠢᠯᠡᠳᠪᠦᠷᠢᠯᠡᠬᠦ ᠲᠥᠷᠥᠯ | ᠵᠦᠢᠯ ᠢ ᠪᠦᠲᠦᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠰᠢᠤᠢ ᠶᠠᠩ ᠵᠦᠩ ᠷᠠᠨ ᠤ | ᠤᠰᠤᠲᠥ᠋ᠷᠥᠭᠴᠢ ᠦᠢᠯᠡᠳᠴᠦ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ | ᠲᠦᠷᠭᠡᠳᠭᠡᠵᠦ᠂ ᠠᠵᠤ ᠠᠬᠤᠶᠢᠯᠠᠯ ᠤᠨ ᠡᠨᠧᠷᠭᠢ ᠶᠢᠨ ᠬᠤᠷᠣᠭᠳᠠᠯ ᠢᠶᠠᠷ ᠪᠠᠭ᠎ᠠ᠂ ᠨᠡᠮᠡᠯᠲᠡ ᠥᠷᠲᠡᠭ ᠢᠶᠠᠷ ᠥᠨᠳᠥᠷ | ᠠᠵᠤ ᠦᠢᠯᠡᠰ ᠤᠨ ᠬᠡᠯᠬᠢᠶ᠎ᠡ ᠶᠢᠨ ᠤᠷᠳᠤᠳᠬᠠᠯ ᠲᠥᠷᠥᠯ ᠵᠦᠢᠯ ᠢ ᠬᠡᠷᠡᠭᠵᠢᠬᠦᠯᠬᠦ ᠶᠢ ᠵᠣᠷᠢᠭᠵᠢᠭᠤᠯᠵᠤ ᠬᠦᠳᠦᠯᠦᠨ | ᠲᠠᠭᠠᠭᠤᠯᠤᠨ᠎ᠠ᠃ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠶᠢᠨ ᠢᠦᠶ ᠣᠯᠠᠨ ᠤᠯᠤᠰ ᠤᠨ ᠠᠮᠢᠳᠤ | ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠵᠡᠷᠭᠡ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠮᠢᠳᠤ ᠪᠣᠳᠠᠰ ᠤᠨ ᠡᠮ ᠤᠨ ᠦᠢᠯᠡᠳᠬᠡᠯ | ᠲᠤᠷᠰᠢᠯᠲᠠ ᠶᠢᠨ ᠡᠮ᠂ ᠲᠠᠷᠢᠯᠭ᠎ᠠ ᠶᠢᠨ ᠡᠮ᠂ ᠦᠷᠢᠯ ᠡᠮ ᠵᠢᠴᠢ ᠰᠢᠨ᠎ᠡ ᠪᠦᠲᠦᠭᠡᠭᠳᠡᠬᠦᠨ ᠢ ᠰᠤᠳᠤᠯᠤᠨ ᠨᠡᠭᠡᠭᠡᠬᠦ | ᠬᠡᠯᠪᠡᠷᠢ ᠲᠡᠶᠢᠰᠢ ᠰᠢᠯᠵᠢᠬᠦ ᠶᠢ ᠢᠳᠡᠪᠬᠢᠳᠡᠢ ᠠᠬᠢᠭᠤᠯᠵᠤ᠂ ᠳᠡᠯᠡᠬᠡᠶ ᠶᠢᠨ ᠳᠡᠰ ᠤᠨ ᠠᠮᠢᠲᠠᠨ ᠤ ᠸᠠᠺᠼᠢᠨ ᠢ | ᠦᠢᠯᠡᠳᠪᠦᠷᠢᠯᠡᠬᠦ ᠪᠠ ᠰᠤᠳᠤᠯᠤᠨ ᠨᠡᠭᠡᠭᠡᠬᠦ ᠰᠠᠭᠤᠷᠢᠨ ᠭᠠᠵᠠᠷ ᠢ ᠪᠠᠶᠢᠭᠤᠯᠤᠨ᠎ᠠ᠃ ᠴᠠᠬᠢᠭᠤᠷ ᠤᠨ ᠮᠠᠲ᠋ᠧᠷᠢᠶᠠᠯ ᠤᠨ | ᠠᠵᠤ ᠦᠢᠯᠡᠰ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ ᠬᠦᠷᠭᠡᠬᠦ᠂ | ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠲᠥᠯᠥᠪᠯᠡᠭᠡ ᠶᠢᠨ ᠴᠢᠬᠤᠯᠠ ᠶᠡᠭᠡ ᠠᠵᠠ ᠲᠣᠬᠢᠶᠠᠯ ᠢ ᠴᠢᠩᠭ᠎ᠠ | ᠠᠳᠬᠤᠵᠤ᠂ ᠵᠦᠩ ᠬᠤᠸᠠᠨ ᠤ ᠲᠠᠪᠤᠳᠤᠭᠠᠷ ᠬᠤᠭᠤᠴᠠᠭ᠎ᠠ ᠵᠢᠴᠢ ᠴᠢᠳᠠᠪᠤᠷᠢ ᠶᠢ ᠦᠷᠭᠡᠳᠭᠡᠬᠦ᠂ ᠬᠤᠸᠠ ᠶᠤᠤ | ᠭᠡᠷᠡᠯ ᠴᠠᠬᠢᠯᠭᠠᠨ ᠦᠢᠯᠡᠳᠪᠦᠷᠢᠯᠡᠯ ᠢᠶᠠᠨ ᠪᠡᠶᠡᠯᠡᠭᠦᠯᠵᠦ ᠦᠷ᠎ᠡ ᠪᠦᠲᠦᠮᠵᠢ ᠣᠯᠬᠤ ᠶᠢ ᠪᠠᠳᠤᠯᠠᠵᠤ᠂ ᠠᠵᠤ | ᠦᠢᠯᠡᠰ ᠤᠨ ᠬᠡᠯᠬᠢᠶ᠎ᠡ ᠶᠢᠨ ᠳᠤᠮᠳᠠ ᠳᠣᠤᠷᠠᠳᠤ ᠤᠷᠤᠰᠬᠠᠯ ᠤᠨ ᠲᠦᠷᠦᠯ ᠵᠦᠢᠯ ᠢ ᠢᠵᠢ ᠪᠥᠷᠢᠳᠦᠭᠦᠯᠦᠨ | ᠣᠷᠣᠭᠤᠯᠵᠤ ᠠᠪᠴᠢᠷᠠᠨ᠂ ᠪᠦᠬᠦ ᠤᠯᠤᠰ ᠤᠨ ᠦᠢᠯᠡᠳᠪᠦᠷᠢᠯᠡᠯ ᠤᠨ ᠴᠢᠳᠠᠪᠤᠷᠢ ᠪᠠᠷ ᠬᠠᠮᠤᠭ ᠤᠨ ᠶᠡᠭᠡ᠂ | ᠮᠡᠷᠭᠡᠵᠢᠯ ᠢᠶᠠᠷ ᠬᠠᠮᠤᠭ ᠤᠨ ᠰᠢᠯᠢᠳᠡᠭ ᠭᠡᠷᠡᠯ ᠸᠣᠯᠲ ᠤᠨ ᠠᠵᠤ ᠦᠢᠯᠡᠰ ᠤᠨ ᠰᠠᠭᠤᠷᠢᠨ ᠢ ᠪᠠᠶᠢᠭᠤᠯᠤᠨ᠎ᠠ᠃ | ᠲᠤᠭᠠᠴᠢᠯᠠᠭᠰᠠᠨ ᠠᠵᠤ ᠠᠬᠤᠶ ᠶᠢᠨ ᠠᠵᠤ ᠦᠢᠯᠡᠰ ︽ᠪᠤᠳᠤᠵᠤ ᠬᠠᠳᠠᠭᠠᠯᠠᠬᠤ ᠴᠢᠳᠠᠪᠤᠷᠢ ᠶᠢ ᠳᠠᠬᠢᠨ ᠢᠶᠠᠷ | ᠨᠡᠮᠡᠭᠳᠡᠭᠦᠯᠬᠦ ᠲᠥᠯᠥᠪᠯᠡᠭᠡ︾ ᠶᠢ ᠭᠤᠤᠯᠳᠠᠯᠭ᠎ᠠ ᠲᠠᠢ ᠬᠡᠷᠡᠭᠵᠢᠭᠦᠯᠵᠦ᠂ ᠲᠤᠮᠤ ᠳ᠋ᠡᠶᠢᠲ᠋ᠠ ᠶᠢᠨ ᠦᠢᠯᠡᠴᠢᠯᠡᠭᠦᠷ ᠢ 28 | ᠲᠦᠮᠡ ᠶᠢ ᠰᠢᠨ᠎ᠡ ᠪᠠᠷ ᠨᠡᠮᠡᠵᠦ ᠤᠭᠰᠠᠷᠠᠨ᠎ᠠ︔ ︽5G + ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ︾ ᠶᠢ | ᠢᠳᠡᠪᠬᠢᠲᠡᠶ ᠬᠦᠭᠵᠢᠬᠦᠯᠵᠦ᠂ 2 —3 ᠭᠤᠤᠯᠳᠠᠯᠭ᠎ᠠ ᠲᠠᠢ ᠠᠵᠢᠯ ᠲᠥᠷᠥᠯ ᠤᠨ ᠬᠦᠲᠦᠴᠢ ᠠᠵᠤ ᠠᠬᠤᠶᠢᠯᠠᠯ ᠤᠨ | ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠶᠢᠨ ᠳᠣᠲᠣᠭᠠᠳᠤ ᠰᠦᠯᠵᠢᠶ᠎ᠡ ᠶᠢ ᠥᠭᠡᠷᠡᠴᠢᠯᠡᠨ ᠲᠠᠰ | ᠲᠡᠪᠰᠢᠬᠦᠯᠬᠦ ᠶᠢ ᠳᠥᠯᠭᠢᠨ ᠠᠬᠢᠭᠤᠯᠵᠤ᠂ ᠠᠵᠤ ᠠᠬᠤᠶᠢᠯᠠᠯ ᠤᠨ ᠡᠭᠦᠯᠡᠨ ᠳᠤ ᠭᠠᠷᠬᠤ ᠠᠵᠢᠯᠯᠠᠭ᠎ᠠ ᠶᠢ ᠢᠵᠢᠯ | ᠠᠯᠬᠤᠮ ᠢᠶᠠᠷ ᠥᠷᠨᠢᠭᠦᠯᠵᠦ᠂ ᠲᠣᠭᠠᠴᠢᠯᠠᠭᠰᠠᠨ ᠠᠵᠤ ᠠᠬᠤᠶ ᠪᠠ ᠤᠯᠠᠮᠵᠢᠯᠠᠯᠲᠤ ᠠᠵᠤ ᠦᠢᠯᠡᠰ ᠤᠨ ᠬᠦᠨᠵᠡᠭᠡᠢ | ᠠᠭᠤᠰᠤᠯᠴᠠᠯ ᠢ ᠠᠬᠢᠭᠤᠯᠤᠨ᠎ᠠ᠃ ᠠᠵᠤ ᠠᠬᠤᠶᠢᠯᠠᠯ ᠤᠨ ᠬᠦᠷᠦᠩᠭᠡ ᠶᠢᠨ ᠵᠠᠬ᠎ᠠ ᠳᠤ ᠭᠠᠷᠬᠤ ︽ᠰᠠᠭᠠᠳ ᠦᠭᠡᠶ | ᠨᠡᠪᠲᠡᠷᠡᠬᠦ ᠵᠠᠮ︾ ᠢ ᠪᠠᠶᠢᠭᠤᠯᠵᠤ᠂ ᠧᠤ ᠵᠢᠩ ᠰᠢᠨᠵᠢᠯᠡᠬᠦ ᠤᠬᠠᠭᠠᠨ ᠮᠡᠷᠭᠡᠵᠢᠯ ᠵᠡᠷᠭᠡ 5 ᠠᠵᠤ ᠠᠬᠤᠶᠢᠯᠠᠯ ᠤᠨ | ᠬᠦᠷᠦᠩᠭᠡ ᠶᠢᠨ ᠵᠠᠬ᠎ᠠ ᠳᠤ ᠭᠠᠷᠬᠤ ᠶᠢ ᠪᠤᠶᠢᠵᠢᠭᠤᠯᠤᠨ ᠠᠬᠢᠭᠤᠯᠤᠨ᠎ᠠ᠃ | ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠶᠡᠬᠡᠪᠡᠷ ᠬᠥᠭᠵᠢᠭᠦᠯᠦᠨ᠎ᠡ᠃ ᠭᠠᠯᠲᠤ ᠲᠡᠷᠭᠡᠨ ᠤ ᠵᠡᠭᠦᠨ | ᠥᠷᠲᠡᠭᠡᠨ ᠤ ᠰᠢᠨ᠎ᠡ ᠬᠤᠳᠠᠯᠳᠤᠭᠠᠨ ᠤ ᠲᠣᠭᠤᠷᠢᠭ ᠤᠨ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ ᠶᠢ | ᠲᠥᠷᠭᠡᠳᠬᠡᠵᠦ᠂ ᠲᠣᠮᠣ ᠬᠡᠯᠪᠡᠷᠢ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ 2 ᠢ ᠪᠠᠶᠢᠭᠤᠯᠵᠤ | ᠠᠰᠢᠭᠯᠠᠯᠲᠠ ᠳᠤ ᠤᠷᠤᠭᠤᠯᠤᠨ᠂ ᠥᠪᠥᠷ ᠮᠣᠩᠭᠤᠯ ᠤᠨ SKP ᠶᠢᠨ ᠬᠤᠰᠢᠭᠤᠴᠢ ᠳᠡᠯᠭᠡᠭᠦᠷ ᠤᠨ ᠲᠥᠷᠥᠯ | ᠵᠦᠢᠯ ᠢ ᠡᠬᠢᠯᠡᠭᠦᠯᠵᠦ᠂ ᠰᠢᠨ᠎ᠡ ᠪᠠᠷ ᠪᠠᠶᠢᠭᠤᠯᠬᠤ ᠲᠦᠷᠦᠯ ᠲᠡᠮᠳᠡᠭᠲᠦ ᠶᠢᠨ ᠬᠡᠯᠬᠢᠶᠡᠲᠦ ᠳᠦᠲᠡ ᠳᠡᠯᠭᠡᠭᠦᠷ ᠢ 100 | ᠠᠴᠠ ᠲᠤᠤᠷ᠎ᠠ ᠪᠠᠶᠢᠯᠭᠠᠬᠤ ᠦᠭᠡᠢ᠃ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠬᠤᠲᠠ ᠶᠢᠨ ᠪᠥᠲᠥᠭᠡᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠵᠦᠩ ᠨᠥᠩ ᠯᠢᠶᠠᠨ ᠤ ᠣᠯᠠᠨ ᠤᠯᠤᠰ ᠤᠨ ᠬᠦᠢᠳᠡᠨ ᠬᠡᠯᠬᠢᠶᠡᠨ ᠤ | ᠠᠵᠤ ᠦᠢᠯᠡᠰ ᠤᠨ ᠬᠦᠷᠢᠶᠡᠯᠡᠩ ᠢ ᠪᠤᠳᠠᠳᠠᠶᠢᠵᠢᠭᠤᠯᠬᠤ ᠶᠢ ᠲᠦᠷᠭᠡᠳᠬᠡᠵᠦ᠂ ᠶᠦᠨ ᠳ᠋ᠡ᠂ ᠱᠧᠨ ᠲᠦᠩ ᠵᠡᠷᠭᠡ | ᠡᠯᠧᠺᠲᠷᠣᠨ ᠬᠤᠳᠠᠯᠳᠤᠭᠠᠨ ᠤ ᠪᠠᠷᠠᠭᠠᠨ ᠤ ᠬᠦᠢᠯᠭᠡᠭᠡᠨ ᠤ ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ | ᠪᠠᠶᠢᠭᠤᠯᠤᠨ᠎ᠠ᠃ ᠶᠢᠨ ᠴᠢᠶᠤᠤ᠂ ᠶᠢᠨ ᠴᠤᠸᠠᠨ ᠤ ᠤᠯᠤᠰ ᠤᠨ ᠲᠠᠰ ᠤᠨ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠦᠢᠯᠡᠳᠦᠯ ᠢ ᠪᠠᠳᠠᠷᠠᠭᠤᠯᠵᠤ᠂ ᠤᠷᠤᠨ ᠨᠤᠲᠤᠭ ᠤᠨ | ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠢ 5 ᠠᠴᠠ ᠳᠡᠭᠡᠭᠰᠢ ᠶᠢ ᠪᠤᠶᠢᠵᠢᠭᠤᠯᠤᠨ᠎ᠠ᠃ ᠳᠥᠷᠪᠡᠳᠦᠭᠡᠷ | ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ᠂ ᠣᠯᠠᠨ ᠤᠯᠤᠰ ᠤᠨ ᠰᠦ ᠶᠢᠨ | ᠦᠢᠯᠡᠰ ᠤᠨ ᠶᠡᠭᠡ ᠬᠤᠷᠠᠯ ᠵᠡᠷᠭᠡ ᠬᠤᠷᠠᠯ ᠦᠵᠡᠰᠬᠦᠯᠡᠩ ᠤᠨ ᠠᠵᠢᠯᠯᠠᠭ᠎ᠠ ᠶᠢ ᠲᠠᠭᠠᠭᠠᠴᠢᠯᠠᠨ ᠡᠷᠬᠢᠯᠡᠵᠦ᠂ ᠵᠠᠬ᠎ᠠ | ᠳᠡᠯᠭᠡᠭᠦᠷᠴᠢᠯᠡᠭᠰᠡᠨ ᠦᠵᠡᠰᠬᠦᠯᠡᠩ ᠡᠷᠬᠢᠯᠡᠬᠦ ᠬᠤᠷᠠᠯ ᠡᠷᠬᠢᠯᠡᠬᠦ ᠤᠷᠳᠤ ᠬᠤᠭᠤᠴᠠᠭᠠᠨ ᠤ ᠪᠦᠲᠦᠮᠵᠢᠲᠡᠢ | ᠲᠣᠭᠲᠠᠴᠠ ᠶᠢ ᠪᠠᠶᠢᠭᠤᠯᠤᠨ᠎ᠠ᠃ | ︵ᠭᠤᠷᠪᠠ︶ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠳᠤᠮᠳᠠ ᠤᠷᠤᠨ ᠤ | ᠲᠥᠪ ᠤᠨ ᠰᠢᠨ᠎ᠡ ᠨᠡᠷ᠎ᠡ ᠶᠢᠨ ᠬᠠᠭᠤᠳᠠᠰᠤ ᠶᠢ ᠪᠣᠶ ᠪᠣᠯᠭᠠᠨ᠎ᠠ | ᠠᠮᠢ ᠠᠬᠤᠶ ᠶᠢᠨ ᠬᠠᠮᠠᠭᠠᠯᠠᠯᠲᠠ ᠪᠦᠳᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠠᠮᠢ | ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠤᠭᠴᠠᠯᠠᠬᠤ ᠳᠤ ᠰᠠᠭᠤᠷᠢᠯᠠᠨ᠂ ︽ᠣᠶ ᠰᠢᠭᠤᠶ ᠨᠤᠲᠤᠭ | ᠪᠡᠯᠴᠢᠭᠡᠷ ᠤᠨ ᠳᠠᠷᠤᠭ᠎ᠠ ᠶᠢᠨ ᠲᠦᠷᠢᠮ︾ ᠢ ᠪᠥᠬᠦ ᠲᠠᠯ᠎ᠠ ᠪᠠᠷ ᠬᠡᠷᠡᠭᠵᠢᠭᠦᠯᠵᠦ᠂ ᠣᠶ ᠰᠢᠭᠤᠶ ᠨᠤᠲᠤᠭ | ᠪᠡᠯᠴᠢᠭᠡᠷ ᠤᠨ ᠮᠡᠳᠡᠭᠡ ᠵᠠᠩᠭᠢᠴᠢᠯᠠᠯᠲᠠ ᠪᠠ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠶᠢᠨ ᠪᠠᠶᠢᠭᠤᠯᠤᠯᠲᠠ ᠶᠢ | ᠲᠥᠷᠭᠡᠳᠭᠡᠵᠦ᠂ ᠨᠤᠲᠤᠭ ᠪᠡᠯᠴᠢᠭᠡᠷ ᠢ ᠬᠠᠮᠠᠭᠠᠯᠠᠵᠤ ᠰᠡᠷᠭᠦᠭᠡᠬᠦ᠂ ᠮᠠᠭᠤᠳᠠᠭᠰᠠᠨ ᠨᠤᠲᠤᠭ ᠪᠡᠯᠴᠢᠭᠡᠷ ᠤᠨ ᠠᠮᠢ | ᠠᠬᠤᠶ ᠶᠢ ᠰᠡᠷᠭᠦᠭᠡᠬᠦ᠂ ᠲᠠᠯᠠᠨ ᠬᠠᠷ᠎ᠠ ᠠᠭᠤᠯᠠ ᠶᠢᠨ ᠠᠮᠢ ᠠᠬᠤᠢ ᠶᠢ ᠰᠡᠷᠭᠦᠭᠡᠨ ᠵᠠᠰᠠᠬᠤ ᠵᠡᠷᠭᠡ ᠢᠨᠵᠧᠨᠧᠷᠢᠩ ᠢ | ᠭᠤᠣᠯᠳᠠᠯᠭ᠎ᠠ ᠲᠠᠢ ᠬᠡᠷᠡᠭᠵᠢᠬᠦᠯᠦᠨ᠎ᠡ᠃ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ | ᠪᠠᠶᠢᠭᠠᠯᠢ ᠶᠢᠨ ᠤᠢ ᠰᠢᠭᠤᠢ ᠶᠢᠨ ᠬᠠᠮᠠᠭᠠᠯᠠᠯᠲᠠ ᠶᠢᠨ ᠬᠤᠶᠠᠳᠤᠭᠠᠷ ᠬᠤᠭᠤᠴᠠᠭ᠎ᠠ ᠵᠡᠷᠭᠡ ᠤᠯᠤᠰ ᠤᠨ | ᠭᠤᠣᠯᠳᠠᠯᠭ᠎ᠠ ᠲᠠᠢ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ | ᠬᠤᠲᠠ ᠶᠢᠨ ᠠᠷᠠᠳ ᠤᠨ ᠤᠯᠠᠨ ᠠᠷᠭ᠎ᠠ ᠵᠠᠮ᠂ ᠣᠯᠠᠨ ᠠᠷᠭ᠎ᠠ ᠬᠡᠯᠪᠡᠷᠢ ᠪᠠᠷ ᠠᠯᠪᠠᠨ ᠵᠢᠷᠤᠮ ᠤᠨ ᠮᠤᠳᠤ | ᠲᠠᠷᠢᠬᠤ ᠳᠤ ᠤᠷᠤᠯᠴᠠᠬᠤ ᠶᠢ ᠰᠠᠨᠠᠭᠠᠴᠢᠯᠠᠨ᠂ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢᠨ ᠪᠥᠲᠥᠭᠡᠨ | ᠪᠠᠶᠢᠭᠤᠯᠤᠯᠲᠠ ᠶᠢ 40 ᠲᠦᠮᠡᠨ ᠮᠦ ᠪᠡᠶᠡᠯᠡᠭᠦᠯᠦᠨ᠎ᠡ᠃ | ︽ᠠᠭᠤᠯᠠ ᠨᠢᠷᠤᠭᠤ ᠭᠤᠣᠯ ᠨᠠᠭᠤᠷ︾ ᠢ ᠵᠠᠰᠠᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠦᠨ᠎ᠡ᠃ | ᠳᠠᠯᠠᠨ ᠬᠠᠷ᠎ᠠ ᠠᠭᠤᠯᠠ ᠶᠢᠨ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠢ ᠨᠢᠭᠡᠨᠲᠡ ᠤᠬᠤᠷᠢᠭᠤᠯᠤᠨ | ᠭᠠᠷᠭᠠᠭᠰᠠᠨ ᠠᠮᠢ ᠠᠬᠤᠢ ᠶᠢᠨ ᠰᠡᠷᠭᠦᠭᠡᠯᠲᠡ ᠪᠠ ᠵᠠᠰᠠᠯᠲᠠ ᠶᠢ ᠭᠤᠤᠯᠳᠠᠯᠭ᠎ᠠ ᠲᠠᠢ ᠠᠳᠬᠤᠵᠤ᠂ ᠤᠷᠤᠨ ᠤ | ᠲᠥᠪ ᠤᠨ ᠨᠣᠮᠢᠨ ᠨᠤᠭᠤᠭᠠᠨ ︽ᠠᠷᠤ ᠴᠡᠴᠡᠷᠯᠢᠭ︾ ᠢ ᠴᠤᠭᠴᠠᠯᠠᠨ᠎ᠠ᠃ ᠴᠡᠯᠡᠭᠡᠷ ᠲᠠᠯ᠎ᠠ ᠤᠯᠤᠰ ᠤᠨ ᠲᠠᠯ᠎ᠠ | ᠨᠤᠲᠤᠭ ᠤᠨ ᠪᠠᠶᠢᠭᠠᠯᠢ ᠶᠢᠨ ᠴᠡᠴᠡᠷᠯᠢᠭ ᠤᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠵᠦ᠂ ᠴᠡᠯᠡᠭᠡᠷ ᠲᠠᠯ᠎ᠠ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠤᠨ ᠲᠠᠯ᠎ᠠ ᠨᠤᠲᠤᠭ ᠤᠨ | ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠂ ᠴᠡᠯᠡᠭᠡᠷ ᠲᠠᠯ᠎ᠠ ᠶᠢᠨ ᠪᠠᠷᠠᠭᠤᠨᠰᠢ | ᠥᠷᠬᠦᠯᠵᠢᠯᠡᠭᠰᠡᠨ ᠬᠡᠰᠡᠭ ᠤᠨ ᠰᠡᠷᠭᠦᠭᠡᠨ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠴᠡᠯᠡᠭᠡᠷ ᠲᠠᠯ᠎ᠠ ᠶᠢᠨ ᠴᠢᠨᠠᠷ | ᠴᠢᠨᠰᠠᠭ᠎ᠠ ᠶᠢ ᠳᠡᠭᠡᠭᠰᠢᠯᠡᠭᠦᠯᠦᠨ᠎ᠡ᠃ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ ᠣᠷᠴᠢᠨ | ᠲᠣᠭᠤᠷᠢᠨ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠰᠠᠶᠢᠷᠭᠠᠯ ᠤᠨ ᠰᠠᠭᠤᠭᠠᠯᠢ ᠠᠷᠠᠳ ᠢ ᠨᠡᠭᠦᠯᠭᠡᠨ ᠳᠠᠬᠢᠨ | ᠪᠠᠶᠢᠭᠤᠯᠬᠤ ᠢᠨᠵᠧᠨᠧᠷᠢᠩ ᠢ ᠡᠬᠢᠯᠡᠭᠦᠯᠵᠦ᠂ ᠭᠤᠤᠯ ᠳᠤ ᠤᠷᠤᠭᠰᠠᠨ ᠪᠤᠬᠢᠷᠳᠤᠯ ᠭᠠᠳᠠᠭᠰᠢᠯᠠᠭᠤᠯᠬᠤ ᠠᠮᠠᠰᠠᠷ ᠤᠨ | ᠵᠢᠭᠰᠠᠭᠠᠨ ᠪᠠᠶᠢᠴᠠᠭᠠᠯᠳᠠ ᠴᠡᠭᠴᠡᠯᠡᠨ ᠵᠠᠰᠠᠯᠲᠠ ᠶᠢ ᠥᠷᠨᠢᠬᠦᠯᠵᠦ᠂ ᠤᠯᠤᠰ ᠤᠨ ᠡᠵᠡᠮᠳᠡᠯ ᠤᠨ ᠣᠭᠲᠣᠯᠤᠭᠠᠰᠤ ᠶᠢᠨ | ᠤᠰᠤᠨ ᠤ ᠴᠢᠨᠠᠷ ᠢ ᠲᠣᠭᠲᠠᠭᠤᠨ ᠢᠶᠠᠷ ᠪᠠᠷᠢᠮᠵᠢᠶ᠎ᠠ ᠳᠤ ᠬᠥᠷᠭᠡᠬᠦ ᠶᠢ ᠦᠨᠡᠨᠬᠦ ᠪᠠᠲᠤᠯᠠᠨ᠎ᠠ᠃ ᠬᠠᠷ᠎ᠠ ᠤᠰᠤ ᠨᠠᠭᠤᠷ | ᠤᠨ ᠠᠮᠢ ᠠᠬᠤᠶ ᠶᠢᠨ ᠵᠠᠰᠠᠯᠲᠠ ᠶᠢᠨ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠤᠰᠤ ᠲᠠᠲᠠᠵᠤ ᠤᠰᠤ | ᠨᠦᠬᠦᠪᠦᠷᠢᠯᠡᠬᠦ᠂ ᠤᠰᠤᠨ ᠰᠢᠰᠲ᠋ᠧᠮ ᠢ ᠬᠤᠯᠪᠣᠨ ᠨᠡᠪᠲᠡᠷᠡᠭᠦᠯᠬᠦ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ | ᠨᠢᠭᠡᠳᠦᠯᠲᠡᠶ ᠲᠥᠯᠥᠪᠯᠡᠨ ᠠᠬᠢᠭᠤᠯᠵᠤ᠂ ︽ᠪᠣᠭᠤᠮᠲᠠ ᠶᠢᠨ ᠭᠠᠳᠠᠨᠠᠬᠢ ᠰᠢ ᠬᠤ᠋ ᠨᠠᠭᠤᠷ︾ ᠤᠨ ᠭᠤᠶᠤ | ᠦᠵᠡᠮᠵᠢ ᠶᠢ ᠳᠠᠬᠢᠨᠲᠠ ᠢᠯᠡᠷᠡᠭᠦᠯᠦᠨ᠎ᠡ᠃ | ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠠᠭᠠᠷ ᠤᠨ | ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠪᠦᠬᠦ ᠬᠦᠴᠦᠨ ᠢᠶᠠᠷ ᠢᠶᠠᠨ ᠥᠷᠨᠢᠬᠦᠯᠵᠦ᠂ 57 ᠲᠣᠰᠬᠤᠨ᠂ 6.35 | ᠲᠦᠮᠡᠨ ᠡᠷᠤᠭᠡ ᠶᠢᠨ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠡᠭᠦᠷᠭᠡ ᠶᠢ | ᠪᠡᠶᠡᠯᠡᠭᠦᠯᠦᠨ᠎ᠡ︔ ᠳ᠋ᠠ ᠲᠠᠩ ᠤᠨ ᠲᠤᠭᠲᠠᠬᠤ ᠴᠠᠬᠢᠯᠭᠠᠨ ᠭᠠᠷᠭᠠᠬᠤ ᠦᠢᠯᠡᠳᠪᠦᠷᠢ᠂ ᠵᠢᠰᠢᠶ᠎ᠠ ᠠᠶᠢᠯ ᠤᠨ ᠢᠯᠴᠢ | ᠴᠠᠬᠢᠯᠭᠠᠨ ᠤ ᠦᠢᠯᠡᠳᠪᠦᠷᠢ ᠶᠢᠨ ᠢᠯᠴᠢ ᠶᠢ ᠬᠥᠬᠡᠬᠤᠲᠠ ᠳᠤ ᠣᠷᠣᠭᠤᠯᠬᠤ ᠢᠨᠵᠧᠨᠧᠷᠢᠩ ᠢ ᠡᠬᠢᠯᠡᠭᠦᠯᠵᠦ᠂ ᠢᠯᠴᠢ | ᠬᠠᠩᠭᠠᠬᠤ ᠬᠤᠭᠤᠯᠠᠶ ᠶᠢᠨ ᠲᠣᠤᠷ ᠢ 64 ᠺᠢᠯᠣᠮᠧᠲᠷ ᠬᠤᠯᠪᠤᠵᠤ ᠨᠡᠪᠳᠡᠷᠡᠭᠦᠯᠦᠨ᠂ ᠢᠯᠴᠢ ᠬᠠᠩᠭᠠᠬᠤ ᠠᠵᠤ | ᠠᠬᠤᠶᠢᠯᠠᠯ ᠢ ᠡᠮᠬᠢᠯᠡᠨ ᠨᠡᠶᠢᠳᠬᠡᠬᠦ ᠶᠢ ᠳᠥᠯᠭᠢᠨ ᠠᠬᠢᠭᠤᠯᠵᠤ᠂ ᠬᠤᠲᠠ ᠶᠢᠨ ᠲᠣᠭᠤᠷᠢᠭ ᠲᠤ ︽ᠨᠢᠭᠡ ᠲᠤᠤᠷ ᠢᠶᠠᠷ | ᠢᠯᠴᠢ ᠬᠠᠩᠭᠠᠬᠤ︾ ᠶᠢ ᠪᠡᠶᠡᠯᠡᠭᠦᠯᠦᠨ᠎ᠡ︔ ᠪᠠᠷᠢᠯᠭ᠎ᠠ ᠶᠢᠨ ᠭᠠᠵᠠᠷ ᠤᠨ ᠲᠣᠭᠤᠰᠣ ᠰᠢᠷᠣᠶ ᠶᠢᠨ ᠬᠠᠮᠢᠶᠠᠷᠤᠯᠲᠠ ᠶᠢ | ᠴᠢᠩᠭᠠᠳᠬᠠᠵᠤ᠂ ᠬᠤᠸᠠᠷ ᠫᠤᠤᠵᠢᠩ ᠪᠤᠷᠤᠯᠠᠭᠤᠯᠬᠤ ᠲᠠᠯᠪᠢᠬᠤ ᠪᠠ ᠠᠵᠤ ᠦᠢᠯᠡᠳᠪᠦᠷᠢ ᠶᠢᠨ ᠳᠡᠭᠳᠡᠮᠡᠬᠡᠶ ᠴᠢᠨᠠᠷᠲᠠᠶ | ᠣᠷᠭᠠᠨᠢᠭ ᠪᠣᠳᠠᠰ ᠤᠨ ᠭᠠᠳᠠᠭᠰᠢᠯᠠᠭᠤᠯᠤᠯᠲᠠ ᠶᠢ ᠴᠢᠩᠭ᠎ᠠ ᠬᠠᠮᠢᠶᠠᠷᠤᠨ ᠡᠵᠡᠮᠳᠡᠵᠦ᠂ ᠤᠷᠤᠨ ᠤ ᠲᠥᠪ ᠤᠨ | ᠠᠭᠠᠷ ᠤᠨ ᠴᠢᠨᠠᠷ ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠤᠨ᠎ᠠ᠃ ᠤᠰᠤᠨ ᠤ ᠪᠣᠬᠢᠷᠲᠤᠯ ᠢ ᠰᠡᠷᠭᠡᠶᠢᠯᠡᠨ | ᠵᠠᠰᠠᠬᠤ ᠶᠢ ᠭᠦᠨᠵᠡᠭᠡᠶ ᠬᠡᠷᠡᠭᠵᠢᠭᠦᠯᠵᠦ᠂ ︽ᠬᠥᠬᠡᠬᠤᠲᠠ ᠶᠢᠨ ᠨᠤᠭᠤ ᠭᠠᠵᠠᠷ ᠤᠨ ᠬᠠᠮᠠᠭᠠᠯᠠᠯᠲᠠ ᠶᠢᠨ ᠲᠦᠷᠢᠮ︾ ᠢ | ᠲᠤᠭᠲᠠᠭᠠᠵᠤ᠂ ᠭᠤᠣᠯ ᠨᠠᠭᠤᠷ ᠤᠨ ᠡᠷᠭᠢ ᠶᠢᠨ ᠱᠤᠭᠤᠮ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ | ᠣᠷᠣᠨ ᠬᠤᠪᠢᠶᠠᠨ ᠬᠠᠮᠢᠶᠠᠷᠬᠤ ᠶᠢ ᠴᠢᠩᠭᠠᠳᠬᠠᠵᠤ᠂ ᠬᠠᠯᠢᠭᠤᠲᠤ ᠤᠰᠤᠨ ᠴᠥᠭᠦᠷᠥᠮ᠂ ᠶᠡᠭᠡ ᠲᠥᠷᠭᠡᠨ | ᠭᠤᠣᠯ ᠤᠨ ᠬᠠᠭᠤᠴᠢᠨ ᠵᠠᠮ ᠤᠨ ᠬᠥᠮᠦᠨ ᠤ ᠬᠦᠴᠦᠨ ᠤ ᠨᠤᠭᠤ ᠭᠠᠵᠠᠷ ᠢ ᠴᠡᠪᠡᠷᠰᠢᠭᠦᠯᠬᠦ ᠵᠡᠷᠭᠡ ᠠᠮᠢ ᠠᠬᠤᠢ ᠶᠢᠨ | ᠵᠠᠰᠠᠯᠲᠠ ᠶᠢᠨ ᠢᠨᠵᠧᠨᠧᠷᠢᠩ ᠢ ᠬᠡᠷᠡᠭᠵᠢᠬᠦᠯᠦᠨ᠎ᠡ︔ | ᠲᠤᠭᠲᠠᠬᠤ ᠴᠢᠩ ᠱᠦᠢ ᠡᠾᠧ ᠤᠨ ᠬᠦᠷᠢᠶᠡᠯᠡᠩ ᠲᠣᠭᠤᠷᠢᠭ ᠤᠨ ᠳᠠᠬᠢᠯᠲᠠ ᠤᠰᠤᠨ ᠬᠤᠭᠤᠯᠠᠶ ᠶᠢᠨ | ᠲᠣᠤᠷ ᠤᠨ ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠬᠠᠲᠤᠨ ᠭᠤᠤᠯ ᠤᠨ ᠤᠰᠤ ᠶᠢ | ᠬᠥᠬᠡᠬᠤᠲᠠ ᠳᠤ ᠲᠠᠲᠠᠵᠤ ᠣᠷᠣᠭᠤᠯᠬᠤ ᠭᠤᠷᠪᠠᠳᠤᠭᠠᠷ ᠬᠤᠭᠤᠴᠠᠭᠠᠨ ᠤ ᠢᠨᠵᠧᠨᠧᠷᠢᠩ ᠢ ᠡᠬᠢᠯᠡᠭᠦᠯᠵᠦ᠂ ᠴᠢᠨᠠᠷ | ᠬᠤᠪᠢᠶᠠᠨ ᠲᠥᠷᠥᠯ ᠬᠤᠪᠢᠶᠠᠨ ᠤᠰᠤ ᠬᠠᠩᠭᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ︔ ᠪᠠᠨᠳᠢ ᠶᠢᠨ ᠠᠶᠢᠯ | ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠭᠤᠷᠪᠠᠳᠤᠭᠠᠷ ᠬᠤᠭᠤᠴᠠᠭᠠᠨ ᠤ ᠥᠷᠭᠡᠳᠬᠡᠨ ᠪᠠᠶᠢᠭᠤᠯᠬᠤ | ᠢᠨᠵᠧᠨᠧᠷᠢᠩ ᠢ ᠪᠡᠶᠡᠯᠡᠭᠦᠯᠵᠦ᠂ ᠪᠣᠬᠢᠷ ᠤᠰᠤ ᠰᠢᠢᠳᠪᠦᠷᠢᠯᠡᠬᠦ ᠳᠤ ︽ᠬᠦᠯᠦᠰᠢ ᠮᠠᠭᠤ ᠠᠴᠢᠶ᠎ᠠ ᠬᠦᠨᠳᠦ︾ | ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠨ᠎ᠡ᠃ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ | ᠠᠵᠢᠯ ᠢ ᠬᠦᠴᠦᠳᠡᠢ ᠠᠬᠢᠭᠤᠯᠵᠤ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠲᠦᠷᠦᠯ ᠬᠤᠪᠢᠶᠠᠨ ᠬᠠᠮᠢᠶᠠᠷᠬᠤ ᠶᠢ | ᠴᠢᠩᠭᠠᠳᠬᠠᠵᠤ᠂ ᠬᠢᠮᠢ ᠶᠢᠨ ᠪᠤᠷᠳᠤᠭᠤᠷ᠂ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠬᠤ ᠪᠠ ᠰᠦᠯᠢᠶᠣᠣ | ᠪᠦᠷᠬᠦᠪᠴᠢ ᠶᠢ ᠬᠤᠷᠢᠶᠠᠨ ᠠᠪᠬᠤ ᠠᠵᠢᠯᠯᠠᠭ᠎ᠠ ᠶᠢ ᠬᠡᠷᠡᠭᠵᠢᠭᠦᠯᠵᠦ᠂ ᠬᠢᠮᠢ ᠶᠢᠨ ᠪᠤᠷᠳᠤᠭᠤᠷ ᠢ 3. 45% ᠪᠠᠷ | ᠪᠠᠭᠠᠰᠬᠠᠵᠤ᠂ ᠲᠠᠷᠢᠶᠠᠨ ᠡᠮ ᠢ 2% ᠢᠶᠠᠷ ᠪᠠᠭᠠᠰᠬᠠᠵᠤ᠂ ᠰᠦᠯᠢᠶᠣᠣ ᠪᠦᠷᠬᠦᠪᠴᠢ ᠶᠢ ᠬᠤᠷᠢᠶᠠᠨ ᠠᠪᠴᠤ | ᠠᠰᠢᠭᠯᠠᠬᠤ ᠨᠣᠷᠮ᠎ᠠ ᠶᠢ 81% ᠠᠴᠠ ᠲᠡᠭᠡᠭᠰᠢ ᠳᠤ ᠬᠦᠷᠦᠭᠦᠯᠦᠨ᠎ᠡ᠃ | ︵ᠲᠦᠷᠪᠡ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ | ᠳᠤᠮᠳᠠ ᠤᠷᠤᠨ ᠤ ᠲᠥᠪ ᠤᠨ ᠰᠢᠨ᠎ᠡ ᠣᠷᠣᠨ ᠵᠠᠢ ᠶᠢ ᠥᠷᠭᠡᠳᠬᠡᠨ᠎ᠡ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠰᠠᠶᠢᠲᠤᠷ ᠬᠢᠨ᠎ᠡ᠃ ︽ᠲᠠᠪᠤᠨ ᠵᠢᠯ ᠤᠨ ᠰᠢᠯᠵᠢᠯᠲᠡ ᠶᠢᠨ | ᠬᠤᠭᠤᠴᠠᠭ᠎ᠠ︾ ᠶᠢᠨ ᠱᠠᠭᠠᠷᠳᠠᠯᠭ᠎ᠠ ᠶᠣᠰᠤᠭᠠᠷ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠲᠠ ᠶᠢᠨ | ᠦᠷ᠎ᠡ ᠪᠦᠲᠦᠭᠡᠯ ᠢ ᠪᠠᠬᠢᠵᠢᠬᠦᠯᠵᠦ ᠥᠷᠭᠡᠳᠭᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠤᠭᠲᠠᠴᠠ ᠶᠢ | ᠪᠦᠷᠢᠨᠰᠢᠬᠦᠯᠦᠨ ᠲᠡᠭᠦᠯᠳᠡᠷᠵᠢᠬᠦᠯᠬᠦ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ | ᠰᠢᠰᠲ᠋ᠧᠮᠵᠢ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠡᠶᠢᠰᠢ ᠪᠥᠬᠦ ᠲᠠᠯ᠎ᠠ ᠪᠠᠷ ᠰᠢᠯᠵᠢᠬᠦᠯᠬᠦ᠂ | ᠬᠦᠳᠡᠭᠡ ᠲᠣᠰᠬᠤᠨ ᠤ ᠳᠤᠤᠷ᠎ᠠ ᠤᠷᠤᠯᠭ᠎ᠠ ᠲᠠᠢ ᠬᠥᠮᠦᠨ ᠠᠮᠠ ᠶᠢ ᠪᠠᠶᠢᠩᠭᠤ ᠶᠢᠨ ᠴᠢᠨᠠᠷᠳᠠᠢ ᠬᠠᠪᠰᠤᠷᠤᠨ ᠲᠡᠳᠬᠦᠬᠦ | ᠲᠣᠭᠲᠠᠴᠠ ᠶᠢ ᠪᠦᠷᠢᠨᠰᠢᠭᠦᠯᠬᠦ ᠭᠤᠷᠪᠠᠨ ᠶᠡᠭᠡ ᠡᠭᠦᠷᠭᠡ ᠲᠠᠢ ᠨᠢᠭᠲᠠ ᠤᠶᠠᠯᠳᠤᠭᠤᠯᠤᠨ᠂ ᠠᠵᠢᠯ ᠤᠨ | ᠪᠠᠶᠢᠭᠤᠯᠤᠮᠵᠢ᠂ ᠶᠠᠳᠠᠭᠤ ᠶᠢ ᠲᠡᠳᠬᠦᠬᠦ ᠺᠠᠳ᠋ᠷ᠂ ᠲᠣᠰᠬᠤᠨ ᠳᠤ ᠰᠠᠭᠤᠬᠤ ᠺᠠᠳ᠋ᠷ᠂ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ᠂ ᠬᠢᠨᠠᠨ ᠰᠢᠯᠭᠠᠵᠤ ᠬᠠᠪᠰᠤᠷᠤᠨ ᠲᠡᠳᠬᠦᠬᠦ ᠵᠡᠷᠭᠡ ᠠᠵᠢᠯ ᠢ ᠲᠤᠬᠢᠷᠠᠭᠤᠯᠵᠤ ᠵᠤᠯᠭᠠᠭᠤᠯᠬᠤ ᠶᠢ ᠡᠮᠬᠢ | ᠵᠢᠷᠤᠮ ᠲᠠᠢ ᠰᠠᠶᠢᠲᠤᠷ ᠬᠢᠵᠦ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠲᠤᠯᠭᠠᠭᠤᠷᠢᠯᠠᠯ ᠢ | ᠤᠯᠠᠮ ᠨᠢᠭᠡ ᠠᠯᠬᠤᠮ ᠴᠢᠩᠭᠠᠳᠬᠠᠵᠤ᠂ ᠬᠤᠰᠢᠭᠤ ᠰᠢᠶᠠᠨ ᠨᠢᠭᠡᠪᠦᠷᠢ 2 — 3 ᠭᠤᠣᠯᠯᠠᠬᠤ ᠤᠨᠴᠠᠯᠢᠭᠳᠤ ᠠᠵᠤ | ᠦᠢᠯᠡᠰ ᠢ ᠲᠥᠪᠯᠡᠷᠡᠭᠦᠯᠦᠨ ᠪᠤᠶ ᠪᠣᠯᠭᠠᠵᠤ᠂ ᠬᠡᠪᠴᠢᠶᠡᠨ ᠤ ᠨᠦᠯᠦᠭᠡ ᠶᠢ ᠪᠤᠶ ᠪᠣᠯᠭᠠᠵᠤ᠂ ᠳᠠᠶᠢᠴᠢᠯᠠᠬᠤ | ᠴᠢᠳᠠᠪᠤᠷᠢ ᠪᠠᠨ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠨᠠᠩ ᠥᠷᠭᠡᠨ ᠬᠦᠷᠢᠶ᠎ᠡ ᠴᠠᠷᠠᠭ᠎ᠠ᠂ ᠨᠠᠩ ᠥᠨᠳᠥᠷ ᠲᠠᠰ | ᠳᠠᠪᠬᠤᠷᠭ᠎ᠠ ᠶᠢᠨ ᠬᠦᠭᠵᠢᠯᠲᠡ ᠶᠢ ᠪᠡᠶᠡᠯᠡᠭᠦᠯᠬᠦ ᠶᠢ ᠠᠬᠢᠭᠤᠯᠤᠨ᠎ᠠ᠃ | ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ᠎ᠡ᠃ 51.2 ᠲᠦᠮᠡᠨ | ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠡᠭᠦᠷᠭᠡ ᠶᠢ ᠡᠬᠢᠯᠡᠭᠦᠯᠵᠦ᠂ 15 | ᠲᠦᠮᠡᠨ ᠮᠥ ᠲᠠᠷᠢᠶᠠᠨ ᠭᠠᠵᠠᠷ ᠲᠤ ᠡᠭᠡᠯᠵᠢᠯᠡᠨ ᠳᠠᠷᠢᠬᠤ ᠲᠥᠷᠥᠯ ᠵᠦᠢᠯ ᠢ ᠬᠡᠷᠡᠭᠵᠢᠭᠦᠯᠵᠦ᠂ 8 ︽ᠵᠠᠭᠤᠨ | ᠲᠦᠮᠡᠨ ᠤ ᠲᠠᠰ︾ ᠤᠨ ᠠᠮᠢ ᠠᠬᠤᠶ ᠶᠢᠨ ᠤᠨᠴᠠᠯᠢᠭᠳᠤ ᠲᠠᠷᠢᠶᠠᠯᠠᠩ ᠮᠠᠯ ᠠᠵᠤ ᠠᠬᠤᠶ ᠶᠢᠨ ᠬᠡᠰᠡᠭ ᠤᠨ ᠪᠥᠲᠥᠭᠡᠨ | ᠪᠠᠶᠢᠭᠤᠯᠤᠯᠲᠠ ᠶᠢᠨ ᠢᠨᠵᠧᠨᠧᠷᠢᠩ ᠢ ᠡᠬᠢᠯᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ᠂ | ᠡᠷᠴᠢᠮᠵᠢᠭᠰᠡᠨ᠂ ᠬᠡᠪᠴᠢᠶᠡᠵᠢᠭᠰᠡᠨ ᠬᠦᠭᠵᠢᠯᠲᠡ ᠶᠢ ᠠᠬᠢᠭᠤᠯᠤᠨ᠎ᠠ᠃ ︽ᠬᠤᠯᠢᠰᠢᠨ ᠢᠳᠡᠭᠡᠨ︾ ᠤ | ᠢᠨᠵᠧᠨᠧᠷᠢᠩ ᠤᠨ ᠪᠠᠶᠢᠭᠤᠯᠤᠯᠲᠠ ᠶᠢ ᠰᠠᠶᠢᠳᠤᠷ ᠠᠳᠬᠤᠵᠤ᠂ ᠲᠥᠬᠦᠭᠡᠷᠦᠮᠵᠢᠲᠦ ᠢᠳᠡᠰᠢᠨ ᠨᠣᠭᠤᠭ᠎ᠠ ᠳᠠᠷᠢᠬᠤ | ᠲᠠᠯᠠᠪᠠᠶ ᠶᠢ 1000 ᠮᠥ᠂ ᠵᠠᠳᠠᠭᠠᠶ ᠭᠠᠵᠠᠷ ᠤᠨ ᠨᠣᠭᠤᠭ᠎ᠠ ᠶᠢ 3 ᠲᠦᠮᠡᠨ ᠮᠥ ᠰᠢᠨ᠎ᠡ ᠪᠠᠷ ᠨᠡᠮᠡᠭᠳᠡᠭᠦᠯᠦᠨ᠎ᠡ᠃ | ᠨᠢᠭᠡ ᠪᠦᠯᠦᠭ ᠲᠠᠷᠢᠶᠠᠯᠠᠩ ᠤᠨ ᠴᠢᠨᠠᠷ ᠰᠠᠶᠢᠲᠠᠶ ᠡᠭᠦᠯᠳᠡᠷ ᠢ ᠣᠷᠣᠭᠤᠯᠤᠨ ᠳᠡᠯᠭᠡᠷᠡᠭᠦᠯᠵᠦ᠂ ᠨᠢᠭᠡ ᠪᠦᠯᠦᠭ ᠤᠢᠢᠷ᠎ᠠ | ᠲᠡᠬᠦᠷᠭᠡ ᠶᠢᠨ ᠤᠯᠠᠨ ᠴᠢᠳᠠᠪᠬᠢᠲᠦ ᠲᠦᠬᠦᠭᠡᠷᠦᠮᠵᠢᠲᠦ ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ ᠢ ᠨᠠᠷᠢᠨ | ᠨᠢᠮᠪᠠᠶ ᠪᠠᠶᠢᠭᠤᠯᠤᠨ᠎ᠠ᠃ ᠡᠪᠡᠰᠦ ᠪᠣᠷᠳᠣᠭᠠᠨ ᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠵᠦ᠂ ᠡᠯ᠎ᠡ ᠲᠥᠷᠥᠯ ᠤᠨ ᠴᠢᠨᠠᠷ ᠰᠠᠶᠢᠲᠠᠶ ᠡᠪᠡᠰᠦ ᠪᠣᠷᠳᠣᠭᠠᠨ ᠤ ᠲᠠᠯᠠᠪᠠᠢ ᠶᠢ 25 ᠲᠦᠮᠡᠨ ᠮᠥ | ᠤᠷᠴᠢᠮ ᠪᠣᠯᠭᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠷᠢ ᠲᠦᠪᠰᠢᠨ ᠢ | ᠳᠡᠭᠡᠭᠰᠢᠯᠡᠭᠦᠯᠵᠦ᠂ ᠭᠤᠤᠯ ᠪᠣᠯᠬᠤ ᠲᠠᠷᠢᠮᠠᠯ ᠤᠨ ᠰᠠᠶᠢᠨ ᠡᠭᠦᠯᠳᠡᠷ ᠤᠨ ᠪᠦᠷᠬᠦᠴᠡ ᠶᠢᠨ ᠨᠣᠷᠮ᠎ᠠ ᠶᠢ 99% ᠠᠴᠠ | ᠳᠡᠭᠡᠭᠰᠢ ᠳᠤ ᠬᠦᠷᠦᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠮᠧᠬᠠᠨᠢᠭᠵᠢᠯᠲᠠ ᠶᠢ 92. | 5% ᠠᠴᠠ ᠳᠡᠭᠡᠭᠰᠢ ᠳᠤ ᠬᠦᠷᠦᠭᠦᠯᠦᠨ᠎ᠡ᠃ ᠡᠰᠢ ᠰᠦᠷᠡᠯ ᠢ ︽ᠲᠠᠪᠤᠵᠢᠭᠤᠯᠵᠤ︾ ᠶᠡᠷᠦᠩᠬᠡᠶᠢᠯᠡᠨ ᠠᠰᠢᠭᠯᠠᠬᠤ | ᠵᠠᠭᠪᠤᠷ ᠢ ᠳᠡᠯᠭᠡᠷᠡᠭᠦᠯᠵᠦ᠂ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 86% ᠠᠴᠠ ᠳᠡᠭᠡᠭᠰᠢ ᠳᠤ ᠬᠦᠷᠦᠭᠦᠯᠦᠨ᠎ᠡ᠃ | ᠲᠠᠷᠢᠶᠠᠯᠠᠩ ᠤᠨ ᠲᠦᠷᠦᠯ ᠲᠡᠮᠳᠡᠭᠲᠦ ᠶᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ︽ᠴᠡᠯᠡᠭᠡᠷ ᠲᠠᠯ᠎ᠠ ᠶᠢᠨ | ᠦᠨᠦᠷ ᠠᠮᠲᠠ︾ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠥᠷᠢᠰᠦᠯᠳᠦᠬᠦ | ᠬᠦᠴᠦᠨ ᠪᠠ ᠨᠥᠯᠥᠭᠡᠯᠡᠬᠦ ᠬᠦᠴᠦᠨ ᠢ ᠦᠷᠭᠡᠳᠬᠡᠨ᠎ᠡ᠃ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠬᠦᠨᠵᠡᠭᠡᠢ ᠬᠡᠷᠡᠭᠵᠢᠭᠦᠯᠵᠦ᠂ ︽ᠬᠠᠪᠤᠷ | ᠵᠤᠨ ᠨᠠᠮᠤᠷ ᠡᠪᠦᠯ︾ 4 ᠤᠯᠠᠷᠢᠯ ᠤᠨ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢ ᠰᠢᠨᠵᠢᠯᠡᠬᠦ | ᠤᠬᠠᠭᠠᠨᠴᠢ ᠪᠠᠷ ᠲᠥᠯᠥᠪᠵᠢᠭᠦᠯᠵᠦ᠂ ᠵᠣᠬᠢᠶᠠᠨ ᠪᠠᠶᠢᠭᠤᠯᠤᠨ ᠬᠡᠷᠡᠭᠵᠢᠬᠦᠯᠵᠦ᠂ ᠬᠥᠳᠡᠭᠡ ᠲᠣᠰᠬᠤᠨ ᠤ ᠬᠥᠮᠦᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠢ ᠲᠦᠢᠯᠪᠤᠷᠢᠲᠠᠶ ᠰᠠᠶᠢᠵᠢᠷᠠᠭᠤᠯᠤᠨ᠎ᠠ᠃ | ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ᠬᠥᠳᠡᠭᠡ ᠲᠣᠰᠬᠤᠨ ᠤ | ᠤᠰᠤ᠂ ᠴᠠᠬᠢᠯᠭᠠᠨ᠂ ᠵᠠᠮ᠂ ᠬᠡᠢ᠂ ᠴᠢᠮᠡᠭᠡ ᠬᠤᠯᠪᠣᠭ᠎ᠠ᠂ ᠷᠠᠳᠢᠣ᠋ ᠲᠧᠯᠸᠢᠰ᠂ ᠪᠠᠷᠠᠭᠠᠨ ᠤ ᠭᠦᠢᠯᠭᠡᠭᠡ ᠵᠡᠷᠭᠡ 7 | ᠵᠦᠢᠯ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ︔ ᠰᠢᠶᠠᠨ | ᠰᠢᠶᠠᠩ ᠲᠣᠰᠬᠤᠨ ᠤ ᠴᠢᠳᠠᠪᠬᠢ ᠵᠤᠯᠭᠠᠯᠳᠤᠵᠤ ᠬᠠᠷᠢᠯᠴᠠᠨ ᠨᠥᠬᠦᠪᠥᠷᠢᠯᠡᠭᠰᠡᠨ ᠣᠯᠠᠨ ᠨᠡᠶᠢᠲᠡ ᠶᠢᠨ | ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠬᠤ ᠶᠢᠨ ᠲᠣᠭᠤᠷᠢᠨ ᠳᠤ᠂ ᠬᠥᠳᠡᠭᠡ ᠲᠣᠰᠬᠤᠨ ᠤ ᠰᠤᠷᠭᠠᠭᠤᠯᠢ ᠶᠢᠨ | ᠰᠤᠷᠭᠠᠭᠤᠯᠢ ᠡᠷᠭᠢᠯᠡᠬᠦ ᠨᠥᠬᠦᠴᠡᠯ ᠢ ᠲᠦᠷᠭᠡᠨ ᠰᠠᠶᠢᠵᠢᠷᠠᠭᠤᠯᠵᠤ᠂ ᠲᠣᠰᠬᠤᠨ ᠤ ᠡᠷᠡᠭᠦᠯ ᠬᠠᠮᠠᠭᠠᠯᠠᠯ ᠤᠨ | ᠲᠠᠰᠤᠭ ᠤᠨ ᠦᠢᠯᠡᠴᠢᠯᠡᠭᠡᠨ ᠤ ᠴᠢᠳᠠᠪᠤᠷᠢ ᠶᠢ ᠲᠡᠭᠡᠭᠰᠢᠯᠡᠭᠦᠯᠵᠦ᠂ ᠬᠥᠳᠡᠭᠡ ᠲᠣᠰᠬᠤᠨ ᠤ ᠤᠯᠠᠨ ᠨᠡᠶᠢᠲᠡ ᠶᠢᠨ | ᠦᠢᠯᠡᠴᠢᠯᠡᠭᠡᠨ ᠤ ᠳᠤᠲᠠᠭᠤᠳᠠᠯ ᠢ ᠨᠥᠬᠦᠪᠥᠷᠢᠯᠡᠨ᠎ᠡ᠃ ᠬᠥᠳᠡᠭᠡ ᠲᠣᠰᠬᠤᠨ ᠤ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠵᠤ᠂ ᠲᠤᠰ ᠭᠠᠵᠠᠷ ᠲᠠᠭᠠᠨ ᠬᠥᠮᠦᠵᠢᠭᠦᠯᠬᠦ ᠪᠠ ᠣᠷᠣᠭᠤᠯᠵᠤ ᠠᠪᠴᠢᠷᠠᠬᠤ ᠶᠢ | ᠬᠠᠷᠢᠯᠴᠠᠨ ᠤᠶᠠᠯᠳᠤᠭᠤᠯᠵᠤ᠂ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠢ 1200 ᠠᠴᠠ ᠳᠡᠭᠡᠭᠰᠢ᠂ | ᠲᠠᠷᠢᠶᠠᠯᠠᠩ ᠮᠠᠯᠵᠢᠯ ᠤᠨ ᠲᠠᠯᠠᠪᠠᠶ ᠶᠢᠨ ᠵᠠᠯᠠᠭᠤ ᠡᠵᠡᠨ ᠪᠠ ᠪᠠᠶᠠᠵᠢᠯ ᠤᠨ ︽ᠲᠦᠷᠦᠬᠦᠴᠢ ᠭᠠᠯᠠᠭᠤ︾ ᠶᠢ 100 | ᠬᠦᠮᠦᠨ ᠠᠴᠠ ᠳᠡᠭᠡᠭᠰᠢ ᠬᠦᠮᠦᠵᠢᠭᠦᠯᠦᠨ᠎ᠡ︔ ᠣᠶᠤᠲᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ᠂ | ᠴᠡᠷᠢᠭ ᠠᠴᠠ ᠬᠠᠯᠠᠭᠳᠠᠭᠰᠠᠳ ᠤᠨ ᠬᠥᠳᠡᠭᠡ ᠲᠣᠰᠬᠤᠨ ᠳᠤ ᠦᠢᠯᠡᠰ ᠪᠦᠳᠦᠭᠡᠵᠦ ᠠᠵᠢᠯ ᠤᠯᠬᠤ ᠶᠢ | ᠵᠣᠷᠢᠭᠵᠢᠭᠤᠯᠤᠨ᠂ ᠲᠠᠷᠢᠶᠠᠯᠠᠩ ᠤᠨ ᠮᠡᠷᠭᠡᠵᠢᠯ ᠤᠨ ᠭᠤᠣᠯᠯᠠᠭᠴᠢ ᠴᠢᠳᠠᠪᠤᠷᠢᠲᠠᠨ ᠢ 60 ᠣᠷᠴᠢᠮ ᠢ᠂ | ᠲᠠᠷᠢᠶᠠᠯᠠᠩ ᠤᠨ ᠮᠡᠷᠭᠡᠵᠢᠯ ᠢ ᠲᠦᠭᠡᠮᠡᠯᠵᠢᠬᠦᠯᠬᠦ ᠴᠢᠳᠠᠪᠤᠷᠢᠳᠠᠨ ᠢ 400 ᠣᠷᠴᠢᠮ ᠢ ᠲᠣᠭᠲᠠᠭᠤᠨ ᠢᠶᠠᠷ | ᠬᠥᠮᠦᠵᠢᠭᠦᠯᠦᠨ᠎ᠡ ᠃ | ︵ᠲᠠᠪᠤ︶ ᠴᠢᠳᠠᠪᠬᠢ ᠶᠢ ᠲᠡᠭᠦᠯᠳᠡᠷᠵᠢᠭᠦᠯᠦᠨ ᠴᠢᠨᠠᠷ ᠳᠡᠰ ᠢ ᠳᠡᠭᠡᠭᠰᠢᠯᠡᠭᠦᠯᠬᠦ ᠳᠤᠮᠳᠠ ᠤᠷᠤᠨ ᠤ ᠲᠥᠪ ᠤᠨ | ᠰᠢᠨ᠎ᠡ ᠲᠦᠷᠢ ᠲᠥᠷᠬᠦ ᠶᠢ ᠴᠢᠮᠡᠭᠯᠡᠨ᠎ᠡ | ᠬᠤᠲᠠ ᠶᠢ ᠥᠨᠳᠥᠷ ᠬᠢᠷᠢ ᠲᠥᠪᠰᠢᠨ ᠲᠠᠢ ᠲᠥᠯᠥᠪᠵᠢᠭᠦᠯᠦᠨ᠎ᠡ᠃ ᠤᠯᠤᠰ ᠤᠨ ᠭᠠᠵᠠᠷ ᠰᠢᠷᠣᠶ ᠶᠢᠨ | ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠦᠨ᠎ᠡ᠃ ᠶᠡᠷᠦᠩᠬᠡᠶ | ᠲᠥᠯᠦᠪᠵᠢᠭᠦᠯᠭᠡ ᠶᠢᠨ ᠵᠢᠯᠣᠭᠤᠳᠣᠯᠭ᠎ᠠ ᠬᠢᠵᠠᠭᠠᠷᠯᠠᠯ ᠳᠣᠤᠷ᠎ᠠ᠂ ᠭᠤᠣᠯ ᠬᠤᠲᠠ ᠶᠢᠨ ᠲᠣᠭᠤᠷᠢᠭ ᠤᠨ ᠶᠠᠰᠤ | ᠴᠢᠨᠠᠷ ᠢ ᠳᠡᠭᠡᠭᠰᠢᠯᠡᠭᠦᠯᠬᠦ᠂ ᠰᠢᠶᠠᠨ ᠢ ᠤᠨᠴᠠᠯᠢᠭ ᠲᠠᠢ ᠪᠦᠳᠦᠭᠡᠨ ᠪᠠᠶᠢᠭᠤᠯᠵᠤ ᠬᠦᠭᠵᠢᠬᠦᠯᠬᠦ ᠶᠢ ᠨᠢᠭᠡᠳᠦᠯᠲᠡᠢ | ᠲᠦᠯᠦᠪᠵᠢᠬᠦᠯᠦᠨ ᠠᠬᠢᠭᠤᠯᠵᠤ᠂ ᠡᠯ᠎ᠡ ᠲᠥᠷᠥᠯ ᠤᠨ ᠲᠤᠰᠬᠠᠶ ᠲᠥᠯᠥᠪᠵᠢᠭᠦᠯᠭᠡ᠂ ᠨᠠᠷᠢᠯᠢᠭ ᠲᠦᠯᠦᠪᠵᠢᠬᠦᠯᠭᠡ ᠶᠢ | ᠨᠠᠷᠢᠨ ᠨᠢᠮᠪᠠᠶ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠵᠤ᠂ ᠡᠷᠴᠢᠮᠯᠢᠭ ᠠᠪᠴᠠᠯᠳᠤᠭ᠎ᠠ ᠰᠠᠶᠢᠲᠠᠢ᠂ ᠨᠢᠭᠲᠠ | ᠰᠡᠶᠢᠷᠡᠭ ᠨᠢ ᠵᠤᠬᠢᠰᠲᠠᠢ ᠣᠷᠣᠨ ᠵᠠᠶ ᠶᠢᠨ ᠪᠠᠶᠢᠷᠢᠰᠢᠯ ᠢ ᠪᠣᠶ ᠪᠣᠯᠭᠠᠬᠤ ᠶᠢ ᠳᠥᠯᠭᠢᠨ ᠠᠬᠢᠭᠤᠯᠤᠨ᠎ᠠ᠃ | ᠲᠥᠯᠥᠪᠵᠢᠭᠦᠯᠭᠡ ᠶᠢᠨ ᠬᠠᠲᠠᠭᠤ ᠬᠢᠵᠠᠭᠠᠷᠯᠠᠯ ᠪᠠ ᠬᠡᠷᠡᠭᠵᠢᠭᠦᠯᠬᠦ ᠬᠦᠴᠦᠨ ᠢ ᠴᠢᠩᠭᠠᠳᠬᠠᠵᠤ᠂ | ᠲᠥᠯᠥᠪᠵᠢᠭᠦᠯᠭᠡ ᠶᠢᠨ ᠬᠠᠤᠯᠢ ᠪᠠᠷ ᠲᠣᠭᠲᠠᠭᠠᠭᠰᠠᠨ ᠴᠢᠨᠠᠷ᠂ ᠡᠷᠬᠡ ᠰᠦᠷᠲᠦ ᠴᠢᠨᠠᠷ ᠪᠠ ᠲᠥᠪ ᠴᠢᠩᠭ᠎ᠠ ᠴᠢᠨᠠᠷ ᠢ | ᠡᠷᠡᠰ ᠬᠠᠮᠠᠭᠠᠯᠠᠵᠤ᠂ ᠪᠥᠬᠦ ᠬᠤᠲᠠ ᠶᠢᠨ ︽ᠨᠢᠭᠡ ᠵᠢᠷᠤᠭ ᠲᠥᠰᠦᠪ ᠢ ᠡᠴᠦᠰ ᠲᠤᠨᠢ ᠲᠤᠯᠲᠠᠯ᠎ᠠ ᠵᠢᠷᠤᠭᠯᠠᠬᠤ︾ ᠶᠢ | ᠦᠨᠡᠨᠬᠦ ᠪᠠᠲᠤᠯᠠᠨ᠎ᠠ᠃ | ᠬᠤᠳᠠ ᠶᠢ ᠴᠢᠨᠠᠷ ᠰᠠᠶᠢᠲᠠᠶ ᠪᠦᠳᠦᠭᠡᠨ ᠪᠠᠶᠢᠭᠤᠯᠤᠨ᠎ᠠ᠃ ᠬᠤᠲᠠ ᠶᠢᠨ ᠰᠢᠨᠡᠴᠢᠯᠡᠯᠲᠡ ᠶᠢ ᠲᠦᠷᠭᠡᠳᠬᠡᠨ | ᠠᠬᠢᠭᠤᠯᠵᠤ᠂ 63 ᠵᠤᠷᠪᠤᠰ ᠵᠠᠮ ᠱᠤᠭᠤᠮ ᠢ ᠰᠢᠨ᠎ᠡ ᠪᠠᠷ ᠪᠠᠶᠢᠭᠤᠯᠬᠤ ᠪᠠ ᠦᠭᠡᠷᠡᠴᠢᠯᠡᠨ ᠪᠠᠶᠢᠭᠤᠯᠵᠤ᠂ 31 | ᠵᠤᠷᠪᠤᠰ ᠲᠠᠰᠤᠷᠬᠠᠶ ᠵᠠᠮ ᠢ ᠨᠡᠪᠲᠡᠷᠡᠭᠦᠯᠵᠦ᠂ 39 ᠵᠤᠷᠪᠤᠰ ᠵᠡᠭᠡᠯᠢ ᠭᠤᠳᠤᠮᠵᠢ ᠶᠢ ᠥᠭᠡᠷᠡᠴᠢᠯᠡᠨ᠎ᠡ︔ ᠨᠡᠶᠢᠲᠡ ᠶᠢᠨ | ᠮᠠᠰᠢᠨ ᠲᠡᠷᠭᠡᠨ ᠤ ᠲᠠᠯᠠᠪᠤᠷ ᠥᠷᠲᠡᠭᠡ 5 ᠶᠢ ᠰᠢᠨ᠎ᠡ ᠪᠠᠷ ᠪᠠᠶᠢᠭᠤᠯᠵᠤ᠂ ᠨᠡᠶᠢᠲᠡ ᠶᠢᠨ ᠮᠠᠰᠢᠨ ᠲᠡᠷᠭᠡᠨ ᠤ ᠥᠷᠲᠡᠭᠡ | ᠴᠡᠭ 294 ᠶᠢ ᠰᠢᠨ᠎ᠡ ᠪᠠᠷ ᠨᠡᠮᠡᠵᠦ᠂ ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ ᠢ 5 ᠵᠤᠷᠪᠤᠰ ᠰᠢᠨ᠎ᠡ ᠪᠠᠷ | ᠨᠡᠪᠳᠡᠷᠡᠭᠦᠯᠵᠦ᠂15 ᠵᠤᠷᠪᠤᠰ ᠵᠠᠮ ᠢ ᠰᠢᠯᠢᠳᠡᠭᠵᠢᠭᠦᠯᠦᠨ ᠳᠣᠭᠢᠷᠠᠭᠤᠯᠤᠨ᠎ᠠ︔ 333 ᠬᠠᠭᠤᠴᠢᠨ ᠬᠤᠷᠢᠶᠠᠯᠠᠯ᠂ | 466 ᠲᠦᠮᠡᠨ ᠲᠡᠭᠰᠢ ᠳᠥᠷᠪᠡᠯᠵᠢᠨ ᠮᠧᠲᠷ ᠢ ᠦᠭᠡᠷᠡᠴᠢᠯᠡᠨ ᠰᠢᠨᠡᠳᠬᠡᠬᠦ ᠶᠢ ᠪᠡᠶᠡᠯᠡᠭᠦᠯᠵᠦ᠂ 23 ᠬᠡᠰᠡᠭ ᠤᠨ1. | 33 ᠲᠦᠮᠡᠨ ᠡᠷᠦᠬᠡ ᠶᠢᠨ ᠳᠥᠭᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠨ ᠰᠢᠨᠡᠳᠬᠡᠨ᠎ᠡ︔ | ᠬᠤᠲᠠ ᠶᠢᠨ ᠲᠣᠭᠤᠷᠢᠭ ᠤᠨ ᠬᠠᠭᠤᠴᠢᠷᠬᠠᠰᠠᠨ ᠰᠢᠲᠠᠮᠠᠬᠠᠶ ᠬᠡᠶ ᠶᠢᠨ ᠬᠤᠭᠤᠯᠠᠶ ᠶᠢᠨ ᠲᠣᠤᠷ ᠤᠨ ᠥᠭᠡᠷᠡᠴᠢᠯᠡᠯᠲᠡ ᠶᠢ | ᠨᠡᠶᠢᠳᠡᠮ ᠪᠡᠶᠡᠯᠡᠭᠦᠯᠵᠦ᠂ ᠬᠤᠲᠠ ᠶᠢᠨ ᠰᠢᠲᠠᠮᠠᠬᠠᠶ ᠬᠡᠶ ᠶᠢᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃ ᠮᠧᠲᠷᠤ᠋ ᠶᠢᠨ | TOD ᠶᠢ ᠨᠡᠭᠡᠭᠡᠨ ᠬᠦᠭᠵᠢᠬᠦᠯᠬᠦ ᠶᠢ ᠲᠦᠷᠭᠡᠳᠭᠡᠵᠦ᠂ ᠮᠧᠲᠷᠤ᠋ ᠶᠢᠨ ᠵᠢᠵᠢᠭ ᠪᠠᠯᠭᠠᠰᠤ ᠶᠢ ᠪᠠᠶᠢᠭᠤᠯᠤᠨ᠎ᠠ᠃ | ᠴᠡᠴᠡᠷᠯᠢᠭ ᠨᠤᠭᠤᠭᠠᠨ ᠭᠠᠵᠠᠷ ᠢ ᠲᠡᠩᠴᠡᠭᠦᠷᠢᠲᠡᠶ ᠪᠠᠶᠢᠷᠢᠯᠠᠭᠤᠯᠵᠤ᠂ ᠬᠤᠲᠠ ᠶᠢᠨ ᠨᠣᠭᠤᠭᠠᠨ ᠵᠠᠮ ᠢ 220 | ᠺᠢᠯᠣᠮᠧᠲᠷ ᠰᠢᠨ᠎ᠡ ᠪᠠᠷ ᠪᠠᠶᠢᠭᠤᠯᠵᠤ ᠥᠭᠡᠷᠡᠴᠢᠯᠡᠨ ᠪᠠᠶᠢᠭᠤᠯᠵᠤ᠂ ᠪᠢᠴᠢᠬᠠᠨ ᠴᠡᠴᠡᠷᠯᠢᠭ᠂ ᠨᠡᠶᠢᠭᠡᠮ ᠲᠤᠭᠤᠷᠢᠭ ᠤᠨ | ᠵᠤᠭᠠᠴᠠᠨ ᠲᠣᠭᠤᠷᠢᠬᠤ ᠬᠦᠷᠢᠶᠡᠯᠡᠩ 92 ᠢ ᠰᠢᠨ᠎ᠡ ᠪᠠᠷ ᠪᠠᠶᠢᠭᠤᠯᠵᠤ᠂ ᠬᠤᠲᠠ ᠶᠢᠨ ᠴᠡᠴᠡᠷᠯᠢᠭ ᠤᠨ | ᠨᠣᠭᠤᠭᠠᠷᠠᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠬᠤᠲᠠ ᠶᠢ ᠦᠨᠳᠦᠷ ᠪᠠᠷᠢᠮᠵᠢᠶ᠎ᠠ ᠪᠠᠷ ᠬᠠᠮᠢᠶᠠᠷᠣᠨ᠎ᠠ | ︽ᠴᠡᠪᠡᠷ ᠳᠦᠷᠢᠮᠵᠢᠭᠦᠨ᠂ ᠬᠠᠷᠠᠭ᠎ᠠ ᠲᠣᠳᠤᠷᠠᠭᠤᠨ︾ ᠬᠠᠷᠠᠯᠲᠠ ᠶᠢᠨ ᠲᠣᠭᠤᠷᠢᠨ ᠳᠤ ᠬᠤᠲᠠ ᠶᠢᠨ | ᠪᠠᠷᠢᠯᠭ᠎ᠠ ᠶᠢᠨ ᠭᠠᠳᠠᠷ ᠬᠡᠷᠡᠮ᠂ ᠪᠦᠬᠦ ᠦᠵᠡᠮᠵᠢ ᠶᠢᠨ ᠶᠡᠷᠦᠩᠬᠡᠶᠢᠯᠡᠭᠰᠡᠨ ᠴᠡᠭᠴᠡᠯᠡᠨ ᠵᠠᠰᠠᠯᠲᠠ ᠶᠢ ᠲᠦᠪᠯᠡᠷᠡᠭᠦᠯᠦᠨ | ᠥᠷᠨᠢᠭᠦᠯᠵᠦ᠂ ᠲᠠᠯ᠎ᠠ ᠨᠤᠲᠤᠭ ᠤᠨ ᠬᠤᠲᠠ ᠯᠤᠭ᠎ᠠ ᠨᠡᠶᠢᠴᠡᠭᠰᠡᠨ ᠪᠠᠷᠢᠯᠭ᠎ᠠ ᠶᠢᠨ ᠬᠡᠪ ᠨᠠᠮᠪᠠ ᠪᠣᠯᠣᠨ ᠬᠤᠲᠠ ᠶᠢᠨ | ᠳᠦᠷᠢ ᠳᠥᠷᠬᠦ ᠶᠢ ᠪᠦᠷᠢᠯᠳᠦᠭᠦᠯᠦᠨ᠎ᠡ᠃ ᠠᠮᠢᠳᠤᠷᠠᠯ ᠤᠨ ᠬᠤᠭ ᠨᠣᠪᠰᠢ ᠶᠢ ᠲᠦᠷᠥᠯ ᠬᠤᠪᠢᠶᠠᠨ ᠬᠠᠶᠠᠬᠤ᠂ | ᠴᠣᠭᠯᠠᠭᠤᠯᠬᠤ᠂ ᠲᠡᠭᠡᠭᠡᠪᠦᠷᠢᠯᠡᠬᠦ᠂ ᠰᠢᠢᠳᠪᠦᠷᠢᠯᠡᠬᠦ ᠪᠦᠬᠦ ᠶᠠᠪᠣᠴᠠ ᠶᠢᠨ ᠬᠠᠮᠢᠶᠠᠷᠣᠯᠲᠠ ᠶᠢᠨ ᠰᠢᠰᠲ᠋ᠧᠮᠵᠢ ᠶᠢ | ᠪᠠᠶᠢᠭᠤᠯᠵᠤ᠂ ᠬᠤᠭ ᠨᠣᠪᠰᠢ ᠢ ᠰᠢᠳᠠᠭᠠᠵᠤ ᠴᠠᠬᠢᠯᠭᠠᠨ ᠭᠠᠷᠭᠠᠬᠤ ᠦᠢᠯᠡᠳᠪᠦᠷᠢ᠂ ᠲᠣᠭᠤᠭᠠᠨ ᠭᠡᠷ ᠤᠨ ᠬᠤᠭ | ᠨᠣᠪᠰᠢ ᠶᠢ ᠰᠢᠢᠳᠪᠦᠷᠢᠯᠡᠬᠦ ᠦᠢᠯᠡᠳᠪᠦᠷᠢ᠂ ᠪᠣᠵᠠᠷ ᠰᠢᠪᠠᠷ ᠬᠤᠭ ᠨᠣᠪᠰᠢ ᠶᠢ ᠰᠢᠢᠳᠪᠦᠷᠢᠯᠡᠬᠦ ᠦᠢᠯᠡᠳᠪᠦᠷᠢ ᠵᠡᠷᠭᠡ | ᠭᠤᠣᠯᠳᠠᠯᠭ᠎ᠠ ᠲᠠᠢ ᠲᠦᠷᠥᠯ ᠵᠦᠢᠯ ᠢ ᠠᠰᠢᠭᠯᠠᠯᠲᠠ ᠳᠤ ᠣᠷᠣᠭᠤᠯᠣᠨ᠎ᠠ᠃ ᠬᠤᠲᠠ ᠶᠢᠨ ᠳᠦᠷᠢ ᠳᠥᠷᠬᠦ ᠶᠢᠨ | ᠬᠠᠮᠢᠶᠠᠷᠣᠯᠲᠠ ᠶᠢ ᠴᠢᠩᠭᠠᠳᠬᠠᠵᠤ᠂ ︽ᠬᠤᠶᠠᠷ ᠲᠤᠰᠬᠤᠨ᠂ ᠬᠤᠶᠠᠷ ᠲᠤᠭᠤᠷᠢᠭ᠂ ᠨᠢᠭᠡ ᠠᠭᠤᠯᠵᠠᠷ ᠬᠡᠰᠡᠭ︾ | ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠲᠣᠭᠤᠷᠢᠨ ᠳᠤ᠂ ᠪᠠᠶᠢᠩᠭᠤᠵᠢᠭᠰᠠᠨ ᠶᠡᠭᠡ ᠬᠡᠪᠴᠢᠶᠡᠨ ᠤ ᠣᠷᠴᠢᠨ | ᠲᠣᠭᠤᠷᠢᠨ ᠤ ᠠᠷᠢᠭᠤᠨ ᠴᠡᠪᠡᠷ ᠤᠨ ᠶᠡᠷᠦᠩᠬᠡᠶᠢᠯᠡᠭᠰᠡᠨ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠦᠨ᠎ᠡ᠃ ᠭᠡᠷ | ᠭᠠᠵᠠᠷ ᠤᠨ ᠬᠦᠷᠦᠩᠭᠡ ᠶᠢᠨ ᠲᠦᠷᠥᠯ ᠵᠦᠢᠯ ᠤᠨ ᠦᠯᠡᠳᠡᠭᠳᠡᠯ ᠠᠰᠠᠭᠤᠳᠠᠯ ᠢ ᠦᠷᠭᠦᠯᠵᠢᠯᠡᠨ ᠰᠢᠢᠳᠪᠦᠷᠢᠯᠡᠵᠦ᠂ | ᠦᠯᠡᠳᠡᠭᠳᠡᠯ ᠲᠦᠷᠥᠯ ᠵᠦᠢᠯ ᠤᠨ ᠦᠯᠦ ᠬᠦᠳᠡᠯᠬᠦ ᠬᠦᠷᠦᠩᠭᠡ ᠶᠢ ᠡᠷᠦᠬᠡ ᠬᠤᠪᠢᠶᠠᠨ ᠳᠠᠩᠰᠠᠯᠠᠵᠤ ᠭᠡᠷᠡᠴᠢ ᠬᠢᠬᠦ | ᠠᠵᠢᠯ ᠢ ᠲᠦᠷᠭᠡᠳᠬᠡᠨ᠎ᠡ᠃ ︽ᠣᠶᠣᠨᠲᠣ ᠬᠥᠬᠡ ᠬᠤᠲᠠ︾ ᠶᠢᠨ ᠨᠢᠭᠡᠳᠦᠭᠡᠷ ᠬᠤᠭᠤᠴᠠᠭ᠎ᠠ ᠶᠢᠨ ᠲᠦᠷᠥᠯ | ᠵᠦᠢᠯ ᠤᠨ ᠪᠦᠲᠦᠭᠡᠨ ᠪᠠᠶᠢᠭᠤᠯᠣᠯᠲᠠ ᠶᠢ ᠪᠡᠶᠡᠯᠡᠭᠦᠯᠵᠦ᠂ ᠠᠯᠢᠪᠠ ᠬᠡᠷᠡᠭᠯᠡᠯᠲᠡ ᠶᠢᠨ ᠲᠦᠷᠥᠯ ᠵᠦᠢᠯ ᠢ ᠨᠢᠭᠡ ᠶᠢ | ᠬᠢᠪᠡᠯ ᠨᠢᠭᠡ ᠶᠢ ᠪᠦᠲᠦᠭᠡᠵᠦ᠂ ᠨᠢᠭᠡ ᠶᠢ ᠪᠦᠲᠦᠭᠡᠪᠡᠯ ᠨᠢᠭᠡ ᠶᠢ ᠬᠡᠷᠡᠭᠯᠡᠵᠦ᠂ ᠬᠤᠲᠠ ᠶᠢ ᠨᠡᠩ ᠰᠡᠴᠡᠨ ᠰᠡᠷᠭᠦᠯᠡᠩ᠂ | ᠨᠡᠩ ᠦᠷ᠎ᠡ ᠪᠦᠲᠦᠮᠵᠢ ᠲᠠᠢ ᠪᠣᠯᠭᠠᠨ᠎ᠠ᠃ | ︵ᠵᠢᠷᠭᠤᠭ᠎ᠠ︶ ᠰᠣᠶᠣᠯ ᠢᠶᠠᠷ ᠬᠤᠲᠠ ᠶᠢ ᠬᠦᠴᠦᠷᠬᠡᠭᠵᠢᠭᠦᠯᠬᠦ ᠪᠦᠲᠦᠭᠡᠨ ᠪᠠᠶᠢᠭᠤᠯᠣᠯᠲᠠ ᠶᠢ ᠠᠬᠢᠭᠤᠯᠬᠤ | ᠳᠤᠮᠳᠠ ᠣᠷᠣᠨ ᠤ ᠲᠥᠪ ᠤᠨ ᠰᠢᠨ᠎ᠡ ᠠᠭᠤᠯᠬᠤᠨ ᠢ ᠲᠠᠶᠢᠯᠪᠤᠷᠢᠯᠠᠨ᠎ᠠ | ᠪᠦᠬᠦ ᠤᠯᠤᠰ ᠤᠨ ᠪᠣᠯᠪᠠᠰᠣᠨ ᠬᠤᠲᠠ ᠶᠢ ᠪᠦᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠣᠨ᠎ᠠ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢᠶᠠᠷ ᠭᠤᠣᠯ ᠱᠤᠭᠤᠮ ᠪᠣᠯᠭᠠᠵᠤ᠂ | ᠨᠡᠶᠢᠭᠡᠮ ᠵᠢᠷᠤᠮ ᠤᠨ ᠭᠤᠣᠯᠯᠠᠬᠤ ᠦᠷᠲᠡᠭ ᠤᠨ ᠦᠵᠡᠯᠲᠡ ᠶᠢ ᠭᠦᠨᠵᠡᠭᠡᠢ ᠦᠢᠯᠡᠳᠦᠯᠭᠡᠵᠢᠭᠦᠯᠵᠦ᠂ ᠳᠤᠮᠳᠠᠳᠤ ᠶᠢᠨ | ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠶᠡᠬᠡᠪᠡᠷ ᠤᠯᠠᠮᠵᠢᠯᠠᠨ ᠪᠠᠳᠠᠷᠠᠭᠤᠯᠵᠣ᠂ ᠮᠣᠩᠭᠤᠯ ᠮᠣᠷᠢᠨ ᠤ | ᠵᠣᠷᠢᠭ ᠰᠠᠨᠠᠭ᠎ᠠ ᠶᠢ ᠪᠠᠳᠠᠷᠠᠭᠤᠯᠣᠨ᠂ ᠴᠡᠯᠡᠭᠡᠷ ᠲᠠᠯ᠎ᠠ ᠶᠢᠨ ᠰᠣᠶᠣᠯ ᠤᠨ ᠲᠦᠷᠥᠯ ᠲᠡᠮᠳᠡᠭᠲᠦ ᠶᠢ ᠴᠣᠭᠴᠠᠯᠠᠨ᠎ᠠ᠃ ︽ | ᠲᠣᠭᠤᠷᠢᠭ ᠬᠤᠲᠠ ᠶᠢ ᠬᠠᠮᠲᠣ ᠪᠠᠶᠢᠭᠤᠯᠬᠤ︾ ᠶᠢ ᠪᠠᠷᠢᠮᠲᠠᠯᠠᠵᠤ᠂ ᠬᠤᠲᠠ ᠶᠢᠨ ᠱᠠᠲᠣᠨ ᠤ ᠤᠳᠤᠷᠢᠳᠤᠯᠭ᠎ᠠ ᠵᠡᠭᠡᠯᠢ | ᠭᠤᠳᠤᠮᠵᠢ ᠶᠢ ᠳᠠᠭᠠᠭᠠᠴᠢᠯᠠᠵᠤ᠂ ᠪᠠᠶᠢᠭᠤᠯᠭ᠎ᠠ ᠨᠢᠭᠡᠴᠡ ᠨᠡᠶᠢᠭᠡᠮ ᠲᠣᠭᠤᠷᠢᠭ ᠢ ᠳᠠᠭᠠᠭᠠᠴᠢᠯᠠᠵᠤ᠂ ᠨᠠᠮ ᠤᠨ | ᠭᠡᠰᠢᠭᠦᠨ ᠺᠠᠳ᠋ᠷ ᠰᠠᠭᠤᠭ᠎ᠠ ᠠᠰᠠᠷ ᠢ ᠳᠠᠭᠠᠭᠠᠴᠢᠯᠠᠨ᠂ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ | ᠪᠠᠶᠢᠭᠤᠯᠬᠤ ᠶᠢ ᠳᠡᠭᠡᠳᠦ ᠬᠡᠮᠵᠢᠶ᠎ᠡ ᠪᠠᠷ ᠠᠬᠢᠭᠤᠯᠣᠨ᠎ᠠ᠃ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠤᠷᠲᠤ | ᠬᠤᠭᠤᠴᠠᠭᠠᠨ ᠤ ᠬᠠᠮᠢᠶᠠᠷᠣᠯᠲᠠ ᠶᠢᠨ ᠲᠣᠭᠲᠠᠴᠠ ᠶᠢ ᠪᠠᠶᠢᠭᠤᠯᠵᠤ᠂ ᠡᠨᠡᠬᠦ ᠬᠢᠯᠪᠠᠷ ᠪᠣᠰᠤ ᠪᠠᠷ ᠣᠯᠣᠭᠰᠠᠨ | ᠬᠤᠲᠠ ᠶᠢᠨ ᠨᠡᠷ᠎ᠡ ᠶᠢᠨ ᠬᠠᠭᠤᠲᠠᠰᠣ ᠪᠠᠨ ᠰᠠᠶᠢᠲᠣᠷ ᠬᠠᠮᠠᠭᠠᠯᠠᠨ᠎ᠠ᠃ ᠠᠷᠠᠳ ᠢᠷᠭᠡᠨ ᠤ ᠶᠣᠰᠣ ᠰᠤᠷᠲᠠᠬᠤᠨ ᠢ | ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ︽ᠲᠥᠪ ᠬᠤᠲᠠ ᠪᠣᠯ ᠮᠢᠨᠤ ᠭᠡᠷ᠂ ᠪᠣᠯᠪᠠᠰᠣᠨ ᠬᠤᠲᠠ ᠶᠢ | ᠪᠠᠶᠢᠭᠤᠯᠬᠤ ᠳᠤ ᠣᠯᠠᠨ ᠢ ᠲᠦᠰᠢᠨ᠎ᠡ︾ ᠪᠣᠯᠪᠠᠰᠣᠨ ᠤ ᠡᠭᠦᠳᠦᠯᠲᠡ ᠶᠢᠨ ᠠᠵᠢᠯᠯᠠᠭ᠎ᠠ ᠶᠢ ᠥᠷᠨᠢᠭᠦᠯᠵᠦ᠂ | ᠬᠤᠲᠠ ᠶᠢᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠰᠣᠶᠣᠯ ᠤᠨ ᠦᠢᠯᠡᠴᠢᠯᠡᠭᠡ ᠶᠢᠨ ᠬᠠᠩᠭᠠᠯᠭ᠎ᠠ ᠶᠢ ᠪᠠᠶᠠᠯᠢᠭᠵᠢᠭᠤᠯᠤᠨ᠎ᠠ᠃ ᠨᠢᠭᠡ ᠪᠦᠯᠦᠭ ᠨᠠᠮ | ᠪᠠᠶᠢᠭᠤᠯᠣᠭᠳᠠᠭᠰᠠᠨ100 ᠵᠢᠯ ᠤᠨ ᠣᠢ ᠶᠢ ᠪᠡᠯᠭᠡᠯᠡᠬᠦ ᠰᠣᠳᠣᠨ ᠪᠦᠲᠦᠭᠡᠯ ᠢ ᠵᠣᠭᠢᠶᠠᠨ ᠪᠦᠲᠦᠭᠡᠵᠦ᠂ ᠴᠡᠯᠡᠭᠡᠷ | ᠲᠠᠯ᠎ᠠ ᠶᠢᠨ ᠰᠣᠶᠣᠯ ᠤᠨ ᠨᠠᠶᠢᠷ ᠵᠢᠴᠢ ᠵᠣᠣ ᠵᠢᠶᠦ᠋ᠨ ᠰᠣᠶᠣᠯ ᠤᠨ ᠨᠠᠶᠢᠷ ᠵᠡᠷᠭᠡ ᠪᠠᠶᠠᠷ ᠳᠤᠷᠠᠰᠬᠠᠯ ᠤᠨ | ᠠᠵᠢᠯᠯᠠᠭ᠎ᠠ ᠢ ᠦᠷᠭᠦᠯᠵᠢᠯᠡᠨ ᠰᠠᠶᠢᠲᠤᠷ ᠡᠷᠬᠢᠯᠡᠵᠦ᠂ ᠡᠯ᠎ᠡ ᠲᠥᠷᠥᠯ ᠤᠨ ᠰᠣᠶᠣᠯ ᠢᠶᠠᠷ ᠠᠷᠠᠳ ᠲᠤ ᠠᠰᠢᠭ | ᠬᠦᠷᠲᠡᠭᠡᠬᠦ ᠲᠣᠭᠯᠠᠯᠲᠠ ᠶᠢ1400 ᠲᠠᠯᠠᠪᠠᠢ ᠠᠴᠠ ᠳᠡᠭᠡᠭᠰᠢ ᠡᠷᠬᠢᠯᠡᠨ ᠶᠠᠪᠣᠭᠳᠠᠭᠤᠯᠣᠨ᠎ᠠ᠃ ᠭᠤᠣᠯᠳᠠᠯᠭ᠎ᠠ ᠲᠠᠢ | ᠲᠡᠦᠬᠡ ᠶᠢᠨ ᠳᠤᠷᠠᠰᠬᠠᠯᠲᠤ ᠵᠦᠢᠯᠡᠰ ᠪᠠᠭᠤᠷᠢ ᠦᠯᠡᠳᠡᠭᠳᠡᠯ ᠢ ᠪᠦᠬᠦ ᠲᠠᠯ᠎ᠠ ᠪᠠᠷ ᠬᠠᠮᠠᠭᠠᠯᠠᠵᠤ᠂ ᠤᠰᠤᠲᠤ ᠵᠤᠤ ᠶᠢᠨ | ᠬᠠᠨ᠎ᠠ ᠶᠢᠨ ᠵᠢᠷᠤᠭ᠂ ᠬᠤᠷᠢᠨᠭᠡᠷ ᠤᠨ ᠵᠡᠭᠦᠨ ᠬᠠᠨ ᠤ ᠬᠠᠨ᠎ᠠ ᠶᠢᠨ ᠵᠢᠷᠤᠭᠲᠤ ᠣᠩᠭᠤᠨ ᠵᠡᠷᠭᠡ ᠡᠷᠲᠡᠨ ᠤ | ᠦᠯᠡᠳᠡᠭᠳᠡᠯ᠂ ᠡᠷᠲᠡᠨ ᠤ ᠪᠠᠷᠢᠯᠭ᠎ᠠ ᠵᠡᠷᠭᠡ ᠶᠢ ᠵᠠᠰᠠᠨ ᠬᠠᠮᠠᠭᠠᠯᠠᠬᠤ ᠶᠢ ᠥᠷᠨᠢᠭᠦᠯᠦᠨ᠎ᠡ᠃ ᠨᠢᠭᠡ ᠪᠦᠯᠦᠭ | ᠭᠤᠣᠯᠳᠠᠯᠭ᠎ᠠ ᠲᠠᠢ ᠲᠦᠷᠥᠯ ᠵᠦᠢᠯ ᠢ ᠲᠦᠷᠭᠡᠳᠬᠡᠨ ᠪᠠᠶᠢᠭᠤᠯᠵᠤ᠂ ᠣᠷᠲᠣ ᠴᠠᠭᠠᠨ ᠬᠡᠷᠡᠮ ᠤᠨ ᠤᠯᠤᠰ ᠤᠨ | ᠰᠣᠶᠣᠯ ᠤᠨ ᠴᠡᠴᠡᠷᠯᠢᠭ ᠪᠣᠯᠣᠨ ᠬᠠᠲᠤᠨ ᠭᠤᠣᠯ ᠤᠨ ᠰᠣᠶᠣᠯ ᠤᠨ ᠴᠡᠴᠡᠷᠯᠢᠭ ᠤᠨ ᠲᠦᠷᠥᠯ ᠵᠦᠢᠯ ᠢ ᠡᠬᠢᠯᠡᠭᠦᠯᠵᠦ᠂ | ᠲᠡᠥᠬᠡ ᠶᠢᠨ ᠰᠣᠶᠣᠯ ᠤᠨ ᠰᠣᠳᠠᠰᠣ ᠶᠢ ᠤᠯᠠᠮᠵᠢᠯᠠᠵᠤ᠂ ᠬᠤᠲᠠ ᠶᠢᠨ ᠴᠡᠭᠡᠵᠢᠯᠡᠬᠦᠢ ᠶᠢ ᠦᠯᠡᠳᠡᠭᠡᠨ᠎ᠡ᠃ | ᠰᠣᠶᠣᠯ ᠵᠢᠭᠤᠯᠴᠢᠯᠠᠯ ᠤᠨ ᠦᠢᠯᠡᠰ ᠤᠨ ᠭᠦᠨᠵᠡᠭᠡᠢ ᠠᠭᠤᠰᠣᠯᠴᠠᠯ ᠢ ᠠᠬᠢᠭᠤᠯᠤᠨ᠎ᠠ᠃ ᠪᠡᠭᠡᠵᠢᠩ ᠲᠢᠶᠠᠨᠵᠢᠨ | ᠡᠾᠧᠪᠸᠢ ᠶᠢᠨ ᠰᠡᠯᠡᠭᠦᠴᠡᠨ ᠵᠣᠭᠠᠴᠠᠬᠤ ︽ᠠᠷᠤ ᠴᠡᠴᠡᠷᠯᠢᠭ︾ ᠢ ᠪᠠᠶᠢᠭᠤᠯᠬᠤ ᠶᠢᠨ ᠲᠣᠭᠤᠷᠢᠨ ᠳᠤ᠂ ︽ᠨᠢᠭᠡ | ᠬᠤᠶᠢᠨ᠎ᠠ ᠨᠢᠭᠡ ᠡᠮᠦᠨ᠎ᠡ︾ ᠬᠤᠶᠠᠷ ᠰᠣᠶᠣᠯ ᠵᠢᠭᠤᠯᠴᠢᠯᠠᠯ ᠤᠨ ᠣᠷᠣᠨ ᠢ ᠭᠤᠣᠯᠳᠠᠯᠭ᠎ᠠ ᠲᠠᠢ ᠪᠠᠶᠢᠭᠤᠯᠣᠨ᠎ᠠ᠃ | ᠬᠤᠶᠢᠲᠣ ᠬᠡᠰᠡᠭ ᠤᠨ ᠴᠡᠯᠡᠭᠡᠷ ᠲᠠᠯ᠎ᠠ ᠶᠢᠨ ᠦᠵᠡᠮᠵᠢᠲᠦ ᠰᠣᠶᠣᠯ ᠵᠢᠭᠤᠯᠴᠢᠯᠠᠯ ᠤᠨ ᠣᠷᠣᠨ ᠳᠤ ᠳᠠᠯᠠᠨ ᠬᠠᠷ᠎ᠠ | ᠳᠠᠭᠠᠤ ᠣᠷᠣᠨ ᠪᠦᠰᠡ ᠳᠤ ᠨᠢᠭᠡ ᠪᠦᠯᠦᠭ ︽ᠢᠳᠡᠬᠦ᠂ ᠬᠤᠨᠣᠬᠤ᠂ ᠵᠣᠭᠠᠴᠠᠬᠤ᠂ ᠨᠠᠭᠠᠳᠬᠤ︾ ᠶᠢ ᠨᠢᠭᠡ | ᠴᠣᠭᠴᠠᠵᠢᠭᠤᠯᠣᠭᠰᠠᠨ ︽ᠴᠡᠯᠡᠭᠡᠷ ᠲᠠᠯ᠎ᠠ ᠵᠢᠵᠢᠭ ᠪᠠᠯᠭᠠᠰᠤ︾ ︽ᠴᠡᠯᠡᠭᠡᠷ ᠲᠠᠯ᠎ᠠ ᠠᠶᠢᠮᠠᠭ︾ ᠢ ᠴᠣᠭᠴᠠᠯᠠᠨ | ᠪᠠᠶᠢᠭᠤᠯᠣᠨ᠎ᠠ︔ ᠡᠮᠦᠨᠡᠲᠦ ᠬᠡᠰᠡᠭ ᠤᠨ ᠬᠠᠲᠣᠨ ᠭᠤᠣᠯ ᠤᠨ ᠦᠵᠡᠮᠵᠢᠲᠦ ᠰᠣᠶᠣᠯ ᠵᠢᠭᠤᠯᠴᠢᠯᠠᠯ ᠤᠨ ᠣᠷᠣᠨ ᠳᠤ | ᠬᠠᠲᠣᠨ ᠭᠤᠣᠯ ᠤᠨ ᠬᠥᠪᠡᠭᠡ ᠳᠠᠭᠠᠤ ᠶᠢᠨ ᠪᠠᠶᠢᠭᠠᠯᠢ ᠶᠢᠨ ᠦᠵᠡᠮᠵᠢ ᠪᠣᠯᠣᠨ ᠰᠣᠶᠣᠯ ᠢᠷᠭᠡᠨᠰᠢᠯ ᠲᠡᠥᠬᠡ ᠶᠢᠨ ᠡᠬᠢ | ᠪᠠᠶᠠᠯᠢᠭ ᠢ ᠣᠷᠭᠠᠨᠢᠭ ᠢᠶᠠᠷ ᠤᠶᠠᠯᠳᠣᠭᠤᠯᠤᠨ᠂ ᠬᠠᠲᠤᠨ ᠭᠤᠣᠯ ᠤᠨ ᠶᠡᠭᠡ ᠬᠠᠪᠴᠢᠯ ᠭᠤᠤ ᠶᠢᠨ ᠯᠤᠤ ᠨᠢᠦ ᠸᠠᠨ | ᠵᠢᠭᠤᠯᠴᠢᠯᠠᠯ ᠤᠨ ᠣᠷᠣᠨ ᠤ 5A ᠳᠡᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠶᠢ ᠲᠦᠯᠬᠢᠨ | ᠠᠬᠢᠭᠤᠯᠵᠤ᠂ ᠱᠧᠨ ᠴᠢᠣᠸᠠᠨ ᠠᠮᠢ ᠠᠬᠤᠢ ᠰᠣᠶᠣᠯ ᠵᠢᠭᠤᠯᠴᠢᠯᠠᠯ ᠤᠨ ᠣᠷᠣᠨ ᠤ ᠬᠤᠶᠠᠳᠤᠭᠠᠷ ᠬᠤᠭᠤᠴᠠᠭ᠎ᠠ ᠶᠢᠨ | ᠪᠠᠷᠢᠯᠭ᠎ᠠ ᠶᠢᠨ ᠪᠦᠲᠦᠭᠡᠨ ᠪᠠᠶᠢᠭᠤᠯᠣᠯᠲᠠ ᠶᠢ ᠲᠦᠷᠭᠡᠳᠬᠡᠨ᠎ᠡ᠃ ᠢᠯᠢ᠂ ᠮᠧᠩ ᠨᠢᠦ᠂ ᠮᠧᠩ ᠼᠣᠣ ᠵᠡᠷᠭᠡ ᠠᠵᠣ | ᠠᠬᠤᠶᠢᠯᠠᠯ ᠳᠤ ᠲᠦᠰᠢᠭᠯᠡᠵᠦ᠂ ᠠᠵᠣ ᠠᠬᠤᠶᠢᠯᠠᠯ ᠤᠨ ᠵᠢᠭᠤᠯᠴᠢᠯᠠᠯ ᠢ ᠶᠡᠬᠡᠪᠡᠷ ᠬᠦᠭᠵᠢᠭᠦᠯᠦᠨ᠂ ᠠᠮᠢ ᠠᠬᠤᠢ ᠶᠢᠨ | ᠵᠢᠭᠤᠯᠴᠢᠯᠠᠯ᠂ ᠰᠣᠳᠣᠯᠤᠨ ᠰᠣᠷᠣᠯᠴᠠᠯᠭ᠎ᠠ ᠶᠢᠨ ᠵᠢᠭᠤᠯᠴᠢᠯᠠᠯ᠂ ᠲᠦᠷᠭᠡᠨ ᠠᠶᠠᠯᠠᠵᠤ ᠠᠭᠠᠵᠢᠮ ᠵᠣᠭᠠᠴᠠᠬᠤ ᠵᠡᠷᠭᠡ | ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠪᠠᠶᠢᠳᠠᠯ ᠢ ᠢᠳᠡᠪᠬᠢᠲᠡᠢ ᠬᠦᠭᠵᠢᠭᠦᠯᠵᠦ᠂ ᠵᠤᠭᠠᠴᠠᠭᠰᠠᠳ ᠲᠤ ᠨᠡᠩ | ᠡᠯᠪᠡᠭ ᠪᠠᠶᠠᠯᠢᠭ᠂ ᠣᠯᠠᠨ ᠶᠠᠩᠵᠤᠲᠤ ᠵᠢᠭᠤᠯᠴᠢᠯᠠᠯ ᠤᠨ ᠪᠦᠲᠦᠭᠡᠭᠳᠡᠭᠦᠨ ᠢ ᠬᠠᠩᠭᠠᠨ᠎ᠠ᠃ ᠪᠦᠬᠦ ᠣᠷᠣᠨ | ᠪᠦᠰᠡ ᠶᠢᠨ ᠰᠣᠶᠣᠯ ᠵᠢᠭᠤᠯᠴᠢᠯᠠᠯ ᠤᠨ ᠲᠣᠮᠣ ᠳ᠋ᠠᠶᠢᠲ᠋ᠠ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠣᠯᠲᠠ ᠶᠢ | ᠲᠦᠷᠭᠡᠳᠬᠡᠨ᠂ ︽ᠨᠢᠭᠡ ᠯᠠ ᠭᠠᠷ ᠤᠲᠠᠰᠤ ᠪᠠᠷ ᠬᠥᠬᠡ ᠬᠤᠲᠠ ᠳᠤ ᠠᠮᠢᠳᠤᠷᠠᠬᠤ︾ ᠠᠰᠢᠭᠯᠠᠯᠲᠠ ᠳᠤ | ᠣᠷᠣᠬᠤ ᠶᠢ ᠲᠦᠯᠬᠢᠨ ᠠᠬᠢᠭᠤᠯᠣᠨ᠎ᠠ᠃ | ︵ᠳᠣᠯᠤᠭ᠎ᠠ︶ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠨᠡᠭᠡᠭᠡᠯᠲᠡ ᠶᠢ ᠥᠷᠭᠡᠳᠬᠡᠬᠦ ᠳᠤᠮᠳᠠ ᠣᠷᠣᠨ ᠤ | ᠲᠥᠪ ᠤᠨ ᠰᠢᠨ᠎ᠡ ᠠᠮᠢᠵᠢᠷᠠᠯ ᠤᠨ ᠬᠦᠴᠦᠨ ᠢ ᠪᠠᠳᠠᠷᠠᠭᠤᠯᠣᠨ᠎ᠠ | ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠠᠬᠢ ᠥᠭᠡᠷᠡᠴᠢᠯᠡᠯᠲᠡ ᠶᠢ ᠠᠬᠢᠭᠤᠯᠣᠨ᠎ᠠ᠃ ᠣᠯᠠᠨ ᠨᠡᠶᠢᠲᠡ ᠶᠢᠨ | ᠡᠬᠢ ᠪᠠᠶᠠᠯᠢᠭ ᠤᠨ ᠰᠣᠯᠢᠯᠴᠠᠭ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠣᠯᠢᠯᠴᠠᠭ᠎ᠠ ᠶᠢᠨ ᠭᠠᠷᠴᠠᠭ ᠤᠨ | ᠨᠠᠷᠢᠨ ᠬᠠᠭᠤᠲᠠᠰᠤ ᠶᠢᠨ ᠬᠠᠮᠢᠶᠠᠷᠣᠯᠲᠠ ᠶᠢ ᠬᠡᠷᠡᠭᠵᠢᠭᠦᠯᠵᠦ᠂ ᠣᠯᠠᠨ ᠨᠡᠶᠢᠲᠡ ᠶᠢᠨ ᠡᠬᠢ ᠪᠠᠶᠠᠯᠢᠭ ᠤᠨ | ᠰᠣᠯᠢᠯᠴᠠᠭ᠎ᠠ ᠶᠢᠨ ︽ᠣᠷᠣᠬᠤ ᠶᠣᠰᠣᠲᠠᠢ ᠶᠢ ᠨᠢ ᠵᠠᠪᠠᠯ ᠣᠷᠣᠭᠤᠯᠬᠤ︾ ᠶᠢ ᠠᠬᠢᠭᠤᠯᠣᠨ᠎ᠠ᠃ ᠠᠵᠣ | ᠦᠢᠯᠡᠳᠪᠦᠷᠢ ᠶᠢᠨ ᠬᠦᠷᠢᠶ᠎ᠡ ᠴᠠᠷᠠᠭ᠎ᠠ ᠳᠤ ᠬᠦᠷᠢᠶᠡᠯᠡᠩ ᠲᠣᠭᠤᠷᠢᠭ ᠤᠨ ︽ᠮᠦ ᠪᠦᠷᠢ ᠪᠠᠷ ᠪᠠᠭᠠᠲᠣᠷ ᠢ ᠦᠨᠡᠯᠡᠬᠦ︾ | ᠥᠭᠡᠷᠡᠴᠢᠯᠡᠯᠲᠡ ᠶᠢ ᠰᠥᠪᠡᠭᠴᠢᠯᠡᠨ ᠬᠡᠷᠡᠭᠵᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠬᠦᠷᠢᠶ᠎ᠡ ᠴᠠᠷᠠᠭ᠎ᠠ ᠳᠤ ᠪᠣᠬᠢᠷᠳᠣᠯ ᠦᠭᠡᠢ ᠬᠦᠭᠵᠢᠯᠲᠡ ᠶᠢᠨ ᠡᠳ᠋ ᠤᠨ ᠵᠠᠰᠠᠭ ᠤᠨ ᠱᠠᠩᠨᠠᠯ ᠨᠦᠬᠦᠪᠦᠷᠢ ᠶᠢᠨ | ᠳᠦᠷᠢᠮ ᠢ ᠰᠦᠪᠡᠭᠴᠢᠯᠡᠨ ᠠᠬᠢᠭᠤᠯᠵᠤ᠂ ᠲᠦᠷᠥᠯ ᠵᠦᠢᠯ ᠤᠨ ᠬᠦᠷᠢᠶ᠎ᠡ ᠴᠠᠷᠠᠭ᠎ᠠ ᠳᠤ ︽ᠭᠠᠵᠠᠷ ᠠᠪᠤᠪᠠᠯ ᠳᠣᠣᠷ᠎ᠠ | ᠨᠢ ᠠᠵᠢᠯ ᠡᠬᠢᠯᠡᠭᠦᠯᠬᠦ︾ ︽ᠣᠷᠣᠨ ᠪᠦᠰᠡ ᠶᠢᠨ ᠦᠨᠡᠯᠡᠨ ᠵᠢᠱᠢᠯᠲᠡ︾ ︽ᠪᠠᠷᠢᠮᠵᠢᠶᠠᠲᠣ ᠭᠠᠵᠠᠷ︾ ᠵᠡᠷᠭᠡ | ᠥᠭᠡᠷᠡᠴᠢᠯᠡᠯᠲᠡ ᠶᠢ ᠪᠦᠬᠦ ᠲᠠᠯ᠎ᠠ ᠪᠠᠷ ᠳᠡᠯᠭᠡᠷᠡᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠤᠨ ᠰᠣᠯᠢᠯᠴᠠᠭ᠎ᠠ ᠶᠢᠨ ︽ | ᠪᠦᠬᠦ ᠣᠷᠣᠨ ᠨᠢᠭᠡ ᠰᠦᠯᠵᠢᠶ᠎ᠡ ᠪᠠᠷ︾ ᠪᠦᠲᠦᠭᠡᠨ ᠪᠠᠶᠢᠭᠤᠯᠣᠯᠲᠠ ᠶᠢ ᠲᠦᠯᠬᠢᠨ ᠠᠬᠢᠭᠤᠯᠵᠤ᠂ ᠭᠠᠵᠠᠷ ᠰᠢᠷᠣᠢ ᠶᠢ | ᠰᠢᠯᠵᠢᠭᠦᠯᠦᠨ ᠥᠭᠬᠦ ᠮᠡᠳᠡᠭᠡ ᠵᠠᠩᠭᠢ ᠶᠢᠨ ᠬᠠᠷᠢᠯᠴᠠᠨ ᠬᠤᠯᠪᠣᠯᠳᠣᠵᠣ ᠬᠠᠷᠢᠯᠴᠠᠨ ᠨᠡᠪᠲᠡᠷᠡᠯᠴᠡᠬᠦ᠂ ᠡᠬᠢ ᠪᠠᠶᠠᠯᠢᠭ ᠢ | ᠬᠠᠮᠲᠣ ᠪᠠᠷ ᠡᠳ᠋ᠯᠡᠬᠦ ᠶᠢ ᠪᠡᠶᠡᠯᠡᠭᠦᠯᠦᠨ᠎ᠡ᠃ ᠡᠷᠦᠬᠡ ᠠᠮᠠ ᠶᠢᠨ ᠳᠠᠩᠰᠠ ᠶᠢᠨ ᠥᠭᠡᠷᠡᠴᠢᠯᠡᠯᠲᠡ ᠶᠢᠨ ᠬᠦᠴᠦᠯᠡᠴᠡ ᠶᠢ | ᠨᠡᠮᠡᠭᠳᠡᠭᠦᠯᠵᠦ᠂ ᠴᠢᠳᠠᠪᠣᠷᠢᠲᠠᠨ ᠤ ᠡᠷᠦᠬᠡ ᠠᠮᠠ ᠶᠢ ᠨᠥᠬᠦᠴᠡᠯ ᠦᠭᠡᠢ ᠪᠠᠷ ᠣᠷᠣᠭᠤᠯᠬᠤ ᠶᠢ ᠪᠡᠶᠡᠯᠡᠭᠦᠯᠦᠨ᠎ᠡ᠃ | ᠤᠯᠤᠰ ᠤᠨ ᠦᠮᠴᠢᠯᠡᠯᠲᠦ ᠠᠵᠣ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ | ᠦᠮᠴᠢᠯᠡᠯ ᠤᠨ ᠠᠵᠣ ᠠᠬᠤᠶᠢᠯᠠᠯ ᠤᠨ ᠴᠠᠯᠢᠩ ᠬᠦᠯᠦᠰᠦ ᠬᠢᠭᠡᠳ ᠠᠵᠢᠯ ᠤᠨ ᠦᠷ᠎ᠡ ᠪᠦᠲᠦᠮᠵᠢ ᠶᠢ | ᠬᠤᠯᠪᠣᠭᠳᠠᠭᠤᠯᠬᠤ ᠳᠦᠷᠢᠮ ᠢ ᠪᠦᠷᠢᠨᠰᠢᠭᠦᠯᠦᠨ᠎ᠡ᠃ ᠬᠦᠳᠡᠭᠡ ᠲᠤᠰᠬᠤᠨ ᠤ ᠲᠠᠷᠢᠶᠠᠨ ᠭᠠᠵᠠᠷ ᠤᠨ ᠭᠤᠷᠪᠠᠨ | ᠡᠷᠬᠡ ᠶᠢ ᠰᠠᠯᠭᠠᠬᠤ ᠥᠭᠡᠷᠡᠴᠢᠯᠡᠯᠲᠡ ᠶᠢ ᠲᠦᠷᠭᠡᠳᠬᠡᠵᠦ᠂ ᠬᠤᠰᠢᠭᠤ ᠰᠢᠶᠠᠨ ᠲᠣᠭᠤᠷᠢᠭ᠂ ᠰᠢᠶᠠᠩ ᠪᠠᠯᠭᠠᠰᠣ᠂ | ᠲᠤᠰᠬᠤᠨ ᠭᠤᠷᠪᠠᠨ ᠱᠠᠲᠣᠨ ᠤ ᠭᠠᠵᠠᠷ ᠰᠢᠷᠣᠢ ᠶᠢᠨ ᠡᠷᠭᠢᠯᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠣᠨ | ᠂ ᠬᠦᠳᠡᠭᠡ ᠲᠣᠰᠬᠤᠨ ᠤ ᠭᠠᠵᠠᠷ ᠰᠢᠷᠤᠢ ᠶᠢᠨ ᠳᠦᠷᠢᠮᠵᠢᠭᠦᠨ ᠡᠮᠬᠢ ᠵᠢᠷᠤᠮ ᠲᠠᠢ ᠡᠷᠭᠢᠯᠳᠦᠬᠦ ᠪᠠ ᠵᠣᠬᠢᠬᠤ | ᠬᠡᠮᠵᠢᠶᠡᠨ ᠳᠤ ᠬᠡᠪᠴᠢᠶᠡᠵᠢᠭᠦᠯᠦᠨ ᠡᠵᠡᠩᠨᠡᠬᠦ ᠶᠢ ᠳᠠᠭᠠᠭᠤᠯᠣᠨ ᠵᠢᠯᠣᠭᠤᠳᠴᠣ᠂ ᠣᠷᠣᠨ ᠰᠠᠭᠤᠴᠠ ᠶᠢᠨ ᠭᠠᠵᠠᠷ ᠤᠨ | ᠥᠭᠡᠷᠡᠴᠢᠯᠡᠯᠲᠡ ᠶᠢ ᠯᠠᠪᠳᠠᠭᠤᠨ ᠪᠣᠯᠭᠤᠮᠵᠢᠲᠠᠢ ᠠᠬᠢᠭᠤᠯᠣᠨ᠎ᠠ᠃ | ᠭᠠᠳᠠᠭᠠᠳᠤ ᠨᠡᠭᠡᠭᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠵᠡᠭᠦᠨᠰᠢ ᠠᠭᠤᠰᠣᠯᠴᠠᠵᠤ᠂ | ᠪᠠᠷᠠᠭᠤᠨᠰᠢ ᠬᠤᠯᠪᠣᠯᠳᠣᠵᠣ᠂ ᠡᠮᠦᠨᠡᠰᠢ ᠨᠡᠪᠲᠡᠷᠡᠯᠴᠡᠵᠦ᠂ ᠤᠮᠠᠷᠠᠰᠢ ᠨᠡᠭᠡᠭᠡᠬᠦ︾ ᠨᠡᠭᠡᠭᠡᠯᠳᠡᠲᠦ ᠬᠦᠭᠵᠢᠯᠲᠡ ᠶᠢᠨ | ᠰᠢᠨ᠎ᠡ ᠪᠠᠶᠢᠷᠢᠰᠢᠯ ᠢ ᠪᠠᠶᠢᠭᠤᠯᠬᠤ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠤ᠂ ᠬᠦᠬᠡᠬᠤᠲᠠ· | ᠪᠡᠭᠡᠵᠢᠩ ᠤᠨ ᠰᠢᠨ᠎ᠡ ᠶᠢ ᠡᠭᠦᠳᠬᠦ ᠬᠠᠮᠲᠤᠷᠠᠯᠴᠠᠭᠠᠨ ᠤ ᠲᠥᠪ ᠲᠤ ᠲᠦᠰᠢᠭᠯᠡᠵᠦ᠂ ᠰᠠᠨᠠᠭᠠᠴᠢᠯᠠᠭ᠎ᠠ ᠠᠴᠠ ᠪᠠᠨ | ᠪᠡᠭᠡᠵᠢᠩ ᠲᠢᠶᠠᠨᠵᠢᠨ ᠡᠾᠧᠪᠸᠢ ᠶᠢᠨ ᠬᠠᠮᠵᠢᠯᠴᠠᠨ ᠬᠦᠭᠵᠢᠬᠦ ᠳᠤ ᠠᠭᠤᠰᠣᠯᠴᠠᠨ ᠦᠢᠯᠡᠴᠢᠯᠡᠵᠦ᠂ ᠪᠡᠭᠡᠵᠢᠩ | ᠲᠢᠶᠠᠨᠵᠢᠨ ᠡᠾᠧᠪᠸᠢ ᠶᠢᠨ ᠠᠵᠤ ᠦᠢᠯᠡᠰ ᠤᠨ ᠰᠢᠯᠵᠢᠯᠲᠠ ᠶᠢ ᠣᠨᠣᠪᠴᠢᠲᠠᠢ ᠬᠦᠯᠢᠶᠡᠨ ᠠᠪᠴᠣ᠂ ᠪᠡᠭᠡᠵᠢᠩ | ᠲᠢᠶᠠᠨᠵᠢᠨ ᠡᠾᠧᠪᠸᠢ ᠳᠤ ᠨᠡᠩ ᠤᠯᠠᠨ ᠴᠢᠨᠠᠷ ᠰᠠᠶᠢᠲᠠᠢ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠭᠦᠨ᠂ | ᠪᠣᠬᠢᠷᠳᠣᠯ ᠦᠭᠡᠢ ᠠᠮᠢ ᠠᠬᠤᠢ ᠶᠢᠨ ᠪᠦᠲᠦᠭᠡᠭᠳᠡᠭᠦᠨ ᠢ ᠬᠠᠩᠭᠠᠨ᠎ᠠ᠃ ᠬᠦᠬᠡᠬᠤᠲᠠ ᠪᠤᠭᠤᠲᠤ ᠣᠷᠳᠣᠰ | ᠤᠯᠠᠭᠠᠨᠴᠠᠪ ᠤᠨ ᠬᠠᠮᠵᠢᠯᠴᠠᠨ ᠬᠦᠭᠵᠢᠬᠦ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠨᠡᠩ ᠤᠯᠠᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ︽ᠳᠥᠷᠪᠡᠨ ᠬᠤᠲᠠ ᠳᠤ ᠨᠡᠶᠢᠳᠡᠮ ᠭᠦᠢᠴᠡᠳᠬᠡᠬᠦ︾ ᠶᠢ | ᠪᠡᠶᠡᠯᠡᠭᠦᠯᠬᠦ ᠶᠢ ᠲᠦᠯᠬᠢᠨ ᠠᠬᠢᠭᠤᠯᠣᠨ᠎ᠠ᠃ ᠬᠠᠲᠤᠨ ᠭᠤᠣᠯ ᠤᠨ ᠰᠠᠪᠠ ᠭᠠᠵᠠᠷ ᠤᠨ ᠮᠤᠵᠢ ᠶᠢᠨ ᠲᠥᠪ | ᠬᠤᠲᠠ ᠶᠢᠨ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠬᠤᠯᠪᠣᠭᠠᠯᠠᠯ ᠳᠤ ᠲᠦᠰᠢᠵᠦ᠂ ᠬᠠᠲᠤᠨ ᠭᠤᠣᠯ ᠳᠠᠭᠠᠣ ᠶᠢᠨ | ᠬᠤᠲᠠᠳ ᠯᠤᠭ᠎ᠠ ᠶᠢᠨ ᠰᠣᠯᠢᠯᠴᠠᠭ᠎ᠠ ᠬᠠᠮᠲᠣᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠤᠳᠠᠯᠳᠤᠭᠠᠨ ᠤ ᠶᠠᠪᠣᠳᠠᠯ ᠤᠨ | ᠳᠠᠩᠰᠠᠯᠠᠯᠲᠠ ᠶᠢᠨ ᠨᠡᠩ ᠣᠯᠠᠨ ᠦᠨᠳᠦᠷ ᠲᠠᠪᠲᠠᠮᠵᠢᠲᠤ ᠵᠦᠢᠯᠡᠰ ᠤᠨ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ | ︾ ᠶᠢ ᠪᠡᠶᠡᠯᠡᠭᠦᠯᠬᠦ ᠶᠢ ᠠᠬᠢᠭᠤᠯᠣᠨ᠎ᠠ᠃ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ | ᠣᠣᠮᠧᠨ ᠤ ᠶᠡᠭᠡ ᠪᠤᠯᠤᠩ ᠤᠨ ᠣᠷᠣᠨ ᠵᠡᠷᠭᠡ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠶᠠᠪᠤᠯᠴᠠᠭ᠎ᠠ ᠪᠠᠨ | ᠥᠷᠭᠡᠳᠬᠡᠨ᠎ᠡ᠃ ︽ᠨᠢᠭᠡ ᠪᠦᠰᠡ ᠨᠢᠭᠡ ᠵᠠᠮ︾ ᠪᠣᠯᠣᠨ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ | ᠬᠤᠩᠬᠢᠯ ᠤᠨ ᠪᠦᠲᠦᠭᠡᠨ ᠪᠠᠶᠢᠭᠤᠯᠣᠯᠲᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠣ᠂ ᠶᠡᠷᠦᠩᠬᠡᠶᠢᠯᠡᠭᠰᠡᠨ ᠭᠠᠶᠢᠯᠢ | ᠪᠠᠲᠣᠯᠠᠬᠤ ᠣᠷᠣᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠶᠢᠨ ᠶᠡᠷᠦᠩᠬᠡᠶᠢᠯᠡᠭᠰᠡᠨ ᠲᠣᠷᠰᠢᠯᠲᠠ ᠶᠢᠨ | ᠣᠷᠣᠨ ᠵᠡᠷᠭᠡ ᠨᠡᠭᠡᠭᠡᠯᠲᠡᠲᠦ ᠲᠠᠪᠴᠠᠩ ᠤᠨ ᠰᠢᠨ᠎ᠡ ᠶᠢ ᠡᠭᠦᠳᠬᠦ ᠬᠦᠭᠵᠢᠯᠲᠡ ᠶᠢ ᠲᠦᠯᠬᠢᠨ ᠠᠬᠢᠭᠤᠯᠤᠨ᠎ᠠ᠃ | ︵ᠨᠠᠢᠮᠠ︶ ᠥᠷᠭᠡᠨ ᠣᠯᠠᠨ ᠲᠦᠮᠡᠨ ᠤ ᠬᠦᠰᠡᠯ ᠡᠷᠡᠮᠡᠯᠵᠡᠯ ᠢ ᠬᠠᠩᠭᠠᠬᠤ ᠳᠤᠮᠳᠠ ᠣᠷᠣᠨ ᠤ ᠲᠥᠪ ᠤᠨ | ᠰᠢᠨ᠎ᠡ ᠵᠢᠳᠬᠦᠯ ᠴᠢᠷᠮᠠᠶᠢᠯᠭ᠎ᠠ ᠶᠢ ᠬᠠᠷᠠᠭᠤᠯᠣᠨ᠎ᠠ | ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠨ ᠬᠢᠨ᠎ᠡ᠃ᠨᠡᠩ | ᠢᠳᠡᠪᠬᠢᠲᠡᠢ ᠠᠵᠢᠯ ᠣᠯᠭᠤᠯᠲᠠ ᠶᠢᠨ ᠲᠦᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠠᠮᠢᠳᠤᠯᠢᠭ ᠢᠶᠠᠷ ᠠᠵᠢᠯ | ᠣᠯᠬᠤ ᠶᠢ ᠵᠣᠷᠢᠭᠵᠢᠭᠤᠯᠣᠨ᠂ ᠰᠦᠯᠵᠢᠶᠡᠨ ᠳᠡᠭᠡᠷᠡᠬᠢ ᠠᠵᠢᠯ ᠣᠯᠭᠤᠯᠲᠠ ᠶᠢᠨ ᠲᠠᠪᠴᠠᠩ ᠢ ᠪᠠᠶᠢᠭᠤᠯᠵᠤ᠂ | ᠰᠦᠯᠵᠢᠶᠡᠨ ᠳᠡᠭᠡᠷ᠎ᠡ ᠠᠵᠢᠯ ᠰᠣᠩᠭᠤᠬᠤ ᠬᠡᠪ ᠤᠨ ᠪᠠᠶᠢᠳᠠᠯ ᠢ ᠪᠡᠶᠡᠯᠡᠭᠦᠯᠦᠨ᠎ᠡ᠃ ᠶᠡᠭᠡ ᠳᠡᠭᠡᠳᠦ ᠰᠤᠷᠭᠠᠭᠤᠯᠢ ᠠᠴᠠ | ᠲᠡᠭᠦᠰᠦᠭᠰᠡᠨ ᠣᠶᠣᠲᠠᠳ ᠤᠨ ︽ᠠᠵᠢᠯ ᠣᠯᠬᠤ ᠦᠢᠯᠡᠰ ᠪᠦᠲᠦᠭᠡᠬᠦ ᠶᠢ ᠠᠬᠢᠭᠤᠯᠬᠤ ᠲᠦᠯᠦᠪᠯᠡᠭᠡ︾᠂ ᠬᠦᠴᠦ | ᠶᠠᠪᠤᠭᠴᠢ ᠮᠠᠯᠴᠢᠨ ᠲᠠᠷᠢᠶᠠᠴᠢᠨ ᠤ ︽ᠠᠵᠢᠯ ᠣᠯᠭᠤᠯᠲᠠ ᠶᠢᠨ ᠤᠷᠢᠬᠠᠨ ᠰᠠᠯᠬᠢ ᠠᠵᠢᠯᠯᠠᠭᠠᠨ ᠤ ᠲᠦᠯᠦᠪᠯᠡᠭᠡ︾᠂ | ᠴᠡᠷᠢᠭ ᠠᠴᠠ ᠬᠠᠯᠠᠭᠳᠠᠭᠰᠠᠳ ᠤᠨ ︽ᠮᠢᠩᠭᠠᠨ ᠠᠵᠤ ᠠᠬᠤᠶᠢᠯᠠᠯ ᠮᠢᠩᠭᠠᠨ ᠴᠡᠷᠢᠭ ᠲᠠᠢ ᠬᠠᠷᠢᠯᠴᠠᠬᠤ ᠲᠦᠯᠦᠪᠯᠡᠭᠡ︾ | ᠶᠢ ᠥᠷᠨᠢᠭᠦᠯᠦᠨ᠎ᠡ᠃ ᠠᠵᠢᠯ ᠮᠡᠷᠭᠡᠵᠢᠯ ᠤᠨ ᠨᠠᠰᠤᠨ ᠲᠤᠷᠰᠢᠲᠠ ᠶᠢᠨ ᠪᠣᠯᠪᠠᠰᠤᠷᠠᠭᠤᠯᠤᠯ ᠤᠨ ᠳᠦᠷᠢᠮ ᠢ | ᠬᠡᠷᠡᠭᠵᠢᠭᠦᠯᠵᠦ᠂ ︽ᠢᠨᠲ᠋ᠧᠷ ᠰᠦᠯᠵᠢᠶ᠎ᠡ + ᠠᠵᠢᠯ ᠮᠡᠷᠭᠡᠵᠢᠯ ᠤᠨ ᠪᠣᠯᠪᠠᠰᠣᠷᠠᠭᠤᠯᠣᠯ︾ ᠤᠨ ᠲᠦᠯᠦᠪᠯᠡᠭᠡ᠂ | ᠰᠢᠨ᠎ᠡ ᠬᠡᠯᠪᠡᠷᠢ ᠶᠢᠨ ᠠᠵᠤ ᠦᠢᠯᠡᠰ ᠤᠨ ᠠᠵᠢᠯᠴᠢᠨ ᠤ ᠠᠵᠢᠯ ᠮᠡᠷᠭᠡᠵᠢᠯ ᠤᠨ ᠳᠡᠭᠡᠭᠰᠢᠯᠡᠭᠦᠯᠦᠯᠲᠡ ᠶᠢᠨ | ᠪᠣᠯᠪᠠᠰᠤᠷᠠᠭᠤᠯᠤᠯ ᠤᠨ ᠲᠦᠯᠦᠪᠯᠡᠭᠡ ᠶᠢ ᠬᠡᠷᠡᠭᠵᠢᠭᠦᠯᠵᠦ᠂ ᠪᠦᠬᠦ ᠵᠢᠯ ᠳᠤ ᠨᠦᠬᠦᠪᠦᠷᠢ ᠶᠢᠨ ᠴᠢᠨᠠᠷ ᠲᠠᠢ ᠠᠵᠢᠯ | ᠮᠡᠷᠭᠡᠵᠢᠯ ᠤᠨ ᠪᠣᠯᠪᠠᠰᠣᠷᠠᠭᠤᠯᠣᠯ ᠢ 3 ᠲᠦᠮᠡᠨ ᠬᠦᠮᠦᠨ ᠤᠳᠠᠭ᠎ᠠ ᠠᠴᠠ ᠳᠡᠭᠡᠭᠰᠢ ᠥᠷᠨᠢᠭᠦᠯᠵᠦ᠂ ᠬᠤᠲᠠ | ᠪᠠᠯᠭᠠᠰᠣᠨ ᠤ ᠳᠠᠩᠰᠠᠯᠠᠭᠰᠠᠨ ᠠᠵᠢᠯ ᠠᠯᠳᠠᠯᠲᠠ ᠶᠢᠨ ᠨᠣᠷᠮ᠎ᠠ ᠶᠢ 5% ᠶᠢᠨ ᠳᠣᠲᠣᠷ᠎ᠠ ᠪᠠᠶᠢᠯᠭᠠᠨ᠎ᠠ᠃ | ᠠᠷᠠᠳ ᠲᠦᠮᠡᠨ ᠬᠠᠨᠤᠮᠵᠢᠲᠠᠢ ᠪᠠᠶᠢᠬᠤ ᠰᠤᠷᠭᠠᠨ ᠬᠦᠮᠦᠵᠢᠯ ᠢ ᠡᠷᠬᠢᠯᠡᠨ᠎ᠡ᠃ ᠰᠤᠷᠬᠤ ᠨᠠᠰᠤᠨ ᠠᠴᠠ | ᠡᠮᠦᠨᠡᠬᠢ ᠰᠤᠷᠭᠠᠨ ᠬᠦᠮᠦᠵᠢᠯ ᠢ ᠲᠦᠷᠭᠡᠳᠬᠡᠨ ᠬᠦᠭᠵᠢᠭᠦᠯᠵᠦ᠂ ᠠᠯᠪᠠᠨ ᠠᠴᠠ ᠡᠷᠬᠢᠯᠡᠭᠰᠡᠨ ᠬᠡᠥᠬᠡᠳ ᠤᠨ | ᠴᠡᠴᠡᠷᠯᠢᠭ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠥᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠣᠯᠲᠠ ᠶᠢᠨ | ᠬᠦᠴᠦᠯᠡᠴᠡ ᠪᠠᠨ ᠨᠡᠮᠡᠭᠳᠡᠭᠦᠯᠵᠦ᠂ 9 ᠬᠡᠥᠬᠡᠳ ᠤᠨ ᠴᠡᠴᠡᠷᠯᠢᠭ ᠢ ᠰᠢᠨ᠎ᠡ ᠪᠠᠷ ᠪᠣᠶᠣ ᠦᠷᠭᠦᠯᠵᠢᠯᠡᠨ ᠪᠠᠶᠢᠭᠤᠯᠵᠤ᠂ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠳᠤᠳᠠᠭᠤᠳᠠᠯ ᠢ ᠠᠯᠢ ᠲᠦᠷᠭᠡᠨ ᠢᠶᠠᠷ ᠨᠦᠬᠦᠪᠦᠷᠢᠯᠡᠨ᠎ᠡ᠃ | ᠰᠠᠭᠤᠷᠢ ᠰᠤᠷᠭᠠᠨ ᠬᠦᠮᠦᠵᠢᠯ ᠢ ᠶᠡᠬᠡᠪᠡᠷ ᠰᠠᠶᠢᠵᠢᠷᠠᠭᠤᠯᠵᠤ᠂23 ᠳᠤᠮᠳᠠᠳᠤ ᠪᠠᠭ᠎ᠠ ᠰᠤᠷᠭᠠᠭᠤᠯᠢ ᠶᠢ ᠰᠢᠨ᠎ᠡ ᠪᠠᠷ | ᠪᠠᠶᠢᠭᠤᠯᠬᠤ ᠪᠠ ᠦᠷᠭᠦᠯᠵᠢᠯᠡᠨ ᠪᠠᠶᠢᠭᠤᠯᠵᠤ᠂ ᠣᠷᠣᠨ ᠬᠤᠲᠠ ᠰᠢᠶᠠᠨ ᠭᠤᠷᠪᠠᠨ ᠱᠠᠲᠤ ᠪᠠᠷ ᠬᠤᠯᠪᠣᠭᠠᠯᠠᠨ | ᠬᠦᠳᠡᠯᠦᠯᠴᠡᠵᠦ᠂ ᠴᠡᠴᠡᠷᠯᠢᠭ ᠪᠠᠭ᠎ᠠ ᠰᠤᠷᠭᠠᠭᠤᠯᠢ ᠠᠩᠬ᠎ᠠ ᠳᠤᠮᠳᠠᠳᠤ ᠳᠡᠭᠡᠳᠦ ᠳᠤᠮᠳᠠᠳᠤ ᠶᠢ ᠢᠵᠢᠯ ᠠᠯᠬᠤᠮ ᠢᠶᠠᠷ | ᠠᠬᠢᠭᠤᠯᠵᠤ᠂ ᠨᠡᠷᠡᠲᠦ ᠰᠤᠷᠭᠠᠭᠤᠯᠢ ᠨᠢ ᠪᠠᠭᠤᠷᠠᠢ ᠰᠤᠷᠭᠠᠭᠤᠯᠢ ᠪᠠᠨ ᠳᠠᠭᠠᠭᠤᠯᠬᠤ ᠵᠡᠷᠭᠡ ᠠᠵᠢᠯ ᠢ ᠭᠦᠨᠵᠡᠭᠡᠢ | ᠥᠷᠨᠢᠭᠦᠯᠵᠦ᠂ ᠬᠠᠮᠲᠤᠷᠠᠯᠴᠠᠨ ᠰᠤᠷᠭᠠᠭᠤᠯᠢ ᠡᠷᠬᠢᠯᠡᠬᠦ᠂ ᠪᠦᠯᠦᠭᠵᠢᠯ ᠤᠨ ᠮᠠᠶ᠋ᠢᠭ ᠢᠶᠠᠷ ᠰᠤᠷᠭᠠᠭᠤᠯᠢ ᠡᠷᠬᠢᠯᠡᠬᠦ ᠶᠢ | ᠠᠬᠢᠭᠤᠯᠣᠨ᠂ ᠰᠤᠷᠭᠠᠨ ᠬᠦᠮᠦᠵᠢᠯ ᠤᠨ ᠬᠤᠯᠪᠣᠭ᠎ᠠ ᠪᠠᠷ ᠰᠤᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢ | ᠳᠡᠭᠡᠭᠰᠢᠯᠡᠭᠦᠯᠵᠦ᠂ ᠴᠢᠨᠠᠷ ᠰᠠᠶᠢᠲᠠᠢ ᠰᠤᠷᠭᠠᠨ ᠬᠦᠮᠦᠵᠢᠯ ᠤᠨ ᠡᠬᠢ ᠪᠠᠶᠠᠯᠢᠭ ᠤᠨ ᠲᠡᠩᠴᠡᠭᠦᠷᠢᠲᠡᠢ ᠬᠦᠭᠵᠢᠯᠲᠡ ᠶᠢ | ᠠᠬᠢᠭᠤᠯᠣᠨ᠎ᠠ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠢ ᠰᠢᠯᠢᠳᠡᠭᠵᠢᠭᠦᠯᠦᠨ ᠨᠢᠭᠡᠳᠬᠡᠵᠦ᠂ | ᠡᠷᠴᠢᠮᠵᠢᠭᠰᠡᠨ᠂ ᠲᠤᠰᠬᠠᠶᠢᠵᠢᠭᠰᠠᠨ᠂ ᠪᠦᠯᠦᠭᠵᠢᠭᠰᠡᠨ ᠬᠦᠭᠵᠢᠯᠲᠡ ᠶᠢᠨ ᠵᠠᠮ ᠢ ᠪᠠᠷᠢᠮᠲᠠᠯᠠᠵᠤ᠂ ︽ᠳᠤᠮᠳᠠ | ᠵᠡᠷᠭᠡ ᠶᠢᠨ ᠠᠵᠢᠯ ᠮᠡᠷᠭᠡᠵᠢᠯ ᠤᠨ ᠬᠦᠷᠢᠶᠡᠯᠡᠩ︾ ᠢ ᠡᠬᠢᠯᠡᠭᠦᠯᠦᠨ ᠪᠠᠶᠢᠭᠤᠯᠵᠤ᠂ ᠡᠯ᠎ᠡ ᠠᠵᠢᠯ ᠮᠡᠷᠭᠡᠵᠢᠯ ᠤᠨ | ᠳᠡᠭᠡᠳᠦ ᠰᠤᠷᠭᠠᠭᠤᠯᠢ ᠶᠢᠨ ᠪᠦᠯᠬᠦᠮᠴᠢᠯᠡᠭᠰᠡᠨ ᠬᠦᠭᠵᠢᠯᠲᠡ ᠶᠢ ᠳᠠᠶᠢᠴᠢᠯᠠᠨ᠎ᠠ᠃ ᠰᠤᠷᠭᠠᠨ ᠬᠦᠮᠦᠵᠢᠯ ᠤᠨ ᠮᠡᠳᠡᠭᠡ | ᠵᠠᠩᠭᠢᠴᠢᠯᠠᠯᠲᠠ ᠶᠢ ᠴᠢᠩᠭᠠᠳᠬᠠᠵᠤ᠂ ᠰᠤᠷᠭᠠᠨ ᠬᠦᠮᠦᠵᠢᠯ ᠤᠨ ︽ᠭᠤᠷᠪᠠᠨ ᠨᠡᠪᠲᠡᠷᠡᠯ ᠬᠤᠶᠠᠷ ᠲᠠᠪᠴᠠᠩ︾ ᠤᠨ | ᠪᠦᠲᠦᠭᠡᠨ ᠪᠠᠶᠢᠭᠤᠯᠣᠯᠲᠠ ᠶᠢ ᠲᠡᠭᠦᠯᠳᠡᠷᠵᠢᠭᠦᠯᠦᠨ ᠳᠡᠭᠡᠭᠰᠢᠯᠡᠭᠦᠯᠦᠨ᠎ᠡ᠃ ᠰᠤᠷᠭᠠᠭᠤᠯᠢ ᠶᠢᠨ ᠵᠠᠬᠢᠷᠣᠯ ᠪᠣᠯᠣᠨ | ᠪᠠᠭᠰᠢ ᠬᠤᠶᠠᠷ ᠡᠩᠨᠡᠭᠡᠨ ᠤ ᠪᠦᠲᠦᠭᠡᠨ ᠪᠠᠶᠢᠭᠤᠯᠣᠯᠲᠠ ᠶᠢ ᠴᠢᠩᠭᠠᠳᠬᠠᠨ᠎ᠠ᠃ ᠤᠯᠤᠰ ᠤᠨ ᠨᠢᠭᠡᠲᠦᠯᠲᠡᠢ | ᠨᠠᠶᠢᠷᠠᠭᠤᠯᠣᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠯᠠᠪᠳᠠᠭᠤᠨ ᠪᠠᠲᠣᠲᠠᠢ ᠰᠠᠶᠢᠲᠣᠷ ᠬᠢᠨ᠎ᠡ | ᠃ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠠ ᠡᠮᠴᠢᠯᠡᠭᠡ ᠶᠢᠨ ᠪᠠᠲᠣᠯᠠᠭ᠎ᠠ ᠶᠢᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ︽ᠬᠠᠲᠠᠭᠤ ᠲᠣᠨᠤᠭ︾ ᠤᠨ ᠪᠦᠲᠦᠭᠡᠨ ᠪᠠᠶᠢᠭᠤᠯᠣᠯᠲᠠ ᠶᠢ ᠴᠢᠩᠭᠠᠳᠬᠠᠵᠤ᠂ ᠬᠤᠲᠠ ᠶᠢᠨ | ᠬᠤᠶᠠᠳᠤᠭᠠᠷ ᠡᠮᠨᠡᠯᠭᠡ ᠶᠢᠨ ᠬᠤᠷᠢᠶ᠎ᠠ᠂ ᠣᠶᠣᠨ ᠤ ᠡᠷᠡᠭᠦᠯ ᠬᠠᠮᠠᠭᠠᠯᠠᠯ ᠤᠨ ᠲᠥᠪ᠂ ᠠᠵᠢᠯ ᠤᠨ ᠨᠦᠯᠦᠭᠡᠨ ᠤ | ᠡᠪᠡᠳᠴᠢᠨ ᠤ ᠡᠮᠨᠡᠯᠭᠡ ᠶᠢᠨ ᠬᠤᠷᠢᠶ᠎ᠠ᠂ ᠾᠧᠩ ᠾᠧ ᠡᠮᠨᠡᠯᠭᠡ ᠶᠢᠨ ᠬᠤᠷᠢᠶ᠎ᠠ ᠵᠡᠷᠭᠡ ᠲᠦᠷᠥᠯ ᠵᠦᠢᠯ ᠢ | ᠭᠤᠣᠯᠳᠠᠯᠭ᠎ᠠ ᠲᠠᠢ ᠬᠡᠷᠡᠭᠵᠢᠭᠦᠯᠦᠨ᠎ᠡ︔ ᠡᠯ᠎ᠡ ᠱᠠᠲᠣᠨ ᠤ ᠡᠮᠨᠡᠯᠭᠡ ᠶᠢᠨ ᠬᠤᠷᠢᠶ᠎ᠠ᠂ ᠨᠡᠶᠢᠭᠡᠮ ᠲᠣᠭᠤᠷᠢᠭ ᠤᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠵᠡᠷᠭᠡ | ᠳᠤ ᠲᠦᠰᠢᠭᠯᠡᠵᠦ᠂ ᠪᠠᠴᠢᠮ ᠠᠪᠣᠷᠠᠯᠲᠠ ᠶᠢᠨ ᠥᠷᠲᠡᠭᠡ ᠶᠢᠨ ᠪᠦᠲᠦᠭᠡᠨ ᠪᠠᠶᠢᠭᠤᠯᠣᠯᠲᠠ ᠶᠢ ᠴᠢᠩᠭᠠᠳᠬᠠᠵᠣ᠂ ᠲᠡᠷᠬᠡ | ᠬᠥᠰᠬᠡ᠂ ᠠᠵᠢᠯᠲᠠᠨ ᠪᠣᠯᠣᠨ ᠲᠥᠬᠦᠭᠡᠷᠦᠮᠵᠢ ᠶᠢ ᠪᠦᠷᠢᠨ ᠭᠦᠢᠴᠡᠳ ᠲᠣᠬᠢᠷᠠᠭᠤᠯᠣᠨ᠎ᠠ᠃ ︽ᠵᠥᠭᠡᠯᠡᠨ ᠲᠣᠨᠤᠭ︾ | ᠤᠨ ᠳᠡᠭᠡᠭᠰᠢᠯᠡᠭᠦᠯᠦᠯᠲᠡ ᠶᠢ ᠲᠦᠯᠬᠢᠨ ᠠᠬᠢᠭᠤᠯᠵᠣ᠂ ᠬᠤᠲᠠ ᠶᠢᠨ ᠬᠠᠷᠢᠶ᠎ᠠ ᠡᠮᠨᠡᠯᠭᠡ ᠶᠢᠨ ᠬᠤᠷᠢᠶ᠎ᠠ ᠳᠤ 25 | ᠭᠤᠣᠯᠳᠠᠯᠭ᠎ᠠ ᠲᠠᠢ ᠲᠣᠰᠬᠠᠢ ᠰᠠᠯᠠᠭ᠎ᠠ᠂ 3 ᠭᠤᠣᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ ᠶᠢ ᠪᠠᠶᠢᠭᠤᠯᠣᠨ᠎ᠠ︔ | ᠪᠡᠭᠡᠵᠢᠩ᠂ ᠱᠠᠩᠬᠠᠢ ᠵᠡᠷᠭᠡ ᠭᠠᠵᠠᠷ ᠣᠷᠣᠨ ᠤ ᠲᠣᠰᠬᠠᠢ ᠮᠡᠷᠭᠡᠵᠢᠯᠲᠡᠨ ᠣᠨᠣᠰᠢᠯᠠᠯᠲᠠ ᠥᠷᠨᠢᠭᠦᠯᠬᠦ ᠪᠣᠶᠣ | ᠠᠯᠤᠰ ᠠᠴᠠ ᠣᠨᠣᠰᠢᠯᠠᠬᠤ ᠦᠢᠯᠡᠴᠢᠯᠡᠭᠡ ᠶᠢ ᠲᠠᠲᠠᠨ ᠣᠷᠣᠭᠤᠯᠵᠤ᠂ ᠠᠷᠠᠳ ᠢᠷᠭᠡᠳ ᠢ ᠭᠡᠷ ᠤᠨ ᠡᠭᠦᠳᠡᠨ | ᠳᠡᠭᠡᠷ᠎ᠡ ᠪᠠᠨ ᠰᠢᠯᠢᠳᠡᠭ ᠡᠮᠴᠢᠯᠡᠭᠡᠨ ᠤ ᠦᠢᠯᠡᠴᠢᠯᠡᠭᠡ ᠬᠦᠷᠲᠡᠬᠦ ᠪᠣᠯᠭᠠᠨ᠎ᠠ︔ ᠰᠢᠶᠠᠨ ᠤ ᠶᠡᠷᠦᠩᠬᠡᠶᠢᠯᠡᠭᠰᠡᠨ | ᠡᠮᠴᠢᠯᠡᠭᠡᠨ ᠤ ᠪᠠᠶᠢᠭᠤᠯᠣᠮᠵᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠡᠮᠴᠢᠯᠡᠭᠡᠨ ᠤ | ᠳᠠᠭᠠᠳᠬᠠᠯ ᠤᠨ ᠶᠡᠷᠦᠩᠬᠡᠢ ᠲᠤᠭ᠎ᠠ ᠪᠠᠷ ᠰᠦᠢᠳᠬᠡᠯ ᠲᠣᠰᠢᠶᠠᠬᠤ ᠳᠦᠷᠢᠮ ᠢ ᠬᠡᠷᠡᠭᠵᠢᠭᠦᠯᠵᠦ᠂ ᠡᠮᠬᠢ ᠵᠢᠷᠣᠮ | ᠲᠠᠢ ᠪᠠᠷ ᠡᠮᠨᠡᠭᠦᠯᠬᠦ ᠰᠢᠨ᠎ᠡ ᠪᠠᠶᠢᠷᠢᠰᠢᠯ ᠢ ᠪᠣᠢ ᠪᠣᠯᠭᠠᠨ᠎ᠠ᠃ | ᠨᠡᠶᠢᠭᠡᠮ ᠤᠨ ᠪᠠᠲᠣᠯᠠᠭ᠎ᠠ ᠶᠢᠨ ᠡᠷᠴᠢᠮ ᠢ ᠴᠢᠩᠭᠠᠳᠬᠠᠨ᠎ᠠ᠃ ᠬᠤᠲᠠ ᠪᠠᠯᠭᠠᠰᠣᠨ ᠤ ᠠᠵᠢᠯᠲᠠᠨ ᠪᠣᠯᠣᠨ | ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ ᠢ ᠨᠢᠭᠡᠲᠦᠯᠲᠡᠢ | ᠲᠦᠯᠦᠪᠯᠡᠨ ᠳᠡᠭᠡᠭᠰᠢᠯᠡᠭᠦᠯᠵᠦ᠂ ᠬᠦᠴᠢᠷᠲᠡᠢ ᠬᠦᠮᠦᠰ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ᠂ ᠠᠪᠣᠷᠠᠨ | ᠲᠤᠰᠠᠯᠠᠬᠤ ᠠᠵᠢᠯ ᠢ ᠰᠠᠶᠢᠲᠤᠷ ᠬᠢᠵᠦ᠂ ᠬᠤᠲᠠ ᠬᠦᠳᠡᠭᠡ ᠶᠢᠨ ᠨᠠᠭᠠᠳᠤ ᠵᠠᠬ᠎ᠠ ᠶᠢᠨ ᠪᠠᠲᠣᠯᠠᠭ᠎ᠠ ᠶᠢᠨ ᠮᠦᠩᠭᠦ᠂ | ᠣᠨᠴᠠ ᠬᠦᠴᠢᠷᠲᠡᠢ ᠬᠦᠮᠦᠰ ᠢ ᠠᠰᠠᠷᠠᠨ ᠲᠡᠵᠢᠭᠡᠬᠦ ᠮᠦᠩᠭᠦ᠂ ᠣᠨᠴᠠ ᠬᠦᠴᠢᠷᠲᠡᠢ ᠬᠦᠮᠦᠰ ᠢ ᠠᠰᠠᠷᠠᠨ ᠰᠤᠪᠢᠯᠠᠬᠤ | ᠰᠦᠢᠳᠬᠡᠯ ᠢ ᠴᠠᠭ ᠲᠤᠬᠠᠢ ᠳᠤᠨᠢ ᠭᠦᠢᠴᠡᠳ ᠲᠠᠷᠬᠠᠭᠠᠨ᠎ᠠ᠃ ᠭᠡᠷ ᠪᠦᠯᠢ ᠪᠣᠯᠣᠨ ᠨᠡᠶᠢᠭᠡᠮ ᠲᠣᠭᠤᠷᠢᠭ ᠤᠨ | ᠨᠠᠰᠣᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ100 ᠶᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ | ᠥᠷᠭᠡᠳᠬᠡᠵᠦ ᠪᠠᠶᠢᠭᠤᠯᠣᠨ᠎ᠠ᠃ ︽ᠥᠷᠢᠲᠦᠭᠰᠡᠨ ᠢ ᠵᠠᠰᠠᠵᠤ ᠥᠭᠬᠦ ᠶᠢ ᠪᠠᠲᠣᠯᠠᠬᠤ︾ ᠠᠵᠢᠯ ᠢ ᠪᠦᠬᠦ | ᠬᠦᠴᠦᠨ ᠢᠶᠠᠷ ᠰᠠᠶᠢᠲᠣᠷ ᠠᠳᠬᠤᠨ᠎ᠠ᠃ ᠤᠯᠠᠭᠠᠨ ᠵᠠᠭᠠᠯᠮᠠᠶᠢᠲᠠᠨ ᠤ ᠦᠢᠯᠡᠰ ᠢ ᠶᠡᠬᠡᠪᠡᠷ ᠬᠦᠭᠵᠢᠭᠦᠯᠦᠨ᠂ | ᠨᠡᠶᠢᠲᠡ ᠶᠢᠨ ᠠᠰᠠᠷᠠᠮᠵᠢ ᠪᠣᠯᠣᠨ ᠨᠢᠭᠦᠯᠡᠰᠦᠩᠭᠦᠢ ᠶᠢᠨ ᠦᠢᠯᠡᠰ ᠤᠨ ᠡᠷᠡᠭᠦᠯ ᠢᠶᠠᠷ ᠬᠦᠭᠵᠢᠬᠦ ᠶᠢ ᠠᠬᠢᠭᠤᠯᠣᠨ᠎ᠠ᠃ | ᠡᠮᠡᠭᠲᠡᠶᠢᠴᠦᠳ᠂ ᠬᠡᠥᠬᠡᠳ᠂ ᠵᠡᠮᠳᠡᠭᠴᠦᠳ ᠤᠨ ᠬᠠᠣᠯᠢ ᠶᠣᠰᠣᠨ ᠤ ᠡᠷᠬᠡ ᠠᠰᠢᠭ ᠢ ᠦᠨᠡᠨᠬᠦ ᠪᠠᠲᠣᠯᠠᠨ᠎ᠠ᠃ | ᠨᠡᠶᠢᠭᠡᠮ ᠤᠨ ᠵᠠᠰᠠᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠰᠢᠨ᠎ᠡ ᠴᠠᠭ ᠦᠶ᠎ᠡ ᠶᠢᠨ ︽ᠹᠧᠩ | ᠴᠢᠶᠣᠣ ᠶᠢᠨ ᠲᠤᠷᠰᠢᠯᠭ᠎ᠠ︾ ᠶᠢ ᠪᠠᠷᠢᠮᠲᠠᠯᠠᠨ ᠬᠦᠭᠵᠢᠭᠦᠯᠵᠦ᠂ ︽12345︾ ᠵᠠᠭᠠᠯᠳᠣᠯᠭ᠎ᠠ ᠶᠢ ᠲᠣᠰᠣᠭᠰᠠᠨ | ᠳᠠᠷᠣᠢ ᠭᠦᠢᠴᠡᠳᠬᠡᠬᠦ ᠲᠠᠪᠴᠠᠩ ᠢ ᠰᠠᠶᠢᠲᠣᠷ ᠬᠢᠵᠦ᠂ ︽ᠣᠯᠠᠨ ᠲᠥᠪ ᠢ ᠨᠢᠭᠡ ᠪᠣᠯᠭᠠᠬᠤ︾ ᠵᠦᠷᠢᠴᠡᠯ | ᠵᠢᠭᠤᠷᠠᠭᠠᠨ ᠢ ᠪᠠᠶᠢᠴᠠᠭᠠᠨ ᠠᠷᠢᠯᠭᠠᠬᠤ ᠦᠢᠯᠡᠴᠢᠯᠡᠭᠡᠨ ᠤ ᠲᠥᠪ ᠤᠨ ᠪᠣᠳᠠᠲᠣ ᠴᠣᠭᠴᠠᠵᠢᠭᠰᠠᠨ ᠠᠵᠢᠯᠯᠠᠭᠠᠨ ᠤ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ᠬᠤᠲᠠ᠂ ᠬᠤᠰᠢᠭᠤ ᠰᠢᠶᠠᠨ ᠲᠤᠭᠤᠷᠢᠭ᠂ ᠰᠢᠶᠠᠩ ᠪᠠᠯᠭᠠᠰᠤ ᠵᠡᠭᠡᠯᠢ | ᠭᠤᠳᠤᠮᠵᠢ ᠭᠤᠷᠪᠠᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠶᠢ ᠴᠢᠩᠭᠠᠳᠬᠠᠵᠣ᠂ | ᠲᠣᠣᠷᠵᠢᠭᠤᠯᠣᠭᠰᠠᠨ ᠦᠢᠯᠡᠴᠢᠯᠡᠭᠡ ᠶᠢᠨ ᠬᠠᠮᠢᠶᠠᠷᠣᠯᠲᠠ ᠶᠢᠨ ᠲᠠᠪᠴᠠᠩ ᠤᠨ ᠪᠦᠲᠦᠭᠡᠨ ᠪᠠᠶᠢᠭᠤᠯᠣᠯᠲᠠ ᠶᠢ | ᠲᠦᠷᠭᠡᠳᠬᠡᠨ᠂ ︽ᠣᠯᠠᠨ ᠲᠣᠣᠷ ᠢ ᠠᠭᠤᠰᠣᠯᠴᠠᠭᠤᠯᠵᠤ᠂ ᠨᠢᠭᠡ ᠲᠣᠣᠷ ᠢᠶᠠᠷ ᠨᠢᠭᠡᠲᠦᠯᠲᠡᠢ ᠲᠦᠯᠦᠪᠵᠢᠭᠦᠯᠬᠦ︾ ᠶᠢ | ᠠᠬᠢᠭᠤᠯᠵᠤ᠂ ︽ᠲᠣᠣᠷ᠂ ᠲᠣᠰᠬᠤᠨ ︵ᠨᠡᠶᠢᠭᠡᠮ ᠲᠣᠭᠤᠷᠢᠭ︶ ᠠᠰᠠᠭᠤᠳᠠᠯ ᠢ ᠣᠯᠵᠤ ᠮᠡᠳᠡᠪᠡᠯ᠂ ᠰᠠᠯᠠᠭ᠎ᠠ | ᠮᠦᠴᠢᠷ ᠰᠢᠢᠳᠪᠦᠷᠢᠯᠡᠬᠦ︾ ᠦᠨᠳᠦᠰᠦᠨ ᠱᠠᠲᠣᠨ ᠤ ᠲᠣᠣᠷᠵᠢᠭᠤᠯᠣᠭᠰᠠᠨ ᠵᠠᠰᠠᠯᠲᠠ ᠶᠢᠨ ᠲᠣᠭᠲᠠᠴᠠ ᠶᠢ ᠪᠣᠢ | ᠪᠣᠯᠭᠠᠨ᠎ᠠ᠃ | ᠬᠦᠭᠵᠢᠯᠲᠡ ᠪᠠ ᠠᠶᠣᠯᠭᠦᠢ ᠬᠤᠶᠠᠷ ᠶᠡᠭᠡ ᠤᠴᠢᠷ ᠢ ᠨᠢᠭᠡᠲᠦᠯᠲᠡᠢ ᠲᠦᠯᠦᠪᠵᠢᠭᠦᠯᠦᠨ᠎ᠡ᠃ ᠬᠤᠷᠢᠭ᠎ᠠ | ᠱᠤᠭᠤᠮ ᠤᠨ ᠰᠡᠳᠬᠢᠬᠦᠶ ᠪᠠᠷ ᠬᠥᠭᠵᠢᠯᠲᠡ ᠶᠢ ᠰᠦᠪᠡᠭᠴᠢᠯᠡᠬᠦ ᠶᠢ ᠪᠠᠷᠢᠮᠲᠠᠯᠠᠵᠤ᠂ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠳᠤᠮᠳᠠᠬᠢ ᠡᠯ᠎ᠡ ᠵᠦᠢᠯ ᠤᠨ ᠠᠶᠤᠯ ᠲᠦᠭᠰᠢᠭᠦᠷᠢ ᠶᠢᠨ ᠲᠠᠯᠳᠠ ᠭᠡᠮ ᠢ ᠢᠳᠡᠪᠬᠢᠲᠡᠶ ᠪᠠᠷ | ᠠᠷᠭᠠᠴᠠᠭᠠᠵᠤ᠂ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ | ᠡᠨᠧᠷᠭᠢ ᠶᠢᠨ ᠰᠤᠷᠪᠤᠯᠵᠢ ᠶᠢᠨ ᠬᠠᠩᠭᠠᠯᠭ᠎ᠠ ᠶᠢᠨ ᠠᠮᠤᠷ ᠲᠦᠪᠰᠢᠨ᠂ ᠠᠮᠢ ᠠᠬᠤᠶ ᠶᠢᠨ ᠣᠷᠴᠢᠨ ᠲᠣᠭᠤᠷᠢᠨ ᠤ | ᠠᠮᠤᠷ ᠲᠦᠪᠰᠢᠨ᠂ ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ᠂ | ᠨᠡᠶᠢᠭᠡᠮ ᠤᠨ ᠬᠦᠷᠢᠶᠡᠨ ᠤ ᠠᠮᠤᠷ ᠲᠦᠪᠰᠢᠨ ᠢ ᠬᠠᠮᠠᠭᠠᠯᠠᠬᠤ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ | ᠬᠢᠨ᠎ᠠ᠃ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠢᠳᠡᠭᠡᠨ ᠪᠠ | ᠡᠮ ᠤᠨ ᠵᠦᠢᠯ ᠤᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃ ᠴᠡᠷᠢᠭ ᠠᠷᠠᠳ ᠤᠨ ᠬᠡᠷᠡᠭᠯᠡᠭᠡ ᠶᠢ | ᠠᠭᠤᠰᠤᠯᠴᠠᠭᠤᠯᠤᠨ ᠬᠥᠭᠵᠢᠭᠦᠯᠬᠦ ᠶᠢ ᠲᠦᠷᠭᠡᠳᠬᠡᠨ ᠠᠬᠢᠭᠤᠯᠵᠤ᠂ ᠠᠷᠪᠠᠳᠤᠭᠠᠷ ᠤᠳᠠᠭ᠎ᠠ ︽ᠪᠦᠬᠦ ᠤᠯᠤᠰ ᠤᠨ | ᠬᠤᠶᠠᠷ ᠢ ᠬᠦᠷᠢᠶᠡᠯᠡᠬᠦ ᠵᠢᠱᠢᠶᠡᠴᠢ ᠬᠤᠳᠠ︾ ᠶᠢ ᠪᠠᠶᠢᠭᠤᠯᠬᠤ ᠪᠠᠷ ᠴᠢᠷᠮᠠᠶᠢᠨ᠎ᠠ᠃ ᠵᠠᠰᠠᠭ ᠤᠨ ᠣᠷᠳᠣᠨ ᠤ ᠲᠠᠯᠳᠠ | ᠥᠷᠢ ᠥᠭᠴᠡᠭᠡ ᠶᠢ ᠠᠷᠢᠯᠭᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ | ᠵᠡᠷᠭᠡ ᠪᠠᠷ ᠬᠡᠷᠡᠭᠯᠡᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠳᠠᠭᠠᠯᠠᠯᠲᠠ ᠶᠢ ᠰᠢᠢᠳᠪᠦᠷᠢᠯᠡᠨ᠎ᠡ᠃ ᠠᠮᠤᠷ | ᠠᠮᠤᠭᠤᠯᠠᠩ ᠣᠷᠣᠨ ᠤ ᠲᠥᠪ ᠢ ᠲᠦᠷᠭᠡᠳᠬᠡᠨ ᠪᠠᠶᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠶᠢ ᠪᠠᠶᠢᠩᠭᠤᠵᠢᠭᠤᠯᠬᠤ ᠶᠢ ᠠᠬᠢᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠳᠤ ᠬᠤᠤᠷ ᠬᠥᠨᠥᠭᠡᠯ ᠤᠴᠠᠷᠠᠭᠤᠯᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠠᠮᠤᠷ ᠲᠣᠭᠲᠠᠭᠤᠨ ᠬᠥᠭᠵᠢᠯᠲᠡ ᠶᠢᠨ ᠣᠷᠴᠢᠨ ᠲᠣᠭᠤᠷᠢᠨ ᠢ ᠪᠣᠶ ᠪᠣᠯᠭᠠᠵᠤ᠂ ᠡᠬᠡ | ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠦᠨᠡᠨᠬᠦ ᠪᠠᠬᠢᠵᠢᠭᠦᠯᠦᠨ᠎ᠡ᠃ | ᠳᠥᠷᠪᠡ᠂ ᠵᠠᠰᠠᠭ ᠤᠨ ᠣᠷᠳᠣᠨ ᠤ ᠥᠪᠡᠷ ᠤᠨ ᠪᠠᠶᠢᠭᠤᠯᠣᠯᠲᠠ ᠶᠢ ᠴᠢᠩᠭᠠᠳᠬᠠᠨ᠎ᠠ | ᠵᠠᠰᠠᠭ ᠶᠠᠪᠤᠭᠤᠯᠬᠤ ᠶᠢᠨ ᠭᠤᠣᠯ ᠨᠢ ᠨᠠᠶᠢᠳᠠᠪᠤᠷᠢᠵᠢᠭᠤᠯᠬᠤ ᠳᠤ ᠪᠣᠢ᠃ ᠵᠠᠰᠠᠭ ᠤᠨ ᠣᠷᠳᠣᠨ ᠨᠢ ᠬᠦᠴᠦᠨ | ᠲᠡᠭᠦᠯᠳᠡᠷ ᠪᠦᠲᠦᠮᠵᠢᠲᠡᠶ ᠠᠵᠢᠯᠯᠠᠬᠤ ᠪᠠᠷ ᠳᠠᠮᠵᠢᠭᠤᠯᠤᠨ᠂ ᠠᠷᠠᠳ ᠤᠨ ᠵᠠᠰᠠᠭ ᠤᠨ ᠣᠷᠳᠣᠨ ᠤ ᠠᠷᠠᠳ ᠲᠦᠮᠡᠨ ᠳᠤ | ᠦᠢᠯᠡᠴᠢᠯᠡᠬᠦ ᠠᠷᠢᠭᠤᠨ ᠳᠠᠷᠬᠠᠨ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠬᠦ ᠬᠡᠷᠡᠭᠲᠡᠶ᠃ | ᠪᠣᠲᠠᠲᠠᠢ ᠦᠢᠯᠡ ᠠᠵᠢᠯᠯᠠᠭ᠎ᠠ ᠪᠠᠷ ᠢᠶᠠᠨ ᠨᠠᠮ ᠳᠠᠭᠠᠨ ᠦᠨᠡᠨᠴᠢ ᠪᠠᠨ ᠢᠯᠡᠳᠬᠡᠨ᠎ᠡ᠃ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠴᠠᠭ ᠢᠮᠠᠭᠲᠠ ᠨᠠᠮ ᠤᠨ ᠲᠥᠪ ᠬᠤᠷᠢᠶᠠᠨ ᠤ | ᠱᠠᠭᠠᠷᠳᠠᠯᠭ᠎ᠠ ᠲᠠᠢ ᠬᠠᠷᠢᠴᠠᠭᠤᠯᠤᠨ ᠬᠠᠷᠭᠤᠭᠤᠯᠵᠤ᠂ ᠤᠯᠤᠰ ᠲᠦᠷᠦ ᠶᠢᠨ ᠲᠠᠯ᠎ᠠ ᠠᠴᠠ ᠠᠰᠠᠭᠤᠳᠠᠯ ᠢ ᠠᠵᠢᠭᠯᠠᠬᠤ | ᠪᠠ ᠰᠢᠢᠳᠪᠦᠷᠢᠯᠡᠬᠦ ᠳᠡᠭᠡᠨ ᠴᠢᠳᠠᠮᠠᠭᠠᠢ ᠪᠠᠶᠢᠵᠤ᠂ ᠤᠴᠢᠷ ᠶᠠᠪᠤᠳᠠᠯ ᠢ ᠪᠣᠳᠣᠯᠬᠢᠯᠠᠬᠤ ᠳᠠᠭᠠᠨ ᠤᠯᠤᠰ ᠲᠦᠷᠦ ᠶᠢᠨ | ᠱᠠᠭᠠᠷᠳᠠᠯᠭ᠎ᠠ ᠶᠢ ᠢᠯᠡᠭᠦᠦ ᠪᠣᠳᠣᠯᠬᠢᠯᠠᠵᠤ᠂ ᠠᠵᠢᠯ ᠬᠢᠬᠦ ᠳᠡᠭᠡᠨ ᠤᠯᠤᠰ ᠲᠦᠷᠦ ᠶᠢᠨ ᠨᠥᠯᠥᠭᠡ ᠶᠢ ᠢᠯᠡᠭᠦᠦ | ᠪᠣᠳᠣᠯᠬᠢᠯᠠᠵᠤ᠂ ᠤᠴᠢᠷ ᠶᠠᠪᠤᠳᠠᠯ ᠢ ᠪᠦᠲᠦᠭᠡᠬᠦ ᠳᠡᠭᠡᠨ ᠤᠯᠤᠰ ᠲᠦᠷᠦ ᠶᠢᠨ ᠦᠷ᠎ᠡ ᠪᠦᠲᠦᠮᠵᠢ ᠶᠢ ᠢᠯᠡᠭᠦᠦ | ᠪᠣᠳᠣᠯᠬᠢᠯᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ | ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ | ᠡᠯ᠎ᠡ ᠵᠦᠢᠯ ᠤᠨ ᠠᠵᠢᠯ ᠤᠨ ᠢᠮᠠᠭᠲᠠ ᠵᠥᠪ ᠤᠯᠤᠰ ᠲᠦᠷᠦ ᠶᠢᠨ ᠴᠢᠭᠯᠡᠯ ᠢᠶᠠᠷ ᠤᠷᠤᠭᠰᠢᠯᠠᠬᠤ ᠶᠢ ᠦᠨᠡᠨᠬᠦ | ᠪᠠᠲᠣᠯᠠᠨ᠎ᠠ᠃ | ᠬᠠᠣᠯᠢ ᠪᠠᠷ ᠵᠠᠰᠠᠭ ᠶᠠᠪᠤᠭᠤᠯᠬᠤ ᠪᠠᠷ ᠵᠠᠰᠠᠭ ᠤᠨ ᠣᠷᠳᠣᠨ ᠤ ᠦᠢᠯᠡ ᠠᠵᠢᠯᠯᠠᠭ᠎ᠠ ᠶᠢ ᠵᠢᠷᠣᠮᠵᠢᠭᠤᠯᠣᠨ᠎ᠠ᠃ | ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠲᠣᠭᠤᠰᠢᠯᠠᠭᠤᠯᠵᠤ᠂ ᠭᠠᠷ ᠲᠠᠬᠢ ᠡᠷᠬᠡ ᠶᠢ | ᠠᠷᠠᠳ ᠲᠦᠮᠡᠨ ᠠᠴᠠ ᠣᠯᠭᠤᠭᠰᠠᠨ ᠢ ᠢᠮᠠᠭᠲᠠ ᠪᠠᠲᠤ ᠴᠡᠭᠡᠵᠢᠯᠡᠵᠦ᠂ ᠬᠠᠣᠯᠢ ᠪᠠᠷ ᠵᠠᠰᠠᠭ ᠶᠠᠪᠣᠭᠤᠯᠬᠤ ᠶᠢ | ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠬᠡᠷᠡᠭᠵᠢᠭᠦᠯᠬᠦ᠂ ᠨᠠᠶᠢᠳᠠᠪᠤᠷᠢᠵᠢᠭᠤᠯᠬᠤ ᠪᠦᠬᠦ | ᠶᠠᠪᠤᠴᠠ ᠪᠠ ᠡᠯ᠎ᠡ ᠲᠠᠯ᠎ᠠ ᠳᠤ ᠲᠣᠭᠤᠰᠢᠯᠠᠭᠤᠯᠬᠤ ᠶᠢ ᠪᠠᠷᠢᠮᠲᠠᠯᠠᠵᠤ᠂ ᠬᠠᠤᠯᠢ ᠠᠴᠠ ᠡᠷᠬᠡ ᠣᠯᠭᠤᠭᠰᠠᠨ ᠦᠭᠡᠢ ᠪᠣᠯ | ᠬᠢᠵᠦ ᠪᠣᠯᠬᠤ ᠦᠭᠡᠢ᠂ ᠬᠠᠤᠯᠢ ᠪᠠᠷ ᠲᠣᠭᠲᠠᠭᠠᠭᠰᠠᠨ ᠡᠷᠬᠡ ᠲᠤᠰᠢᠶᠠᠯ ᠢ ᠵᠠᠪᠠᠯ ᠰᠠᠶᠢᠲᠤᠷ ᠭᠦᠢᠴᠡᠳᠬᠡᠨ᠎ᠡ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠰᠢᠢᠳᠪᠦᠷᠢ | ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ | ᠪᠠᠶᠢᠩᠭᠤ ᠶᠢᠨ ᠬᠤᠷᠢᠶᠠᠨ ᠤ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ | ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠪᠠ ᠶᠠᠷᠢᠶ᠎ᠠ | ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠡᠷᠬᠡ ᠶᠢ ᠢᠯᠠ ᠪᠠᠷ ᠶᠠᠪᠣᠭᠳᠠᠭᠤᠯᠣᠨ᠎ᠠ᠃ | ᠨᠠᠶᠢᠳᠠᠪᠣᠷᠢᠵᠢᠭᠤᠯᠣᠯᠲᠠ ᠶᠢ ᠴᠢᠩᠭ᠎ᠠ ᠠᠳᠬᠤᠬᠤ ᠪᠠᠷ ᠬᠡᠷᠡᠭᠵᠢᠭᠦᠯᠬᠦ ᠴᠢᠳᠠᠪᠣᠷᠢ ᠶᠢ ᠳᠡᠭᠡᠭᠰᠢᠯᠡᠭᠦᠯᠦᠨ᠎ᠡ᠃ | ︽ᠨᠠᠶᠢᠳᠠᠪᠤᠷᠢᠵᠢᠭᠤᠯᠤᠯᠲᠠ ᠶᠢ ᠠᠳᠬᠤᠬᠤ︾ ᠶᠢ ᠵᠠᠰᠠᠭ ᠤᠨ ᠣᠷᠳᠣᠨ ᠤ ᠠᠵᠢᠯ ᠤᠨ ᠬᠠᠮᠤᠭ ᠤᠨ ᠴᠢᠬᠤᠯᠠ | ᠪᠠᠶᠢᠷᠢᠨ ᠳᠤ ᠲᠠᠯᠪᠢᠵᠤ᠂ ᠬᠠᠷᠢᠭᠤᠴᠠᠯᠭ᠎ᠠ ᠪᠠᠨ ᠮᠡᠳᠡᠵᠦ᠂ ᠬᠠᠷᠢᠭᠤᠴᠠᠯᠭ᠎ᠠ ᠪᠠᠨ ᠡᠭᠦᠷᠭᠡᠯᠡᠵᠦ᠂ | ᠬᠠᠷᠢᠭᠤᠴᠠᠯᠭ᠎ᠠ ᠪᠠᠨ ᠬᠦᠢᠴᠡᠳᠬᠡᠨ᠂ ︽ᠡᠮᠦᠨ᠎ᠡ ᠹᠷᠣᠨᠲ ᠲᠤ ᠠᠵᠢᠯᠯᠠᠵᠤ᠂ ᠪᠢᠲᠡᠭᠦᠦ ᠴᠠᠭᠠᠷᠢᠭ ᠢᠶᠠᠷ | ᠨᠠᠶᠢᠳᠠᠪᠤᠷᠢᠵᠢᠭᠤᠯᠬᠤ︾ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠭᠦᠢᠴᠡᠳᠬᠡᠬᠦ ᠬᠦᠴᠦᠨ ᠢ ᠪᠦᠬᠦ ᠲᠠᠯ᠎ᠠ ᠪᠠᠷ᠂ | ᠪᠦᠬᠦ ᠶᠠᠪᠤᠴᠠ ᠪᠠᠷ ᠳᠡᠭᠡᠭᠰᠢᠯᠡᠭᠦᠯᠦᠨ᠎ᠡ᠃ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶ᠎ᠠ ᠶᠢᠨ ᠲᠣᠭᠲᠠᠭᠠᠭᠰᠠᠨ ᠰᠢᠢᠳᠪᠦᠷᠢᠲᠦ ᠪᠣᠳᠣᠯᠭ᠎ᠠ ᠶᠢ ᠡᠷᠡᠰ | ᠬᠡᠷᠡᠭᠵᠢᠭᠦᠯᠵᠦ᠂ ᠪᠠᠶᠢᠷᠢᠯᠠᠭᠤᠯᠤᠭᠰᠠᠨ ᠡᠭᠦᠷᠭᠡ ᠶᠢ ᠡᠷᠡᠰ ᠨᠠᠶᠢᠳᠠᠪᠤᠷᠢᠵᠢᠭᠤᠯᠤᠨ᠂ ᠳᠤᠲᠠᠭᠤ ᠳᠣᠷᠭᠤᠨ | ᠬᠡᠷᠡᠭᠵᠢᠭᠦᠯᠬᠦ ᠥᠬᠡᠶ᠂ ᠥᠭᠡᠷᠡᠲᠦᠭᠦᠯᠬᠦ ᠥᠬᠡᠶ᠂ ᠰᠣᠩᠭᠤᠯᠲᠠ ᠬᠢᠬᠦ ᠥᠬᠡᠶ᠃ ᠵᠠᠰᠠᠭ ᠤᠨ ᠣᠷᠳᠣᠨ ᠤ ᠲᠤᠰᠢᠶᠠᠯ | ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠵᠢᠯ ᠢ ᠦᠨᠡᠨ ᠪᠣᠳᠠᠲᠠᠶ ᠪᠠᠷ ᠬᠢᠵᠦ ᠡᠭᠦᠷᠭᠡᠯᠡᠨ᠂ ᠡᠷᠡᠰ ᠪᠡᠶᠡᠯᠡᠭᠦᠯᠵᠦ᠂ | ᠠᠰᠠᠭᠤᠳᠠᠯ ᠠᠴᠠ ᠵᠠᠶᠢᠯᠠᠬᠤ ᠥᠬᠡᠶ᠂ ᠵᠥᠷᠢᠴᠡᠯ ᠢ ᠳᠡᠭᠡᠭᠰᠢ ᠲᠤᠰᠢᠶᠠᠬᠤ ᠥᠬᠡᠶ᠂ ᠪᠤᠰᠤᠳᠴᠢ ᠰᠢᠯᠲᠠᠭᠠᠨ ᠡᠷᠢᠬᠦ | ᠥᠬᠡᠶ᠃ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠲᠤᠯᠭᠠᠮᠳᠠᠵᠤ ᠬᠦᠴᠢᠷᠳᠡᠵᠦ ᠵᠤᠪᠠᠵᠤ ᠬᠦᠰᠡᠭᠰᠡᠨ | ᠠᠰᠠᠭᠤᠳᠠᠯ ᠢ ᠡᠷᠬᠡᠪᠰᠢ ᠬᠠᠮᠤᠭ ᠤᠨ ᠴᠢᠬᠤᠯᠠ᠂ ᠬᠠᠮᠤᠭ ᠤᠨ ᠲᠡᠷᠢᠭᠦᠨ ᠪᠠᠶᠢᠷᠢᠨ ᠳᠤ ᠲᠠᠯᠪᠢᠵᠤ᠂ ᠨᠢᠭᠡᠳ | ᠨᠢᠭᠡ ᠪᠠᠷ ᠨᠠᠶᠢᠳᠠᠪᠤᠷᠢᠵᠢᠭᠤᠯᠵᠤ᠂ ᠨᠢᠭᠡ ᠶᠢ ᠭᠦᠢᠴᠡᠳᠬᠡᠪᠡᠯ ᠨᠢᠭᠡ ᠶᠢ ᠪᠡᠶᠡᠯᠡᠭᠦᠯᠵᠦ᠂ ᠨᠢᠭᠡ ᠶᠢ ᠪᠦᠲᠦᠭᠡᠪᠡᠯ ᠠᠷᠠᠳ | ᠤᠯᠠᠨ ᠳᠤ ᠨᠢᠭᠡ ᠶᠢ ᠮᠡᠳᠡᠷᠡᠭᠦᠯᠦᠨ᠎ᠡ᠃ | ᠪᠦᠬᠦ ᠲᠠᠯ᠎ᠠ ᠪᠠᠷ ᠴᠢᠩᠳᠠᠯᠠᠬᠤ ᠪᠠᠷ ᠲᠥᠪ ᠭᠤᠣᠯᠴᠢ ᠠᠷᠢᠭᠤᠨ ᠴᠢᠭᠡᠴᠢ ᠪᠣᠯᠭᠠᠨ᠎ᠠ᠃ ᠵᠠᠰᠠᠭ ᠤᠨ | ᠣᠷᠳᠣᠨ ᠤ ᠰᠢᠰᠲ᠋ᠧᠮ ᠤᠨ ᠬᠢᠨ ︽ᠴᠢᠩᠭ᠎ᠠ ᠬᠠᠮᠢᠶᠠᠷᠴᠤ︾᠂ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠡᠷᠡᠰ ᠭᠤᠶᠢᠪᠢᠰᠢ ᠦᠭᠡᠢ ᠲᠦᠯᠬᠢᠨ ᠠᠬᠢᠭᠤᠯᠵᠤ᠂ | ᠴᠢᠩᠭ᠎ᠠ ᠪᠠᠶᠢᠬᠤ ᠭᠤᠣᠯ ᠬᠦᠭ ᠠᠶᠠᠰ ᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠡᠷᠡᠰ ᠵᠣᠷᠢᠭ ᠢᠶᠠᠨ | ᠰᠤᠯᠠᠷᠠᠭᠤᠯᠬᠤ ᠦᠭᠡᠢ᠂ ᠪᠠᠷᠢᠮᠵᠢᠶ᠎ᠠ ᠪᠠᠨ ᠰᠤᠯᠠᠷᠠᠭᠤᠯᠬᠤ ᠦᠭᠡᠢ᠂ ᠡᠴᠦᠰ ᠲᠤᠨᠢ ᠲᠤᠯᠲᠠᠯ᠎ᠠ ᠴᠢᠩᠳᠠᠯᠠᠨ᠎ᠠ᠃ ᠡᠯ᠎ᠡ | ᠱᠠᠲᠤᠨ ᠤ ᠤᠳᠤᠷᠢᠳᠬᠤ ᠺᠠᠳ᠋ᠷᠴᠤᠳ ︽ᠲᠦᠷᠦᠭᠦᠯᠡᠵᠦ︾᠂ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠶᠢᠨ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾ ᠶᠢ ᠬᠢᠨᠠᠮᠠᠭᠠᠶ | ᠭᠦᠢᠴᠡᠳᠬᠡᠵᠦ᠂ ᠠᠷᠢᠭᠤᠨ ᠴᠢᠬᠡᠴᠢ ᠰᠤᠷᠲᠠᠯ ᠢ ᠪᠠᠲᠤ ᠰᠠᠬᠢᠵᠤ᠂ ᠲᠡᠷᠢᠭᠦᠨ ᠤ ᠮᠥᠨ ᠴᠢᠨᠠᠷ ᠢᠶᠠᠨ ᠡᠭᠦᠷᠢᠳᠡ | ᠬᠠᠳᠠᠭᠠᠯᠠᠵᠤ᠂ ᠦᠯᠢᠭᠡᠷ ᠳᠠᠭᠤᠷᠢᠶᠠᠯ ᠦᠵᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠵᠠᠰᠠᠭ ᠤᠨ ᠣᠷᠳᠣᠨ ᠤ | ᠪᠦᠬᠦ ᠠᠵᠢᠯᠲᠠᠳ ︽ᠪᠡᠶ᠎ᠡ ᠪᠠᠨ ᠪᠠᠷᠢᠵᠤ︾᠂ ᠪᠡᠶ᠎ᠡ ᠪᠠᠨ ᠱᠠᠭᠠᠷᠳᠠᠵᠤ ᠪᠡᠶ᠎ᠡ ᠪᠠᠨ ᠰᠡᠩᠬᠡᠷᠡᠭᠦᠯᠵᠦ ᠪᠡᠶ᠎ᠡ ᠪᠠᠨ | ᠰᠡᠷᠡᠮᠵᠢᠭᠦᠯᠵᠦ ᠪᠡᠶ᠎ᠡ ᠪᠠᠨ ᠵᠣᠷᠢᠭᠵᠢᠭᠤᠯᠵᠤ᠂ ᠤᠴᠢᠷ ᠶᠠᠪᠤᠳᠠᠯ ᠢ ᠭᠠᠭᠴᠠᠭᠠᠷ ᠡᠵᠡᠨ ᠮᠡᠳᠡᠬᠦ ᠠᠴᠠ ᠬᠢᠴᠢᠶᠡᠵᠦ | ᠵᠢᠵᠢᠭ ᠰᠠᠵᠢᠭ ᠤᠴᠢᠷ ᠶᠠᠪᠤᠳᠠᠯ ᠳᠤ ᠬᠢᠴᠢᠶᠡᠵᠦ ᠤᠴᠢᠷ ᠶᠠᠪᠤᠳᠠᠯ ᠠᠩᠬ᠎ᠠ ᠴᠣᠬᠤᠶᠢᠬᠤ ᠦᠶ᠎ᠡ ᠳᠤ ᠬᠢᠴᠢᠶᠡᠵᠦ | ᠤᠴᠢᠷ ᠶᠠᠪᠤᠳᠠᠯ ᠳᠠᠭᠤᠰᠬᠤ ᠦᠶ᠎ᠡ ᠳᠤ ᠬᠢᠴᠢᠶᠡᠵᠦ᠂ ᠪᠣᠳᠠᠲᠤ ᠠᠵᠢᠯᠯᠠᠭ᠎ᠠ ᠪᠠ ᠴᠣ ᠰᠢᠨ᠎ᠡ ᠲᠦᠷᠢ ᠲᠥᠷᠬᠦ ᠪᠠᠷ | ᠠᠷᠠᠳ ᠲᠦᠮᠡᠨ ᠤ ᠠᠯᠪᠠᠨ ᠵᠠᠷᠤᠴᠠ ᠶᠢᠨ ᠴᠠᠭ ᠦᠶ᠎ᠡ ᠶᠢᠨ ᠴᠤᠭ ᠵᠢᠪᠬᠤᠭ᠎ᠠ ᠶᠢ ᠢᠯᠡᠷᠡᠭᠦᠯᠬᠦ ᠬᠡᠷᠡᠭᠲᠡᠶ᠃ | ᠲᠥᠯᠥᠭᠡᠯᠡᠭᠴᠢᠳ ᠡ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ | ᠨᠠᠷᠢᠨ ᠪᠤᠳᠤᠯᠢᠶᠠᠨᠲᠠᠶ ᠬᠦᠨᠳᠦ ᠬᠡᠴᠡᠭᠦᠦ ᠪᠠᠶᠢᠵᠤ᠂ ᠪᠢᠳᠡ ᠡᠬᠢᠯᠡᠬᠦ ᠦᠶ᠎ᠡ ᠲᠠᠢ ᠪᠠᠨ ᠠᠳᠠᠯᠢᠬᠠᠨ ᠬᠢᠴᠢᠶᠡᠨ | ᠪᠣᠯᠭᠤᠮᠵᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠷᠭ᠎ᠠ ᠬᠡᠮᠵᠢᠶ᠎ᠡ ᠶᠢ ᠦᠷᠭᠦᠯᠵᠢᠯᠡᠨ | ᠨᠠᠶᠢᠳᠠᠪᠤᠷᠢᠵᠢᠭᠤᠯᠵᠤ᠂ ᠬᠥᠮᠦᠨ᠂ ᠪᠣᠳᠠᠰ᠂ ᠣᠷᠴᠢᠨ ᠲᠣᠭᠤᠷᠢᠨ ᠢ ᠵᠡᠷᠭᠡᠪᠡᠷ ᠰᠡᠷᠭᠡᠶᠢᠯᠡᠬᠦ ᠶᠢ ᠪᠠᠷᠢᠮᠲᠠᠯᠠᠨ᠂ | ᠨᠡᠶᠢᠭᠡᠮ ᠲᠣᠭᠤᠷᠢᠭ᠂ ᠬᠥᠳᠡᠭᠡ ᠲᠣᠰᠬᠤᠨ᠂ ᠡᠮᠴᠢᠯᠡᠭᠡᠨ ᠤ ᠪᠠᠶᠢᠭᠤᠯᠤᠮᠵᠢ ᠪᠠ ᠣᠯᠠᠨ ᠨᠡᠶᠢᠲᠡ ᠶᠢᠨ ᠵᠠᠮ | ᠬᠠᠷᠢᠯᠴᠠᠭ᠎ᠠ ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ᠂ ᠭᠤᠤᠯᠳᠠᠯᠭ᠎ᠠ ᠲᠠᠢ ᠭᠤᠭᠴᠤᠭ᠎ᠠ ᠶᠢ ᠬᠠᠮᠢᠶᠠᠷᠤᠨ | ᠡᠵᠡᠮᠳᠡᠬᠦ ᠠᠵᠢᠯ ᠢ ᠨᠠᠷᠢᠯᠢᠭ ᠣᠨᠣᠪᠴᠢᠲᠠᠢ ᠪᠠᠷ ᠰᠠᠶᠢᠲᠤᠷ ᠬᠢᠵᠦ᠂ ᠨᠡᠶᠢᠰᠯᠡᠯ ᠤᠨ ᠨᠢᠰᠬᠡᠯ ᠤᠨ ᠪᠠᠭᠤᠳᠠᠯ ᠤᠨ | ᠣᠯᠠᠨ ᠤᠯᠤᠰ ᠤᠨ ᠡᠭᠡᠯᠵᠢ ᠶᠢᠨ ᠨᠢᠰᠬᠡᠯ ᠢ ᠬᠤᠪᠢᠶᠠᠷᠢᠯᠠᠨ ᠪᠠᠭᠤᠯᠭᠠᠬᠤ ᠶᠢ ᠰᠢᠢᠳᠪᠦᠷᠢᠯᠡᠬᠦ ᠠᠵᠢᠯ ᠢ ᠰᠠᠶᠢᠲᠤᠷ | ᠬᠢᠵᠦ᠂ ᠬᠢᠯᠪᠠᠷ ᠪᠤᠰᠤ ᠪᠠᠷ ᠣᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠡᠷᠡᠰ | ᠰᠠᠬᠢᠬᠤ ᠬᠡᠷᠡᠭᠲᠡᠢ᠃ | ᠲᠥᠯᠥᠭᠡᠯᠡᠭᠴᠢᠳ ᠡ᠂ ᠬᠦᠰᠡᠯᠡᠩ ᠵᠡᠭᠦᠳᠦ ᠬᠦᠰᠡᠯ ᠡᠷᠡᠮᠡᠯᠵᠡᠯ ᠢ ᠠᠴᠢᠶᠠᠯᠠᠵᠤ᠂ ᠰᠢᠷᠭᠠᠭᠤ ᠪᠣᠳᠠᠲᠠᠢ | ᠬᠦᠳᠡᠯᠮᠦᠷᠢ ᠢᠷᠡᠭᠡᠳᠦᠢ ᠶᠢ ᠴᠣᠭᠴᠠᠯᠠᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ | ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ | ᠳᠣᠣᠷ᠎ᠠ᠂ ᠥᠷᠯᠥᠭᠡ ᠦᠳᠡᠰᠢ ᠶᠢ ᠲᠡᠮᠡᠴᠡᠨ ᠴᠤᠴᠠᠯᠲᠠ ᠦᠭᠡᠢ ᠤᠷᠤᠭᠰᠢᠯᠠᠵᠤ᠂ ᠰᠢᠯᠢᠳᠡᠭ ᠬᠢᠷᠢ | ᠪᠦᠲᠦᠮᠵᠢ ᠪᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ | ᠪᠡᠯᠭᠡᠯᠡᠵᠦ᠂ ︽ᠦᠵᠡᠰᠬᠦᠯᠡᠩᠲᠦ ᠰᠠᠶᠢᠬᠠᠨ ᠬᠥᠬᠡ ᠬᠤᠳᠠ · ᠥᠨᠢᠷ ᠪᠠᠶᠠᠯᠢᠭ ᠲᠠᠯ᠎ᠠ ᠶᠢᠨ ᠬᠤᠳᠠ︾ ᠶᠢᠨ ᠴᠢᠨᠠᠷ | ᠰᠠᠶᠢᠲᠠᠢ ᠬᠥᠭᠵᠢᠯᠲᠡ ᠶᠢᠨ ᠴᠣ ᠰᠢᠨ᠎ᠡ ᠬᠠᠭᠤᠳᠠᠰᠤ ᠶᠢ ᠪᠢᠴᠢᠭᠯᠡᠬᠦ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕ | | |