ᠬᠤᠲᠣᠩ ᠠᠷᠠᠳ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠦ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠭᠦᠶ᠎ᠡ︾ ᠭᠡᠵᠦ ᠢᠳᠬᠠᠯ ᠰᠠᠨᠠᠭᠤᠯᠭ᠎ᠠ ᠪᠠᠨ ᠡᠬᠢᠯᠡᠭᠦᠯᠵᠡᠢ
ᠨᠡᠶᠢᠲᠡᠯᠡᠭᠰᠡᠨ ᠴᠠᠭ᠄
2021/5/7
      ᠡᠯᠰᠡᠬᠦ ᠴᠠᠭ᠄ 2021 — 05 — 07 — 2022 — 05 — 26      ᠬᠤᠲᠣᠩ ᠠᠷᠠᠳ ᠤᠨ ᠲᠣᠭᠤᠷᠢᠭ ᠤᠨ ᠨᠠᠮ ᠤᠨ ᠬᠤᠷᠢᠶ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠶ ᠪᠠᠶᠢᠷᠢᠯᠠᠭᠤᠯᠤᠯᠲᠠ ᠶᠣᠰᠣᠭᠠᠷ᠂ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠭᠦᠶ᠎ᠡ︾ ᠦᠢᠯᠡᠳᠦᠯᠭᠡ ᠶᠢᠨ ᠠᠵᠢᠯᠯᠠᠭ᠎ᠠ ᠶᠢ ᠬᠢᠨᠠᠮᠠᠭᠠᠶ ᠰᠠᠶᠢᠲᠤᠷ ᠥᠷᠨᠢᠭᠦᠯᠵᠦ᠂ ᠣᠯᠠᠨ ᠲᠦᠮᠡᠨ ᠤ ︽ᠪᠠᠴᠢᠮ ᠪᠡᠷᠬᠡ ᠵᠣᠪᠠᠨᠢᠯ︾ ᠠᠰᠠᠭᠤᠳᠠᠯ ᠢ ᠤᠶᠢᠯᠠᠭᠠᠨ ᠡᠵᠡᠮᠰᠢᠬᠦ ᠪᠠ ᠰᠢᠢᠳᠪᠦᠷᠢᠯᠡᠬᠦ ᠶᠢ ᠳᠥᠯᠭᠢᠨ ᠠᠬᠢᠭᠤᠯᠵᠤ᠂ ᠡᠳᠦᠭᠡ ︽ᠡᠭᠦᠳᠡ ᠪᠠᠨ ᠨᠡᠭᠡᠭᠡᠵᠦ ᠢᠳᠬᠠᠯ ᠬᠦᠯᠢᠶᠡᠬᠦ︾ ᠠᠵᠢᠯ ᠢᠶᠠᠷ ᠳᠠᠮᠵᠢᠭᠤᠯᠤᠨ᠂ ᠦᠨᠡᠨ ᠬᠦ ᠠᠷᠭ᠎ᠠ ᠪᠣᠳᠣᠯᠭ᠎ᠠ᠂ ᠬᠡᠷᠡᠭᠴᠡᠭᠡ ᠶᠢ ᠠᠷᠠᠳ ᠠᠴᠠ ᠠᠰᠠᠭᠤᠵᠤ᠂ ᠵᠠᠰᠠᠭ ᠤᠨ ᠶᠠᠪᠤᠳᠠᠯ ᠢ ᠠᠷᠠᠳ ᠠᠴᠠ ᠠᠰᠠᠭᠤᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ᠂ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ ᠬᠤᠷᠢᠶᠠᠨ᠎ᠠ᠃      ᠨᠢᠭᠡ᠂ ᠡᠯᠰᠡᠬᠦ ᠠᠭᠤᠯᠭ᠎ᠠ      1. ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠠᠵᠢᠯ ᠤᠨ ᠰᠤᠷᠲᠠᠯ ᠢ ᠰᠠᠶᠢᠵᠢᠷᠠᠭᠤᠯᠬᠤ᠂ ᠦᠨᠳᠦᠰᠦᠨ ᠱᠠᠲᠤ ᠪᠠ ᠣᠯᠠᠨ ᠲᠦᠮᠡᠨ ᠳᠤ ᠦᠢᠯᠡᠴᠢᠯᠡᠬᠦ ᠵᠡᠷᠭᠡ ᠲᠠᠯ᠎ᠠ ᠪᠠᠷ ᠬᠢ ᠰᠠᠨᠠᠯ ᠰᠠᠨᠠᠭᠤᠯᠭ᠎ᠠ︔      2. ᠥᠷᠭᠡᠨ ᠤᠯᠠᠨ ᠲᠦᠮᠡᠨ ᠤ ᠠᠵᠢᠯ ᠠᠮᠢᠳᠤᠷᠠᠯ ᠤᠨ ᠳᠤᠮᠳᠠ ᠲᠤᠯᠭᠠᠷᠠᠭᠰᠠᠨ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠰᠢᠢᠳᠪᠦᠷᠢᠯᠡᠬᠦ ᠴᠢᠬᠤᠯᠠᠲᠠᠶ ᠲᠤᠪᠤᠶᠢᠮ᠎ᠠ ᠠᠰᠠᠭᠤᠳᠠᠯ ᠪᠠ ᠬᠠᠯᠠᠭᠤᠨ ᠴᠡᠭ ᠤᠨ ᠲᠦᠪᠡᠭᠲᠡᠶ ᠠᠰᠠᠭᠤᠳᠠᠯ᠃      ᠬᠤᠶᠠᠷ᠂ ᠡᠯᠰᠡᠬᠦ ᠠᠷᠭ᠎ᠠ ᠮᠠᠶ᠋ᠢᠭ      ᠨᠡᠶᠢᠭᠡᠮ ᠤᠨ ᠡᠯ᠎ᠡ ᠡᠲᠡᠭᠡᠳ ᠪᠠ ᠥᠷᠭᠡᠨ ᠣᠯᠠᠨ ᠲᠦᠮᠡᠨ ︽ᠢᠳᠬᠠᠯ ᠰᠠᠨᠠᠭᠤᠯᠭ᠎ᠠ ᠶᠢ ᠴᠢᠯᠥᠭᠡᠲᠡᠶ ᠭᠥᠯᠢᠶᠡᠨ ᠠᠪᠬᠤ︾ ᠠᠷᠭ᠎ᠠ ᠵᠠᠮ ᠢ ᠠᠰᠢᠭᠯᠠᠨ᠂ ᠤᠲᠠᠰᠤ ᠠᠪᠬᠤ᠂ ᠲᠤᠬᠠᠶ ᠶᠢᠨ ᠲᠠᠯᠠᠪᠤᠷ ᠲᠤ ᠭᠥᠯᠢᠶᠡᠨ ᠠᠪᠴᠤ ᠰᠢᠢᠳᠪᠦᠷᠢᠯᠡᠬᠦ ᠵᠡᠷᠭᠡ ᠠᠷᠭ᠎ᠠ ᠮᠠᠶ᠋ᠢᠭ ᠢᠶᠠᠷ ᠰᠠᠨᠠᠯ ᠰᠠᠨᠠᠭᠤᠯᠭ᠎ᠠ ᠳᠤᠷᠠᠳᠴᠤ ᠪᠣᠯᠤᠨ᠎ᠠ᠃      1. ︽ᠡᠭᠦᠳᠡ ᠪᠠᠨ ᠨᠡᠭᠡᠭᠡᠵᠦ ᠢᠳᠬᠠᠯ ᠬᠦᠯᠢᠶᠡᠨ ᠠᠪᠬᠤ︾ ᠶᠢᠨ ᠡᠯᠰᠡᠬᠦ ᠤᠲᠠᠰᠤ᠄ 0471 ᡺ 3816606
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号