ᠢᠷᠭᠡᠨ ᠤ ᠬᠠᠤᠯᠢ ᠶᠢᠨ ᠪᠢᠴᠢᠭ ᠤᠨ ᠪᠣᠳᠠᠰ ᠤᠨ ᠡᠷᠬᠡ ᠶᠢᠨ ᠠᠩᠬᠢ ᠶᠢᠨ ᠬᠠᠤᠯᠢ ᠴᠠᠭᠠᠵᠠ ᠶᠢᠨ ᠲᠠᠶᠢᠯᠪᠤᠷᠢᠯᠠᠯᠲᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠵᠠ ᠪᠢᠴᠢᠭ︾ ᠤᠨ ᠪᠣᠳᠠᠰ ᠤᠨ ᠡᠷᠬᠡ ᠶᠢᠨ ᠠᠩᠬᠢ ᠶᠢ ᠬᠡᠷᠡᠭᠯᠡᠬᠦ ᠲᠤᠬᠠᠶ ᠠᠷᠠᠳ ᠤᠨ ᠳᠡᠭᠡᠳᠦ ᠰᠢᠭᠦᠬᠦ ᠬᠤᠷᠢᠶᠠᠨ ᠤ ᠲᠠᠶᠢᠯᠪᠤᠷᠢᠯᠠᠯᠲᠠ ︵ᠨᠢᠭᠡ︶
ᠨᠡᠶᠢᠲᠡᠯᠡᠭᠰᠡᠨ ᠴᠠᠭ᠄
2021/6/10
     ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠤᠨ ᠪᠣᠳᠠᠰ ᠤᠨ ᠡᠷᠬᠡ ᠶᠢᠨ ᠠᠩᠬᠢ ᠶᠢ ᠬᠡᠷᠡᠭᠯᠡᠬᠦ ᠲᠤᠬᠠᠶ ᠠᠷᠠᠳ ᠤᠨ ᠳᠡᠭᠡᠳᠦ ᠰᠢᠭᠦᠬᠦ ᠬᠤᠷᠢᠶᠠᠨ ᠤ ᠲᠠᠶᠢᠯᠪᠤᠷᠢᠯᠠᠯᠲᠠ ︵ᠨᠢᠭᠡ︶ ︵2020 ᠣᠨ ᠤ 12 ᠳ᠋ᠤᠭᠠᠷ ᠰᠠᠷ᠎ᠠ ᠶᠢᠨ 25 ᠤ ᠡᠳᠦᠷ ᠠᠷᠠᠳ ᠤᠨ ᠳᠡᠭᠡᠳᠦ ᠰᠢᠭᠦᠬᠦ ᠬᠤᠷᠢᠶᠠᠨ ᠤ ᠰᠢᠭᠦᠨ ᠲᠠᠰᠤᠯᠬᠤ ᠺᠣᠮᠢᠰ ᠤᠨ 1825 ᠳ᠋ᠤᠭᠠᠷ ᠬᠤᠷᠠᠯᠳᠤᠭᠠᠨ ᠠᠴᠠ ᠪᠠᠲᠤᠯᠠᠪᠠ᠂ 2021 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ︶        ᠪᠣᠳᠠᠰ ᠤᠨ ᠡᠷᠬᠡ ᠶᠢᠨ ᠵᠢᠭᠤᠷᠠᠯᠳᠤᠭᠠᠨ ᠤ ᠬᠡᠷᠡᠭ ᠢ ᠵᠥᠪ ᠰᠢᠭᠦᠬᠦ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠢ ᠦᠨᠳᠦᠰᠦᠯᠡᠨ᠂ ᠰᠢᠭᠦᠨ ᠲᠠᠰᠤᠯᠤᠯᠲᠠ ᠶᠢᠨ ᠦᠢᠯᠡᠳᠦᠯᠭᠡ ᠲᠠᠢ ᠤᠶᠠᠯᠳᠤᠭᠤᠯᠤᠨ᠂ ᠲᠤᠰ ᠲᠠᠶᠢᠯᠪᠤᠷᠢᠯᠠᠯᠲᠠ ᠶᠢ ᠲᠣᠭᠲᠠᠭᠠᠪᠠ᠃ ᠨᠢᠭᠡᠳᠦᠭᠡᠷ ᠵᠦᠢᠯ᠂ ᠦᠯᠦ ᠬᠥᠳᠡᠯᠬᠦ ᠬᠦᠷᠦᠩᠭᠡ ᠶᠢᠨ ᠪᠣᠳᠠᠰ ᠤᠨ ᠡᠷᠬᠡ ᠶᠢᠨ ᠬᠠᠷᠢᠶᠠᠯᠠᠯ ᠵᠢᠴᠢ ᠦᠯᠦ ᠬᠥᠳᠡᠯᠬᠦ ᠬᠦᠷᠦᠩᠭᠡ ᠶᠢᠨ ᠪᠣᠳᠠᠰ ᠤᠨ ᠡᠷᠬᠡ ᠶᠢᠨ ᠲᠠᠩᠰᠠᠯᠠᠯᠳᠠ ᠶᠢᠨ ᠰᠠᠭᠤᠷᠢ ᠪᠣᠯᠬᠤ ᠬᠤᠳᠠᠯᠳᠤᠭᠠᠯᠠᠬᠤ᠂ ᠪᠡᠯᠡᠭᠯᠡᠬᠦ᠂ ᠪᠠᠷᠢᠴᠠᠭᠠᠯᠠᠬᠤ ᠵᠡᠷᠭᠡ ᠠᠴᠠ ᠪᠤᠯᠵᠤ ᠮᠠᠷᠭᠤᠭᠠᠨ ᠡᠭᠦᠰᠴᠦ᠂ ᠲᠤᠬᠠᠶ ᠶᠢᠨ ᠬᠥᠮᠦᠨ ᠢᠷᠭᠡᠨ ᠤ ᠵᠠᠷᠭᠤ ᠬᠢᠭᠰᠡᠨ ᠪᠠᠶᠢᠪᠠᠯ᠂ ᠬᠠᠤᠯᠢ ᠶᠣᠰᠣᠭᠠᠷ ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠶ᠃ ᠲᠤᠬᠠᠶ ᠶᠢᠨ ᠬᠥᠮᠦᠨ ᠨᠢ ᠵᠠᠰᠠᠭ ᠵᠠᠬᠢᠷᠭᠠᠨ ᠤ ᠵᠠᠷᠭᠤ ᠶᠢᠨ ᠳᠤᠮᠳᠠ ᠳᠡᠭᠡᠷ᠎ᠡ ᠳᠤᠷᠠᠳᠤᠭᠰᠠᠨ ᠢᠷᠭᠡᠨ ᠤ ᠬᠡᠷᠡᠭ ᠤᠨ ᠮᠠᠷᠭᠤᠯᠳᠤᠭᠠᠨ ᠢ ᠬᠠᠮᠲᠤ ᠳᠤᠨᠢ ᠰᠢᠢᠳᠪᠦᠷᠢᠯᠡᠭᠦᠯᠬᠦ ᠪᠠᠷ ᠨᠢᠭᠡᠨᠲᠡ ᠭᠤᠶᠤᠴᠢᠯᠠᠭᠰᠠᠨ ᠪᠥᠭᠡᠳ ᠠᠷᠠᠳ ᠤᠨ ᠰᠢᠭᠦᠬᠦ ᠬᠤᠷᠢᠶ᠎ᠠ ᠬᠠᠮᠲᠤ ᠳᠤᠨᠢ ᠰᠢᠭᠦᠭᠰᠡᠨ ᠪᠠᠶᠢᠪᠠᠯ ᠡᠭᠦᠨ ᠳᠤ ᠪᠠᠭᠲᠠᠬᠤ ᠦᠭᠡᠢ᠃ᠬᠤᠶᠠᠳᠤᠭᠠᠷ ᠵᠦᠢᠯ᠂ ᠲᠤᠬᠠᠶ ᠶᠢᠨ ᠬᠥᠮᠦᠨ ᠳᠤ ᠦᠯᠦ ᠬᠥᠳᠡᠯᠬᠦ ᠬᠦᠷᠦᠩᠭᠡ ᠶᠢᠨ ᠲᠠᠩᠰᠠᠯᠠᠯᠳᠠ ᠶᠢᠨ ᠳᠡᠪᠲᠡᠷ ᠤᠨ ᠲᠡᠮᠳᠡᠭᠯᠡᠯ ᠨᠢ ᠦᠨᠡᠨ ᠪᠣᠳᠠᠲᠠᠶ ᠡᠷᠬᠡ ᠶᠢᠨ ᠪᠠᠶᠢᠳᠠᠯ ᠲᠠᠢ ᠨᠡᠶᠢᠴᠡᠬᠦ ᠦᠭᠡᠢ ᠪᠠᠶᠢᠬᠤ ᠶᠢ ᠭᠡᠷᠡᠴᠢᠯᠡᠬᠦ ᠭᠡᠷᠡᠴᠢ ᠪᠠᠷᠢᠮᠲᠠ ᠲᠠᠢ ᠪᠠᠶᠢᠵᠤ᠂ ᠲᠡᠷᠡ ᠨᠢ ᠲᠤᠰ ᠦᠯᠦ ᠬᠥᠳᠡᠯᠬᠦ ᠬᠦᠷᠦᠩᠭᠡ ᠶᠢᠨ ᠪᠣᠳᠠᠰ ᠤᠨ ᠡᠷᠬᠡ ᠶᠢᠨ ᠦᠨᠡᠨ ᠪᠣᠳᠠᠲᠠᠶ ᠡᠷᠬᠡᠲᠦ ᠬᠥᠮᠦᠨ ᠪᠠᠶᠢᠵᠤ᠂ ᠲᠡᠭᠦᠨ ᠤ ᠡᠳ᠋ᠯᠡᠬᠦ ᠪᠣᠳᠠᠰ ᠤᠨ ᠡᠷᠬᠡ ᠶᠢ ᠨᠤᠲᠠᠯᠠᠭᠤᠯᠬᠤ ᠪᠠᠷ ᠭᠤᠶᠤᠴᠢᠯᠠᠭᠰᠠᠨ ᠪᠠᠶᠢᠪᠠᠯ ᠂ ᠳᠡᠮᠵᠢᠬᠦ ᠬᠡᠷᠡᠭᠲᠡᠶ᠃ ᠭᠤᠷᠪᠠᠳᠤᠭᠠᠷ ᠵᠦᠢᠯ᠂ ᠣᠨᠳᠣᠣ ᠰᠠᠨᠠᠯ ᠤᠨ ᠲᠠᠩᠰᠠᠯᠠᠯᠳᠠ ᠨᠢ ᠢᠷᠭᠡᠨ ᠤ ᠬᠠᠤᠯᠢ ᠶᠢᠨ ᠪᠢᠴᠢᠭ ᠤᠨ ᠬᠤᠶᠠᠷ ᠵᠠᠭᠤ ᠬᠤᠷᠢᠳᠤᠭᠠᠷ ᠵᠦᠢᠯ ᠤᠨ ᠬᠤᠶᠠᠳᠤᠭᠠᠷ ᠪᠠᠳᠠᠭ ᠲᠤ ᠲᠣᠭᠲᠠᠭᠠᠭᠰᠠᠨ ᠤᠴᠢᠷ ᠰᠢᠯᠲᠠᠭᠠᠨ ᠠᠴᠠ ᠪᠤᠯᠵᠤ ᠬᠦᠴᠦᠨ ᠦᠭᠡᠢ ᠪᠣᠯᠤᠭᠰᠠᠨ ᠤ ᠲᠠᠷᠠᠭ᠎ᠠ᠂ ᠲᠤᠬᠠᠶ ᠶᠢᠨ ᠬᠥᠮᠦᠨ ᠨᠢ ᠢᠷᠭᠡᠨ ᠤ ᠵᠠᠷᠭᠤ ᠳᠤᠷᠠᠳᠴᠤ᠂ ᠪᠣᠳᠠᠰ ᠤᠨ ᠡᠷᠬᠡ ᠶᠢᠨ ᠬᠠᠷᠢᠶᠠᠯᠠᠯ ᠢ ᠨᠤᠲᠠᠯᠠᠭᠤᠯᠬᠤ ᠪᠠᠷ ᠭᠤᠶᠤᠴᠢᠯᠠᠭᠰᠠᠨ ᠪᠠᠶᠢᠪᠠᠯ᠂ ᠬᠠᠤᠯᠢ ᠶᠣᠰᠣᠭᠠᠷ ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠶ᠃ ᠣᠨᠳᠣᠣ ᠰᠠᠨᠠᠯ ᠤᠨ ᠲᠠᠩᠰᠠᠯᠠᠯᠳᠠ ᠶᠢᠨ ᠬᠦᠴᠦᠨ ᠦᠭᠡᠢ ᠪᠣᠯᠬᠤ ᠨᠢ ᠠᠷᠠᠳ ᠤᠨ ᠰᠢᠭᠦᠬᠦ ᠬᠤᠷᠢᠶᠠᠨ ᠤ ᠬᠡᠷᠡᠭ ᠤᠨ ᠪᠣᠳᠠᠲᠤ ᠴᠣᠭᠴᠠ ᠶᠢᠨ ᠰᠢᠭᠦᠯᠲᠡ ᠶᠢ ᠨᠥᠯᠥᠭᠡᠯᠡᠬᠦ ᠦᠭᠡᠢ᠃ ᠳᠥᠷᠪᠡᠳᠦᠭᠡᠷ ᠵᠦᠢᠯ᠂ ᠤᠷᠢᠳᠴᠢᠯᠠᠨ ᠮᠡᠳᠡᠭᠳᠡᠵᠦ ᠳᠠᠩᠰᠠᠯᠠᠭᠤᠯᠤᠭᠰᠠᠨ ᠡᠷᠬᠡᠲᠦ ᠬᠥᠮᠦᠨ ᠢᠶᠠᠷ ᠵᠥᠪᠰᠢᠶᠡᠷᠡᠭᠦᠯᠦᠭᠰᠡᠨ ᠦᠭᠡᠢ ᠪᠠᠷ ᠦᠯᠦ ᠬᠥᠳᠡᠯᠬᠦ ᠬᠦᠷᠦᠩᠭᠡ ᠶᠢᠨ ᠥᠮᠴᠢᠯᠡᠯ ᠤᠨ ᠡᠷᠬᠡ ᠵᠡᠷᠭᠡ ᠪᠣᠳᠠᠰ ᠤᠨ ᠡᠷᠬᠡ ᠶᠢ ᠰᠢᠯᠵᠢᠭᠦᠯᠦᠨ ᠥᠭᠭᠦᠭᠰᠡᠨ᠂ ᠡᠰᠡᠬᠦᠯ᠎ᠡ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠂ ᠣᠷᠣᠰᠢᠨ ᠰᠠᠭᠤᠬᠤ ᠡᠷᠬᠡ᠂ ᠭᠠᠵᠠᠷ ᠤᠨ ᠬᠥᠷᠥᠰᠥ ᠠᠰᠢᠭᠯᠠᠬᠤ ᠡᠷᠬᠡ᠂ ᠪᠠᠷᠢᠴᠠᠭᠠᠨ ᠤ ᠡᠷᠬᠡ ᠵᠡᠷᠭᠡ ᠪᠤᠰᠤᠳ ᠪᠣᠳᠠᠰ ᠤᠨ ᠡᠷᠬᠡ ᠶᠢ ᠲᠣᠭᠲᠠᠭᠠᠭᠰᠠᠨ ᠪᠠᠶᠢᠪᠠᠯ᠂ ᠢᠷᠭᠡᠨ ᠤ ᠬᠠᠤᠯᠢ ᠶᠢᠨ ᠪᠢᠴᠢᠭ ᠤᠨ ᠬᠤᠶᠠᠷ ᠵᠠᠭᠤ ᠬᠤᠷᠢᠨ ᠨᠢᠭᠡᠳᠦᠭᠡᠷ ᠵᠦᠢᠯ ᠤᠨ ᠨᠢᠭᠡᠳᠦᠭᠡᠷ ᠪᠠᠳᠠᠭ ᠤᠨ ᠲᠣᠭᠲᠠᠭᠠᠯ ᠶᠣᠰᠣᠭᠠᠷ ᠲᠡᠭᠦᠨ ᠢ ᠪᠣᠳᠠᠰ ᠤᠨ ᠡᠷᠬᠡ ᠶᠢᠨ ᠬᠦᠴᠦᠨ ᠡᠭᠦᠰᠬᠦ ᠦᠭᠡᠢ ᠪᠠᠷ ᠮᠠᠭᠠᠳᠯᠠᠨ ᠲᠣᠭᠲᠠᠭᠠᠬᠤ ᠬᠡᠷᠡᠭᠲᠡᠶ᠃ ᠲᠠᠪᠤᠳᠤᠭᠠᠷ ᠵᠦᠢᠯ᠂ ᠤᠷᠢᠳᠴᠢᠯᠠᠨ ᠮᠡᠳᠡᠭᠳᠡᠵᠦ ᠳᠠᠩᠰᠠᠯᠠᠭᠤᠯᠤᠭᠰᠠᠨ ᠦᠯᠦ ᠬᠥᠳᠡᠯᠬᠦ ᠬᠦᠷᠦᠩᠭᠡ ᠶᠢᠨ ᠪᠣᠳᠠᠰ ᠤᠨ ᠡᠷᠬᠡ ᠶᠢ ᠬᠤᠳᠠᠯᠳᠤᠭᠠᠯᠠᠬᠤ ᠬᠡᠯᠡᠯᠴᠡᠭᠡᠷ ᠨᠢ ᠬᠦᠴᠦᠨ ᠦᠭᠡᠢ᠂ ᠬᠦᠴᠦᠨ ᠦᠭᠡᠢ ᠪᠣᠯᠭᠠᠭᠳᠠᠭᠰᠠᠨ ᠢᠶᠠᠷ ᠮᠠᠭᠠᠳᠯᠠᠨ ᠲᠣᠭᠳᠠᠭᠠᠭᠳᠠᠭᠰᠠᠨ ᠪᠤᠶᠤ ᠤᠷᠢᠳᠴᠢᠯᠠᠨ ᠮᠡᠳᠡᠭᠳᠡᠵᠦ ᠳᠠᠩᠰᠠᠯᠠᠭᠤᠯᠤᠭᠰᠠᠨ ᠡᠷᠬᠡᠲᠦ ᠬᠥᠮᠦᠨ ᠨᠢ ᠠᠪᠴᠠᠭᠠᠨ ᠤ ᠡᠷᠬᠡ ᠪᠠᠨ ᠬᠠᠶᠠᠭᠰᠠᠨ ᠪᠠᠶᠢᠪᠠᠯ᠂ ᠢᠷᠭᠡᠨ ᠤ ᠬᠠᠤᠯᠢ ᠶᠢᠨ ᠪᠢᠴᠢᠭ ᠤᠨ ᠬᠤᠶᠠᠷ ᠵᠠᠭᠤ ᠬᠤᠷᠢᠨ ᠨᠢᠭᠡᠳᠦᠭᠡᠷ ᠵᠦᠢᠯ ᠤᠨ ᠬᠤᠶᠠᠳᠤᠭᠠᠷ ᠪᠠᠳᠠᠭ ᠲᠤ ᠬᠡᠯᠡᠵᠦ ᠪᠠᠶᠢᠭ᠎ᠠ ︽ᠠᠪᠴᠠᠭᠠᠨ ᠤ ᠡᠷᠬᠡ ᠤᠰᠠᠳᠤᠭᠰᠠᠨ︾ ᠢᠶᠠᠷ ᠮᠠᠭᠠᠳᠯᠠᠨ ᠲᠣᠭᠲᠠᠭᠠᠬᠤ ᠬᠡᠷᠡᠭᠲᠡᠶ᠃ ᠵᠢᠷᠭᠤᠳᠤᠭᠠᠷ ᠵᠦᠢᠯ᠂ ᠰᠢᠯᠵᠢᠭᠦᠯᠦᠨ ᠥᠭᠭᠦᠭᠴᠢ ᠣᠩᠭᠤᠴᠠ ᠰᠠᠯ᠂ ᠠᠭᠠᠷ ᠤᠨ ᠨᠢᠰᠦᠭᠦᠷ ᠪᠠ ᠮᠠᠰᠢᠨᠲᠤ ᠲᠡᠷᠭᠡ ᠵᠡᠷᠭᠡ ᠶᠢᠨ ᠥᠮᠴᠢᠯᠡᠯ ᠤᠨ ᠡᠷᠬᠡ ᠪᠠᠨ ᠰᠢᠯᠵᠢᠭᠦᠯᠦᠨ ᠥᠭᠬᠦ ᠳᠤ᠂ ᠰᠢᠯᠵᠢᠭᠦᠯᠦᠨ ᠠᠪᠤᠭᠴᠢ ᠨᠢ ᠵᠦᠢ ᠵᠣᠬᠢᠰᠲᠠᠶ ᠦᠨ᠎ᠡ ᠶᠢᠨ ᠵᠣᠭᠤᠰ ᠢ ᠨᠢᠭᠡᠨᠲᠡ ᠲᠦᠯᠦᠭᠰᠡᠨ ᠪᠥᠭᠡᠳ ᠲᠡᠭᠦᠨ ᠢ ᠡᠵᠡᠮᠰᠢᠭᠡᠳ᠂ ᠬᠡᠳᠦ᠋ᠢᠪᠡᠷ ᠳᠠᠩᠰᠠᠯᠠᠭᠤᠯᠤᠭᠰᠠᠨ ᠦᠭᠡᠢ ᠪᠣᠯᠪᠠᠴᠤ ᠰᠢᠯᠵᠢᠭᠦᠯᠦᠨ ᠥᠭᠭᠦᠭᠴᠢ ᠶᠢᠨ ᠠᠪᠴᠠᠭᠠᠲᠠᠨ ᠨᠢ ᠲᠡᠭᠦᠨ ᠢ ᠢᠷᠭᠡᠨ ᠤ ᠬᠠᠤᠯᠢ ᠶᠢᠨ ᠪᠢᠴᠢᠭ ᠤᠨ ᠬᠤᠶᠠᠷ ᠵᠠᠭᠤ ᠬᠤᠷᠢᠨ ᠲᠠᠪᠤᠳᠤᠭᠠᠷ ᠵᠦᠢᠯ ᠳᠤ ᠬᠡᠯᠡᠵᠦ ᠪᠠᠶᠢᠭ᠎ᠠ ︽ᠰᠠᠶᠢᠨ ᠰᠠᠨᠠᠭᠠᠲᠤ ᠭᠤᠷᠪᠠᠳᠠᠬᠢ ᠬᠥᠮᠦᠨ︾ ᠭᠡᠵᠦ ᠵᠣᠷᠢᠭᠰᠠᠨ ᠪᠠᠶᠢᠪᠠᠯ᠂ ᠳᠡᠮᠵᠢᠬᠦ ᠦᠭᠡᠢ᠂ ᠬᠠᠤᠯᠢ ᠴᠠᠭᠠᠵᠠ ᠳᠤ ᠠᠰᠲᠠᠭᠠᠨ ᠲᠣᠭᠲᠠᠭᠠᠯ ᠲᠠᠢ ᠨᠢ ᠡᠭᠦᠨ ᠳᠤ ᠪᠠᠭᠲᠠᠬᠤ ᠦᠭᠡᠢ᠃ᠳᠣᠯᠣᠳᠤᠭᠠᠷ ᠵᠦᠢᠯ᠂ ᠠᠷᠠᠳ ᠤᠨ ᠰᠢᠭᠦᠬᠦ ᠬᠤᠷᠢᠶ᠎ᠠ᠂ ᠬᠥᠨᠳᠡᠯᠡᠨ ᠠᠴᠠ ᠲᠠᠰᠤᠯᠬᠤ ᠪᠠᠶᠢᠭᠤᠯᠤᠮᠵᠢ ᠠᠴᠠ ᠬᠠᠮᠲᠤ ᠪᠠᠷ ᠥᠮᠴᠢᠯᠡᠬᠦ ᠦᠯᠦ ᠬᠥᠳᠡᠯᠬᠦ ᠬᠦᠷᠦᠩᠭᠡ ᠪᠤᠶᠤ ᠬᠥᠳᠡᠯᠬᠦ ᠬᠦᠷᠦᠩᠭᠡ ᠶᠢ ᠰᠠᠯᠭᠠᠬᠤ ᠵᠡᠷᠭᠡ ᠬᠡᠷᠡᠭ ᠤᠨ ᠳᠤᠮᠳᠠ ᠭᠠᠷᠭᠠᠭᠰᠠᠨ ᠪᠥᠭᠡᠳ ᠬᠠᠤᠯᠢ ᠶᠣᠰᠣᠭᠠᠷ ᠬᠦᠴᠦᠨ ᠲᠠᠢ ᠪᠣᠯᠤᠭᠰᠠᠨ ᠤᠤᠯ ᠤᠨ ᠪᠣᠳᠠᠰ ᠤᠨ ᠡᠷᠬᠡ ᠶᠢᠨ ᠬᠠᠷᠢᠴᠠᠭ᠎ᠠ ᠶᠢ ᠬᠤᠪᠢᠷᠠᠭᠤᠯᠬᠤ ᠲᠠᠰᠤᠯᠤᠯᠳᠡ ᠶᠢᠨ ᠪᠢᠴᠢᠭ᠂ ᠲᠠᠰᠤᠯᠤᠯᠳᠡ ᠶᠢᠨ ᠪᠢᠴᠢᠭ᠂ ᠡᠶᠡᠳᠡᠭᠦᠯᠭᠡ ᠶᠢᠨ ᠪᠢᠴᠢᠭ᠂ ᠵᠢᠴᠢ ᠠᠷᠠᠳ ᠤᠨ ᠰᠢᠭᠦᠬᠦ ᠬᠤᠷᠢᠶᠠᠨ ᠤ ᠭᠦᠢᠴᠡᠳᠬᠡᠬᠦ ᠵᠢᠷᠤᠮ ᠤᠨ ᠳᠤᠮᠳᠠ ᠭᠠᠷᠭᠠᠭᠰᠠᠨ ᠦᠨ᠎ᠡ ᠬᠠᠶᠠᠵᠤ ᠬᠤᠳᠠᠯᠳᠤᠭᠠᠳ ᠪᠦᠲᠦᠭᠰᠡᠨ ᠲᠣᠭᠲᠠᠭᠠᠯᠲᠠ ᠶᠢᠨ ᠪᠢᠴᠢᠭ᠂ ᠬᠤᠪᠢᠷᠠᠭᠤᠯᠤᠨ ᠬᠤᠳᠠᠯᠳᠤᠭᠠᠳ ᠪᠦᠲᠦᠭᠰᠡᠨ ᠲᠣᠭᠲᠠᠭᠠᠯᠲᠠ ᠶᠢᠨ ᠪᠢᠴᠢᠭ᠂ ᠪᠣᠳᠠᠰ ᠢᠶᠠᠷ ᠥᠷᠢ ᠲᠦᠯᠦᠬᠦ ᠲᠣᠭᠲᠠᠭᠠᠯᠲᠠ ᠶᠢᠨ ᠪᠢᠴᠢᠭ ᠢ ᠢᠷᠭᠡᠨ ᠤ ᠬᠠᠤᠯᠢ ᠶᠢᠨ ᠪᠢᠴᠢᠭ ᠤᠨ ᠬᠤᠶᠠᠷ ᠵᠠᠭᠤ ᠬᠤᠷᠢ ᠶᠢᠰᠦᠳᠦᠭᠡᠷ ᠵᠦᠢᠯ ᠳᠤ ᠬᠡᠯᠡᠵᠦ ᠪᠠᠶᠢᠭ᠎ᠠ ᠪᠣᠳᠠᠰ ᠤᠨ ᠡᠷᠬᠡ ᠶᠢ ᠲᠣᠭᠲᠠᠭᠠᠬᠤ᠂ ᠬᠤᠪᠢᠷᠠᠭᠤᠯᠬᠤ᠂ ᠰᠢᠯᠵᠢᠭᠦᠯᠦᠨ ᠥᠭᠬᠦ ᠪᠤᠶᠤ ᠤᠰᠠᠳᠬᠠᠬᠤ ᠳᠤ ᠬᠦᠷᠦᠭᠦᠯᠦᠭᠰᠡᠨ ᠠᠷᠠᠳ ᠤᠨ ᠰᠢᠭᠦᠬᠦ ᠬᠤᠷᠢᠶ᠎ᠠ᠂ ᠬᠥᠨᠳᠡᠯᠡᠨ ᠠᠴᠠ ᠲᠠᠰᠤᠯᠬᠤ ᠪᠠᠶᠢᠭᠤᠯᠤᠮᠵᠢ ᠶᠢᠨ ᠬᠠᠤᠯᠢ ᠴᠠᠭᠠᠵᠠ ᠶᠢᠨ ᠪᠢᠴᠢᠭ ᠬᠠᠷ᠎ᠠ ᠪᠠᠷ ᠮᠠᠭᠠᠳᠯᠠᠨ ᠲᠣᠭᠲᠠᠭᠠᠬᠤ ᠬᠡᠷᠡᠭᠲᠡᠶ᠃ᠨᠠᠢᠮᠠᠳᠤᠭᠠᠷ ᠵᠦᠢᠯ᠂ ᠢᠷᠭᠡᠨ ᠤ ᠬᠠᠤᠯᠢ ᠶᠢᠨ ᠪᠢᠴᠢᠭ ᠤᠨ ᠬᠤᠶᠠᠷ ᠵᠠᠭᠤ ᠬᠤᠷᠢ ᠶᠢᠰᠦᠳᠦᠭᠡᠷ ᠵᠦᠢᠯ ᠠᠴᠠ ᠬᠤᠶᠠᠷ ᠵᠠᠭᠤ ᠭᠤᠴᠢᠨ ᠨᠢᠭᠡᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠨ ᠪᠣᠳᠠᠰ ᠤᠨ ᠡᠷᠬᠡ ᠶᠢ ᠡᠳ᠋ᠯᠡᠬᠦ ᠪᠣᠯᠪᠠᠴᠤ ᠬᠥᠳᠡᠯᠬᠦ ᠬᠦᠷᠦᠩᠭᠡ ᠶᠢ ᠲᠤᠰᠢᠶᠠᠨ ᠥᠭᠬᠦ ᠪᠤᠶᠤ ᠦᠯᠦ ᠬᠥᠳᠡᠯᠬᠦ ᠬᠦᠷᠦᠩᠭᠡ ᠶᠢ ᠳᠠᠩᠰᠠᠯᠠᠭᠤᠯᠬᠤ ᠶᠢ ᠬᠠᠷᠠᠬᠠᠨ ᠪᠡᠶᠡᠯᠡᠭᠦᠯᠦᠭᠡᠳᠦᠶ ᠡᠷᠬᠡᠲᠦ ᠬᠥᠮᠦᠨ ᠢᠷᠭᠡᠨ ᠤ ᠬᠠᠤᠯᠢ ᠶᠢᠨ ᠪᠢᠴᠢᠭ ᠤᠨ ᠬᠤᠶᠠᠷ ᠵᠠᠭᠤ ᠭᠤᠴᠢᠨ ᠲᠠᠪᠤᠳᠤᠭᠠᠷ ᠵᠦᠢᠯ ᠠᠴᠠ ᠬᠤᠶᠠᠷ ᠵᠠᠭᠤ ᠭᠤᠴᠢᠨ ᠨᠠᠢᠮᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠪᠣᠳᠠᠰ ᠤᠨ ᠡᠷᠬᠡ ᠪᠠᠨ ᠬᠠᠮᠠᠭᠠᠯᠠᠭᠤᠯᠬᠤ ᠪᠠᠷ ᠭᠤᠶᠤᠴᠢᠯᠠᠭᠰᠠᠨ ᠪᠠᠶᠢᠪᠠᠯ᠂ ᠳᠡᠮᠵᠢᠬᠦ ᠬᠡᠷᠡᠭᠲᠡᠶ᠃ ᠶᠢᠰᠦᠳᠦᠭᠡᠷ ᠵᠦᠢᠯ᠂ ᠬᠠᠮᠲᠤ ᠪᠠᠷ ᠥᠮᠴᠢᠯᠡᠬᠦ ᠬᠤᠪᠢ ᠶᠢᠨ ᠲᠣᠭᠠᠨ ᠤ ᠡᠷᠬᠡ ᠶᠢᠨ ᠪᠡᠶᠡᠴᠢ ᠴᠣᠭᠴᠠ ᠨᠢ ᠥᠪ ᠵᠠᠯᠭᠠᠮᠵᠢᠯᠠᠬᠤ᠂ ᠭᠡᠷᠢᠶᠡᠰᠯᠡᠨ ᠬᠦᠷᠭᠡᠬᠦ ᠵᠡᠷᠭᠡ ᠰᠢᠯᠲᠠᠭᠠᠨ ᠠᠴᠠ ᠪᠤᠯᠵᠤ ᠬᠤᠪᠢᠷᠠᠯᠲᠠ ᠭᠠᠷᠬᠤ ᠦᠶ᠎ᠡ ᠳᠤ᠂ ᠬᠤᠪᠢᠳᠠᠭᠰᠠᠨ ᠪᠤᠰᠤᠳ ᠬᠠᠮᠲᠤ ᠪᠠᠷ ᠥᠮᠴᠢᠯᠡᠭᠴᠢ ᠨᠢ ᠤᠷᠢᠳᠠᠪᠠᠷ ᠬᠤᠳᠠᠯᠳᠤᠨ ᠠᠪᠬᠤ ᠪᠠᠷ ᠵᠣᠷᠢᠭᠰᠠᠨ ᠪᠠᠶᠢᠪᠠᠯ᠂ ᠳᠡᠮᠵᠢᠬᠦ ᠦᠭᠡᠢ᠂ ᠭᠡᠪᠡᠴᠦ ᠬᠤᠪᠢᠳᠠᠭᠰᠠᠨ ᠬᠠᠮᠲᠤ ᠪᠠᠷ ᠥᠮᠴᠢᠯᠡᠭᠴᠢ ᠶᠢᠨ ᠬᠤᠭᠤᠷᠣᠨᠳᠣ ᠠᠰᠲᠠᠭᠠᠨ ᠪᠣᠯᠵᠣᠯ ᠲᠠᠢ ᠪᠠᠶᠢᠪᠠᠯ ᠡᠭᠦᠨ ᠳᠤ ᠪᠠᠭᠲᠠᠬᠤ ᠦᠭᠡᠢ᠃ᠠᠷᠪᠠᠳᠤᠭᠠᠷ ᠵᠦᠢᠯ᠂ ᠢᠷᠭᠡᠨ ᠤ ᠬᠠᠤᠯᠢ ᠶᠢᠨ ᠪᠢᠴᠢᠭ ᠤᠨ ᠭᠤᠷᠪᠠᠨ ᠵᠠᠭᠤ ᠲᠠᠪᠤᠳᠤᠭᠠᠷ ᠵᠦᠢᠯ ᠳᠤ ᠬᠡᠯᠡᠵᠦ ᠪᠠᠶᠢᠭ᠎ᠠ ︽ᠠᠳᠠᠯᠢ ᠨᠥᠬᠦᠴᠡᠯ︾ ᠭᠡᠳᠡᠭ ᠢ ᠬᠠᠮᠲᠤ ᠪᠠᠷ ᠥᠮᠴᠢᠯᠡᠬᠦ ᠬᠤᠪᠢ ᠶᠢᠨ ᠲᠣᠭᠠᠨ ᠤ ᠰᠢᠯᠵᠢᠭᠦᠯᠦᠨ ᠥᠭᠬᠦ ᠦᠨ᠎ᠡ᠂ ᠦᠨ᠎ᠡ ᠶᠢᠨ ᠵᠣᠭᠤᠰ ᠢ ᠭᠦᠢᠴᠡᠳᠬᠡᠬᠦ ᠠᠷᠭ᠎ᠠ ᠮᠠᠶ᠋ᠢᠭ ᠵᠢᠴᠢ ᠬᠤᠭᠤᠴᠠᠭ᠎ᠠ ᠬᠢᠵᠠᠭᠠᠷ ᠵᠡᠷᠭᠡ ᠬᠦᠴᠦᠨ ᠵᠦᠢᠯ ᠢ ᠶᠡᠷᠦᠩᠬᠡᠶᠢᠯᠡᠨ ᠲᠣᠭᠲᠠᠭᠠᠬᠤ ᠬᠡᠷᠡᠭᠲᠡᠶ᠃ᠠᠷᠪᠠᠨ ᠨᠢᠭᠡᠳᠦᠭᠡᠷ ᠵᠦᠢᠯ᠂ ᠤᠷᠢᠳᠠᠪᠠᠷ ᠬᠤᠳᠠᠯᠳᠤᠨ ᠠᠪᠬᠤ ᠡᠷᠬᠡ ᠶᠢ ᠬᠡᠷᠡᠭᠵᠢᠭᠦᠯᠬᠦ ᠬᠤᠭᠤᠴᠠᠭᠠᠨ ᠳᠤ ᠬᠤᠪᠢᠳᠠᠭᠰᠠᠨ ᠬᠠᠮᠲᠤ ᠪᠠᠷ ᠥᠮᠴᠢᠯᠡᠭᠴᠢᠳ ᠤᠨ ᠬᠤᠭᠤᠷᠣᠨᠳᠣ ᠪᠠᠨ ᠪᠣᠯᠵᠣᠯ ᠲᠠᠢ ᠪᠠᠶᠢᠪᠠᠯ᠂ ᠪᠣᠯᠵᠣᠯ ᠶᠣᠰᠣᠭᠠᠷ ᠰᠢᠢᠳᠪᠦᠷᠢᠯᠡᠨ᠎ᠡ︔ ᠪᠣᠯᠵᠣᠯ ᠦᠭᠡᠢ ᠪᠤᠶᠤ ᠪᠣᠯᠵᠣᠯ ᠨᠢ ᠲᠣᠳᠣᠷᠬᠠᠶ ᠦᠭᠡᠢ ᠪᠠᠶᠢᠪᠠᠯ᠂ ᠳᠣᠣᠷ᠎ᠠ ᠵᠢᠭᠰᠠᠭᠠᠭᠰᠠᠨ ᠪᠠᠶᠢᠳᠠᠯ ᠢ ᠦᠨᠳᠦᠰᠦᠯᠡᠨ ᠲᠣᠭᠲᠠᠭᠠᠨ᠎ᠠ᠄ ︵ᠨᠢᠭᠡ︶ ᠰᠢᠯᠵᠢᠭᠦᠯᠦᠨ ᠥᠭᠭᠦᠭᠴᠢ ᠠᠴᠠ ᠪᠤᠰᠤᠳ ᠬᠤᠪᠢᠳᠠᠭᠰᠠᠨ ᠬᠠᠮᠲᠤ ᠪᠠᠷ ᠥᠮᠴᠢᠯᠡᠭᠴᠢ ᠳᠤ ᠶᠠᠪᠤᠭᠤᠯᠤᠭᠰᠠᠨ ᠠᠳᠠᠯᠢ ᠨᠥᠬᠦᠴᠡᠯ ᠤᠨ ᠠᠭᠤᠯᠭ᠎ᠠ ᠶᠢ ᠪᠠᠭᠲᠠᠭᠠᠭᠰᠠᠨ ᠮᠡᠳᠡᠭᠳᠡᠯ ᠳᠤ ᠬᠡᠷᠡᠭᠵᠢᠭᠦᠯᠬᠦ ᠬᠤᠭᠤᠴᠠᠭ᠎ᠠ ᠶᠢ ᠲᠣᠳᠣᠷᠬᠠᠶ ᠲᠡᠮᠳᠡᠭᠯᠡᠭᠰᠡᠨ ᠪᠠᠶᠢᠪᠠᠯ᠂ ᠲᠤᠰ ᠬᠤᠭᠤᠴᠠᠭ᠎ᠠ ᠪᠠᠷ ᠪᠠᠷᠢᠮᠵᠢᠶ᠎ᠠ ᠪᠣᠯᠭᠠᠨ᠎ᠠ︔ ︵ᠬᠤᠶᠠᠷ︶ ᠮᠡᠳᠡᠭᠳᠡᠯ ᠳᠤ ᠬᠡᠷᠡᠭᠵᠢᠭᠦᠯᠬᠦ ᠬᠤᠭᠤᠴᠠᠭ᠎ᠠ ᠶᠢ ᠲᠣᠳᠣᠷᠬᠠᠶ ᠲᠡᠮᠳᠡᠭᠯᠡᠭᠰᠡᠨ ᠦᠭᠡᠢ ᠪᠤᠶᠤ ᠲᠣᠳᠣᠷᠬᠠᠶ ᠲᠡᠮᠳᠡᠭᠯᠡᠭᠰᠡᠨ ᠬᠤᠭᠤᠴᠠᠭ᠎ᠠ ᠨᠢ ᠮᠡᠳᠡᠭᠳᠡᠯ ᠢ ᠬᠦᠷᠭᠡᠵᠦ ᠥᠭᠭᠦᠭᠰᠡᠨ ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠠᠴᠠ ᠣᠬᠤᠷ ᠪᠠᠶᠢᠪᠠᠯ᠂ ᠠᠷᠪᠠᠨ ᠲᠠᠪᠤᠨ ᠡᠳᠦᠷ ᠢᠶᠠᠷ ᠪᠤᠳᠤᠨ᠎ᠠ︔ ︵ᠭᠤᠷᠪᠠ︶ ᠰᠢᠯᠵᠢᠭᠦᠯᠦᠨ ᠥᠭᠭᠦᠭᠴᠢ ᠨᠢ ᠮᠡᠳᠡᠭᠳᠡᠭᠰᠡᠨ ᠦᠭᠡᠢ ᠪᠠᠶᠢᠪᠠᠯ᠂ ᠬᠤᠪᠢᠳᠠᠭᠰᠠᠨ ᠪᠤᠰᠤᠳ ᠬᠠᠮᠲᠤ ᠪᠠᠷ ᠥᠮᠴᠢᠯᠡᠭᠴᠢ ᠶᠢᠨ ᠬᠠᠮᠤᠭ ᠡᠴᠦᠰ ᠤᠨ ᠲᠣᠭᠲᠠᠭᠠᠭᠰᠠᠨ ᠠᠳᠠᠯᠢ ᠨᠥᠬᠦᠴᠡᠯ ᠢ ᠮᠡᠳᠡᠭᠰᠡᠨ ᠪᠤᠶᠤ ᠮᠡᠳᠡᠬᠦ ᠶᠣᠰᠣᠲᠠᠶ ᠡᠳᠦᠷ ᠠᠴᠠ ᠡᠬᠢᠯᠡᠨ ᠠᠷᠪᠠᠨ ᠲᠠᠪᠤᠨ ᠡᠳᠦᠷ︔  ︵ᠲᠦᠷᠪᠡ︶ ᠰᠢᠯᠵᠢᠭᠦᠯᠦᠨ ᠥᠭᠭᠦᠭᠴᠢ ᠨᠢ ᠮᠡᠳᠡᠭᠳᠡᠭᠰᠡᠨ ᠦᠭᠡᠢ ᠮᠥᠷᠲᠡᠭᠡᠨ ᠬᠤᠪᠢᠳᠠᠭᠰᠠᠨ ᠪᠤᠰᠤᠳ ᠬᠠᠮᠲᠤ ᠪᠠᠷ ᠥᠮᠴᠢᠯᠡᠭᠴᠢ ᠶᠢᠨ ᠬᠠᠮᠤᠭ ᠡᠴᠦᠰ ᠤᠨ ᠲᠣᠭᠲᠠᠭᠠᠭᠰᠠᠨ ᠠᠳᠠᠯᠢ ᠨᠥᠬᠦᠴᠡᠯ ᠢ ᠮᠡᠳᠡᠬᠦ ᠪᠤᠶᠤ ᠮᠡᠳᠡᠬᠦ ᠶᠣᠰᠣᠲᠠᠶ ᠪᠠᠶᠢᠬᠤ ᠶᠢ ᠲᠣᠭᠲᠠᠭᠠᠬᠤ ᠶᠢᠨ ᠠᠷᠭ᠎ᠠ ᠦᠭᠡᠢ ᠪᠠᠶᠢᠪᠠᠯ᠂ ᠬᠠᠮᠲᠤ ᠪᠠᠷ ᠥᠮᠴᠢᠯᠡᠬᠦ ᠬᠤᠪᠢ ᠶᠢᠨ ᠡᠷᠬᠡ ᠶᠢᠨ ᠬᠠᠷᠢᠶᠠᠯᠠᠯ ᠰᠢᠯᠵᠢᠭᠰᠡᠨ ᠡᠳᠦᠷ ᠠᠴᠠ ᠡᠬᠢᠯᠡᠨ ᠵᠢᠷᠭᠤᠭᠠᠨ ᠰᠠᠷ᠎ᠠ ᠪᠣᠯᠤᠨ᠎ᠠ᠃  ᠠᠷᠪᠠᠨ ᠬᠤᠶᠠᠳᠤᠭᠠᠷ ᠵᠦᠢᠯ᠂ ᠬᠤᠪᠢᠳᠠᠭᠰᠠᠨ ᠬᠠᠮᠲᠤ ᠪᠠᠷ ᠥᠮᠴᠢᠯᠡᠭᠴᠢ ᠨᠢ ᠬᠠᠮᠲᠤ ᠪᠠᠷ ᠥᠮᠴᠢᠯᠡᠭᠴᠢ ᠠᠴᠠ ᠭᠠᠳᠠᠨᠠᠬᠢ ᠬᠥᠮᠦᠨ ᠳᠤ ᠬᠤᠪᠢ ᠶᠢᠨ ᠲᠤᠭ᠎ᠠ ᠪᠠᠨ ᠰᠢᠯᠵᠢᠭᠦᠯᠦᠨ ᠥᠭᠴᠦ᠂ ᠬᠤᠪᠢᠳᠠᠭᠰᠠᠨ ᠪᠤᠰᠤᠳ ᠬᠠᠮᠲᠤ ᠪᠠᠷ ᠥᠮᠴᠢᠯᠡᠭᠴᠢ ᠨᠢ ᠬᠠᠤᠯᠢ ᠴᠠᠭᠠᠵᠠ᠂ ᠬᠠᠤᠯᠢ ᠴᠠᠭᠠᠵᠠ ᠶᠢᠨ ᠲᠠᠶᠢᠯᠪᠤᠷᠢᠯᠠᠯᠲᠠ ᠶᠢᠨ ᠲᠣᠭᠲᠠᠭᠠᠯ ᠢ ᠦᠨᠳᠦᠰᠦᠯᠡᠨ᠂ ᠠᠳᠠᠯᠢ ᠨᠥᠬᠦᠴᠡᠯ ᠤᠨ ᠶᠣᠰᠣᠭᠠᠷ ᠲᠤᠰ ᠬᠠᠮᠲᠤ ᠪᠠᠷ ᠥᠮᠴᠢᠯᠡᠬᠦ ᠬᠤᠪᠢ ᠶᠢᠨ ᠲᠤᠭ᠎ᠠ ᠶᠢ ᠤᠷᠢᠳᠠᠪᠠᠷ ᠬᠤᠳᠠᠯᠳᠤᠨ ᠠᠪᠤᠭᠤᠯᠬᠤ ᠪᠠᠷ ᠭᠤᠶᠤᠴᠢᠯᠠᠭᠰᠠᠨ ᠪᠠᠶᠢᠪᠠᠯ ᠳᠡᠮᠵᠢᠬᠦ ᠬᠡᠷᠡᠭᠲᠡᠶ᠃ ᠬᠤᠪᠢᠳᠠᠭᠰᠠᠨ ᠪᠤᠰᠤᠳ ᠬᠠᠮᠲᠤ ᠪᠠᠷ ᠥᠮᠴᠢᠯᠡᠭᠴᠢ ᠶᠢᠨ ᠭᠤᠶᠤᠴᠢᠯᠠᠯ ᠳᠤ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠳᠡᠮᠵᠢᠬᠦ ᠦᠭᠡᠢ᠄ ︵ᠨᠢᠭᠡ︶ ᠲᠤᠰ ᠲᠠᠶᠢᠯᠪᠤᠷᠢᠯᠠᠯᠲᠠ ᠶᠢᠨ ᠠᠷᠪᠠᠨ ᠨᠢᠭᠡᠳᠦᠭᠡᠷ ᠵᠦᠢᠯ ᠳᠤ ᠲᠣᠭᠲᠠᠭᠠᠭᠰᠠᠨ ᠬᠤᠭᠤᠴᠠᠭᠠᠨ ᠤ ᠳᠣᠲᠣᠷ᠎ᠠ ᠤᠷᠢᠳᠠᠪᠠᠷ ᠬᠤᠳᠠᠯᠳᠤᠨ ᠠᠪᠬᠤ ᠶᠢ ᠵᠣᠷᠢᠭᠰᠠᠨ ᠦᠭᠡᠢ᠂ ᠡᠰᠡᠬᠦᠯ᠎ᠡ ᠬᠡᠳᠦ᠋ᠢᠪᠡᠷ ᠤᠷᠢᠳᠠᠪᠠᠷ ᠬᠤᠳᠠᠯᠳᠤᠨ ᠠᠪᠬᠤ ᠶᠢ ᠵᠣᠷᠢᠭᠰᠠᠨ ᠪᠣᠯᠪᠠᠴᠤ ᠰᠢᠯᠵᠢᠭᠦᠯᠦᠨ ᠥᠭᠬᠦ ᠦᠨ᠎ᠡ ᠶᠢᠨ ᠵᠣᠭᠤᠰ ᠢ ᠪᠠᠭᠠᠰᠬᠠᠬᠤ᠂ ᠰᠢᠯᠵᠢᠭᠦᠯᠦᠨ ᠥᠭᠭᠦᠭᠴᠢ ᠶᠢᠨ ᠳᠠᠷᠤᠭᠠᠰᠤ ᠶᠢ ᠨᠡᠮᠡᠭᠳᠡᠭᠦᠯᠬᠦ ᠵᠡᠷᠭᠡ ᠮᠥᠨ ᠴᠢᠨᠠᠷ ᠤᠨ ᠴᠢᠨᠠᠷᠲᠠᠶ ᠬᠤᠪᠢᠷᠠᠭᠤᠯᠬᠤ ᠱᠠᠭᠠᠷᠳᠠᠯᠭ᠎ᠠ ᠳᠤᠷᠠᠳᠤᠭᠰᠠᠨ︔  ︵ᠬᠤᠶᠠᠷ︶ ᠲᠡᠭᠦᠨ ᠤ ᠤᠷᠢᠳᠠᠪᠠᠷ ᠬᠤᠳᠠᠯᠳᠤᠨ ᠠᠪᠬᠤ ᠡᠷᠬᠡ ᠨᠢ ᠬᠠᠯᠳᠠᠯᠭ᠎ᠠ ᠳᠤ ᠤᠴᠠᠷᠠᠭᠰᠠᠨ ᠢᠶᠠᠷ ᠰᠢᠯᠲᠠᠭᠠᠨ ᠪᠣᠯᠭᠠᠵᠤ᠂ ᠵᠥᠪᠬᠡᠨ ᠬᠠᠮᠲᠤ ᠪᠠᠷ ᠥᠮᠴᠢᠯᠡᠬᠦ ᠬᠤᠪᠢ ᠶᠢ ᠰᠢᠯᠵᠢᠭᠦᠯᠦᠨ ᠥᠭᠬᠦ ᠭᠡᠷ᠎ᠡ ᠶᠢ ᠬᠦᠴᠦᠨ ᠦᠭᠡᠢ ᠪᠣᠯᠭᠠᠬᠤ ᠪᠤᠶᠤ ᠲᠤᠰ ᠭᠡᠷ᠎ᠡ ᠶᠢ ᠬᠦᠴᠦᠨ ᠦᠭᠡᠢ ᠪᠠᠷ ᠮᠠᠭᠠᠳᠯᠠᠨ ᠲᠣᠭᠲᠠᠭᠠᠯᠭᠠᠬᠤ ᠪᠠᠷ ᠭᠤᠶᠤᠴᠢᠯᠠᠭᠰᠠᠨ᠃  ᠠᠷᠪᠠᠨ ᠭᠤᠷᠪᠠᠳᠤᠭᠠᠷ ᠵᠦᠢᠯ᠂ ᠬᠤᠪᠢᠳᠠᠭᠰᠠᠨ ᠬᠠᠮᠲᠤ ᠪᠠᠷ ᠥᠮᠴᠢᠯᠡᠭᠴᠢᠳ ᠤᠨ ᠬᠤᠭᠤᠷᠣᠨᠳᠣ ᠪᠠᠨ ᠬᠠᠮᠲᠤ ᠪᠠᠷ ᠥᠮᠴᠢᠯᠡᠬᠦ ᠬᠤᠪᠢ ᠶᠢᠨ ᠲᠤᠭ᠎ᠠ ᠶᠢ ᠰᠢᠯᠵᠢᠭᠦᠯᠦᠨ ᠥᠭᠴᠦ᠂ ᠬᠤᠪᠢᠳᠠᠭᠰᠠᠨ ᠪᠤᠰᠤᠳ ᠬᠠᠮᠲᠤ ᠪᠠᠷ ᠥᠮᠴᠢᠯᠡᠭᠴᠢ ᠨᠢ ᠢᠷᠭᠡᠨ ᠤ ᠬᠠᠤᠯᠢ ᠶᠢᠨ ᠪᠢᠴᠢᠭ ᠤᠨ ᠭᠤᠷᠪᠠᠨ ᠵᠠᠭᠤ ᠲᠠᠪᠤᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ ᠤᠷᠢᠳᠠᠪᠠᠷ ᠬᠤᠳᠠᠯᠳᠤᠨ ᠠᠪᠬᠤ ᠪᠠᠷ ᠵᠣᠷᠢᠭᠰᠠᠨ ᠪᠠᠶᠢᠪᠠᠯ᠂ ᠳᠡᠮᠵᠢᠬᠦ ᠦᠭᠡᠢ᠂ ᠭᠡᠪᠡᠴᠦ ᠬᠤᠪᠢᠳᠠᠭᠰᠠᠨ ᠬᠠᠮᠲᠤ ᠪᠠᠷ ᠥᠮᠴᠢᠯᠡᠭᠴᠢᠳ ᠤᠨ ᠬᠤᠭᠤᠷᠣᠨᠳᠣ ᠪᠠᠨ ᠠᠰᠲᠠᠭᠠᠨ ᠪᠣᠯᠵᠣᠯ ᠲᠠᠢ ᠪᠠᠶᠢᠪᠠᠯ ᠡᠭᠦᠨ ᠳᠤ ᠪᠠᠭᠲᠠᠬᠤ ᠦᠭᠡᠢ᠃  ᠠᠷᠪᠠᠨ ᠳᠥᠷᠪᠡᠳᠦᠭᠡᠷ ᠵᠦᠢᠯ᠂ ᠰᠢᠯᠵᠢᠭᠦᠯᠦᠨ ᠠᠪᠤᠭᠴᠢ ᠦᠯᠦ ᠬᠥᠳᠡᠯᠬᠦ ᠬᠦᠷᠦᠩᠭᠡ ᠪᠤᠶᠤ ᠬᠥᠳᠡᠯᠬᠦ ᠬᠦᠷᠦᠩᠭᠡ ᠶᠢ ᠰᠢᠯᠵᠢᠭᠦᠯᠦᠨ ᠠᠪᠬᠤ ᠦᠶ᠎ᠡ ᠳᠤ᠂ ᠰᠢᠯᠵᠢᠭᠦᠯᠦᠨ ᠥᠭᠭᠦᠭᠴᠢ ᠶᠢᠨ ᠰᠢᠢᠳᠪᠦᠷᠢᠯᠡᠬᠦ ᠡᠷᠬᠡ ᠦᠭᠡᠢ ᠮᠥᠷᠲᠡᠭᠡᠨ ᠬᠦᠨᠳᠦ ᠶᠡᠭᠡ ᠡ᠊ᠨᠳᠡᠯ ᠦᠭᠡᠢ ᠪᠠᠶᠢᠬᠤ ᠶᠢ ᠮᠡᠳᠡᠬᠦ ᠦᠭᠡᠢ ᠪᠠᠶᠢᠪᠠᠯ᠂ ᠰᠢᠯᠵᠢᠭᠦᠯᠦᠨ ᠠᠪᠤᠭᠴᠢ ᠶᠢ ᠰᠠᠶᠢᠨ ᠰᠠᠨᠠᠭᠠᠨ ᠤ ᠡᠭᠦᠳᠡᠨ ᠠᠴᠠ ᠮᠠᠭᠠᠳᠯᠠᠨ ᠲᠣᠭᠲᠠᠭᠠᠬᠤ ᠬᠡᠷᠡᠭᠲᠡᠶ᠃  ᠦᠨᠡᠨ ᠪᠣᠳᠠᠲᠠᠶ ᠡᠷᠬᠡᠲᠦ ᠬᠥᠮᠦᠨ ᠨᠢ ᠰᠢᠯᠵᠢᠭᠦᠯᠦᠨ ᠠᠪᠤᠭᠴᠢ ᠶᠢ ᠰᠠᠶᠢᠨ ᠰᠠᠨᠠᠭᠠᠨ ᠤ ᠡᠭᠦᠳᠡᠨ ᠠᠴᠠ ᠪᠢᠰᠢ ᠭᠡᠵᠦ ᠵᠣᠷᠢᠭᠰᠠᠨ ᠪᠠᠶᠢᠪᠠᠯ᠂ ᠬᠡᠷᠡᠴᠢ ᠪᠠᠷᠢᠮᠲᠠ ᠳᠤᠷᠠᠳᠴᠤ ᠭᠡᠷᠡᠴᠢᠯᠡᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃  ᠠᠷᠪᠠᠨ ᠲᠠᠪᠤᠳᠤᠭᠠᠷ ᠵᠦᠢᠯ᠂ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠰᠢᠯᠵᠢᠭᠦᠯᠦᠨ ᠥᠭᠭᠦᠭᠴᠢ ᠶᠢᠨ ᠰᠢᠢᠳᠪᠦᠷᠢᠯᠡᠬᠦ ᠡᠷᠬᠡ ᠦᠭᠡᠢ ᠶᠢ ᠦᠯᠦ ᠬᠥᠳᠡᠯᠬᠦ ᠬᠦᠷᠦᠩᠭᠡ ᠶᠢ ᠰᠢᠯᠵᠢᠭᠦᠯᠦᠨ ᠠᠪᠤᠭᠴᠢ ᠮᠡᠳᠡᠨ᠎ᠠ ᠭᠡᠵᠦ ᠮᠠᠭᠠᠳᠯᠠᠨ ᠲᠣᠭᠲᠠᠭᠠᠬᠤ ᠬᠡᠷᠡᠭᠲᠡᠶ᠄ ︵ᠨᠢᠭᠡ︶ ᠲᠠᠩᠰᠠᠯᠠᠯᠳᠠ ᠶᠢᠨ ᠳᠡᠪᠲᠡᠷ ᠳᠡᠭᠡᠷ᠎ᠡ ᠣᠨᠳᠣᠣ ᠰᠠᠨᠠᠯ ᠤᠨ ᠬᠦᠴᠦᠨ ᠲᠠᠢ ᠲᠠᠩᠰᠠᠯᠠᠯᠳᠠ ᠣᠷᠣᠰᠢᠵᠤ ᠪᠠᠶᠢᠬᠤ︔  ︵ᠬᠤᠶᠠᠷ︶ ᠤᠷᠢᠳᠴᠢᠯᠠᠨ ᠮᠡᠳᠡᠭᠳᠡᠬᠦ ᠲᠡᠩᠰᠡᠯᠡᠯᠳᠠ ᠶᠢᠨ ᠬᠦᠴᠦᠨ ᠲᠠᠢ ᠬᠤᠭᠤᠴᠠᠭᠠᠨ ᠳᠤ ᠤᠷᠢᠳᠴᠢᠯᠠᠨ ᠮᠡᠳᠡᠭᠳᠡᠵᠦ ᠳᠠᠩᠰᠠᠯᠠᠭᠤᠯᠤᠭᠰᠠᠨ ᠡᠷᠬᠡᠲᠦ ᠬᠥᠮᠦᠨ ᠤ ᠵᠥᠪᠰᠢᠶᠡᠷᠡᠯ ᠢ ᠤᠢᠯᠦ ᠣᠯᠤᠭᠰᠠᠨ︔  ︵ᠭᠤᠷᠪᠠ︶ ᠲᠠᠩᠰᠠᠯᠠᠯᠳᠠ ᠶᠢᠨ ᠳᠡᠪᠲᠡᠷ ᠲᠤ ᠬᠠᠤᠯᠢ ᠴᠠᠭᠠᠵᠠ ᠶᠢᠨ ᠪᠠᠶᠢᠭᠤᠯᠭ᠎ᠠ ᠪᠤᠶᠤ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠦᠯᠦ ᠬᠥᠳᠡᠯᠬᠦ ᠬᠦᠷᠦᠩᠭᠡ ᠶᠢᠨ ᠡᠷᠬᠡ ᠶᠢ ᠪᠠᠶᠢᠴᠠᠭᠠᠨ ᠪᠢᠲᠡᠭᠦᠮᠵᠢᠯᠡᠬᠦ ᠪᠠᠷ ᠬᠠᠤᠯᠢ ᠶᠣᠰᠣᠭᠠᠷ ᠲᠣᠭᠲᠠᠭᠠᠯᠲᠠ ᠭᠠᠷᠭᠠᠭᠰᠠᠨ᠂ ᠲᠣᠭᠲᠠᠭᠠᠭᠰᠠᠨ ᠪᠤᠶᠤ ᠪᠤᠰᠤᠳ ᠬᠡᠯᠪᠡᠷᠢ ᠪᠠᠷ ᠬᠢᠵᠠᠭᠠᠷᠯᠠᠭᠰᠠᠨ ᠬᠤᠯᠪᠣᠭᠳᠠᠯ ᠪᠦᠬᠦᠢ ᠵᠦᠢᠯᠡᠰ ᠢ ᠨᠢᠭᠡᠨᠲᠡ ᠲᠡᠮᠳᠡᠭᠯᠡᠭᠰᠡᠨ︔  ︵ᠲᠦᠷᠪᠡ︶ ᠰᠢᠯᠵᠢᠭᠦᠯᠦᠨ ᠠᠪᠤᠭᠴᠢ ᠨᠢ ᠲᠠᠩᠰᠠᠯᠠᠯᠳᠠ ᠶᠢᠨ ᠳᠡᠪᠲᠡᠷ ᠲᠤ ᠲᠡᠮᠳᠡᠭᠯᠡᠭᠰᠡᠨ ᠡᠷᠬᠡ ᠶᠢᠨ ᠪᠡᠶᠡᠴᠢ ᠴᠣᠭᠴᠠ ᠶᠢᠨ ᠪᠤᠷᠤᠭᠤᠳᠠᠭᠰᠠᠨ ᠢ ᠮᠡᠳᠡᠬᠦ︔  ︵ᠲᠠᠪᠤ︶ ᠰᠢᠯᠵᠢᠭᠦᠯᠦᠨ ᠠᠪᠤᠭᠴᠢ ᠨᠢ ᠪᠤᠰᠤᠳ ᠬᠥᠮᠦᠨ ᠤ ᠨᠢᠭᠡᠨᠲᠡ ᠬᠠᠤᠯᠢ ᠶᠣᠰᠣᠭᠠᠷ ᠦᠯᠦ ᠬᠥᠳᠡᠯᠬᠦ ᠬᠦᠷᠦᠩᠭᠡ ᠶᠢᠨ ᠪᠣᠳᠠᠰ ᠤᠨ ᠡᠷᠬᠡ ᠶᠢ ᠡᠳ᠋ᠯᠡᠵᠦ ᠪᠠᠶᠢᠬᠤ ᠶᠢ ᠮᠡᠳᠡᠬᠦ᠃  ᠦᠨᠡᠨ ᠪᠣᠳᠠᠲᠤ ᠡᠷᠬᠡᠲᠦ ᠬᠥᠮᠦᠨ ᠳᠤ ᠦᠯᠦ ᠬᠥᠳᠡᠯᠬᠦ ᠬᠦᠷᠦᠩᠭᠡ ᠶᠢ ᠰᠢᠯᠵᠢᠭᠦᠯᠦᠨ ᠠᠪᠤᠭᠴᠢ ᠨᠢ ᠰᠢᠯᠵᠢᠭᠦᠯᠦᠨ ᠥᠭᠭᠦᠭᠴᠢ ᠶᠢᠨ ᠰᠢᠢᠳᠪᠦᠷᠢᠯᠡᠬᠦ ᠡᠷᠬᠡ ᠦᠭᠡᠢ ᠶᠢ ᠮᠡᠳᠡᠬᠦ ᠬᠡᠷᠡᠭᠲᠡᠶ ᠭᠡᠳᠡᠭ ᠢ ᠭᠡᠷᠡᠴᠢᠯᠡᠬᠦ ᠭᠡᠷᠡᠴᠢ ᠪᠠᠷᠢᠮᠲᠠ ᠲᠠᠢ ᠪᠠᠶᠢᠪᠠᠯ᠂ ᠰᠢᠯᠵᠢᠭᠦᠯᠦᠨ ᠠᠪᠤᠭᠴᠢ ᠶᠢ ᠬᠦᠨᠳᠦ ᠶᠡᠭᠡ ᠡ᠊ᠨᠳᠡᠯ ᠲᠠᠢ ᠭᠡᠵᠦ ᠮᠠᠭᠠᠳᠯᠠᠨ ᠲᠣᠭᠲᠠᠭᠠᠬᠤ ᠬᠡᠷᠡᠭᠲᠡᠶ᠃  ᠠᠷᠪᠠᠨ ᠵᠢᠷᠭᠤᠳᠤᠭᠠᠷ ᠵᠦᠢᠯ᠂ ᠰᠢᠯᠵᠢᠭᠦᠯᠦᠨ ᠠᠪᠤᠭᠴᠢ ᠬᠥᠳᠡᠯᠬᠦ ᠬᠦᠷᠦᠩᠭᠡ ᠶᠢ ᠰᠢᠯᠵᠢᠭᠦᠯᠦᠨ ᠠᠪᠬᠤ ᠦᠶ᠎ᠡ ᠳᠤ᠂ ᠠᠷᠠᠯᠵᠢᠶᠠᠯᠠᠬᠤ ᠡᠲᠡᠭᠡᠳ᠂ ᠲᠠᠯᠠᠪᠤᠷ ᠭᠠᠵᠠᠷ ᠪᠤᠶᠤ ᠴᠠᠭ ᠲᠣᠬᠢᠶᠠᠯ ᠵᠡᠷᠭᠡ ᠨᠢ ᠠᠷᠠᠯᠵᠢᠶᠠᠨ ᠤ ᠵᠤᠷᠰᠢᠯ ᠲᠠᠢ ᠨᠡᠶᠢᠴᠡᠬᠦ ᠦᠭᠡᠢ ᠪᠠᠶᠢᠪᠠᠯ᠂ ᠰᠢᠯᠵᠢᠭᠦᠯᠦᠨ ᠠᠪᠤᠭᠴᠢ ᠶᠢ ᠬᠦᠨᠳᠦ ᠶᠡᠭᠡ ᠡ᠊ᠨᠳᠡᠯ ᠲᠠᠢ ᠭᠡᠵᠦ ᠮᠠᠭᠠᠳᠯᠠᠨ ᠲᠣᠭᠲᠠᠭᠠᠬᠤ ᠬᠡᠷᠡᠭᠲᠡᠶ᠃  ᠠᠷᠪᠠᠨ ᠳᠣᠯᠣᠳᠤᠭᠠᠷ ᠵᠦᠢᠯ᠂ ᠢᠷᠭᠡᠨ ᠤ ᠬᠠᠤᠯᠢ ᠶᠢᠨ ᠪᠢᠴᠢᠭ ᠤᠨ ᠭᠤᠷᠪᠠᠨ ᠵᠠᠭᠤ ᠠᠷᠪᠠᠨ ᠨᠢᠭᠡᠳᠦᠭᠡᠷ ᠵᠦᠢᠯ ᠤᠨ ᠨᠢᠭᠡᠳᠦᠭᠡᠷ ᠪᠠᠳᠠᠭ ᠤᠨ ᠨᠢᠭᠡᠳᠦᠭᠡᠷ ᠵᠤᠷᠪᠤᠰ ᠲᠤ ᠬᠡᠯᠡᠵᠦ ᠪᠠᠶᠢᠭ᠎ᠠ ︽ᠰᠢᠯᠵᠢᠭᠦᠯᠦᠨ ᠠᠪᠤᠭᠴᠢ ᠲᠤᠰ ᠦᠯᠦ ᠬᠥᠳᠡᠯᠬᠦ ᠬᠦᠷᠦᠩᠭᠡ ᠪᠤᠶᠤ ᠬᠥᠳᠡᠯᠬᠦ ᠬᠦᠷᠦᠩᠭᠡ ᠶᠢ ᠰᠢᠯᠵᠢᠭᠦᠯᠦᠨ ᠠᠪᠬᠤ ᠦᠶ᠎ᠡ ᠳᠤ︾ ᠭᠡᠳᠡᠭ ᠨᠢ ᠦᠯᠦ ᠬᠥᠳᠡᠯᠬᠦ ᠬᠦᠷᠦᠩᠭᠡ ᠶᠢᠨ ᠪᠣᠳᠠᠰ ᠤᠨ ᠡᠷᠬᠡ ᠶᠢ ᠰᠢᠯᠵᠢᠭᠦᠯᠬᠦ ᠲᠠᠩᠰᠠᠯᠠᠯᠳᠠ ᠶᠢ ᠬᠠᠤᠯᠢ ᠶᠣᠰᠣᠭᠠᠷ ᠪᠡᠶᠡᠯᠡᠭᠦᠯᠦᠭᠰᠡᠨ ᠪᠤᠶᠤ ᠬᠥᠳᠡᠯᠬᠦ ᠬᠦᠷᠦᠩᠭᠡ ᠶᠢ ᠲᠤᠰᠢᠶᠠᠨ ᠥᠭᠬᠦ ᠦᠶ᠎ᠡ ᠶᠢ ᠵᠢᠭᠠᠵᠤ ᠪᠠᠶᠢᠨ᠎ᠠ ᠲᠤᠬᠠᠶ ᠶᠢᠨ ᠬᠥᠮᠦᠨ ᠨᠢ ᠢᠷᠭᠡᠨ ᠤ ᠬᠠᠤᠯᠢ ᠶᠢᠨ ᠪᠢᠴᠢᠭ ᠤᠨ ᠬᠤᠶᠠᠷ ᠵᠠᠭᠤ ᠬᠤᠷᠢᠨ ᠵᠢᠷᠭᠤᠳᠤᠭᠠᠷ ᠵᠦᠢᠯ ᠳᠤ ᠲᠣᠭᠲᠠᠭᠠᠭᠰᠠᠨ ᠠᠷᠭ᠎ᠠ ᠮᠠᠶ᠋ᠢᠭ ᠢᠶᠠᠷ ᠬᠥᠳᠡᠯᠬᠦ ᠬᠦᠷᠦᠩᠭᠡ ᠶᠢ ᠲᠤᠰᠢᠶᠠᠨ ᠥᠭᠭᠦᠭᠰᠡᠨ ᠪᠠᠶᠢᠪᠠᠯ᠂ ᠬᠥᠳᠡᠯᠬᠦ ᠬᠦᠷᠦᠩᠭᠡ ᠶᠢ ᠰᠢᠯᠵᠢᠭᠦᠯᠦᠨ ᠥᠭᠬᠦ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠬᠦᠴᠦᠨ ᠲᠠᠢ ᠪᠣᠯᠬᠤ ᠦᠶ᠎ᠡ ᠶᠢ ᠬᠥᠳᠡᠯᠬᠦ ᠬᠦᠷᠦᠩᠭᠡ ᠶᠢ ᠲᠤᠰᠢᠶᠠᠨ ᠥᠭᠬᠦ ᠦᠶ᠎ᠡ ᠪᠠᠷ ᠪᠤᠳᠤᠨ᠎ᠠ︔ ᠲᠤᠬᠠᠶ ᠶᠢᠨ ᠬᠥᠮᠦᠨ ᠨᠢ ᠢᠷᠭᠡᠨ ᠤ ᠬᠠᠤᠯᠢ ᠶᠢᠨ ᠪᠢᠴᠢᠭ ᠤᠨ ᠬᠤᠶᠠᠷ ᠵᠠᠭᠤ ᠬᠤᠷᠢᠨ ᠳᠣᠯᠣᠳᠤᠭᠠᠷ ᠵᠦᠢᠯ ᠳᠤ ᠲᠣᠭᠲᠠᠭᠠᠭᠰᠠᠨ ᠠᠷᠭ᠎ᠠ ᠮᠠᠶ᠋ᠢᠭ ᠢᠶᠠᠷ ᠬᠥᠳᠡᠯᠬᠦ ᠬᠦᠷᠦᠩᠭᠡ ᠶᠢ ᠲᠤᠰᠢᠶᠠᠨ ᠥᠭᠭᠦᠭᠰᠡᠨ ᠪᠠᠶᠢᠪᠠᠯ᠂ ᠰᠢᠯᠵᠢᠭᠦᠯᠦᠨ ᠥᠭᠭᠦᠭᠴᠢ ᠪᠣᠯᠤᠨ ᠰᠢᠯᠵᠢᠭᠦᠯᠦᠨ ᠠᠪᠤᠭᠴᠢ ᠶᠢᠨ ᠬᠤᠭᠤᠷᠣᠨᠳᠣᠬᠢ ᠤᠤᠯ ᠪᠣᠳᠠᠰ ᠢ ᠰᠢᠯᠵᠢᠭᠦᠯᠦᠨ ᠥᠭᠴᠦ ᠪᠤᠴᠠᠭᠠᠯᠭᠠᠬᠤ ᠪᠠᠷ ᠭᠤᠶᠤᠴᠢᠯᠠᠬᠤ ᠡᠷᠬᠡ ᠶᠢᠨ ᠲᠤᠬᠠᠶ ᠬᠡᠯᠡᠯᠴᠡᠭᠡᠷ ᠬᠦᠴᠦᠨ ᠲᠠᠢ ᠪᠣᠯᠬᠤ ᠦᠶ᠎ᠡ ᠶᠢ ᠬᠥᠳᠡᠯᠬᠦ ᠬᠦᠷᠦᠩᠭᠡ ᠶᠢ ᠲᠤᠰᠢᠶᠠᠨ ᠥᠭᠭᠦᠭᠰᠡᠨ ᠴᠠᠭ ᠢᠶᠠᠷ ᠪᠤᠳᠤᠨ᠎ᠠ᠃  ᠬᠠᠤᠯᠢ ᠴᠠᠭᠠᠵᠠ ᠳᠤ ᠦᠯᠦ ᠬᠥᠳᠡᠯᠬᠦ ᠬᠦᠷᠦᠩᠭᠡ᠂ ᠬᠥᠳᠡᠯᠬᠦ ᠬᠦᠷᠦᠩᠭᠡ ᠶᠢᠨ ᠪᠣᠳᠠᠰ ᠤᠨ ᠡᠷᠬᠡ ᠶᠢ ᠲᠣᠭᠲᠠᠭᠠᠬᠤ ᠲᠤᠬᠠᠶ ᠠᠰᠲᠠᠭᠠᠨ ᠲᠣᠭᠲᠠᠭᠠᠯ ᠲᠠᠢ ᠪᠠᠶᠢᠪᠠᠯ᠂ ᠬᠠᠤᠯᠢ ᠴᠠᠭᠠᠵᠠ ᠳᠤ ᠲᠣᠭᠲᠠᠭᠠᠭᠰᠠᠨ ᠴᠠᠭ ᠬᠤᠭᠤᠴᠠᠭ᠎ᠠ ᠶᠣᠰᠣᠭᠠᠷ ᠡᠷᠬᠡᠲᠦ ᠬᠥᠮᠦᠨ ᠤ ᠰᠠᠶᠢᠨ ᠰᠠᠨᠠᠭ᠎ᠠ ᠮᠥᠨ ᠡᠰᠡᠬᠦ ᠶᠢ ᠮᠠᠭᠠᠳᠯᠠᠨ ᠲᠣᠭᠲᠠᠭᠠᠬᠤ ᠬᠡᠷᠡᠭᠲᠡᠶ᠃  ᠠᠷᠪᠠᠨ ᠨᠠᠢᠮᠠᠳᠤᠭᠠᠷ ᠵᠦᠢᠯ᠂ ᠢᠷᠭᠡᠨ ᠤ ᠬᠠᠤᠯᠢ ᠶᠢᠨ ᠪᠢᠴᠢᠭ ᠤᠨ ᠭᠤᠷᠪᠠᠨ ᠵᠠᠭᠤ ᠠᠷᠪᠠᠨ ᠨᠢᠭᠡᠳᠦᠭᠡᠷ ᠵᠦᠢᠯ ᠤᠨ ᠨᠢᠭᠡᠳᠦᠭᠡᠷ ᠪᠠᠳᠠᠭ ᠤᠨ ᠬᠤᠶᠠᠳᠤᠭᠠᠷ ᠵᠤᠷᠪᠤᠰ ᠲᠤ ᠬᠡᠯᠡᠵᠦ ᠪᠠᠶᠢᠭ᠎ᠠ ︽ᠵᠦᠢ ᠵᠣᠬᠢᠰᠲᠠᠶ ᠦᠨ᠎ᠡ︾ ᠭᠡᠳᠡᠭ ᠢ ᠰᠢᠯᠵᠢᠭᠦᠯᠦᠨ ᠥᠭᠬᠦ ᠬᠠᠷᠠᠯᠲᠠ ᠡᠳ᠋ ᠤᠨ ᠰᠢᠨᠵᠢ ᠴᠢᠨᠠᠷ᠂ ᠲᠤᠭ᠎ᠠ ᠬᠡᠮᠵᠢᠶ᠎ᠡ ᠵᠢᠴᠢ ᠵᠣᠭᠤᠰ ᠥᠭᠬᠦ ᠠᠷᠭ᠎ᠠ ᠮᠠᠶ᠋ᠢᠭ ᠵᠡᠷᠭᠡ ᠪᠣᠳᠠᠲᠠᠶ ᠪᠠᠶᠢᠳᠠᠯ ᠢ ᠦᠨᠳᠦᠰᠦᠯᠡᠨ᠂ ᠰᠢᠯᠵᠢᠭᠦᠯᠦᠨ ᠥᠭᠬᠦ ᠦᠶ᠎ᠡ ᠶᠢᠨ ᠠᠷᠠᠯᠵᠢᠶᠠᠯᠠᠬᠤ ᠭᠠᠵᠠᠷ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠵᠢᠴᠢ ᠠᠷᠠᠯᠵᠢᠶᠠᠯᠠᠬᠤ ᠵᠤᠷᠰᠢᠯ ᠵᠡᠷᠭᠡ ᠬᠦᠴᠦᠨ ᠵᠦᠢᠯ ᠢᠶᠠᠷ ᠯᠠᠪᠯᠠᠯᠲᠠ ᠪᠣᠯᠭᠠᠵᠤ ᠶᠡᠷᠦᠩᠬᠡᠶᠢᠯᠡᠨ ᠮᠠᠭᠠᠳᠯᠠᠨ ᠲᠣᠭᠲᠠᠭᠠᠬᠤ ᠬᠡᠷᠡᠭᠲᠡᠶ᠃  ᠠᠷᠪᠠ ᠶᠢᠰᠦᠳᠦᠭᠡᠷ ᠵᠦᠢᠯ᠂ᠰᠢᠯᠵᠢᠭᠦᠯᠦᠨ ᠥᠭᠭᠦᠭᠴᠢ ᠨᠢ ᠢᠷᠭᠡᠨ ᠤ ᠬᠠᠤᠯᠢ ᠶᠢᠨ ᠪᠢᠴᠢᠭ ᠤᠨ ᠬᠤᠶᠠᠷ ᠵᠠᠭᠤ ᠬᠤᠷᠢᠨ ᠲᠠᠪᠤᠳᠤᠭᠠᠷ ᠵᠦᠢᠯ ᠳᠤ ᠲᠣᠭᠲᠠᠭᠠᠭᠰᠠᠨ ᠣᠩᠭᠤᠴᠠ ᠰᠠᠯ᠂ ᠠᠭᠠᠷ ᠤᠨ ᠨᠢᠰᠦᠭᠦᠷ ᠪᠠ ᠮᠠᠰᠢᠨᠲᠤ ᠲᠡᠷᠭᠡ ᠵᠡᠷᠭᠡ ᠶᠢ ᠰᠢᠯᠵᠢᠭᠦᠯᠦᠨ ᠠᠪᠤᠭᠴᠢ ᠳᠤ ᠲᠤᠰᠢᠶᠠᠨ ᠥᠭᠭᠦᠭᠰᠡᠨ ᠪᠠᠶᠢᠪᠠᠯ᠂ ᠢᠷᠭᠡᠨ ᠤ ᠬᠠᠤᠯᠢ ᠶᠢᠨ ᠪᠢᠴᠢᠭ ᠤᠨ ᠭᠤᠷᠪᠠᠨ ᠵᠠᠭᠤ ᠠᠷᠪᠠᠨ ᠨᠢᠭᠡᠳᠦᠭᠡᠷ ᠵᠦᠢᠯ ᠤᠨ ᠨᠢᠭᠡᠳᠦᠭᠡᠷ ᠪᠠᠳᠠᠭ ᠤᠨ ᠭᠤᠷᠪᠠᠳᠤᠭᠠᠷ ᠵᠤᠷᠪᠤᠰ ᠲᠤ ᠲᠣᠭᠲᠠᠭᠠᠭᠰᠠᠨ ᠰᠠᠶᠢᠨ ᠰᠠᠨᠠᠭᠠᠨ ᠤ ᠡᠭᠦᠳᠡᠨ ᠠᠴᠠ ᠣᠯᠤᠭᠰᠠᠨ ᠨᠥᠬᠦᠴᠡᠯ ᠳᠤ ᠨᠡᠶᠢᠴᠡᠭᠰᠡᠨ ᠢᠶᠠᠷ ᠮᠠᠭᠠᠳᠯᠠᠨ ᠲᠣᠭᠲᠠᠭᠠᠬᠤ ᠬᠡᠷᠡᠭᠲᠡᠶ ᠃  ᠬᠤᠷᠢᠳᠤᠭᠠᠷ ᠵᠦᠢᠯ᠂ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠵᠤ᠂ ᠰᠢᠯᠵᠢᠭᠦᠯᠦᠨ ᠠᠪᠤᠭᠴᠢ ᠨᠢ ᠢᠷᠭᠡᠨ ᠤ ᠬᠠᠤᠯᠢ ᠶᠢᠨ ᠪᠢᠴᠢᠭ ᠤᠨ ᠭᠤᠷᠪᠠᠨ ᠵᠠᠭᠤ ᠠᠷᠪᠠᠨ ᠨᠢᠭᠡᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠨ ᠥᠮᠴᠢᠯᠡᠯ ᠤᠨ ᠡᠷᠬᠡ ᠤᠯᠬᠤ ᠪᠠᠷ ᠵᠣᠷᠢᠭᠰᠠᠨ ᠪᠠᠶᠢᠪᠠᠯ᠂ ᠳᠡᠮᠵᠢᠬᠦ ᠦᠭᠡᠢ᠄ ︵ᠨᠢᠭᠡ︶ ᠰᠢᠯᠵᠢᠭᠦᠯᠦᠨ ᠥᠭᠬᠦ ᠭᠡᠷ᠎ᠡ ᠶᠢ ᠬᠦᠴᠦᠨ ᠦᠭᠡᠢ ᠪᠠᠷ ᠮᠠᠭᠠᠳᠯᠠᠨ ᠲᠣᠭᠲᠠᠭᠠᠭᠰᠠᠨ︔  ︵ᠬᠤᠶᠠᠷ︶ ᠰᠢᠯᠵᠢᠭᠦᠯᠦᠨ ᠥᠭᠬᠦ ᠭᠡᠷ᠎ᠡ ᠶᠢ ᠬᠦᠴᠦᠨ ᠦᠭᠡᠢ ᠪᠣᠯᠭᠠᠭᠰᠠᠨ᠃  ᠬᠤᠷᠢᠨ ᠨᠢᠭᠡᠳᠦᠭᠡᠷ ᠵᠦᠢᠯ ᠲᠤᠰ ᠲᠠᠶᠢᠯᠪᠤᠷᠢᠯᠠᠯᠲᠠ ᠶᠢ 2021 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃  
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号