ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠬᠡᠷᠡᠭ ᠡᠷᠬᠢᠯᠡᠬᠦ ᠵᠢᠭᠠᠯᠲᠠ
ᠨᠡᠶᠢᠲᠡᠯᠡᠭᠰᠡᠨ ᠴᠠᠭ᠄
2021/6/18
      ᠨᠢᠭᠡ᠂ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢ ᠭᠤᠶᠤᠴᠢᠯᠠᠬᠤ ᠡᠲᠡᠭᠡᠳ ᠤᠨ ᠬᠦᠷᠢᠶ᠎ᠡ ᠬᠡᠪᠴᠢᠶ᠎ᠡ      ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠭᠰᠠᠳ᠂ ᠠᠵᠢᠯ ᠤᠯᠬᠤ ᠳᠤ ᠬᠦᠴᠢᠷᠲᠡᠶ ᠬᠥᠮᠦᠰ ︵ᠵᠡᠮᠳᠡᠭᠴᠦᠳ ᠢ ᠪᠠᠭᠲᠠᠭᠠᠨ᠎ᠠ︶᠂ ᠴᠡᠷᠢᠭ ᠠᠴᠠ ᠰᠢᠯᠵᠢᠵᠦ ᠴᠡᠷᠢᠭ ᠠᠴᠠ ᠬᠠᠯᠠᠭᠳᠠᠭᠰᠠᠳ᠂ ᠡᠷᠡᠭᠦᠦ ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠭᠰᠠᠨ ᠬᠥᠮᠦᠰ᠂ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠰᠤᠷᠤᠭᠴᠢ ︵ᠣᠶᠤᠲᠠᠨ ᠭᠠᠴᠠᠭᠠᠨ ᠳᠠᠷᠤᠭ᠎ᠠ ᠪᠣᠯᠤᠨ ᠭᠠᠳᠠᠭᠠᠳᠤ ᠳᠤ ᠰᠤᠷᠤᠯᠴᠠᠭᠠᠳ ᠤᠯᠤᠰ ᠲᠠᠭᠠᠨ ᠪᠤᠴᠠᠭᠰᠠᠨ ᠰᠤᠷᠤᠭᠴᠢ ᠪᠠᠭᠲᠠᠨ᠎ᠠ︶᠂ ᠦᠯᠡᠭᠦᠳᠡᠭᠰᠡᠨ ᠦᠢᠯᠡᠳᠪᠦᠷᠢᠯᠡᠬᠦ ᠴᠢᠳᠠᠪᠤᠷᠢ ᠶᠢ ᠠᠷᠢᠯᠭᠠᠭᠰᠠᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠪᠠ ᠠᠵᠢᠯ ᠠᠯᠳᠠᠭᠰᠠᠳ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠭᠰᠠᠨ ᠬᠥᠯᠥᠰᠥᠨ ᠠᠵᠢᠯᠴᠢᠨ᠂ ᠰᠦᠯᠵᠢᠶᠡᠨ ᠤ ᠬᠤᠳᠠᠯᠳᠤᠭᠠᠴᠢᠨ ᠡᠷᠦᠬᠡ᠂ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ᠂ ᠮᠠᠯᠵᠢᠬᠤ ᠲᠠᠷᠢᠶᠠᠯᠠᠬᠤ ᠣᠷᠣᠨ ᠤ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠭᠰᠠᠨ ᠮᠠᠯᠴᠢᠨ ᠲᠠᠷᠢᠶᠠᠴᠢᠨ᠂ ᠬᠥᠳᠡᠭᠡ ᠲᠣᠰᠬᠤᠨ ᠳᠤ ᠦᠯᠡᠳᠡᠵᠦ ᠬᠤᠴᠣᠷᠤᠭᠰᠠᠨ ᠬᠥᠮᠦᠰ ᠮᠠᠨ ᠤ ᠬᠤᠲᠠ ᠳᠤ ᠬᠤᠪᠢ ᠪᠠᠷ ᠢᠶᠠᠨ᠂ ᠬᠤᠷᠰᠢᠨ ᠡᠵᠡᠩᠨᠡᠭᠰᠡᠨ ᠪᠤᠶᠤ ᠵᠣᠬᠢᠶᠠᠨ ᠪᠠᠶᠢᠭᠤᠯᠵᠤ ᠪᠠᠶᠢᠭᠠᠳ ᠠᠳᠠᠯ ᠦᠢᠯᠡᠰ ᠴᠣᠭᠴᠠᠯᠠᠭᠰᠠᠨ ᠮᠥᠷᠲᠡᠭᠡᠨ ᠪᠠᠯᠠ ᠮᠥᠩᠭᠦ ᠨᠢ ᠬᠦᠷᠦᠯᠴᠡᠬᠦ ᠥᠬᠡᠶ ᠪᠠᠶᠢᠪᠠᠯ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠲᠡᠳᠬᠦᠮᠵᠢ ᠣᠯᠭᠤᠨ᠎ᠠ᠃      ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ᠂ ᠶᠠᠳᠠᠭᠤ ᠶᠢ ᠲᠡᠳᠬᠦᠬᠦ ᠵᠢᠭᠡᠯᠡᠯᠭᠡ᠂ ᠣᠷᠣᠨ ᠰᠠᠭᠤᠴᠠ ᠶᠢᠨ ᠵᠢᠭᠡᠯᠡᠯᠭᠡ᠂ ᠮᠠᠰᠢᠨ ᠲᠡᠷᠭᠡ ᠬᠤᠳᠠᠯᠳᠤᠨ ᠠᠪᠬᠤ ᠵᠢᠭᠡᠯᠡᠯᠭᠡ᠂ 5 ᠲᠦᠮᠡᠨ ᠲᠥᠭᠦᠷᠢᠭ ᠠᠴᠠ ᠳᠣᠷᠣᠭᠰᠢᠬᠢ ᠪᠠᠭ᠎ᠠ ᠲᠣᠭᠠᠨ ᠤ ᠬᠡᠷᠡᠭᠯᠡᠭᠡᠨ ᠤ ᠵᠢᠭᠡᠯᠡᠯᠭᠡ ︵ᠢᠲᠡᠭᠡᠮᠵᠢ ᠶᠢᠨ ᠺᠠᠷᠲ ᠤᠨ ᠬᠡᠷᠡᠭᠯᠡᠭᠡ ᠪᠠᠭᠲᠠᠨ᠎ᠠ︶ ᠠᠴᠠ ᠭᠠᠳᠠᠨ᠎ᠠ᠂ ᠭᠤᠶᠤᠴᠢᠯᠠᠭᠴᠢ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠭᠤᠶᠤᠴᠢᠯᠠᠯ ᠢᠶᠠᠨ ᠲᠤᠰᠢᠶᠠᠬᠤ ᠦᠶ᠎ᠡ ᠳᠤ᠂ ᠲᠣᠰ ᠬᠥᠮᠦᠨ ᠵᠢᠴᠢ ᠲᠡᠭᠦᠨ ᠤ ᠬᠤᠯᠪᠣᠰᠤ ᠨᠢ ᠪᠤᠰᠤᠳ ᠵᠢᠭᠡᠯᠡᠯᠭᠡ ᠥᠬᠡᠶ ᠪᠠᠶᠢᠬᠤ ᠬᠡᠷᠡᠭᠲᠡᠶ᠃      ᠬᠤᠶᠠᠷ᠂ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠲᠤᠭ᠎ᠠ ᠬᠡᠮᠵᠢᠶ᠎ᠡ ᠪᠠ ᠵᠢᠭᠡᠯᠡᠯᠭᠡ ᠶᠢᠨ ᠬᠤᠭᠤᠴᠠᠭ᠎ᠠ ᠬᠢᠵᠠᠭᠠᠷ      ᠨᠥᠬᠦᠴᠡᠯ ᠳᠤ ᠨᠡᠶᠢᠴᠡᠬᠦ ᠬᠤᠪᠢ ᠬᠥᠮᠦᠨ ᠳᠤ ᠣᠯᠭᠤᠬᠤ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠬᠠᠮᠤᠭ ᠤᠨ ᠥᠨᠳᠥᠷ ᠲᠡᠭᠡᠨ 20 ᠲᠦᠮᠡᠨ ᠲᠥᠭᠦᠷᠢᠭ ᠪᠣᠯᠤᠨ᠎ᠠ᠃ ᠵᠢᠭᠡᠯᠡᠯᠭᠡ ᠶᠢᠨ ᠬᠤᠭᠤᠴᠠᠭ᠎ᠠ ᠶᠢ ᠬᠠᠮᠤᠭ ᠤᠨ ᠤᠷᠳᠦ ᠳᠠᠭᠠᠨ 3 ᠵᠢᠯ ᠠᠴᠠ ᠬᠡᠲᠦᠷᠡᠭᠦᠯᠵᠦ ᠪᠣᠯᠬᠤ ᠤᠢᠭᠡᠢ᠃      ᠭᠤᠷᠪᠠ᠂ ᠨᠥᠬᠦᠴᠡᠯ ᠳᠤ ᠨᠡᠶᠢᠴᠡᠬᠦ ᠬᠤᠪᠢ ᠬᠥᠮᠦᠨ ᠤ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠡᠭᠦᠷᠭᠡᠯᠡᠬᠦ ᠬᠦᠤ ᠮᠥᠩᠭᠦ ᠨᠢ 2.35% ᠪᠠᠶᠢᠵᠤ᠂ ᠪᠠᠷᠢᠮᠵᠢᠶ᠎ᠠ ᠶᠢ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠨᠡᠶᠢᠲᠡᠯᠡᠭᠰᠡᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠤ ᠶᠢᠨ ᠨᠣᠷᠮ᠎ᠠ ᠶᠢ ᠦᠨᠳᠦᠰᠦᠯᠡᠨ ᠵᠣᠬᠢᠴᠠᠩᠭᠤᠶ ᠪᠠᠷ ᠳᠣᠭᠢᠷᠠᠭᠤᠯᠤᠨ᠎ᠠ᠃      ᠳᠥᠷᠪᠡ᠂ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠭᠡᠳᠡᠷᠭᠦ ᠳᠠᠭᠠᠭᠠᠯᠲᠠ ᠶᠢᠨ ᠬᠡᠯᠪᠡᠷᠢ ᠵᠢᠴᠢ ᠭᠡᠳᠡᠷᠭᠦ ᠳᠠᠭᠠᠭᠠᠯᠲᠠ ᠶᠢᠨ ᠲᠤᠭ᠎ᠠ ᠬᠡᠮᠵᠢᠶ᠎ᠡ      1. ᠨᠥᠬᠦᠴᠡᠯ ᠳᠤ ᠨᠡᠶᠢᠴᠡᠬᠦ ᠵᠣᠭᠤᠰ ᠵᠢᠭᠡᠯᠡᠭᠴᠢ 10 ᠲᠦᠮᠡᠨ ᠲᠥᠭᠦᠷᠢᠭ ᠤᠨ ᠳᠣᠲᠣᠷᠠᠬᠢ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠭᠤᠶᠤᠴᠢᠯᠠᠪᠠᠯ᠂ ᠭᠡᠳᠡᠷᠭᠦ ᠳᠠᠭᠠᠭᠠᠯᠲᠠ ᠶᠢ ᠭᠡᠯᠳᠦᠷᠢᠭᠦᠯᠵᠦ ᠪᠣᠯᠤᠨ᠎ᠠ︔ 2. ᠬᠥᠬᠡᠬᠤᠲᠠ ᠣᠷᠣᠨ ᠤ ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠳᠤ ᠠᠵᠢᠯᠯᠠᠵᠤ ᠪᠠᠶᠢᠭ᠎ᠠ ᠣᠷᠣᠨ ᠲᠤᠭ᠎ᠠ ᠲᠠᠢ ᠠᠵᠢᠯ ᠤᠨ ᠪᠠᠶᠢᠷᠢ ᠳᠤ ᠪᠠᠶᠢᠭ᠎ᠠ ᠠᠯᠪᠠᠨ ᠲᠤᠰᠢᠶᠠᠯᠲᠠᠨ᠂ ᠤᠯᠤᠰ ᠤᠨ ᠥᠮᠴᠢᠯᠡᠯᠲᠦ ᠬᠤᠳᠠᠯᠳᠤᠭᠠᠨ ᠤ ᠪᠠᠩᠬᠢ᠂ ᠬᠤᠪᠢ ᠣᠷᠣᠭᠤᠯᠬᠤ ᠳᠦᠷᠢᠮᠲᠦ ᠪᠠᠩᠬᠢ᠂ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ᠂ ᠴᠢᠮᠡᠭᠡ ᠨᠡᠪᠲᠡᠷᠡᠯᠭᠡ᠂ ᠰᠢᠦᠳᠠᠨ ᠬᠤᠯᠪᠣᠭ᠎ᠠ᠂ ᠠᠷᠠᠳ ᠤᠨ ᠠᠭᠠᠷ ᠤᠨ ᠲᠡᠭᠡᠭᠡᠪᠦᠷᠢ᠂ ᠴᠢᠯᠠᠭᠤᠨ ᠲᠣᠰᠣ᠂ ᠨᠠᠪᠴᠢᠨ ᠲᠠᠮᠠᠬᠢ᠂ ᠳᠠᠪᠤᠰᠤᠨ ᠤ ᠦᠢᠯᠡᠰ᠂ ᠴᠠᠬᠢᠯᠭᠠᠨ ᠬᠦᠴᠦ᠂ ᠢᠯᠴᠢ ᠶᠢᠨ ᠬᠦᠴᠦ᠂ ᠨᠡᠭᠦᠷᠡᠰᠦᠨ ᠬᠡᠢ᠂ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ᠂ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠮᠠᠰᠢᠨ ᠲᠡᠷᠭᠡ ᠪᠠ ᠲᠡᠮᠦᠷ ᠵᠠᠮᠲᠤ ᠵᠠᠮ ᠬᠠᠷᠢᠯᠴᠠᠭᠠᠨ ᠤ ᠠᠶᠠᠨᠴᠢᠳ ᠤᠨ ᠲᠡᠭᠡᠭᠡᠪᠦᠷᠢ ᠶᠢᠨ ᠦᠢᠯᠡᠰ ᠵᠢᠴᠢ ᠪᠤᠰᠤᠳ ᠤᠯᠤᠰ ᠤᠨ ᠥᠮᠴᠢᠯᠡᠯᠲᠦ ᠠᠵᠤ ᠠᠬᠤᠶᠢᠯᠠᠯ ᠪᠤᠶᠤ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠵᠡᠷᠭᠡ ᠮᠠᠨ ᠤ ᠬᠤᠲᠠ ᠶᠢᠨ ᠡᠷᠦᠬᠡ ᠠᠮᠠ ᠶᠢᠨ ᠳᠠᠩᠰᠠ ᠲᠠᠢ᠂ ᠲᠣᠭᠲᠠᠪᠤᠷᠢᠲᠠᠶ ᠣᠷᠣᠯᠭ᠎ᠠ ᠶᠢᠨ ᠢᠷᠡᠯᠲᠡ ᠲᠠᠢ ᠮᠥᠷᠲᠡᠭᠡᠨ ᠣᠷᠣᠯᠭ᠎ᠠ ᠶᠢᠨ ᠬᠢᠷᠢ ᠬᠡᠮᠵᠢᠶ᠎ᠡ ᠨᠢ ᠲᠤᠰ ᠭᠠᠵᠠᠷ ᠣᠷᠣᠨ ᠤ ᠠᠵᠢᠯ ᠤᠨ ᠪᠠᠶᠢᠷᠢᠨ ᠳᠤ ᠪᠠᠶᠢᠭ᠎ᠠ ᠠᠵᠢᠯᠲᠠᠨ ᠠᠵᠢᠯᠴᠢᠨ ᠤ ᠳᠤᠮᠳᠠᠴᠢ ᠴᠠᠯᠢᠩ ᠠᠴᠠ ᠥᠨᠳᠥᠷ ᠠᠵᠤ ᠠᠬᠤᠶᠢᠯᠠᠯ ᠤᠨ ᠬᠠᠮᠢᠶᠠᠷᠤᠯᠲᠠ ᠶᠢᠨ ᠠᠵᠢᠯᠲᠠᠨ ᠵᠣᠭᠤᠰ ᠵᠢᠭᠡᠯᠡᠭᠴᠢ ᠳᠤ ᠭᠡᠳᠡᠷᠭᠦ ᠳᠠᠭᠠᠭᠠᠯᠲᠠ ᠬᠠᠩᠭᠠᠵᠤ ᠪᠣᠯᠤᠨ᠎ᠠ᠃ ᠬᠥᠮᠦᠨ ᠪᠦᠷᠢ ᠶᠢᠨ ᠳᠠᠭᠠᠭᠠᠯᠲᠠ ᠬᠢᠬᠦ ᠲᠤᠭ᠎ᠠ ᠬᠡᠮᠵᠢᠶ᠎ᠡ ᠶᠢ 20 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ︔ ᠳᠡᠭᠡᠷ᠎ᠡ ᠳᠤᠷᠠᠳᠤᠭᠰᠠᠨ ᠠᠵᠤ ᠠᠬᠤᠶᠢᠯᠠᠯ ᠤᠨ ᠮᠠᠨ ᠤ ᠬᠤᠲᠠ ᠶᠢᠨ ᠡᠷᠦᠬᠡ ᠠᠮᠠ ᠶᠢᠨ ᠲᠠᠩᠰᠠ ᠲᠠᠢ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠨᠢ ᠵᠣᠭᠤᠰ ᠵᠢᠭᠡᠯᠡᠭᠴᠢ ᠳᠤ ᠭᠡᠳᠡᠷᠭᠦ ᠳᠠᠭᠠᠭᠠᠯᠲᠠ ᠬᠠᠩᠭᠠᠵᠤ ᠪᠣᠯᠤᠨ᠎ᠠ᠂ ᠬᠥᠮᠦᠨ ᠪᠦᠷᠢ ᠶᠢᠨ ᠳᠠᠭᠠᠭᠠᠯᠲᠠ ᠬᠢᠬᠦ ᠲᠤᠭ᠎ᠠ ᠬᠡᠮᠵᠢᠶ᠎ᠡ ᠨᠢ 10 ᠲᠦᠮᠡᠨ ᠲᠥᠭᠦᠷᠢᠭ ᠠᠴᠠ ᠬᠡᠲᠦᠷᠡᠵᠦ ᠪᠣᠯᠬᠤ ᠥᠬᠡᠶ︔ 3. ᠲᠤᠰ ᠭᠠᠵᠠᠷ ᠣᠷᠣᠨ ᠤ ᠲᠣᠭᠲᠠᠭᠠᠯ ᠳᠤ ᠨᠡᠶᠢᠴᠡᠪᠡᠯ ᠪᠡᠯᠡᠨ ᠵᠣᠭᠤᠰ ᠪᠣᠯᠭᠠᠵᠤ ᠪᠣᠯᠬᠤ ᠭᠡᠷ ᠬᠥᠷᠥᠩᠭᠡ ︵ᠭᠤᠷᠪᠠᠳᠠᠬᠢ ᠡᠲᠡᠭᠡᠳ ᠤᠨ ᠭᠡᠷ ᠬᠥᠷᠥᠩᠭᠡ ᠪᠠᠭᠲᠠᠨ᠎ᠠ︶᠂ ᠭᠠᠵᠠᠷ ᠰᠢᠷᠣᠶ ᠪᠠᠷ ᠪᠠᠷᠢᠴᠠᠭᠠᠯᠠᠬᠤ ᠳᠠᠭᠠᠭᠠᠯᠲᠠ ᠬᠢᠵᠦ ᠪᠣᠯᠤᠨ᠎ᠠ᠂ ᠪᠠᠷᠢᠴᠠᠭᠠᠯᠠᠬᠤ ᠨᠣᠷᠮ᠎ᠠ ᠨᠢ 60% ᠪᠣᠯᠤᠨ᠎ᠠ︔ ᠵᠢᠭᠡᠯᠡᠯᠭᠡ ᠶᠢᠨ ᠲᠤᠭ᠎ᠠ ᠬᠡᠮᠵᠢᠶ᠎ᠡ ᠠᠴᠠ ᠥᠨᠳᠥᠷ ᠦᠨᠡᠲᠦ ᠲᠡᠮᠳᠡᠭᠲᠦ ᠶᠢᠨ ᠲᠣᠭᠲᠠᠮᠠᠯ ᠬᠤᠭᠤᠴᠠᠭᠠᠲᠤ ᠬᠠᠳᠠᠭᠠᠯᠠᠮᠵᠢ ᠶᠢᠨ ᠬᠠᠭᠤᠳᠠᠰᠤ ᠪᠠᠷ ᠳᠠᠨᠵᠢᠯᠠᠭ᠎ᠠ ᠶᠢᠨ ᠳᠠᠭᠠᠭᠠᠯᠲᠠ ᠬᠢᠵᠦ ᠪᠣᠯᠤᠨ᠎ᠠ᠂ ᠳᠠᠨᠵᠢᠯᠠᠭ᠎ᠠ ᠶᠢᠨ ᠨᠤᠷᠮ᠎ᠠ ᠨᠢ 90% ᠪᠣᠯᠤᠨ᠎ᠠ᠃ ᠳᠡᠭᠡᠷᠡᠬᠢ ᠪᠠᠷᠢᠴᠠᠭᠠᠯᠠᠬᠤ᠂ ᠳᠠᠨᠵᠢᠯᠠᠭ᠎ᠠ ᠶᠢᠨ ᠳᠠᠭᠠᠭᠠᠯᠲᠠ ᠶᠢᠨ ᠭᠠᠷ ᠭᠦᠢᠴᠡᠳᠬᠡᠯ ᠢ ᠵᠢᠭᠡᠯᠡᠯᠭᠡ ᠲᠠᠯᠪᠢᠬᠤ ᠪᠠᠩᠬᠢ ᠠᠴᠠ ᠭᠦᠢᠴᠡᠳᠬᠡᠨ᠎ᠡ︔ 4. ᠬᠡᠪᠴᠢᠶ᠎ᠡ ᠪᠠᠷ ᠨᠡᠯᠢᠶᠡᠳ ᠶᠡᠭᠡ ᠵᠠᠬ᠎ᠠ ᠳᠡᠯᠭᠡᠭᠦᠷ᠂ ᠬᠤᠳᠠᠯᠳᠤᠭᠠᠨ ᠤ ᠲᠠᠯᠠᠪᠤᠷ ᠨᠢ ᠣᠷᠣᠵᠤ ᠰᠠᠭᠤᠭᠰᠠᠨ ᠬᠤᠳᠠᠯᠳᠤᠭᠠᠨ ᠤ ᠡᠷᠦᠬᠡ ᠳᠤ ᠲᠥᠪᠯᠡᠷᠡᠩᠭᠦᠶ ᠨᠢᠭᠡᠳᠦᠯᠲᠡᠶ ᠳᠠᠭᠠᠭᠠᠯᠲᠠ ᠬᠠᠩᠭᠠᠵᠤ ᠪᠣᠯᠤᠨ᠎ᠠ᠂ ᠳᠠᠭᠠᠭᠠᠯᠲᠠ ᠶᠢᠨ ᠶᠡᠷᠦᠩᠬᠡᠶ ᠲᠤᠭ᠎ᠠ ᠨᠢ ᠳᠠᠭᠠᠭᠠᠯᠲᠠ ᠶᠢᠨ ᠨᠢᠭᠡᠴᠡ ᠶᠢᠨ ᠥᠪᠡᠷ ᠤᠨ ᠴᠡᠪᠡᠷ ᠡᠳ᠋ ᠬᠥᠷᠥᠩᠭᠡ ᠶᠢᠨ ᠶᠡᠷᠦᠩᠬᠡᠶ ᠲᠣᠭᠠᠨ ᠤ 50% ᠠᠴᠠ ᠬᠡᠲᠦᠷᠡᠵᠦ ᠪᠣᠯᠬᠤ ᠥᠬᠡᠶ᠃      ᠲᠠᠪᠤ᠂ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢ ᠭᠤᠶᠤᠴᠢᠯᠠᠬᠤ ᠳᠤ ᠲᠤᠰᠢᠶᠠᠪᠠᠰᠤ ᠵᠣᠬᠢᠬᠤ ᠮᠠᠲ᠋ᠧᠷᠢᠶᠠᠯ      1. ᠬᠥᠬᠡᠬᠤᠲᠠ ᠶᠢᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠭᠤᠶᠤᠴᠢᠯᠠᠬᠤ ᠬᠦᠰᠦᠨᠦᠭᠲᠦ ︵A3 ᠴᠠᠭᠠᠰᠤ︶      2. ᠥᠴᠦᠬᠡᠨ ᠠᠰᠢᠭ ᠤᠯᠬᠤ ᠵᠦᠢᠯᠡᠰ ᠤᠨ ᠳᠠᠮ ᠬᠦᠦ ᠶᠢ ᠬᠢᠨᠠᠨ ᠬᠠᠷᠭᠤᠭᠤᠯᠵᠤ ᠮᠠᠭᠠᠳᠯᠠᠨ ᠲᠣᠭᠲᠠᠭᠠᠬᠤ ᠬᠦᠰᠦᠨᠦᠭᠲᠦ ︵A4 ᠴᠠᠭᠠᠰᠤ︶      3. ᠪᠠᠲᠤᠯᠠᠭᠴᠢ ᠶᠢᠨ ᠴᠠᠯᠢᠩ ᠤᠨ ᠣᠷᠣᠯᠭ᠎ᠠ ᠶᠢ ᠡᠰᠡᠷᠭᠦᠴᠡᠬᠦ ᠭᠡᠷᠡᠴᠢ ᠶᠢᠨ ᠤᠤᠯ ᠮᠠᠲ᠋ᠧᠷᠢᠶᠠᠯ ︵A4 ᠴᠠᠭᠠᠰᠤ︶      4. ᠵᠣᠭᠤᠰ ᠵᠢᠭᠡᠯᠡᠭᠴᠢ ᠶᠢᠨ ᠪᠡᠶ᠎ᠡ ᠶᠢᠨ ᠦᠨᠡᠮᠯᠡᠯ ᠤᠨ ᠬᠠᠭᠤᠯᠪᠤᠷᠢ ︵A4 ᠴᠠᠭᠠᠰᠤ︶      5. ᠵᠣᠭᠤᠰ ᠵᠢᠭᠡᠯᠡᠭᠴᠢ ᠶᠢᠨ ᠡᠷᠦᠬᠡ ᠠᠮᠠ ᠶᠢᠨ ᠲᠦᠷᠦᠭᠦᠦ ᠨᠢᠭᠤᠷ ᠪᠠ ᠲᠤᠰ ᠬᠥᠮᠦᠨ ᠤ ᠨᠢᠭᠤᠷ ᠤᠨ ᠬᠠᠭᠤᠯᠪᠤᠷᠢ ︵A4 ᠴᠠᠭᠠᠰᠤ︶      6. ᠪᠠᠲᠤᠯᠠᠭᠴᠢ ᠶᠢ ᠡᠰᠡᠷᠭᠦᠴᠡᠬᠦ ᠪᠡᠶ᠎ᠡ ᠶᠢᠨ ᠦᠨᠡᠮᠯᠡᠯ ᠤᠨ ᠬᠠᠭᠤᠯᠪᠤᠷᠢ ︵A4 ᠴᠠᠭᠠᠰᠤ︶      7. ᠪᠠᠲᠤᠯᠠᠭᠴᠢ ᠶᠢᠨ ᠡᠷᠦᠬᠡ ᠠᠮᠠ ᠶᠢᠨ ᠳᠠᠩᠰᠠ ᠶᠢ ᠡᠰᠡᠷᠭᠦᠴᠡᠬᠦ ᠲᠦᠷᠦᠭᠦᠦ ᠨᠢᠭᠤᠷ ᠪᠠ ᠲᠤᠰ ᠬᠥᠮᠦᠨ ᠤ ᠨᠢᠭᠤᠷ ᠤᠨ ᠬᠠᠭᠤᠯᠪᠤᠷᠢ ︵A4 ᠴᠠᠭᠠᠰᠤ︶      8. ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ︵A4 ᠴᠠᠭᠠᠰᠤ ᠪᠠᠷ ᠲᠣᠪᠴᠢᠯᠠᠨ ᠳᠠᠷᠤᠮᠠᠯᠯᠠᠪᠠ︶      9. ᠠᠵᠢᠯ ᠣᠯᠤᠭᠰᠠᠨ ᠪᠠ ᠠᠵᠢᠯ ᠠᠯᠳᠠᠭᠰᠠᠨ ᠳᠡᠩᠰᠡᠯᠡᠯᠲᠡ ᠶᠢᠨ ᠦᠨᠡᠮᠯᠡᠯ ᠤᠨ ᠪᠠᠭᠤᠯᠭᠠᠪᠤᠷᠢ ︵A4 ᠴᠠᠭᠠᠰᠤ︶      10᠂ ᠵᠣᠭᠤᠰ ᠵᠢᠭᠡᠯᠡᠭᠴᠢ ᠶᠢᠨ ᠪᠤᠰᠤᠳ ᠭᠡᠷᠡᠴᠢᠯᠡᠬᠦ ᠮᠠᠲ᠋ᠧᠷᠢᠶᠠᠯ ᠤᠨ ᠪᠠᠭᠤᠯᠭᠠᠪᠤᠷᠢ ︵A4 ᠴᠠᠭᠠᠰᠤ︶      11᠂ ᠬᠤᠷᠰᠢᠨ ᠡᠵᠡᠩᠨᠡᠬᠦ ᠳᠤ ᠦᠢᠯᠡᠳᠪᠦᠷᠢ ᠬᠤᠳᠠᠯᠳᠤᠭᠠᠨ ᠤ ᠳᠠᠩᠰᠠᠯᠠᠭᠤᠯᠤᠯᠲᠠ ᠶᠢ ᠬᠠᠩᠭᠠᠬᠤ ᠴᠢᠬᠤᠯᠠᠲᠠᠶ ᠪᠡᠯᠡ ᠰᠢᠯᠭᠠᠭᠰᠠᠨ ᠮᠡᠳᠡᠭᠦᠯᠦᠯᠲᠡ ᠪᠤᠶᠤ ᠺᠣᠮᠫᠠᠨᠢ ᠶᠢᠨ ᠲᠦᠷᠢᠮ ᠤᠨ ᠪᠠᠭᠤᠯᠭᠠᠪᠤᠷᠢ ︵A4 ᠴᠠᠭᠠᠰᠤ︶      ᠳᠡᠭᠡᠷ᠎ᠡ ᠳᠤᠷᠠᠳᠤᠭᠰᠠᠨ ᠮᠠᠲ᠋ᠧᠷᠢᠶᠠᠯ ᠳᠤ ᠪᠠᠲᠤᠯᠠᠭᠴᠢ ᠶᠢᠨ ᠴᠠᠯᠢᠩ ᠤᠨ ᠣᠷᠣᠯᠭ᠎ᠠ ᠶᠢᠨ ᠬᠡᠷᠡᠴᠢ ︵ᠤᠭ ᠮᠠᠲ᠋ᠧᠷᠢᠶᠠᠯ︶ ᠨᠢ ᠨᠢᠭᠡ ᠬᠡᠯᠪᠡᠷᠢ ᠶᠢᠨ ᠲᠦᠷᠪᠡᠨ ᠬᠤᠪᠢ ᠪᠠᠶᠢᠬᠤ ᠶᠢ ᠭᠠᠷᠭᠠᠪᠠᠯ᠂ ᠪᠤᠰᠤᠳ ᠮᠠᠲ᠋ᠧᠷᠢᠶᠠᠯ ᠨᠢ ᠴᠥᠮ ᠨᠢᠭᠡ ᠬᠡᠯᠪᠡᠷᠢ ᠶᠢᠨ ᠬᠤᠶᠠᠷ ᠬᠤᠪᠢ ᠪᠣᠯᠬᠤ ᠪᠥᠭᠡᠳ ᠳᠡᠭᠡᠷ᠎ᠡ ᠳᠤᠷᠠᠳᠤᠭᠰᠠᠨ ᠲᠡᠰ ᠳᠠᠷᠠᠭᠠᠯᠠᠯ ᠢᠶᠠᠷ ᠲᠡᠰ ᠳᠠᠷᠠᠭᠠᠯᠠᠨ ᠵᠢᠭᠰᠠᠭᠠᠨ᠎ᠠ᠃      ᠳᠡᠭᠡᠳᠦ ᠰᠤᠷᠭᠠᠭᠤᠯᠢ ᠲᠡᠭᠦᠰᠦᠭᠰᠡᠳ ᠤᠨ ᠲᠥᠷᠥ ᠶᠢᠨ ᠪᠣᠳᠣᠯᠭ᠎ᠠ ᠶᠢᠨ ᠨᠠᠷᠢᠨ ᠪᠠᠶᠢᠳᠠᠯ ᠢ ᠬᠥᠬᠡᠬᠤᠲᠠ ᠶᠢᠨ ᠠᠳᠠᠯ ᠦᠢᠯᠡᠰ ᠴᠣᠭᠴᠠᠯᠠᠬᠤ ᠵᠢᠭᠡᠯᠡᠯᠭᠡ ᠶᠢᠨ ᠳᠠᠭᠠᠭᠠᠯᠲᠠ ᠶᠢᠨ ᠠᠰᠠᠭᠤᠨ ᠯᠠᠪᠯᠠᠬᠤ ᠤᠲᠠᠰᠤ 6241551 ᠶᠢ ᠯᠠᠪᠯᠠᠭᠠᠷᠠᠶ      ᠪᠤᠰᠤᠳ ᠬᠥᠮᠦᠰ ᠤᠨ ᠲᠥᠷᠥᠯ ᠢᠯᠭᠠᠯ ᠤᠨ ᠲᠥᠷᠥ ᠶᠢᠨ ᠪᠣᠳᠣᠯᠭ᠎ᠠ ᠶᠢᠨ ᠨᠠᠷᠢᠨ ᠪᠠᠶᠢᠳᠠᠯ ᠢ ᠬᠤᠲᠣᠩ ᠠᠷᠠᠳ ᠤᠨ ᠲᠣᠭᠤᠷᠢᠭ ᠤᠨ ᠠᠵᠢᠯ ᠣᠯᠭᠤᠬᠤ ᠦᠢᠯᠡᠴᠢᠯᠡᠭᠡᠨ ᠤ ᠲᠥᠪ ᠤᠨ ᠠᠳᠠᠯ ᠦᠢᠯᠡᠰ ᠴᠣᠭᠴᠠᠯᠠᠬᠤ  ᠵᠢᠭᠡᠯᠡᠯᠭᠡ ᠶᠢᠨ ᠳᠠᠭᠠᠭᠠᠯᠲᠠ ᠶᠢᠨ ᠲᠥᠪ ᠠᠴᠠ ᠯᠠᠪᠯᠠᠭᠠᠷᠠᠶ ᠯᠠᠪᠯᠠᠬᠤ ᠤᠲᠠᠰᠤ᠄ 0471-3821097      ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠰᠦᠯᠵᠢᠶ᠎ᠡ ᠳᠤ ᠭᠠᠷᠴᠤ ᠪᠠᠶᠢᠴᠠᠭᠠᠨ ᠯᠠᠪᠯᠠᠬᠤ ᠵᠢᠴᠢ ᠬᠦᠰᠦᠨᠦᠭᠲᠦ ᠶᠢ ᠪᠠᠭᠤᠯᠭᠠᠵᠤ ᠪᠣᠯᠤᠨ᠎ᠠhttp://rsj.huhhot.gov.cn/index.php/Information/informationDetails/m_id/1098/kid/37/nid/7
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号