ᠬᠤᠲᠣᠩ ᠠᠷᠠᠳ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ 2020 ᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠤᠨ ᠪᠠᠶᠢᠳᠠᠯ ᠤᠨ ᠮᠡᠳᠡᠭᠳᠡᠯ
ᠨᠡᠶᠢᠲᠡᠯᠡᠭᠰᠡᠨ ᠴᠠᠭ᠄
2021/6/23
     ᠶᠢᠦ ᠶᠢᠦ ᠪᠠᠨ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠲᠤ᠄      2020 ᠣᠨ ᠳᠤ᠂ ᠮᠠᠨ ᠤ ᠲᠣᠭᠤᠷᠢᠭ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠨᠢ ᠡᠯ᠎ᠡ ᠰᠠᠯᠠᠭ᠎ᠠ ᠮᠥᠴᠢᠷ᠂ ᠭᠠᠵᠠᠷ ᠣᠷᠣᠨ ᠤ ᠳᠡᠭᠡᠭᠰᠢ ᠮᠡᠳᠡᠭᠦᠯᠦᠭᠰᠡᠨ ᠮᠡᠳᠡᠭᠡ ᠵᠠᠩᠭᠢ ᠪᠠᠷ ᠰᠠᠭᠤᠷᠢ ᠪᠣᠯᠭᠠᠵᠤ᠂ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠤᠨ ᠪᠠᠶᠢᠳᠠᠯ ᠢ ᠪᠥᠬᠦ ᠲᠠᠯ᠎ᠠ ᠪᠠᠷ ᠲᠤᠰᠬᠠᠵᠤ᠂ ᠳᠡᠭᠡᠳᠦ ᠱᠠᠲᠤᠨ ᠤ ᠪᠠᠶᠢᠳᠠᠯ ᠢ ᠳᠣᠷᠣᠭᠰᠢ ᠪᠠᠭᠤᠯᠭᠠᠬᠤ᠂ ᠳᠣᠤᠷᠠᠳᠤ ᠱᠠᠲᠤᠨ ᠤ ᠪᠠᠶᠢᠳᠠᠯ ᠢ ᠳᠡᠭᠡᠭᠰᠢ ᠮᠡᠳᠡᠭᠦᠯᠬᠦ ᠦᠢᠯᠡᠳᠦᠯ ᠢ ᠨᠡᠯᠢᠶᠡᠳ ᠰᠠᠶᠢᠨ ᠪᠠᠳᠠᠷᠠᠭᠤᠯᠵᠤ᠂ ᠤᠳᠤᠷᠢᠳᠤᠯᠭ᠎ᠠ ᠶᠢᠨ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠴᠢᠬᠤᠯᠠ ᠯᠠᠪᠯᠠᠯᠲᠠ ᠬᠠᠩᠭᠠᠪᠠ᠃ ᠪᠥᠬᠦ ᠲᠣᠭᠤᠷᠢᠭ ᠤᠨ ᠡᠯ᠎ᠡ ᠨᠢᠭᠡᠴᠡ ᠶᠢᠨ ᠬᠠᠮᠲᠤ ᠶᠢᠨ ᠴᠢᠷᠮᠠᠶᠢᠯᠭ᠎ᠠ ᠪᠠᠷ᠂ ᠮᠠᠨ ᠤ ᠲᠣᠭᠤᠷᠢᠭ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠨᠢ ᠪᠥᠬᠦ ᠥᠪᠡᠷᠲᠡᠭᠡᠨ ᠵᠠᠰᠠᠬᠤ ᠣᠷᠣᠨ ᠤ 104 ᠬᠤᠰᠢᠭᠤ ᠰᠢᠶᠠᠨ ᠳᠤ 30 ᠳ᠋ᠤᠭᠠᠷ ᠲᠤ ᠵᠢᠭᠰᠠᠭᠠᠭᠳᠠᠵᠤ᠂ ᠪᠥᠬᠦ ᠬᠤᠲᠠ ᠶᠢᠨ 9 ᠬᠤᠰᠢᠭᠤ ᠰᠢᠶᠠᠨ ᠳᠤ 2 ᠳ᠋ᠤᠭᠠᠷ ᠲᠤ ᠵᠢᠭᠰᠠᠭᠠᠭᠳᠠᠵᠤ᠂ ᠪᠥᠬᠦ ᠵᠢᠯ ᠳᠤ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠡ ᠵᠠᠩᠭᠢ ᠶᠢᠨ ᠲᠠᠰᠤᠭ ᠲᠤ ᠨᠡᠶᠢᠲᠡ 1156 ᠵᠤᠷᠪᠤᠰ ᠮᠡᠳᠡᠭᠡ ᠵᠠᠩᠭᠢ ᠶᠢ ᠨᠠᠶᠢᠷᠠᠭᠤᠯᠤᠨ ᠲᠠᠷᠬᠠᠭᠠᠵᠤ᠂ ᠨᠡᠯᠢᠶᠡᠳ ᠰᠠᠶᠢᠨ ᠠᠮᠵᠢᠯᠲᠠ ᠣᠯᠤᠭᠰᠠᠨ ᠪᠠᠶᠢᠨ᠎ᠠ᠃ ᠭᠡᠪᠡᠴᠦ ᠳᠡᠭᠡᠳᠦ ᠱᠠᠲᠤᠨ ᠤ ᠱᠠᠭᠠᠷᠳᠠᠯᠭ᠎ᠠ ᠶᠢ ᠪᠠᠷᠢᠮᠵᠢᠶᠠᠯᠠᠬᠤ ᠳᠤ ᠪᠠᠰᠠ ᠪᠠᠭ᠎ᠠ ᠪᠤᠰᠤ ᠵᠥᠷᠢᠶ᠎ᠡ ᠲᠠᠢ ᠪᠠᠶᠢᠨ᠎ᠠ᠂ ᠪᠦᠬᠦ ᠵᠢᠯ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠭᠰᠡᠨ ᠪᠠᠶᠢᠳᠠᠯ ᠠᠴᠠ ᠦᠵᠡᠪᠡᠯ᠂ ᠵᠠᠷᠢᠮ ᠰᠠᠯᠠᠭ᠎ᠠ ᠮᠥᠴᠢᠷ ᠤᠨ ᠬᠢᠨ ᠮᠡᠳᠡᠭᠡ ᠵᠠᠩᠭᠢ ᠶᠢᠨ ᠠᠵᠢᠯ ᠢ ᠴᠢᠬᠤᠯᠠᠴᠢᠯᠠᠬᠤ ᠦᠭᠡᠢ᠂ ᠮᠡᠳᠡᠭᠡ ᠵᠠᠩᠭᠢ ᠶᠢᠨ ᠠᠵᠢᠯᠳᠠᠨ ᠢ ᠰᠠᠶᠢᠲᠤᠷ ᠲᠣᠬᠢᠷᠠᠭᠤᠯᠤᠭᠰᠠᠨ ᠦᠭᠡᠢ᠂ ᠮᠡᠳᠡᠭᠡ ᠵᠠᠩᠭᠢ ᠶᠢᠨ ᠠᠵᠢᠯ ᠤᠨ ᠲᠦᠷᠢᠮ ᠲᠡᠭᠦᠯᠳᠡᠷ ᠪᠤᠰᠤ᠂ ᠮᠡᠳᠡᠭᠡ ᠵᠠᠩᠭᠢ ᠶᠢᠨ ᠡᠭᠡ ᠪᠢᠴᠢᠭ ᠤᠨ ᠶᠠᠰᠤ ᠴᠢᠨᠠᠷ ᠨᠡᠯᠢᠶᠡᠳ ᠠᠨᠠᠶ᠂ ᠡᠭᠡ ᠪᠢᠴᠢᠭ ᠪᠣᠯᠵᠣᠭᠰᠠᠨ ᠮᠡᠳᠡᠭᠡ ᠵᠠᠩᠭᠢ ᠶᠢ ᠴᠠᠭ ᠲᠤᠬᠠᠶ ᠳᠤᠨᠢ ᠮᠡᠳᠡᠭᠦᠯᠦᠨ ᠬᠦᠷᠭᠡᠭᠰᠡᠨ ᠦᠭᠡᠢ᠂ ᠳ᠋ᠦᠩᠨᠡᠯᠲᠡ ᠶᠢᠨ ᠲᠦᠷᠦᠯ ᠤᠨ ᠮᠡᠳᠡᠭᠡ ᠵᠠᠩᠭᠢ᠂ ᠠᠷᠭ᠎ᠠ ᠬᠡᠮᠵᠢᠶ᠎ᠡ ᠶᠢᠨ ᠲᠦᠷᠦᠯ ᠤᠨ ᠮᠡᠳᠡᠭᠡ ᠵᠠᠩᠭᠢ᠂ ᠪᠠᠶᠢᠴᠠᠭᠠᠨ ᠰᠤᠳᠤᠯᠤᠯᠲᠠ ᠶᠢᠨ ᠲᠦᠷᠦᠯ ᠤᠨ ᠮᠡᠳᠡᠭᠡ ᠵᠠᠩᠭᠢ ᠳᠤᠲᠠᠮᠠᠭ ᠪᠠᠶᠢᠬᠤ ᠵᠡᠷᠭᠡ ᠠᠰᠠᠭᠤᠳᠠᠯ ᠨᠡᠶᠢᠳᠡᠮ ᠣᠷᠣᠰᠢᠵᠤ ᠪᠠᠶᠢᠨ᠎ᠠ᠃      ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠦᠭᠡ᠂ ᠡᠳᠦᠭᠡ ᠮᠠᠨ ᠤ ᠣᠷᠣᠨ ᠤ ᠡᠯ᠎ᠡ ᠨᠢᠭᠡᠴᠡ ᠶᠢᠨ 2020 ᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠦ᠂ ᠪᠠᠭᠤᠷᠠᠶ ᠲᠠᠯ᠎ᠠ ᠪᠠᠨ ᠨᠠᠷᠢᠨ ᠬᠢᠨᠠᠮᠠᠭᠠᠶ ᠡᠷᠢᠵᠦ᠂ ᠬᠤᠶᠢᠰᠢᠳᠠ ᠶᠢᠨ ᠮᠡᠳᠡᠭᠡ ᠵᠠᠩᠭᠢ ᠶᠢᠨ ᠠᠵᠢᠯ ᠤᠨ ᠳᠤᠮᠳᠠ᠂ ᠠᠵᠢᠯ ᠤᠨ ᠠᠷᠭ᠎ᠠ ᠪᠠᠷᠢᠯ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠲᠣᠰ ᠨᠢᠭᠡᠴᠡ ᠶᠢᠨ ᠢᠶᠠᠨ ᠠᠵᠢᠯ ᠤᠨ ᠳᠤᠮᠳᠠ ᠬᠤᠷᠠᠮᠳᠤᠭᠤᠯᠤᠭᠰᠠᠨ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠵᠢᠴᠢ ᠠᠵᠢᠯ ᠤᠨ ᠣᠯᠤᠭᠰᠠᠨ ᠴᠢᠬᠤᠯᠠ ᠶᠡᠭᠡ ᠠᠬᠢᠴᠠ᠂ ᠲᠣᠪᠤᠶᠢᠮ᠎ᠠ ᠠᠮᠵᠢᠯᠲᠠ ᠪᠦᠲᠦᠮᠵᠢ᠂ ᠪᠠᠴᠢᠮ ᠰᠢᠢᠳᠪᠦᠷᠢᠯᠡᠬᠦ ᠴᠢᠬᠤᠯᠠᠲᠠᠶ ᠠᠰᠠᠭᠤᠳᠠᠯ ᠢ ᠴᠠᠭ ᠲᠤᠬᠠᠶ ᠳᠤᠨᠢ ᠳ᠋ᠦᠩᠨᠡᠨ ᠮᠡᠳᠡᠭᠦᠯᠵᠦ᠂ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠢ ᠨᠠᠩ ᠴᠠᠭ ᠲᠤᠬᠠᠶ ᠳᠤᠨᠢ ᠭᠦᠢᠴᠡᠳ ᠢᠯᠡᠷᠡᠭᠦᠯᠵᠦ᠂ ᠮᠠᠨ ᠤ ᠲᠣᠭᠤᠷᠢᠭ ᠤᠨ 2021 ᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠳᠥᠯᠭᠢᠨ ᠠᠬᠢᠭᠤᠯᠬᠤ ᠬᠡᠷᠡᠭᠲᠡᠶ᠃      ᠳᠠᠭᠠᠯᠳᠤᠭᠤᠯᠤᠯ᠄ ᠬᠤᠲᠣᠩ ᠠᠷᠠᠳ ᠤᠨ ᠲᠣᠭᠤᠷᠢᠭ ᠤᠨ 2020 ᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠬᠡᠷᠡᠭᠯᠡᠭᠰᠡᠨ ᠪᠠᠶᠢᠳᠠᠯ      ᠬᠤᠲᠣᠩ ᠠᠷᠠᠳ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ      2021 ᠣᠨ ᠤ 6 ᠳ᠋ᠤᠭᠠᠷ ᠰᠠᠷ᠎ᠠ ᠶᠢᠨ 23
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号