ᠠᠩᠬᠠᠷ︕ ᠪᠥᠭᠡᠮ ᠬᠦᠴᠢᠯ ᠤᠨ ᠪᠠᠶᠢᠴᠠᠭᠠᠯᠲᠠ ᠬᠢᠬᠦ ᠠᠴᠠ 30 ᠮᠢᠨᠦ᠋ᠲ ᠤᠨ ᠡᠮᠦᠨ᠎ᠡ ᠲᠠᠮᠠᠬᠢ ᠲᠠᠲᠠᠵᠤ ᠪᠣᠯᠬᠤ ᠥᠬᠡᠶ
ᠨᠡᠶᠢᠲᠡᠯᠡᠭᠰᠡᠨ ᠴᠠᠭ᠄
2021/8/14
      ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠴᠡᠭ ᠲᠤ ᠬᠦᠷᠴᠦ ᠥᠯᠢᠭᠡᠷ ᠠᠪᠴᠤ ᠰᠢᠯᠭᠠᠨ ᠪᠠᠶᠢᠴᠠᠭᠠᠯᠳᠠ ᠬᠢᠬᠦ ᠳᠤ ᠶᠠᠭᠤ ᠠᠩᠬᠠᠷᠬᠤ ᠴᠢᠬᠤᠯᠠ ᠲᠠᠢ ᠪᠤᠢ︖      ᠬᠤᠪᠢ ᠬᠥᠮᠦᠨ ᠤ ᠬᠦᠴᠦᠨ ᠪᠥᠬᠦᠶ ᠦᠨᠡᠮᠯᠡᠯ ᠢᠶᠠᠨ ᠠᠪᠴᠤ ᠤᠴᠢᠬᠤ ᠬᠡᠷᠡᠭᠲᠡᠶ︔      ᠦᠯᠢᠭᠡᠷ ᠠᠪᠬᠤ ᠠᠴᠠ ᠡᠮᠦᠨ᠎ᠡ 30 ᠮᠢᠨᠦ᠋ᠲ ᠲᠤ ᠲᠠᠮᠠᠬᠢ ᠲᠠᠲᠠᠬᠤ᠂ ᠠᠷᠢᠬᠢ ᠤᠤᠭᠤᠬᠤ᠂ ᠪᠣᠬᠢ ᠵᠠᠵᠢᠯᠬᠤ ᠵᠡᠷᠭᠡ ᠶᠢ ᠴᠡᠭᠡᠷᠯᠡᠬᠦ ᠬᠡᠷᠡᠭᠲᠡᠢ︔      ᠰᠢᠯᠭᠠᠨ ᠪᠠᠶᠢᠴᠠᠭᠠᠬᠤ ᠦᠶ᠎ᠡ ᠳᠤ ᠰᠢᠯᠭᠠᠨ ᠪᠠᠶᠢᠴᠠᠭᠠᠭᠴᠢ ᠠᠮᠠᠪᠴᠢ ᠪᠠᠨ ᠵᠥᠪ ᠵᠡᠭᠦᠵᠦ᠂ ᠰᠢᠯᠭᠠᠨ ᠪᠠᠶᠢᠴᠠᠭᠠᠬᠤ ᠠᠴᠠ ᠡᠮᠦᠨ᠎ᠡ ᠠᠮᠠᠪᠴᠢ ᠪᠠᠨ ᠠᠪᠴᠤ᠂ ᠰᠢᠯᠭᠠᠨ ᠪᠠᠶᠢᠴᠠᠭᠠᠭᠰᠠᠨ ᠤ ᠳᠠᠷᠠᠭ᠎ᠠ ᠳᠠᠷᠦ᠋ᠢᠬᠠᠨ ᠵᠡᠭᠦᠬᠦ ᠬᠡᠷᠡᠭᠲᠡᠶ︔      ᠰᠢᠯᠭᠠᠨ ᠪᠠᠶᠢᠴᠠᠭᠠᠬᠤ ᠶᠢ ᠬᠦᠯᠢᠶᠡᠬᠦ ᠦᠶᠡᠰ᠂ ᠪᠦᠬᠦ ᠶᠠᠪᠤᠴᠠ ᠳᠤ ᠠᠮᠠᠪᠴᠢ ᠵᠡᠭᠦᠬᠦ ᠶᠢ ᠠᠩᠬᠠᠷᠴᠤ᠂ ᠪᠤᠰᠤᠳ ᠲᠠᠢ 1 ᠮᠧᠳ᠋ᠷ ᠠᠴᠠ ᠳᠡᠭᠡᠭᠰᠢᠬᠢ ᠵᠠᠶ ᠶᠢ ᠪᠠᠲᠤᠯᠠᠵᠤ᠂ ᠶᠠᠷᠢᠯᠴᠠᠬᠤ ᠥᠬᠡᠶ᠂ ᠴᠤᠭᠯᠠᠷᠠᠬᠤ ᠥᠬᠡᠶ ᠪᠠᠶᠢᠬᠤ ᠬᠡᠷᠡᠭᠳᠠᠢ︔      ᠲᠤᠬᠠᠶ ᠶᠢᠨ ᠲᠠᠯᠠᠪᠠᠶ ᠶᠢᠨ ᠠᠵᠢᠯᠲᠠᠨ ᠤ ᠵᠢᠯᠣᠭᠤᠳᠣᠯᠭ᠎ᠠ ᠶᠢ ᠰᠣᠨᠣᠰᠴᠤ᠂ ᠮᠡᠷᠭᠡᠨ ᠴᠤᠬᠤᠷ ᠰᠢᠷᠪᠢᠬᠦ᠂ ᠳᠠᠩᠰᠠᠯᠠᠬᠤ᠂ ᠥᠯᠢᠭᠡᠷ ᠠᠪᠬᠤ ᠵᠡᠷᠭᠡ ᠠᠵᠢᠯ ᠤᠨ ᠶᠠᠪᠤᠴᠠ ᠶᠢ ᠡᠮᠬᠢ ᠵᠢᠷᠤᠮ ᠲᠠᠢ ᠪᠡᠶᠡᠯᠡᠬᠦᠯᠬᠦ ᠬᠡᠷᠡᠭᠳᠠᠢ︔      ᠬᠠᠮᠠᠷ ᠤᠨ ᠬᠦᠨᠳᠡᠢ ᠪᠠᠷ ᠦᠯᠢᠬᠡᠷ ᠭᠡᠪ ᠠᠪᠬᠤ ᠦᠶᠡᠰ ᠪᠠᠭ᠎ᠠ ᠬᠡᠮᠵᠢᠶᠡᠨ ᠤ ᠴᠢᠰᠤ ᠭᠠᠷᠴᠤ ᠮᠡᠳᠡᠨ᠎ᠡ᠂ ᠶᠡᠷᠦ ᠳᠡᠭᠡᠨ ᠣᠨᠴᠠᠭᠠᠢ ᠰᠢᠢᠳᠪᠦᠷᠢᠯᠡᠯᠲᠡ ᠬᠢᠬᠦ ᠴᠢᠬᠤᠯᠠ ᠦᠭᠡᠢ᠂ ᠬᠡᠷᠪᠡ ᠴᠢᠰᠤ ᠶᠡᠭᠡ ᠭᠠᠷᠤᠭᠰᠠᠨ ᠪᠠᠶᠢᠪᠠᠯ ᠴᠠᠭ ᠲᠤᠬᠠᠢ ᠳᠤᠨᠢ ᠡᠮᠨᠡᠯᠭᠡ ᠳᠤ ᠬᠦᠷᠴᠦ ᠰᠢᠢᠳᠪᠦᠷᠢᠯᠡᠭᠡᠷᠡᠢ᠃      ᠬᠠᠮᠤᠭ ᠰᠡᠭᠦᠯ ᠳᠤ ᠰᠠᠨᠠᠭᠤᠯᠬᠤ ᠨᠢ᠂ ᠬᠡᠷᠪᠡ ᠲᠤᠬᠠᠶ ᠶᠢᠨ ᠡᠳᠦᠷ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠳᠠᠷᠢᠪᠠᠯ᠂ 24 ᠴᠠᠭ ᠤᠨ ᠳᠠᠷᠠᠭ᠎ᠠ ᠰᠠᠶ᠋ᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠵᠦ ᠪᠣᠯᠤᠨ᠎ᠠ᠃
 
ᠢᠷᠡᠯᠲᠡ᠄ ᠳᠣᠮᠳᠠᠲᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号