ᠬᠥᠬᠡᠬᠤᠲᠠ ᠡᠨᠡ ᠵᠢᠯ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ 63 ᠲᠥᠷᠥᠯ | ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ ᠪᠤᠢ᠂ ᠡᠬᠦᠨ ᠳᠤ 32 ᠲᠥᠷᠥᠯ ᠵᠦᠢᠯ ᠢ ᠦᠷᠭᠦᠯᠵᠢᠯᠡᠨ ᠪᠦᠳᠦᠬᠡᠨ | ᠪᠠᠶᠢᠭᠤᠯᠵᠤ᠂ 31 ᠲᠥᠷᠥᠯ ᠵᠦᠢᠯ ᠢ ᠰᠢᠨ᠎ᠡ ᠪᠠᠷ ᠪᠦᠳᠦᠬᠡᠨ ᠪᠠᠶᠢᠭᠤᠯᠵᠤ᠂ ᠶᠡᠷᠦᠩᠬᠡᠶ ᠪᠠᠯᠠ ᠣᠷᠣᠭᠤᠯᠤᠯᠲᠠ ᠨᠢ | 719.1 ᠳ᠋ᠦᠩᠰᠢᠭᠤᠷ ᠲᠥᠭᠦᠷᠢᠭ ᠲᠤ ᠬᠥᠷᠬᠦ ᠪᠣᠯᠤᠨ᠎ᠠ᠃ ᠳᠡᠭᠡᠷ᠎ᠠ ᠬᠠᠭᠠᠰ ᠵᠢᠯ ᠳᠤ ᠲᠤᠰ ᠬᠤᠳᠠ ᠶᠢᠨ ᠠᠵᠤ | ᠦᠢᠯᠡᠳᠪᠦᠷᠢ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 113.7% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠪᠠᠷ ᠪᠥᠬᠦ ᠣᠷᠣᠨ ᠳᠤ | ᠲᠡᠳ᠋ᠯᠡᠪᠡ᠃ | ᠬᠦᠬᠡᠬᠤᠳᠠ ᠡᠩ ᠲᠠᠷᠢᠬᠦᠨ ᠳᠤ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ | ᠴᠢᠩᠭ᠎ᠠ ᠠᠳᠬᠤᠨ ᠠᠬᠢᠭᠤᠯᠵᠤ᠂ ᠢᠯᠢ ᠡᠷᠡᠬᠦᠯ ᠮᠡᠨᠳᠤ ᠶᠢᠨ ᠬᠦᠨᠳᠠᠢ ᠶᠢᠨ 3 ᠲᠦᠮᠡᠨ ᠲᠣᠨ ᠤ ᠰᠦᠨ | ᠲᠠᠯᠬ᠎ᠠ ᠶᠢᠨ ᠲᠥᠷᠥᠯ ᠵᠦᠢᠯ ᠪᠤᠯᠤᠨ 45 ᠲᠦᠮᠡᠨ ᠲᠣᠨ ᠤ ᠰᠢᠩᠭᠡᠨ ᠰᠦ ᠶᠢᠨ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠪᠡ︔ ᠮᠧᠩ ᠨᠢᠦ ᠶᠢᠨ ᠳᠤᠮᠳᠠᠳᠤ ᠤᠯᠤᠰ ᠤᠨ ᠰᠦ ᠶᠢᠨ | ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠤᠨ ᠪᠠᠷᠢᠯᠭ᠎ᠠ ᠶᠢ ᠡᠬᠢᠯᠡᠬᠦᠯᠪᠡ︔ ᠰᠢ ᠪᠧᠢ ᠶᠢᠨ | ᠵᠢᠶᠠ ᠭᠦᠸᠧ ᠯᠦᠩ ᠤᠨ ᠬᠡᠲᠦ ᠲᠡᠰ ᠤᠨ ᠭᠤᠣᠯ ᠲᠣᠭᠤᠭᠠᠨ ᠭᠡᠷ᠂ ᠳ᠋ᠠ ᠳᠠᠩ ᠡᠮ ᠤᠨ ᠦᠢᠯᠡᠰ ᠤᠨ ᠡᠷᠡᠭᠦᠯ | ᠮᠡᠨᠳᠦ ᠶᠢᠨ ᠠᠵᠤ ᠦᠢᠯᠡᠰ ᠤᠨ ᠬᠦᠷᠢᠶᠡᠯᠡᠩ ᠤᠨ ᠬᠤᠶᠠᠳᠤᠭᠠᠷ ᠬᠤᠭᠤᠴᠠᠭᠠᠨ ᠤ ᠲᠦᠷᠦᠯ ᠵᠦᠢᠯ᠂ ᠮᠧᠩ ᠨᠢᠤ ᠶᠢᠨ | ᠳᠡᠭᠡᠳᠤ ᠰᠢᠨ᠎ᠡ ᠮᠡᠷᠭᠡᠵᠢᠯ ᠤᠨ ᠰᠦᠨ ᠤ ᠦᠢᠯᠡᠰ ᠤᠨ ᠳᠣᠯᠣᠳᠤᠭᠠᠷ ᠬᠤᠭᠤᠴᠠᠭᠠᠨ ᠤ ᠣᠯᠠᠨ ᠳᠠᠪᠬᠤᠷᠭᠠᠲᠤ | ᠯᠣᠩᠬᠤ᠂ ᠧᠦ ᠱᠢ ᠮᠧᠩ ᠨᠢᠦ ᠶᠠ ᠱᠢ ᠯᠢ ᠶᠢᠨ ᠬᠤᠷᠢᠨᠭᠡᠷ ᠲᠠᠬᠢ ᠦᠢᠯᠡᠳᠪᠦᠷᠢ ᠶᠢᠨ ᠦᠢᠯᠡᠳᠪᠦᠷᠢᠯᠡᠯ ᠤᠨ | ᠴᠢᠳᠠᠪᠤᠷᠢ ᠶᠢ ᠳᠡᠭᠡᠭᠰᠢᠯᠡᠭᠦᠯᠬᠦ ᠲᠦᠷᠦᠯ ᠵᠦᠢᠯ᠂ ᠵᠦᠩ ᠱᠢ ᠳ᠋ᠡ ᠶᠢᠨ ᠨᠠᠷᠢᠯᠢᠭ ᠪᠣᠭᠤᠳᠠᠯᠯᠠᠬᠤ ᠲᠦᠷᠦᠯ ᠵᠦᠢᠯ | ᠵᠡᠷᠭᠡ ᠶᠢᠨ ᠪᠦᠲᠦᠭᠡᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠪᠠ︔ ᠵᠦᠩ ᠬᠤᠸᠠᠨ ᠤ ᠲᠠᠪᠤᠳᠤᠭᠠᠷ | ᠬᠤᠭᠤᠴᠠᠭᠠᠨ ᠤ ᠲᠥᠷᠥᠯ ᠵᠦᠢᠯ ᠢ ᠪᠠᠷᠢᠯᠭ᠎ᠠ ᠳᠠᠭᠤᠰᠬᠠᠨ ᠠᠰᠢᠡᠡᠯᠡᠯᠳᠡ ᠳᠤ ᠣᠷᠣᠭᠤᠯᠪᠠ︔ ᠵᠢᠤᠲ᠋ᠠᠢ ᠶᠢᠨ 100 | ᠲᠦᠮᠡᠨ ᠲᠣᠨ ᠤ ᠡᠲ᠋ᠠ ᠬᠤᠶᠠᠷᠴᠢ ᠠᠯᠺᠣᠣᠯ ᠤᠨ ᠲᠥᠷᠥᠯ ᠵᠦᠢᠯ ᠤᠨ ᠨᠢᠭᠡ ᠭᠦᠸᠧᠯᠦ ᠶᠢ ᠲᠤᠷᠰᠢᠨ | ᠠᠵᠢᠯᠯᠠᠭᠤᠯᠵᠤ᠂ ᠵᠢᠱᠢᠯᠲᠡ ᠪᠠᠷ 11 ᠰᠠᠷ᠎ᠠ ᠠᠴᠠ ᠡᠮᠦᠨ᠎ᠡ ᠬᠡᠰᠡᠭ ᠲᠠᠯ᠎ᠠ ᠪᠠᠷ ᠲᠤᠷᠰᠢᠨ ᠦᠢᠯᠡᠳᠪᠦᠷᠢᠯᠡᠬᠦ | ᠱᠠᠲᠤᠨ ᠳᠤ ᠤᠷᠤᠬᠤ ᠪᠤᠯᠤᠨ᠎ᠠ︔ ᠵᠢᠨᠱᠠᠨ ᠢᠯᠴᠢ ᠶᠢᠨ ᠴᠠᠬᠢᠯᠭᠠᠨ ᠤ 2 × 66 ᠲᠦᠮᠡᠨ ᠺᠢᠯᠦᠸᠠᠲ ᠤᠨ | ᠢᠯᠴᠢ ᠶᠢᠨ ᠴᠠᠬᠢᠯᠭᠠᠨ ᠤ ᠲᠥᠷᠥᠯ ᠵᠦᠢᠯ ᠵᠡᠷᠭᠡ ᠲᠤᠮᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠠᠬᠢᠴᠠ ᠶᠢ ᠴᠥᠮ ᠵᠣᠬᠢᠬᠤ ᠬᠡᠮᠵᠢᠶ᠎ᠡ ᠪᠠᠷ ᠲᠦᠷᠭᠡᠳᠬᠡᠪᠡ᠃ | |