︵ᠰᠤᠷᠪᠤᠯᠵᠢᠯᠠᠭᠴᠢ ᠰᠥᠩ ᠰᠢᠶᠠᠩ ᠬᠤᠸᠠ︶ ᠲᠣᠰᠬᠤᠨ ᠳᠤ ᠬᠦᠷᠴᠦ ᠲᠤᠰᠢᠶᠠᠯ ᠡᠭᠦᠷᠭᠡᠯᠡᠬᠦ ᠰᠤᠩᠭᠤᠨ | ᠲᠣᠬᠢᠷᠠᠭᠤᠯᠤᠭᠰᠠᠨ ᠰᠣᠷᠤᠭᠴᠢ ᠶᠢᠨ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ | ᠣᠶᠢᠷ᠎ᠠ ᠳᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠮᠠᠨ ᠤ ᠬᠤᠲᠠ ᠶᠢᠨ 2020 ᠣᠨ ᠤ ᠰᠣᠩᠭᠤᠨ | ᠲᠣᠬᠢᠷᠠᠭᠤᠯᠤᠭᠰᠠᠨ ᠰᠣᠷᠣᠭᠴᠢ ᠶᠢᠨ ᠲᠣᠰᠬᠤᠨ ᠳᠤ ᠬᠦᠷᠴᠦ ᠲᠤᠰᠢᠶᠠᠯ ᠡᠭᠦᠷᠭᠡᠯᠡᠬᠦ ᠥᠪᠡᠷᠲᠡᠭᠡᠨ ᠵᠠᠰᠠᠬᠤ | ᠣᠷᠣᠨ ᠤ 108.55 ᠲᠦᠮᠡᠨ ᠲᠥᠭᠦᠷᠢᠭ ᠤᠨ ᠨᠥᠬᠦᠪᠥᠷᠢ ᠪᠠᠯᠠ ᠮᠥᠩᠭᠦ ᠶᠢ ᠴᠠᠭ ᠲᠤᠬᠠᠶ ᠳᠤᠨᠢ ᠭᠦᠢᠴᠡᠳ | ᠲᠤᠭ᠎ᠠ ᠪᠠᠷ ᠳ᠋ᠦᠩᠨᠡᠨ ᠪᠤᠳᠤᠵᠤ ᠪᠠᠭᠤᠯᠭᠠᠪᠠ᠃ | ᠣᠶᠢᠯᠠᠭᠠᠭᠰᠠᠨ ᠢᠶᠠᠷ᠂ ᠲᠣᠰ ᠵᠦᠢᠯ ᠤᠨ ᠪᠠᠯᠠ ᠮᠥᠩᠭᠦ ᠶᠢ ᠭᠤᠤᠯᠳᠠᠭᠤ ᠰᠤᠩᠭᠤᠨ ᠲᠣᠬᠢᠷᠠᠭᠤᠯᠤᠭᠰᠠᠨ | ᠰᠤᠷᠤᠭᠴᠢ ᠶᠢᠨ ᠲᠣᠰᠬᠤᠨ ᠳᠤ ᠰᠠᠭᠤᠬᠤ ᠠᠮᠢᠳᠤᠷᠠᠯ ᠤᠨ ᠡᠳ᠋ ᠪᠣᠳᠠᠰ ᠬᠤᠳᠠᠯᠳᠤᠨ ᠠᠪᠬᠤ᠂ ᠬᠦᠮᠦᠵᠢᠯ | ᠪᠣᠯᠪᠠᠰᠤᠷᠠᠭᠤᠯᠤᠯ᠂ ᠤᠯᠤᠰ ᠤᠨ ᠪᠠᠶᠢᠳᠠᠯ ᠤᠨ ᠪᠠᠶᠢᠴᠠᠭᠠᠨ ᠰᠤᠳᠤᠯᠤᠯᠳ᠋᠊᠂ ᠣᠯᠠᠨ ᠲᠦᠮᠡᠨ ᠳᠤ ᠦᠢᠯᠡᠴᠢᠯᠡᠬᠦ ᠵᠡᠷᠭᠡ | ᠳᠥᠷᠪᠡᠨ ᠲᠠᠯ᠎ᠠ ᠳᠤ ᠬᠡᠷᠡᠭᠯᠡᠨ᠎ᠡ᠃ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠪᠡᠯᠡ ᠮᠥᠩᠭᠦ ᠰᠢᠯᠵᠢᠭᠦᠯᠦᠨ | ᠥᠭᠬᠦ ᠶᠢᠨ ᠬᠠᠮᠲᠤ ᠡᠯ᠎ᠡ ᠭᠠᠵᠠᠷ ᠣᠷᠣᠨ ᠤ ᠵᠣᠭᠤᠰ ᠬᠡᠷᠡᠭᠯᠡᠬᠦ ᠨᠢᠭᠡᠴᠡ ᠳᠤ ᠪᠡᠯᠡ ᠮᠥᠩᠭᠦ ᠬᠡᠷᠡᠭᠯᠡᠬᠦ ᠱᠠᠭᠠᠷᠳᠠᠯᠭ᠎ᠠ | ᠳᠤᠷᠠᠳᠴᠤ᠂ ᠡᠯ᠎ᠡ ᠵᠣᠭᠤᠰ ᠬᠡᠷᠡᠭᠯᠡᠬᠦ ᠨᠢᠭᠡᠴᠡ ᠲᠤᠰᠬᠠᠶ ᠵᠣᠭᠤᠰ ᠢ ᠲᠤᠰᠬᠠᠶ ᠵᠦᠢᠯ ᠳᠤ ᠬᠡᠷᠡᠭᠯᠡᠬᠦ ᠶᠢ ᠪᠠᠷᠢᠮᠲᠠᠯᠠᠵᠤ | ᠂ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠴᠢᠩᠭ᠎ᠠ ᠬᠡᠷᠡᠭᠵᠢᠭᠦᠯᠵᠦ᠂ ᠵᠠᠷᠤᠯᠭ᠎ᠠ ᠶᠢᠨ ᠠᠬᠢᠴᠠ ᠶᠢ | ᠲᠦᠷᠭᠡᠳᠬᠡᠨ᠂ ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠴᠢᠩᠭᠠᠳᠬᠠᠵᠤ᠂ ᠲᠥᠰᠦᠪ ᠤᠨ ᠦᠷ᠎ᠡ ᠪᠦᠲᠦᠮᠵᠢ ᠶᠢᠨ | ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ | ᠦᠨᠡᠨᠬᠦ ᠳᠡᠭᠡᠭᠰᠢᠯᠡᠭᠦᠯᠬᠦ ᠬᠡᠷᠡᠭᠲᠡᠶ ᠭᠡᠵᠡᠢ᠃ |