ᠭᠤᠷᠪᠠᠨ ᠱᠠᠲᠤᠨ ᠤ ᠬᠠᠮᠲᠤᠷᠠᠯᠴᠠᠭᠰᠠᠨ ᠰᠢᠭᠤᠳ ᠨᠡᠪᠲᠡᠷᠡᠭᠦᠯᠭᠡ ᠴᠠᠭ ᠠᠭᠤᠷ ᠤᠨ ᠦᠢᠯᠡᠴᠢᠯᠡᠭᠡ ᠶᠢ ᠲᠠᠷᠢᠶᠠᠨ ᠭᠠᠵᠠᠷ ᠲᠤ ᠬᠦᠷᠭᠡᠯ᠎ᠡ
ᠨᠡᠶᠢᠲᠡᠯᠡᠭᠰᠡᠨ ᠴᠠᠭ᠄
2021/9/16
      ︵ᠰᠤᠷᠪᠤᠯᠵᠢᠯᠠᠭᠴᠢ ᠮᠢᠶᠣᠣ ᠴᠢᠩ ᠴᠢᠮᠡᠭᠡᠯᠡᠭᠴᠢ ᠭᠤᠤ ᠹᠸᠢ︶ 9 ᠳ᠋ᠦ᠋ᠭᠡᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ︽ᠴᠠᠭ ᠠᠭᠤᠷ ᠤᠨ ᠦᠢᠯᠡᠴᠢᠯᠡᠭᠡ ᠶᠢ ᠲᠠᠷᠢᠶᠠᠨ ᠭᠠᠵᠠᠷ ᠲᠤ ᠬᠦᠷᠭᠡᠬᠦ︾ ᠪᠠᠷ ᠭᠤᠤᠯ ᠰᠡᠳᠦᠪ ᠪᠣᠯᠭᠠᠭᠰᠠᠨ ᠣᠷᠣᠨ᠂ ᠬᠤᠲᠠ᠂ ᠬᠤᠰᠢᠭᠤ ᠭᠤᠷᠪᠠᠨ ᠱᠠᠲᠤᠨ ᠤ ᠬᠠᠮᠲᠤᠷᠠᠯᠴᠠᠭᠰᠠᠨ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠥᠷᠨᠢᠭᠦᠯᠵᠦ᠂ ᠭᠤᠷᠪᠠᠨ ᠱᠠᠲᠤ ᠳᠡᠭᠡᠷ᠎ᠡ ᠳᠣᠣᠷ᠎ᠠ ᠬᠤᠯᠪᠣᠭᠠᠯᠠᠨ ᠬᠥᠳᠡᠯᠦᠯᠴᠡᠵᠦ ᠳᠠᠮᠵᠢᠭᠤᠯᠬᠤ ᠴᠢᠳᠠᠪᠤᠷᠢ ᠶᠢ ᠲᠦᠢᠯ ᠤᠨ ᠶᠡᠭᠡ ᠪᠠᠷ ᠴᠢᠩᠭᠠᠷᠠᠭᠤᠯᠤᠨ᠂ ᠰᠢᠨ᠎ᠡ ᠵᠠᠭᠤᠴᠢᠯᠠᠭᠤᠷ ᠤᠨ ᠠᠷᠭ᠎ᠠ ᠮᠠᠶ᠋ᠢᠭ ᠢᠶᠠᠷ ᠴᠠᠭ ᠠᠭᠤᠷ ᠤᠨ ᠦᠢᠯᠡᠴᠢᠯᠡᠭᠡ ᠬᠠᠩᠭᠠᠬᠤ ᠰᠢᠨ᠎ᠡ ᠠᠷᠭ᠎ᠠ ᠵᠠᠮ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠴᠠᠭ ᠠᠭᠤᠷ ᠤᠨ ᠤᠬᠠᠭᠤᠯᠭ᠎ᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠷ᠎ᠡ ᠪᠦᠲᠦᠮᠵᠢ ᠶᠢ ᠴᠢᠩᠭᠠᠳᠬᠠᠪᠠ᠃      ᠲᠤᠰ ᠤᠳᠠᠭᠠᠨ ᠤ ᠰᠢᠭᠤᠳ ᠨᠡᠪᠲᠡᠷᠡᠭᠦᠯᠭᠡ ᠳᠤ᠂ ᠴᠠᠭ ᠠᠭᠤᠷ ᠤᠨ ᠨᠡᠪᠲᠡᠷᠡᠭᠦᠯᠦᠭᠴᠢ ᠠᠴᠠ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠪᠣᠯᠤᠨ ᠲᠠᠷᠢᠶᠠᠯᠠᠩ ᠤᠨ ᠴᠠᠭ ᠠᠭᠤᠷ ᠤᠨ ᠲᠥᠪ᠂ ᠲᠦᠮᠡᠳ ᠵᠡᠭᠦᠨ ᠬᠤᠰᠢᠭᠤᠨ ᠤ ᠴᠠᠭ ᠠᠭᠤᠷ ᠤᠨ ᠲᠣᠪᠴᠢᠶ᠎ᠠ ᠶᠢᠨ ᠠᠵᠢᠯᠲᠠᠳ ᠲᠠᠢ ᠲᠠᠷᠢᠶᠠᠨ ᠭᠠᠵᠠᠷ ᠲᠤ ᠬᠦᠷᠴᠦ ᠲᠠᠷᠢᠶᠠᠴᠢᠳ ᠲᠠᠢ ᠬᠥᠳᠡᠭᠡ ᠠᠵᠤ ᠠᠬᠤᠢ ᠳᠤ ᠦᠢᠯᠡᠴᠢᠯᠡᠬᠦ ᠲᠤᠬᠠᠢ ᠭᠦᠨᠵᠡᠭᠡᠢ ᠶᠠᠷᠢᠯᠴᠠᠵᠤ᠂ ᠲᠤᠬᠠᠢ ᠶᠢᠨ ᠲᠠᠯᠠᠪᠠᠢ ᠠᠴᠠ ᠪᠠᠶᠠᠨᠨᠠᠭᠤᠷ ᠬᠤᠳᠠ ᠶᠢᠨ ᠬᠠᠩᠭᠢᠨ ᠬᠤᠶᠢᠲᠤ ᠬᠤᠰᠢᠭᠤᠨ ᠤ ᠴᠠᠭ ᠠᠭᠤᠷ ᠤᠨ ᠲᠣᠪᠴᠢᠶ᠎ᠠ᠂ ᠤᠯᠠᠭᠠᠨᠴᠠᠪ ᠬᠤᠳᠠ ᠶᠢᠨ ᠴᠠᠭ ᠠᠭᠤᠷ ᠤᠨ ᠲᠣᠪᠴᠢᠶ᠎ᠠ ᠪᠣᠯᠤᠨ ᠬᠥᠬᠡᠬᠤᠲᠠ ᠶᠢᠨ ᠴᠠᠭ ᠠᠭᠤᠷ ᠤᠨ ᠲᠣᠪᠴᠢᠶ᠎ᠠ ᠶᠢᠨ ᠠᠵᠢᠯᠲᠠᠳ ᠲᠠᠢ ᠵᠠᠯᠭᠠᠵᠠᠢ᠃ ᠲᠣᠰ ᠤᠳᠠᠭᠠᠨ ᠤ ︽ᠭᠠᠳᠠᠨ᠎ᠠ ᠭᠠᠷᠤᠭᠰᠠᠨ︾ ᠰᠢᠭᠤᠳ ᠨᠡᠪᠲᠡᠷᠡᠭᠦᠯᠭᠡ ᠳᠤ᠂ ᠴᠠᠭ ᠠᠭᠤᠷ ᠤᠨ ᠲᠤᠰᠬᠠᠶ ᠮᠡᠷᠭᠡᠵᠢᠯᠲᠡᠨ ᠠᠴᠠ ᠪᠠᠰᠠ ᠰᠦᠯᠵᠢᠶᠡᠨ ᠤ ᠨᠠᠶᠢᠵᠠ ᠨᠠᠷ ᠵᠢᠴᠢ ᠲᠠᠷᠢᠶᠠᠴᠢᠳ ᠤᠨ ᠲᠠᠷᠢᠶᠠᠯᠠᠩ ᠤᠨ ᠶᠠᠪᠤᠴᠠ ᠳᠤ ᠲᠣᠬᠢᠶᠠᠯᠳᠤᠭᠰᠠᠨ ᠡᠭᠡᠳᠡᠷᠡᠭᠡ ᠶᠢ ᠲᠤᠬᠠᠶ ᠶᠢᠨ ᠲᠠᠯᠠᠪᠤᠷ ᠲᠤ ᠬᠠᠷᠢᠭᠤᠯᠵᠤ᠂ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠨᠢ ᠶᠡᠭᠡ ᠬᠡᠮᠵᠢᠶᠡᠨ ᠤ ᠪᠠᠭ᠋ᠠᠷᠬᠠᠭᠴᠢᠳ ᠤᠨ ᠠᠩᠬᠠᠷᠤᠯ ᠢ ᠲᠠᠲᠠᠭᠰᠠᠨ ᠪᠠᠶᠢᠨ᠎ᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号