ᠬᠥᠬᠡᠬᠤᠲᠠ ᠵᠠᠰᠠᠭ ᠠᠯᠪᠠᠨ ᠥᠰᠥᠭ ︹ 2021 ︺ 71 ᠳ᠋ᠦ᠋ᠭᠡᠷ ᠲᠣᠭᠠᠲᠤ | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠬᠡᠷ᠂ | ᠲᠣᠪᠴᠢᠶ᠎ᠠ ᠳᠤ᠄ | ︽ᠬᠥᠬᠡᠬᠤᠲᠠ ᠶᠢᠨ ︿ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ﹀ ᠥᠭᠡᠷᠡᠴᠢᠯᠡᠯᠲᠡ ᠶᠢ ᠪᠥᠬᠦ | ᠲᠠᠯ᠎ᠠ ᠪᠠᠷ ᠭᠦᠨᠵᠡᠭᠡᠶᠢᠷᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢᠨ ᠲᠥᠰᠦᠯ ︵2021 — 2023 ᠣᠨ︶︾ | ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠭᠠᠷᠠᠢ᠃ | ᠬᠥᠬᠡᠬᠤᠲᠠ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2021 ᠣᠨ ᠤ 7 ᠰᠠᠷ᠎ᠠ ᠶᠢᠨ 15 ᠤ ᠡᠳᠦᠷ | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | ᠬᠥᠬᠡᠬᠤᠲᠠ ᠶᠢᠨ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠥᠭᠡᠷᠡᠴᠢᠯᠡᠯᠲᠡ ᠶᠢ ᠪᠥᠬᠦ ᠲᠠᠯ᠎ᠠ ᠪᠠᠷ | ᠭᠦᠨᠵᠡᠭᠡᠶᠢᠷᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢᠨ ᠲᠥᠰᠦᠯ ︵2021 — 2023 ᠣᠨ︶ | ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠴᠢᠳᠠᠪᠤᠷᠢ ᠪᠠ ᠬᠢᠷᠢ | ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ | ᠠᠯᠬᠤᠮ ᠰᠢᠯᠢᠳᠡᠭᠵᠢᠭᠦᠯᠬᠦ ᠶᠢᠨ ᠲᠤᠰᠠᠳᠠ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ | ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ | ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠷᠠᠳ ᠲᠦᠮᠡᠨ ᠢᠶᠠᠷ ᠭᠤᠣᠯ | ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠤᠳᠠ ᠶᠢᠨ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠬᠤᠳᠠ ᠶᠢᠨ ᠲᠣᠭᠠᠴᠢᠯᠠᠭᠰᠠᠨ ᠤᠢᠢᠯᠠᠭᠠᠭᠳᠠᠬᠤᠨ ᠢ ᠠᠬᠢᠭᠤᠯᠬᠤ | ᠬᠡᠷᠡᠭᠲᠡᠢ᠃ ᠣᠶᠢᠯᠠᠭᠠᠭᠳᠠᠬᠤᠨ ᠤ ᠰᠢᠨ᠎ᠡ ᠶᠢ ᠡᠭᠦᠳᠬᠦ ᠪᠠᠷ ᠲᠦᠷᠢᠮ ᠤᠨ ᠰᠢᠨ᠎ᠡ ᠶᠢ ᠡᠭᠦᠳᠬᠦ ᠶᠢ ᠬᠥᠲᠥᠯᠦᠨ | ᠳᠠᠭᠠᠭᠤᠯᠬᠤ ᠶᠢ ᠪᠠᠷᠢᠮᠲᠠᠯᠠᠵᠤ᠂ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠪᠠᠷ ᠦᠢᠯᠡᠴᠢᠯᠡᠭᠡᠨ ᠤ ᠠᠷᠭ᠎ᠠ | ᠮᠠᠶ᠋ᠢᠭ ᠢ ᠭᠡᠳᠡᠷᠭᠦ ᠰᠢᠬᠠᠵᠤ ᠪᠠᠶᠢᠭᠠᠳ ᠳᠠᠬᠢᠨ ᠱᠤᠭᠤᠵᠤ᠂ ᠲᠣᠮᠣ ᠳ᠋ᠠᠶᠢᠲ᠋ᠠ ᠵᠡᠷᠭᠡ ᠮᠡᠷᠭᠡᠵᠢᠯ ᠢ ᠭᠦᠢᠴᠡᠳ ᠬᠡᠷᠡᠭᠯᠡᠨ | ᠂ ᠰᠠᠨᠠᠭᠠᠴᠢᠯᠠᠭᠠᠲᠤ ᠪᠤᠰᠤ ᠦᠢᠯᠡᠴᠢᠯᠡᠭᠡ ᠶᠢ ᠰᠠᠨᠠᠭᠠᠴᠢᠯᠠᠭᠠᠲᠤ ᠦᠢᠯᠡᠴᠢᠯᠡᠭᠡ ᠪᠣᠯᠭᠠᠨ ᠬᠤᠪᠢᠷᠠᠭᠤᠯᠵᠤ᠂ ᠨᠡᠶᠢᠲᠡᠯᠢᠭ | ᠴᠢᠨᠠᠷᠲᠠᠶ ᠦᠢᠯᠡᠴᠢᠯᠡᠭᠡ ᠶᠢ ᠥᠪᠡᠷᠮᠢᠴᠡ ᠴᠢᠨᠠᠷᠲᠠᠶ ᠦᠢᠯᠡᠴᠢᠯᠡᠭᠡ ᠪᠣᠯᠭᠠᠨ ᠬᠤᠪᠢᠷᠠᠭᠤᠯᠵᠤ᠂ ︽ᠨᠢᠭᠡ | ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠬᠦ ᠶᠢ | ᠠᠬᠢᠭᠤᠯᠤᠨ᠎ᠠ᠃ | ᠬᠤᠶᠠᠷ᠂ ᠠᠵᠢᠯ ᠤᠨ ᠬᠠᠷᠠᠯᠲᠠ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠢᠰᠲ᠋ᠧᠮ ᠲᠠᠢ ᠨᠡᠪᠲᠡᠷᠡᠬᠦ᠂ ᠬᠡᠷᠡᠭᠯᠡᠭᠴᠢ ᠲᠠᠢ ᠨᠡᠪᠲᠡᠷᠡᠬᠦ᠂ | ᠲᠤᠭ᠎ᠠ ᠪᠠᠷᠢᠮᠲᠠ ᠲᠠᠢ ᠨᠡᠪᠲᠡᠷᠡᠬᠦ᠂ ᠲᠤᠬᠠᠶᠢᠯᠠᠭᠰᠠᠨ ᠠᠵᠢᠯ ᠲᠠᠢ ᠨᠡᠪᠲᠡᠷᠡᠬᠦ᠂ ᠦᠨᠡᠮᠯᠡᠯ ᠭᠡᠷᠡᠴᠢ ᠲᠠᠢ ᠨᠡᠪᠲᠡᠷᠡᠬᠦ︾ | ᠶᠢ ᠦᠷᠭᠦᠯᠵᠢᠯᠡᠨ ᠠᠬᠢᠭᠤᠯᠵᠤ᠂ ᠭᠤᠷᠪᠠᠨ ᠵᠢᠯ ᠤᠨ ᠬᠤᠭᠤᠴᠠᠭ᠎ᠠ ᠶᠢ ᠠᠰᠢᠭᠯᠠᠨ᠂ ᠬᠤᠲᠠ ᠶᠢᠨ ᠲᠣᠰ ᠱᠠᠲᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠤᠶᠤᠴᠢᠯᠠᠬᠤ᠂ ᠭᠥᠯᠢᠶᠡᠨ ᠠᠪᠴᠤ ᠰᠢᠢᠳᠪᠦᠷᠢᠯᠡᠬᠦ᠂ | ᠬᠢᠨᠠᠨ ᠵᠥᠪᠰᠢᠶᠡᠷᠡᠬᠦ᠂ ᠦᠨᠡᠮᠯᠡᠯ ᠭᠠᠷᠭᠠᠬᠤ᠂ ᠲᠠᠩᠰᠠ ᠡᠪᠬᠡᠮᠡᠯ ᠳᠤ ᠣᠷᠣᠭᠤᠯᠬᠤ ᠪᠥᠬᠦ ᠶᠠᠪᠤᠴᠠ ᠶᠢ | ᠡᠯᠧᠺᠲᠷᠣᠨᠴᠢᠯᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ 2021 ᠣᠨ ᠤ 12 ᠳ᠋ᠤᠭᠠᠷ ᠰᠠᠷ᠎ᠠ ᠶᠢᠨ | ᠰᠡᠭᠦᠯᠴᠢ ᠪᠣᠯᠲᠠᠯ᠎ᠠ᠂ 208 ᠬᠤᠪᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ | ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ︵ᠭᠤᠶᠤᠴᠢᠯᠠᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠢ ᠦᠨᠳᠦᠰᠦᠯᠡᠨ 153 ᠵᠦᠢᠯ᠂ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯ 55︶ ᠶᠢ ᠪᠡᠶᠡᠯᠡᠭᠦᠯᠪᠡ᠃ | 2022 ᠣᠨ ᠤ 12 ᠰᠠᠷ᠎ᠠ ᠶᠢᠨ ᠰᠡᠭᠦᠯᠴᠢ ᠪᠣᠯᠬᠤ ᠳᠤ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ | ᠵᠦᠢᠯᠡᠰ ᠤᠨ ᠲᠤᠭ᠎ᠠ ᠬᠡᠮᠵᠢᠶ᠎ᠡ ᠶᠢ 488 ᠪᠣᠯᠭᠠᠨ ᠥᠷᠭᠡᠳᠬᠡᠨ᠎ᠡ ︵ᠭᠤᠶᠤᠴᠢᠯᠠᠭᠰᠠᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ 205᠂ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ 75︶︔ 2023 ᠣᠨ ᠤ | 12 ᠳ᠋ᠤᠭᠠᠷ ᠰᠠᠷ᠎ᠠ ᠶᠢᠨ ᠰᠡᠭᠦᠯᠴᠢ ᠪᠣᠯᠬᠤ ᠳᠤ᠂ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠶᠤ | ᠤᠯᠤᠰ ᠤᠨ ᠨᠢᠭᠤᠴᠠ ᠳᠤ ᠬᠤᠯᠪᠣᠭᠳᠠᠭᠰᠠᠨ ᠵᠡᠷᠭᠡ ᠪᠠᠶᠢᠳᠠᠯ ᠢ ᠭᠠᠷᠭᠠᠪᠠᠯ᠂ ᠬᠤᠲᠠ ᠶᠢᠨ ᠲᠣᠰ ᠱᠠᠲᠤᠨ ᠤ | 90% ᠠᠴᠠ ᠳᠡᠭᠡᠭᠰᠢᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠦᠬᠦᠨ ᠢ ᠨᠢᠭᠡ | ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠣᠷᠣᠭᠤᠯᠤᠨ ᠭᠦᠢᠴᠡᠳᠬᠡᠵᠣ᠂ ︽ | ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠦᠨ᠎ᠡ᠃ ᠡᠯ᠎ᠡ ᠬᠤᠰᠢᠭᠤ ᠰᠢᠶᠠᠨ ᠲᠣᠭᠤᠷᠢᠭ᠂ | ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠨᠢ ᠬᠤᠲᠠ ᠶᠢᠨ ᠲᠣᠰ ᠱᠠᠲᠤ ᠯᠤᠭ᠎ᠠ ᠭᠤᠷᠪᠠᠨ ᠵᠢᠯ ᠤᠨ | ᠠᠵᠢᠯᠯᠠᠭ᠎ᠠ ᠶᠢ ᠵᠡᠷᠭᠡᠪᠡᠷ ᠥᠷᠨᠢᠭᠦᠯᠵᠦ᠂ ᠬᠠᠷᠢᠴᠠᠩᠭᠤᠶ ᠪᠠᠷ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ | ᠡᠷᠬᠡ ᠶᠢᠨ ᠥᠭᠡᠷᠡᠴᠢᠯᠡᠯᠲᠡ ᠲᠠᠢ ᠤᠶᠠᠯᠳᠤᠭᠤᠯᠤᠨ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ | ᠬᠠᠷᠠᠯᠲᠠ ᠶᠢᠨ ᠡᠭᠦᠷᠭᠡ ᠶᠢ ᠵᠦᠶ ᠵᠣᠬᠢᠰᠲᠠᠶ ᠲᠣᠭᠲᠠᠭᠠᠨ᠎ᠠ᠃ | ᠭᠤᠷᠪᠠ᠂ ᠪᠣᠳᠠᠲᠠᠶ ᠡᠭᠦᠷᠭᠡ | ︵ᠨᠢᠭᠡ︶ ᠲᠤᠬᠠᠶᠢᠯᠠᠭᠰᠠᠨ ᠠᠵᠢᠯ ᠤᠨ ᠰᠢᠰᠲ᠋ᠧᠮ ᠢ ᠦᠨᠳᠦᠰᠦᠯᠡᠨ ᠦᠷ᠎ᠡ ᠪᠦᠲᠦᠭᠡᠯ ᠢ ᠵᠣᠯᠭᠠᠭᠤᠯᠵᠤ᠂ | ᠣᠨ ᠤ ᠵᠦᠢᠯᠡᠰ ᠤᠨ ᠨᠠᠷᠢᠨ ᠬᠠᠭᠤᠳᠠᠰᠤ ᠶᠢ ᠲᠣᠳᠣᠷᠬᠠᠶᠢᠯᠠᠨ᠎ᠠ | 1. ᠥᠪᠡᠷᠲᠡᠭᠡᠨ ᠵᠠᠰᠠᠬᠤ ᠣᠷᠣᠨ ᠤ 4 ᠲᠤᠬᠠᠶᠢᠯᠠᠭᠰᠠᠨ ᠠᠵᠢᠯ ᠤᠨ ᠰᠢᠰᠲ᠋ᠧᠮ ︵ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠲᠠᠪᠴᠠᠩ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠤ ᠠᠬᠤᠶᠢᠯᠠᠯ ᠳᠤ ᠨᠢᠭᠡ | ᠰᠦᠯᠵᠢᠶ᠎ᠡ ᠪᠠᠷ ᠨᠡᠪᠲᠡᠷᠡᠭᠦᠯᠬᠦ ᠲᠠᠪᠴᠠᠩ ᠤᠨ ᠰᠢᠰᠲ᠋ᠧᠮ ᠪᠠ ᠢᠳᠡᠭᠡᠨ ᠪᠠ ᠡᠮ ᠤᠨ ᠵᠦᠢᠯ ᠤᠨ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠬᠦ ᠰᠢᠰᠲ᠋ᠧᠮ᠂ ᠠᠷᠠᠳ ᠤᠨ ᠶᠠᠪᠤᠳᠠᠯ ᠤᠨ ᠲᠢᠩᠬᠢᠮ ᠤᠨ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠬᠠᠮᠢᠶᠠᠷᠤᠯᠲᠠ ᠶᠢᠨ ᠰᠢᠰᠲ᠋ᠧᠮ︶ ᠢ ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ᠯᠤᠭ᠎ᠠ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠪᠡᠶᠡᠯᠡᠭᠦᠯᠦᠭᠰᠡᠨ ᠰᠠᠭᠤᠷᠢᠨ | ᠳᠡᠭᠡᠷ᠎ᠡ᠂ ᠰᠢᠰᠲ᠋ᠧᠮ ᠤᠨ ᠴᠢᠳᠠᠮᠵᠢ ᠶᠢᠨ ᠬᠡᠰᠡᠭ ᠢ ᠰᠢᠯᠢᠳᠡᠭᠵᠢᠭᠦᠯᠦᠨ ᠳᠣᠭᠢᠷᠠᠭᠤᠯᠬᠤ ᠶᠢ ᠲᠦᠷᠭᠡᠳᠬᠡᠨ | ᠪᠡᠶᠡᠯᠡᠭᠦᠯᠵᠦ᠂ 100 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ︵ᠳᠠᠭᠠᠯᠳᠤᠭᠤᠯᠤᠯ 1︶ ᠤᠨ ︽ᠨᠢᠭᠡ | ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠬᠦ ᠶᠢ ᠠᠬᠢᠭᠤᠯᠤᠨ᠎ᠠ᠃ | ᠬᠠᠷᠢᠭᠤᠴᠠᠯᠭᠠᠲᠤ ᠨᠢᠭᠡᠴᠢ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ | ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 7 ᠳ᠋ᠤᠭᠠᠷ ᠰᠠᠷ᠎ᠠ | 2. ᠥᠪᠡᠷᠲᠡᠭᠡᠨ ᠵᠠᠰᠠᠬᠤ ᠣᠷᠣᠨ ᠤ 7 ᠲᠤᠬᠠᠶᠢᠯᠠᠭᠰᠠᠨ ᠠᠵᠢᠯ ᠤᠨ ᠰᠢᠰᠲ᠋ᠧᠮ ︵ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠤᠨ ᠰᠦᠯᠵᠢᠶᠡᠨ ᠳᠡᠭᠡᠷᠡᠬᠢ ᠬᠢᠨᠠᠨ ᠵᠥᠪᠰᠢᠶᠡᠷᠡᠬᠦ ᠬᠢᠨᠠᠨ ᠬᠠᠮᠢᠶᠠᠷᠬᠤ ᠲᠠᠪᠴᠠᠩ᠂ | ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠠᠮᠤᠷ ᠢ ᠬᠠᠮᠠᠭᠠᠯᠠᠬᠤ ᠮᠡᠳᠡᠭᠡ ᠵᠠᠩᠭᠢ ᠶᠢᠨ ᠰᠦᠯᠵᠢᠶ᠎ᠡ ᠪᠠ ᠠᠮᠤᠷ ᠢ | ᠬᠠᠮᠠᠭᠠᠯᠠᠬᠤ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ᠂ ᠬᠠᠤᠯᠢ | ᠴᠠᠭᠠᠵᠠ ᠶᠢᠨ ᠲᠢᠩᠬᠢᠮ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠤᠶᠤᠨᠴᠢᠯᠠᠭᠰᠠᠨ ᠨᠢᠭᠡ | ᠴᠤᠭᠴᠠᠵᠢᠭᠰᠠᠨ ᠲᠠᠪᠴᠠᠩ ᠪᠠ ᠬᠠᠤᠯᠢᠴᠢ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠠᠪᠴᠠᠩ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠰᠢᠰᠲ᠋ᠧᠮ᠂ ᠠᠮᠢ ᠠᠬᠤᠶ ᠶᠢᠨ ᠣᠷᠴᠢᠨ ᠲᠣᠭᠤᠷᠢᠨ ᠤ ᠲᠢᠩᠬᠢᠮ ᠤᠨ ᠬᠠᠲᠠᠭᠤ | ᠪᠡᠶᠡᠲᠦ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ︶ ᠲᠠᠢ ᠨᠢᠭᠡ | ᠴᠤᠭᠴᠠᠵᠢᠭᠰᠠᠨ ᠵᠠᠰᠠᠭ ᠤᠨ ᠶᠠᠪᠤᠳᠠᠯ ᠤᠨ ᠬᠢᠨᠠᠨ ᠵᠥᠪᠰᠢᠶᠡᠷᠡᠬᠦ ᠶᠠᠪᠤᠴᠠ ᠶᠢ ᠪᠥᠬᠦ ᠲᠠᠯ᠎ᠠ ᠪᠠᠷ ᠰᠢᠯᠢᠳᠡᠭᠵᠢᠭᠦᠯᠵᠦ᠂ | 108 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ︵ᠳᠠᠭᠠᠯᠳᠤᠭᠤᠯᠤᠯ 1︶ ᠤᠨ ︽ᠨᠢᠭᠡ | ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠬᠦ ᠶᠢ ᠠᠬᠢᠭᠤᠯᠤᠨ᠎ᠠ᠃ | ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠬᠠᠤᠯᠢ ᠴᠠᠭᠠᠵᠠ ᠶᠢᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ | ᠲᠤᠭ᠎ᠠ ᠪᠦᠷᠢᠳᠬᠡᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠣᠷᠣᠨ ᠰᠠᠭᠤᠴᠠ | ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ | ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 12 ᠰᠠᠷ᠎ᠠ | 3. ᠥᠪᠡᠷᠲᠡᠭᠡᠨ ᠵᠠᠰᠠᠬᠤ ᠣᠷᠣᠨ ᠤ 2 ᠲᠤᠬᠠᠶᠢᠯᠠᠭᠰᠠᠨ ᠠᠵᠢᠯ ᠤᠨ ᠰᠢᠰᠲ᠋ᠧᠮ ︵ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠬᠡᠷ ᠪᠠᠶᠢᠰᠢᠩ ᠭᠠᠵᠠᠷ ᠬᠥᠷᠥᠩᠭᠡ ᠶᠢᠨ | ᠬᠠᠮᠢᠶᠠᠷᠤᠯᠲᠠ ᠶᠢᠨ ᠰᠢᠰᠲ᠋ᠧᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠢᠳᠡᠭᠡᠨ ᠪᠠ | ᠡᠮ ᠤᠨ ᠵᠦᠢᠯ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠰᠢᠰᠲ᠋ᠧᠮ︶ ᠢ ᠨᠢᠭᠡ ᠴᠤᠭᠴᠠᠵᠢᠭᠤᠯᠤᠭᠰᠠᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠠᠪᠴᠠᠩ ᠯᠤᠭ᠎ᠠ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ | ᠪᠡᠶᠡᠯᠡᠭᠦᠯᠦᠭᠰᠡᠨ ᠤ ᠳᠠᠷᠠᠭ᠎ᠠ᠂ ᠠᠳᠠᠯᠢ ᠪᠤᠰᠤ ᠵᠦᠢᠯᠡᠰ ᠢ ᠦᠨᠳᠦᠰᠦᠯᠡᠨ ᠥᠪᠡᠷᠮᠢᠴᠡ ᠬᠡᠷᠡᠭᠴᠡᠭᠡ ᠱᠠᠭᠠᠷᠳᠠᠯᠭ᠎ᠠ ᠶᠢ | ᠲᠥᠷᠥᠯ ᠬᠤᠪᠢᠶᠠᠨ ᠡᠮᠬᠢᠯᠡᠨ ᠳᠢᠭᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠬᠡᠬᠦ | ᠶᠠᠪᠤᠴᠠ ᠶᠢ ᠪᠦᠬᠦᠨ ᠢ ᠨᠢᠭᠡ ᠴᠤᠭᠴᠠᠵᠢᠭᠤᠯᠤᠭᠰᠠᠨ ᠲᠠᠪᠴᠠᠩ ᠤᠨ ᠠᠵᠢᠯᠯᠠᠭᠠᠨ ᠪᠠ ᠬᠠᠮᠢᠶᠠᠷᠤᠯᠲᠠ ᠳᠤ | ᠣᠷᠣᠭᠤᠯᠬᠤ ᠶᠢᠨ ᠬᠠᠮᠲᠤ ᠪᠥᠬᠦ ᠲᠠᠯ᠎ᠠ ᠪᠠᠷ ᠢᠯᠡ ᠪᠣᠯᠭᠠᠵᠤ᠂ 280 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ︵ᠳᠠᠭᠠᠯᠳᠤᠭᠤᠯᠤᠯ 2︶ ᠢ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠬᠦ ᠶᠢ | ᠳᠥᠯᠭᠢᠨ ᠠᠬᠢᠭᠤᠯᠤᠨ᠎ᠠ᠃ | ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠤᠷᠭᠠᠨ | ᠬᠥᠮᠦᠵᠢᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ | ᠲᠤᠭ᠎ᠠ ᠪᠦᠷᠢᠳᠬᠡᠯ ᠤᠨ ᠲᠣᠪᠴᠢᠶ᠎ᠠ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ | ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ | ᠪᠡᠶᠡᠯᠡᠭᠦᠯᠬᠦ ᠴᠠᠭ ᠤᠨ ᠬᠢᠵᠠᠭᠠᠷ᠄ 2022 ᠣᠨ ᠤ 12 ᠰᠠᠷ᠎ᠠ | 4. ᠥᠪᠡᠷᠲᠡᠭᠡᠨ ᠵᠠᠰᠠᠬᠤ ᠣᠷᠣᠨ ᠤ 20 ᠲᠤᠬᠠᠶᠢᠯᠠᠭᠰᠠᠨ ᠠᠵᠢᠯ ᠤᠨ ᠰᠢᠰᠲ᠋ᠧᠮ ︵ᠳᠣᠲᠣᠭᠠᠳᠤ ᠶᠢ | ᠬᠠᠮᠠᠭᠠᠯᠠᠬᠤ ᠲᠢᠩᠬᠢᠮ ᠤᠨ ᠨᠡᠭᠦᠳᠡᠯ ᠬᠥᠮᠦᠰ ᠤᠨ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠤᠨ | ᠬᠠᠮᠢᠶᠠᠷᠤᠯᠲᠠ ᠶᠢᠨ ᠰᠢᠰᠲ᠋ᠧᠮ ᠪᠣᠯᠤᠨ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ | ᠰᠢᠰᠲ᠋ᠧᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠥᠯᠥ ᠬᠥᠳᠡᠯᠬᠦ ᠬᠥᠷᠥᠩᠭᠡ ᠶᠢᠨ ᠨᠢᠭᠡᠳᠦᠯᠲᠡᠶ | ᠳᠠᠩᠰᠠᠯᠠᠨ ᠬᠠᠮᠢᠶᠠᠷᠬᠤ ᠲᠠᠪᠴᠠᠩ ᠪᠠ ᠣᠯᠠᠨ ᠱᠠᠲᠤ ᠨᠢᠭᠡ ᠴᠤᠭᠴᠠᠵᠢᠭᠰᠠᠨ ᠵᠠᠰᠠᠭ ᠤᠨ ᠶᠠᠪᠤᠳᠠᠯ ᠤᠨ ᠲᠠᠪᠴᠠᠩ᠂ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠬᠥᠳᠡᠯᠮᠦᠷᠢ ᠬᠦᠴᠦᠨ | ᠬᠡᠷᠡᠭᠯᠡᠬᠦ ᠶᠢ ᠳᠠᠩᠰᠠᠯᠠᠬᠤ ᠰᠢᠰᠲ᠋ᠧᠮ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠢ ᠰᠦᠯᠵᠢᠶᠡᠨ ᠳᠡᠭᠡᠷ᠎ᠡ | ᠮᠡᠳᠡᠭᠦᠯᠬᠦ ᠰᠢᠰᠲ᠋ᠧᠮ᠂ ᠨᠡᠶᠢᠭᠡᠮ ᠤᠨ ᠳᠠᠭᠠᠳᠬᠠᠯ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ᠂ ᠠᠯᠪᠠᠨ | ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ ᠳᠠᠭᠠᠳᠬᠠᠯ ᠤᠨ ᠬᠠᠮᠢᠶᠠᠷᠤᠯᠲᠠ ᠶᠢᠨ ᠮᠡᠳᠡᠭᠡ | ᠵᠠᠩᠭᠢ ᠶᠢᠨ ᠰᠢᠰᠲ᠋ᠧᠮ᠂ ᠬᠥᠳᠡᠯᠮᠦᠷᠢ ᠠᠵᠢᠯ ᠣᠯᠭᠤᠯᠲᠠ ᠶᠢᠨ ᠭᠤᠣᠯᠯᠠᠭᠴᠢ ᠲᠤᠬᠠᠶᠢᠯᠠᠭᠰᠠᠨ ᠠᠵᠢᠯ ᠤᠨ | ᠬᠤᠪᠢᠶᠠᠷᠢ ᠰᠢᠰᠲ᠋ᠧᠮ᠂ ᠴᠢᠳᠠᠪᠤᠷᠢᠲᠠᠨ ᠤ ᠮᠡᠳᠡᠭᠡ ᠵᠠᠩᠭᠢ ᠶᠢᠨ ᠬᠥᠮᠥᠷᠭᠡ᠂ ᠬᠤᠲᠠ ᠪᠠᠯᠭᠠᠰᠤ ᠪᠠ ᠮᠠᠯᠵᠢᠬᠤ | ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠨᠡᠶᠢᠭᠡᠮ ᠤᠨ ᠨᠠᠰᠤᠵᠢᠯ ᠤᠨ ᠳᠠᠭᠠᠳᠬᠠᠯ ᠤᠨ ᠰᠢᠰᠲ᠋ᠧᠮ ᠪᠠ | ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠬᠠᠮᠢᠶᠠᠷᠤᠯᠲᠠ ᠶᠢᠨ ᠰᠢᠰᠲ᠋ᠧᠮ᠂ ᠵᠠᠮ ᠬᠠᠷᠢᠯᠴᠠᠭᠠᠨ ᠤ ᠲᠢᠩᠬᠢᠮ ᠤᠨ | ᠵᠠᠮ ᠤᠨ ᠶᠠᠪᠤᠳᠠᠯ ᠤᠨ ᠬᠠᠮᠢᠶᠠᠷᠤᠯᠲᠠ ᠶᠢᠨ ᠰᠢᠰᠲ᠋ᠧᠮ ᠪᠣᠯᠤᠨ ᠲᠡᠭᠡᠭᠡᠪᠦᠷᠢ ᠶᠢᠨ ᠶᠠᠪᠤᠳᠠᠯ ᠤᠨ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠪᠦᠲᠦᠭᠡᠨ ᠪᠠᠶᠢᠭᠤᠯᠤᠯᠲᠠ ᠶᠢᠨ ᠠᠵᠢᠯ | ᠲᠥᠷᠥᠯ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠰᠢᠰᠲ᠋ᠧᠮ ᠪᠠ | ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠮᠡᠳᠡᠭᠡ ᠵᠠᠩᠬᠢ ᠶᠢᠨ ᠲᠠᠪᠴᠠᠩ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠣᠨᠴᠠ ᠲᠥᠷᠥᠯ ᠤᠨ ᠲᠣᠨᠤᠭ | ᠲᠥᠬᠦᠭᠡᠷᠦᠮᠵᠢ ᠶᠢᠨ ᠮᠡᠳᠡᠭᠡ ᠵᠠᠩᠭᠢᠵᠢᠯᠲᠠ ᠶᠢᠨ ᠲᠠᠪᠴᠠᠩ᠂ ᠠᠷᠠᠳ ᠤᠨ ᠶᠠᠪᠤᠳᠠᠯ ᠤᠨ ᠲᠢᠩᠬᠢᠮ ᠤᠨ ᠨᠡᠶᠢᠭᠡᠮ ᠤᠨ | ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠰᠢᠰᠲ᠋ᠧᠮ᠂ ᠠᠮᠢ ᠠᠬᠤᠶ ᠶᠢᠨ ᠣᠷᠴᠢᠨ ᠲᠣᠭᠤᠷᠢᠨ ᠤ | ᠲᠢᠩᠬᠢᠮ ᠤᠨ ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ᠂ | ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠶᠢᠨ ᠣᠨᠳᠣᠤ ᠭᠠᠵᠠᠷ ᠲᠤ ᠡᠮᠨᠡᠭᠦᠯᠬᠦ ᠬᠠᠮᠢᠶᠠᠷᠤᠯᠲᠠ ᠶᠢᠨ ᠮᠡᠳᠡᠭᠡ | ᠵᠠᠩᠭᠢ ᠶᠢᠨ ᠰᠢᠰᠲ᠋ᠧᠮ︶ ᠬᠢᠭᠡᠳ ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠤᠨ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠪᠡᠶᠡᠯᠡᠭᠦᠯᠦᠭᠰᠡᠨ ᠤ ᠳᠠᠷᠠᠭ᠎ᠠ᠂ 549 ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ︵ᠳᠠᠭᠠᠯᠳᠤᠭᠤᠯᠤᠯ 3︶ ᠤᠨ ︽ᠨᠢᠭᠡ ᠰᠦᠯᠵᠢᠶ᠎ᠡ ᠪᠠᠷ ᠨᠡᠶᠢᠳᠡᠮ | ᠭᠦᠢᠴᠡᠳᠬᠡᠬᠦ︾ ᠶᠢ ᠪᠡᠶᠡᠯᠡᠭᠦᠯᠬᠦ ᠶᠢᠨ ᠠᠬᠢᠭᠤᠯᠤᠨ᠎ᠠ᠃ | ᠬᠠᠷᠢᠭᠤᠴᠠᠯᠭᠠᠲᠤ ᠨᠢᠭᠡᠴᠢ᠄ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ | ᠨᠠᠮ ᠤᠨ ᠬᠤᠷᠢᠶᠠᠨ ᠤ ᠨᠢᠭᠡᠳᠦᠮᠡᠯ ᠹᠷᠣᠨᠲ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ | ᠠᠵᠤ ᠠᠬᠤᠶ ᠶᠢᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠤᠰᠤᠨ ᠤ ᠶᠠᠪᠤᠳᠠᠯ ᠤᠨ | ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠠᠮᠢ ᠠᠬᠤᠶ ᠶᠢᠨ ᠣᠷᠴᠢᠨ ᠲᠣᠭᠤᠷᠢᠨ ᠤ | ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠠᠷᠠᠳ ᠤᠨ ᠶᠠᠪᠤᠳᠠᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠰᠤᠷᠭᠠᠨ | ᠬᠥᠮᠦᠵᠢᠯ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ᠂ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠬᠡᠷ᠂ ᠲᠤᠭ᠎ᠠ ᠪᠦᠷᠢᠳᠬᠡᠯ ᠤᠨ ᠲᠣᠪᠴᠢᠶ᠎ᠠ᠂ ᠪᠡᠶ᠎ᠡ ᠶᠢᠨ | ᠲᠠᠮᠢᠷ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠲᠣᠪᠴᠢᠶ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ | ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ᠂ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ᠂ ᠴᠠᠭ | ᠠᠭᠤᠷ ᠤᠨ ᠲᠣᠪᠴᠢᠶ᠎ᠠ᠂ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ | ᠰᠠᠯᠪᠤᠷᠢ ᠠᠩᠭᠢ | ᠪᠡᠶᠡᠯᠡᠭᠦᠯᠬᠦ ᠴᠠᠭ ᠤᠨ ᠬᠢᠵᠠᠭᠠᠷ᠄ 2023 ᠣᠨ ᠤ 12 ᠰᠠᠷ᠎ᠠ | 5. ᠬᠤᠲᠠ ᠶᠢᠨ ᠲᠣᠰ ᠱᠠᠲᠤᠨ ᠤ ᠲᠤᠬᠠᠶᠢᠯᠠᠭᠰᠠᠨ ᠠᠵᠢᠯ ᠤᠨ ᠰᠢᠰᠲ᠋ᠧᠮ ᠥᠬᠡᠶ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠢ ᠪᠥᠬᠦ ᠲᠠᠯ᠎ᠠ ᠪᠠᠷ ᠤᠶᠢᠯᠠᠭᠠᠨ ᠵᠢᠭᠰᠠᠭᠠᠵᠤ ᠡᠮᠬᠢᠯᠡᠨ ᠳᠢᠭᠯᠡᠵᠦ᠂ ᠰᠦᠯᠵᠢᠶᠡᠨ ᠳᠡᠭᠡᠷ᠎ᠡ | ᠪᠠ ᠰᠦᠯᠵᠢᠶᠡᠨ ᠭᠠᠳᠠᠨᠠᠬᠢ ᠶᠢ ᠬᠠᠷᠢᠯᠴᠠᠨ ᠨᠢᠭᠡᠳᠦᠯᠲᠡᠶ ᠪᠠᠶᠢᠯᠭᠠᠬᠤ ᠵᠠᠷᠴᠢᠮ ᠶᠣᠰᠣᠭᠠᠷ᠂ ᠨᠢᠭᠡ | ᠴᠣᠠᠠᠴᠠᠵᠢᠭᠤᠯᠥᠠᠠᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ᠰᠦᠯᠵᠢᠶᠡᠨ | ᠳᠡᠭᠡᠷ᠎ᠡ ᠭᠦᠢᠴᠡᠳᠬᠡᠬᠦ ᠠᠷᠭ᠎ᠠ ᠵᠠᠮ ᠢ ᠨᠡᠭᠡᠭᠡᠵᠦ᠂ ᠭᠦᠢᠴᠡᠳᠬᠡᠬᠦ ᠭᠤᠭᠴᠤᠭ᠎ᠠ ᠪᠠ ᠭᠦᠢᠴᠡᠳᠬᠡᠬᠦ ᠴᠤᠪᠤᠷᠠᠯ ᠢ | ᠵᠢᠷᠤᠮᠵᠢᠭᠤᠯᠤᠨ᠂ ᠵᠦᠢᠯᠡᠰ ᠢ ᠭᠦᠢᠴᠡᠳᠬᠡᠬᠦ ᠶᠠᠪᠤᠴᠠ ᠶᠢ ᠨᠢᠭᠡ ᠴᠣᠠᠠᠴᠠᠵᠢᠭᠤᠯᠥᠠᠠᠰᠠᠨ ᠲᠠᠪᠴᠠᠩ ᠤᠨ | ᠠᠵᠢᠯᠯᠠᠭᠠᠨ ᠤ ᠬᠠᠮᠢᠶᠠᠷᠤᠯᠲᠠ ᠶᠢᠨ ᠬᠡᠪᠴᠢᠶᠡᠨ ᠳᠤ ᠣᠷᠣᠭᠤᠯᠤᠨ᠎ᠠ᠃ | ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠯ᠎ᠡ ᠬᠠᠮᠢᠶ᠎ᠠ ᠪᠥᠬᠦᠶ ᠵᠥᠪᠯᠡᠯ ᠠᠯᠪᠠᠨ ᠬᠡᠷ ᠲᠣᠪᠴᠢᠶ᠎ᠠ | ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 12 ᠰᠠᠷ᠎ᠠ | ︵ᠬᠤᠶᠠᠷ︶ ᠳ᠋ᠠᠶᠢᠲ᠋ᠠ ᠶᠢ ᠬᠠᠮᠲᠤᠪᠠᠷ ᠭᠥᠷᠳᠡᠵᠦ ᠰᠣᠯᠢᠯᠴᠠᠬᠤ ᠪᠠ ᠬᠡᠷᠡᠭᠯᠡᠬᠦ ᠶᠢ ᠠᠬᠢᠭᠤᠯᠤᠨ᠎ᠠ | 1. ᠡᠯ᠎ᠡ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠳ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠤᠨ ᠬᠠᠤᠯᠢ ᠪᠠᠷ ᠲᠣᠭᠲᠠᠭᠠᠭᠰᠠᠨ ᠴᠢᠬᠤᠯᠠ ᠨᠥᠬᠦᠴᠡᠯ ᠤᠨ ᠮᠠᠲ᠋ᠧᠷᠢᠶᠠᠯ ᠢ ᠦᠨᠳᠦᠰᠦᠯᠡᠨ᠂ ᠣᠨ ᠤ | ᠬᠠᠷᠠᠯᠲᠠ ᠶᠢᠨ ᠡᠭᠦᠷᠭᠡ ᠲᠠᠢ ᠪᠠᠨ ᠤᠶᠠᠯᠳᠤᠭᠤᠯᠤᠨ᠂ ᠰᠠᠯᠠᠭ᠎ᠠ ᠮᠥᠴᠢᠷ ᠤᠨ ᠬᠤᠭᠤᠷᠣᠨᠳᠣᠬᠢ ᠳ᠋ᠠᠶᠢᠲ᠋ᠠ ᠶᠢ | ᠬᠠᠮᠲᠤᠪᠠᠷ ᠭᠥᠷᠳᠡᠬᠦ ᠪᠠᠷ ᠳᠡᠮᠵᠢᠨ ᠴᠣᠮᠬᠠᠳᠬᠠᠵᠤ ᠪᠣᠯᠬᠤ ᠠᠵᠢᠯ ᠶᠠᠪᠤᠳᠠᠯ ᠭᠦᠢᠴᠡᠳᠬᠡᠬᠦ ᠮᠠᠲ᠋ᠧᠷᠢᠶᠠᠯ ᠢ ᠡᠮᠬᠢᠯᠡᠨ | ᠳᠢᠭᠯᠡᠵᠦ᠂ ᠬᠠᠮᠲᠤᠪᠠᠷ ᠭᠥᠷᠳᠡᠬᠦ ᠳᠤ ᠬᠡᠷᠡᠭᠰᠡᠬᠦ ᠮᠠᠲ᠋ᠧᠷᠢᠶᠠᠯ ᠤᠨ ᠨᠡᠷᠡᠶᠢᠳᠦᠯ᠂ ᠮᠡᠳᠡᠭᠡ ᠵᠠᠩᠭᠢ ᠶᠢᠨ ᠵᠦᠢᠯ᠂ | ᠬᠠᠩᠭᠠᠭᠰᠠᠨ ᠨᠢᠭᠡᠴᠢ᠂ ᠬᠡᠷᠡᠭᠯᠡᠬᠦ ᠠᠷᠭ᠎ᠠ ᠮᠠᠶ᠋ᠢᠭ᠂ ᠬᠡᠷᠡᠭᠯᠡᠬᠦ ᠵᠣᠷᠢᠯᠭ᠎ᠠ ᠵᠢᠴᠢ ᠵᠦᠢᠯᠡᠰ ᠢ ᠭᠦᠢᠴᠡᠳᠬᠡᠭᠰᠡᠨ ᠦᠷ᠎ᠡ | ᠳ᠋ᠦᠩ ᠵᠡᠷᠭᠡ ᠮᠡᠳᠡᠭᠡ ᠵᠠᠩᠭᠢ ᠶᠢ ᠲᠣᠳᠣᠷᠬᠠᠶᠢᠯᠠᠵᠤ᠂ ᠳ᠋ᠠᠶᠢᠲ᠋ᠠ ᠶᠢᠨ ᠬᠡᠷᠡᠭᠴᠡᠭᠡ ᠱᠠᠭᠠᠷᠳᠠᠯᠭ᠎ᠠ ᠶᠢᠨ ᠨᠠᠷᠢᠨ | ᠬᠠᠭᠤᠳᠠᠰᠤ ᠶᠢ ᠪᠦᠷᠢᠯᠳᠦᠭᠦᠯᠦᠨ᠎ᠡ᠃ | ᠲᠦᠷᠦᠭᠦᠯᠡᠨ ᠬᠢᠬᠦ ᠨᠢᠭᠡᠴᠢ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ | ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠯ᠎ᠡ ᠵᠥᠪᠯᠡᠯ ᠠᠯᠪᠠᠨ ᠬᠡᠷ ᠲᠣᠪᠴᠢᠶ᠎ᠠ | ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 12 ᠰᠠᠷ᠎ᠠ | 2. ᠲᠤᠭ᠎ᠠ ᠪᠠᠷᠢᠮᠲᠠ ᠶᠢᠨ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠬᠠᠭᠤᠳᠠᠰᠤ ᠶᠢ ᠦᠨᠳᠦᠰᠦᠯᠡᠨ᠂ ᠬᠠᠮᠢᠶ᠎ᠠ | ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠶᠢ ᠥᠷᠨᠢᠭᠦᠯᠵᠦ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠡᠭᠦᠷᠭᠡ ᠶᠢᠨ | ᠲᠥᠯᠥᠪᠯᠡᠭᠡ ᠶᠢ ᠲᠣᠭᠲᠠᠭᠠᠨ᠂ ︽ᠨᠢᠭᠡ ᠲᠤᠭ᠎ᠠ ᠨᠢᠭᠡ ᠢᠷᠡᠯᠲᠡ ᠲᠠᠢ᠂ ᠬᠥᠳᠡᠯᠦᠩᠭᠦᠶ ᠪᠠᠷ ᠰᠢᠨᠡᠳᠬᠡᠬᠦ︾ ᠵᠠᠷᠴᠢᠮ | ᠶᠣᠰᠣᠭᠠᠷ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠲᠡᠭᠦᠯᠳᠡᠷᠵᠢᠭᠦᠯᠵᠦ᠂ | ᠭᠠᠷᠴᠠᠭ ᠪᠠᠶᠢᠪᠠᠯ ᠵᠠᠪᠠᠯ ᠲᠤᠭ᠎ᠠ ᠪᠠᠷᠢᠮᠲᠠ ᠲᠠᠢ ᠪᠠᠶᠢᠬᠤ ᠶᠢ ᠪᠡᠶᠡᠯᠡᠭᠦᠯᠦᠨ᠂ ᠲᠤᠭ᠎ᠠ ᠪᠠᠷᠢᠮᠲᠠ ᠶᠢᠨ ᠰᠢᠨᠡᠳᠬᠡᠯᠲᠡ ᠶᠢ | ᠴᠠᠭ ᠲᠤᠬᠠᠶ ᠳᠤᠨᠢ ᠬᠦᠷᠭᠡᠬᠦ ᠶᠢ ᠪᠡᠶᠡᠯᠡᠭᠦᠯᠵᠦ᠂ ᠲᠤᠭ᠎ᠠ ᠪᠠᠷᠢᠮᠲᠠ ᠶᠢᠨ ᠪᠦᠷᠢᠨ ᠪᠦᠲᠦᠨ ᠴᠢᠨᠠᠷ᠂ ᠪᠦᠲᠦᠮᠵᠢᠲᠦ | ᠴᠢᠨᠠᠷ ᠪᠠ ᠴᠠᠭ ᠲᠤᠬᠠᠶᠢᠴᠢ ᠴᠢᠨᠠᠷ ᠢ ᠦᠨᠡᠨᠬᠦ ᠪᠠᠲᠤᠯᠠᠨ᠎ᠠ᠃ | ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ | ᠪᠡᠶᠡᠯᠡᠭᠦᠯᠬᠦ ᠴᠠᠭ ᠤᠨ ᠬᠢᠵᠠᠭᠠᠷ᠄ 2022 ᠣᠨ ᠤ 3 ᠳ᠋ᠤᠭᠠᠷ ᠰᠠᠷ᠎ᠠ | 3. ᠬᠥᠮᠦᠨ ᠠᠮᠠ᠂ ᠬᠠᠤᠯᠢ ᠶᠢᠨ ᠡᠷᠬᠡᠲᠡᠨ᠂ ᠣᠷᠣᠨ ᠵᠠᠶ ᠶᠢᠨ ᠭᠠᠵᠠᠷ ᠵᠦᠶ ᠶᠢᠨ ᠮᠡᠳᠡᠭᠡ ᠵᠠᠩᠭᠢ᠂ | ᠨᠡᠶᠢᠭᠡᠮ ᠤᠨ ᠢᠲᠡᠭᠡᠮᠵᠢ ᠶᠢᠨ ᠰᠠᠭᠤᠷᠢ ᠳ᠋ᠠᠶᠢᠲ᠋ᠠ ᠶᠢᠨ ᠬᠥᠮᠥᠷᠭᠡ ᠶᠢ ᠳ᠋ᠠᠶᠢᠲ᠋ᠠ ᠶᠢ ᠬᠠᠮᠲᠤᠪᠠᠷ ᠭᠥᠷᠳᠡᠵᠦ | ᠰᠣᠯᠢᠯᠴᠠᠬᠤ ᠲᠠᠪᠴᠠᠩ ᠳᠤ ᠵᠠᠯᠭᠠᠨ ᠣᠷᠣᠭᠤᠯᠵᠤ᠂ ᠳ᠋ᠠᠶᠢᠲ᠋ᠠ ᠶᠢᠨ ᠵᠠᠯᠭᠠᠭᠠᠰᠤ ᠶᠢ ᠲᠦᠷᠭᠡᠳᠬᠡᠨ ᠨᠡᠭᠡᠭᠡᠨ | ᠬᠥᠭᠵᠢᠭᠦᠯᠬᠦ ᠶᠢᠨ ᠬᠠᠮᠲᠤ ᠬᠠᠮᠲᠤᠪᠠᠷ ᠭᠥᠷᠳᠡᠬᠦ ᠲᠠᠪᠴᠠᠩ ᠯᠤᠭ᠎ᠠ ᠵᠣᠯᠭᠠᠭᠤᠯᠬᠤ ᠶᠢ ᠪᠡᠶᠡᠯᠡᠭᠦᠯᠵᠦ᠂ ᠣᠨ ᠤ | ᠬᠠᠷᠠᠯᠲᠠ ᠶᠢᠨ ᠡᠭᠦᠷᠭᠡ ᠪᠠᠨ ᠤᠷᠤᠭᠰᠢᠲᠠᠶ ᠪᠡᠶᠡᠯᠡᠭᠦᠯᠬᠦ ᠳᠤ ᠰᠠᠭᠤᠷᠢ ᠳ᠋ᠠᠶᠢᠲ᠋ᠠ ᠶᠢᠨ ᠲᠤᠯᠭᠠᠭᠤᠷᠢᠯᠠᠯ ᠬᠠᠩᠭᠠᠨ᠎ᠠ᠃ | ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ | ᠪᠡᠶᠡᠯᠡᠭᠦᠯᠬᠦ ᠴᠠᠭ ᠤᠨ ᠬᠢᠵᠠᠭᠠᠷ᠄ 2022 ᠣᠨ ᠤ 3 ᠳ᠋ᠤᠭᠠᠷ ᠰᠠᠷ᠎ᠠ | 4. ᠡᠯ᠎ᠡ ᠰᠠᠯᠠᠭ᠎ᠠ ᠮᠥᠴᠢᠷ ᠤᠨ ᠡᠯᠧᠺᠲᠷᠣᠨ ᠭᠡᠷᠡᠴᠢ ᠦᠨᠡᠮᠯᠡᠯ ᠤᠨ ᠰᠢᠰᠲ᠋ᠧᠮ ᠢ ᠵᠣᠯᠭᠠᠭᠤᠯᠬᠤ ᠶᠢ | ᠲᠦᠷᠭᠡᠳᠬᠡᠵᠦ᠂ ᠪᠥᠬᠦ ᠬᠤᠲᠠ ᠶᠢᠨ ᠨᠢᠭᠡᠳᠦᠯᠲᠡᠶ ᠡᠯᠧᠺᠲᠷᠣᠨ ᠭᠡᠷᠡᠴᠢ ᠦᠨᠡᠮᠯᠡᠯ ᠤᠨ ᠰᠢᠰᠲ᠋ᠧᠮ ᠤᠨ ᠭᠡᠷᠡᠴᠢ | ᠭᠠᠷᠭᠠᠬᠤ ᠪᠠᠷ ᠳᠠᠮᠵᠢᠭᠤᠯᠤᠨ ᠴᠠᠭᠠᠰᠤᠨ ᠭᠡᠷᠡᠴᠢ ᠦᠨᠡᠮᠯᠡᠯ ᠬᠢᠭᠡᠳ ᠡᠯᠧᠺᠲᠷᠣᠨ ᠭᠡᠷᠡᠴᠢ ᠦᠨᠡᠮᠯᠡᠯ ᠢ ᠵᠡᠷᠭᠡᠪᠡᠷ | ᠭᠠᠷ ᠤᠨ ᠥᠰᠥᠭ ᠵᠢᠷᠤᠵᠤ ᠶᠠᠪᠤᠭᠤᠯᠬᠤ ᠶᠢ ᠪᠡᠶᠡᠯᠡᠭᠦᠯᠬᠦ ᠶᠢᠨ ᠬᠠᠮᠲᠤ ᠡᠯᠧᠺᠲᠷᠣᠨ ᠲᠠᠮᠠᠭ᠎ᠠ ᠳᠠᠷᠤᠵᠤ᠂ | ᠡᠯᠧᠺᠲᠷᠣᠨ ᠭᠡᠷᠡᠴᠢ ᠦᠨᠡᠮᠯᠡᠯ ᠤᠨ ᠲᠤᠭ᠎ᠠ ᠪᠠᠷᠢᠮᠲᠠ ᠶᠢ ᠬᠠᠳᠠᠭᠠᠯᠠᠵᠤ ᠪᠠᠶᠢᠭ᠎ᠠ ᠬᠡᠮᠵᠢᠶ᠎ᠡ᠂ ᠨᠡᠮᠡᠭᠳᠡᠯ ᠤᠨ | ᠬᠡᠮᠵᠢᠶ᠎ᠡ ᠶᠢ ᠪᠦᠲᠦᠮᠵᠢᠲᠡᠶ ᠪᠠᠷ ᠴᠤᠭᠯᠠᠭᠤᠯᠤᠨ᠎ᠠ᠃ | ᠬᠠᠷᠢᠭᠤᠴᠠᠯᠭᠠᠲᠤ ᠨᠢᠭᠡᠴᠢ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ | ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 12 ᠰᠠᠷ᠎ᠠ | 5. ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠠᠰᠢᠭᠯᠠᠨ | ᠬᠠᠮᠲᠤᠪᠠᠷ ᠭᠥᠷᠳᠡᠵᠦ ᠪᠣᠯᠬᠤ ᠦᠨᠡᠮᠯᠡᠯ ᠤᠨ ᠮᠡᠳᠡᠭᠡ ᠵᠠᠩᠭᠢ ᠶᠢ ᠣᠯᠵᠤ᠂ ᠪᠠᠶᠢᠳᠠᠯᠵᠢᠭᠤᠯᠤᠨ ᠬᠡᠷᠡᠭᠯᠡᠬᠦ ᠪᠠᠷ | ᠳᠠᠮᠵᠢᠭᠤᠯᠤᠨ ︽ᠬᠤᠶᠠᠷ ᠢ ᠲᠤᠰᠢᠶᠠᠬᠤ ᠠᠴᠠ ᠭᠡᠯᠳᠦᠷᠢᠭᠦᠯᠬᠦ︾ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ ︵ | ᠡᠯᠧᠺᠲᠷᠣᠨ ᠦᠨᠡᠮᠯᠡᠯ ᠢ ᠬᠠᠩᠭᠠᠵᠤ ᠳᠡᠶᠢᠯᠪᠡᠯ᠂ ᠵᠠᠷᠴᠢᠮ ᠳᠡᠭᠡᠷ᠎ᠡ ᠪᠠᠨ ᠴᠥᠮ ᠪᠣᠳᠠᠲᠤ ᠴᠣᠭᠴᠠ ᠶᠢᠨ ᠦᠨᠡᠮᠯᠡᠯ ᠢ | ᠲᠤᠰᠢᠶᠠᠬᠤ ᠠᠴᠠ ᠭᠡᠯᠳᠦᠷᠢᠭᠦᠯᠦᠨ᠎ᠡ︔ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠪᠠᠷ ᠳᠡᠮᠵᠢᠨ ᠬᠢᠨᠠᠨ ᠰᠢᠯᠭᠠᠵᠤ | ᠳᠡᠶᠢᠯᠬᠦ ᠮᠠᠲ᠋ᠧᠷᠢᠶᠠᠯ ᠢ ᠵᠠᠷᠴᠢᠮ ᠳᠡᠭᠡᠷ᠎ᠡ ᠪᠠᠨ ᠴᠥᠮ ᠲᠤᠰᠢᠶᠠᠬᠤ ᠠᠴᠠ ᠭᠡᠯᠳᠦᠷᠢᠭᠦᠯᠦᠨ᠎ᠡ︶᠃ | ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠯ᠎ᠡ ᠵᠥᠪᠯᠡᠯ ᠠᠯᠪᠠᠨ ᠬᠡᠷ ᠲᠣᠪᠴᠢᠶ᠎ᠠ | ᠪᠡᠶᠡᠯᠡᠭᠦᠯᠬᠦ ᠴᠠᠭ ᠤᠨ ᠬᠢᠵᠠᠭᠠᠷ᠄ 2022 ᠣᠨ ᠤ 12 ᠰᠠᠷ᠎ᠠ | ︵ᠭᠤᠷᠪᠠ︶ ᠪᠡᠶ᠎ᠡ ᠬᠡᠮ ᠤᠨ ᠭᠡᠷᠡᠴᠢᠯᠡᠯᠲᠡ ᠶᠢ ᠨᠢᠭᠡᠳᠬᠡᠨ᠎ᠡ | ᠠᠷᠠᠳ ᠢᠷᠭᠡᠳ ᠤᠨ ᠪᠡᠶ᠎ᠡ ᠶᠢᠨ ᠦᠨᠡᠮᠯᠡᠯ ᠤᠨ ᠨᠣᠮᠧᠷ ᠢᠶᠠᠷ ᠴᠣᠷ ᠤᠨ ᠭᠠᠭᠴᠠ ᠲᠡᠮᠳᠡᠭ ᠪᠣᠯᠭᠠᠵᠤ᠂ ᠣᠯᠠᠨ | ᠲᠦᠮᠡᠨ ᠤ ᠠᠵᠢᠯ ᠶᠠᠪᠤᠳᠠᠯ ᠭᠦᠢᠴᠡᠳᠬᠡᠬᠦ ᠨᠢᠭᠡᠳᠦᠯᠲᠡᠶ ᠪᠡᠶ᠎ᠡ ᠬᠡᠮ ᠤᠨ ᠭᠡᠷᠡᠴᠢᠯᠡᠯ ᠤᠨ ᠰᠢᠰᠲ᠋ᠧᠮᠵᠢ ᠶᠢ | ᠲᠡᠭᠦᠯᠳᠡᠷᠵᠢᠭᠦᠯᠦᠨ᠂ ᠨᠢᠭᠡ ᠴᠤᠭᠴᠠᠵᠢᠭᠤᠯᠤᠭᠰᠠᠨ ᠲᠠᠪᠴᠠᠩ᠂ ᠲᠤᠬᠠᠶᠢᠯᠠᠭᠰᠠᠨ ᠠᠵᠢᠯ ᠤᠨ ᠰᠢᠰᠲ᠋ᠧᠮ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠯᠵᠢᠮᠡᠯ ᠦᠵᠦᠭᠦᠷ ᠤᠨ ᠬᠡᠷᠡᠭᠯᠡᠯᠲᠡ ᠵᠡᠷᠭᠡ ᠠᠳᠠᠯᠢ ᠪᠤᠰᠤ | ᠦᠢᠯᠡᠴᠢᠯᠡᠭᠡᠨ ᠤ ᠠᠷᠭ᠎ᠠ ᠵᠠᠮ ᠢᠶᠠᠷ ᠨᠢᠭᠡ ᠯᠡ ᠤᠳᠠᠭ᠎ᠠ ᠳᠤ ᠭᠡᠷᠡᠴᠢᠯᠡᠭᠡ ᠬᠢᠬᠦ᠂ ᠣᠯᠠᠨ ᠴᠡᠭ ᠲᠤ ᠬᠠᠷᠢᠯᠴᠠᠨ | ᠬᠤᠯᠪᠣᠭᠠᠯᠠᠬᠤ ᠶᠢ ᠪᠡᠶᠡᠯᠡᠭᠦᠯᠵᠦ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠳᠠᠪᠬᠤᠷᠳᠠᠭᠤᠯᠤᠨ | ᠳᠠᠩᠰᠠᠯᠠᠬᠤ᠂ ᠳᠠᠪᠬᠤᠷᠳᠠᠭᠤᠯᠤᠨ ᠲᠡᠮᠳᠡᠭᠯᠡᠬᠦ ᠵᠡᠷᠭᠡ ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃ | ᠬᠠᠷᠢᠭᠤᠴᠠᠯᠭᠠᠲᠤ ᠨᠢᠭᠡᠴᠢ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ | ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 12 ᠰᠠᠷ᠎ᠠ | ︵ᠳᠥᠷᠪᠡ︶ ᠲᠠᠪᠴᠠᠩ ᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠨ᠎ᠠ | 1. ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ | ᠠᠵᠢᠯᠯᠠᠭᠤᠯᠤᠨ ᠬᠡᠷᠡᠭᠯᠡᠬᠦ ᠪᠣᠯᠪᠠᠰᠤᠷᠠᠭᠤᠯᠤᠯ ᠢ ᠱᠠᠲᠤ ᠲᠥᠷᠥᠯ ᠬᠤᠪᠢᠶᠠᠨ ᠵᠣᠬᠢᠶᠠᠨ ᠪᠠᠶᠢᠭᠤᠯᠤᠨ ᠥᠷᠨᠢᠭᠦᠯᠵᠦ᠂ | ᠴᠣᠩᠬᠤᠪᠴᠢ ᠶᠢᠨ ᠠᠵᠢᠯᠲᠠᠨ ᠢ ᠪᠦᠬᠦᠨ ᠢ ᠬᠠᠮᠤᠷᠬᠤ᠂ ᠠᠵᠢᠯᠯᠠᠵᠤ ᠴᠢᠳᠠᠬᠤ ᠶᠢ ᠦᠨᠡᠨᠬᠦ ᠪᠠᠲᠤᠯᠠᠨ᠎ᠠ᠃ | ᠬᠠᠷᠢᠭᠤᠴᠠᠯᠭᠠᠲᠤ ᠨᠢᠭᠡᠴᠢ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ | ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 12 ᠰᠠᠷ᠎ᠠ | 2. ᠲᠧᠯᠸᠢᠰ᠂ ᠰᠣᠨᠢᠨ ᠰᠡᠳᠬᠦᠯ᠂ ᠢᠨᠲ᠋ᠧᠷ ᠰᠦᠯᠵᠢᠶ᠎ᠡ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ ︽ | ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠠᠵᠢᠯᠯᠠᠭᠠᠨ ᠤ ᠵᠦᠭᠯᠡᠭᠦᠷ᠂ ᠭᠦᠢᠴᠡᠳᠬᠡᠬᠦ ᠠᠬᠢᠴᠠ ᠪᠠ | ᠣᠯᠤᠭᠰᠠᠨ ᠦᠷ᠎ᠡ ᠪᠦᠲᠦᠮᠵᠢ ᠶᠢ ᠤᠬᠠᠭᠤᠯᠵᠤ᠂ ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ᠤᠨ ᠳᠡᠩᠰᠡᠯᠡᠨ ᠬᠡᠷᠡᠭᠯᠡᠬᠦ ᠬᠡᠮᠵᠢᠶ᠎ᠡ ᠶᠢ ᠳᠡᠭᠡᠭᠰᠢᠯᠡᠭᠦᠯᠦᠨ᠂ ᠣᠯᠠᠨ ᠨᠡᠶᠢᠲᠡ ᠶᠢᠨ ᠮᠡᠳᠡᠬᠦ | ᠬᠡᠮᠵᠢᠶ᠎ᠡ ᠶᠢ ᠥᠷᠭᠡᠳᠬᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ︽ᠰᠦᠯᠵᠢᠶ᠎ᠡ ᠪᠠᠷ | ᠭᠦᠢᠴᠡᠳᠬᠡᠬᠦ ᠨᠣᠷᠮ᠎ᠠ︾ ᠶᠢ ᠳᠡᠭᠡᠭᠰᠢᠯᠡᠭᠦᠯᠦᠨ᠎ᠡ᠃ | ᠬᠠᠷᠢᠭᠤᠴᠠᠯᠭᠠᠲᠤ ᠨᠢᠭᠡᠴᠢ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ | ᠪᠡᠶᠡᠯᠡᠭᠦᠯᠬᠦ ᠴᠠᠭ ᠤᠨ ᠬᠢᠵᠠᠭᠠᠷ᠄ 2023 ᠣᠨ ᠤ 12 ᠰᠠᠷ᠎ᠠ | ᠳᠥᠷᠪᠡ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠭᠠᠵᠠᠷ ᠣᠷᠣᠨ | ᠡᠯ᠎ᠡ ᠰᠠᠯᠠᠭ᠎ᠠ ᠮᠥᠴᠢᠷ ᠤᠨ ᠭᠤᠤᠯ ᠤᠳᠤᠷᠢᠳᠤᠯᠭ᠎ᠠ ᠨᠢ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ | ᠥᠭᠡᠷᠡᠴᠢᠯᠡᠯᠲᠡ ᠶᠢᠨ ᠠᠵᠢᠯ ᠢ ᠭᠦᠨᠵᠡᠭᠡᠶᠢᠷᠡᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠤᠨ᠂ ᠪᠣᠭᠤᠮᠲᠠ ᠰᠢᠪᠲᠤᠯᠬᠤ ᠡᠩᠨᠡᠭᠡ ᠶᠢ ᠪᠠᠶᠢᠭᠤᠯᠵᠤ᠂ | ᠠᠵᠢᠯ ᠤᠨ ᠲᠣᠭᠲᠠᠴᠠ ᠪᠠᠨ ᠪᠦᠷᠢᠨᠰᠢᠬᠦᠯᠦᠨ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠰᠢᠨ᠎ᠡ ᠶᠢ | ᠡᠭᠦᠳᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠭᠤᠤᠯ ᠬᠠᠷᠢᠭᠤᠴᠠᠯᠭᠠᠲᠠᠨ ᠨᠥᠬᠦᠳ ᠪᠡᠶ᠎ᠡ ᠪᠠᠷ ᠢᠶᠠᠨ | ᠠᠳᠬᠤᠵᠤ᠂ ᠠᠵᠢᠯ ᠤᠨ ᠳᠤᠮᠳᠠᠬᠢ ᠬᠦᠴᠢᠷ ᠠᠰᠠᠭᠤᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ | ᠪᠠᠶᠢᠷᠢᠯᠠᠭᠤᠯᠬᠤ ᠪᠠ ᠵᠣᠬᠢᠴᠠᠭᠤᠯᠤᠨ ᠰᠢᠢᠳᠪᠦᠷᠢᠯᠡᠵᠦ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ | ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ︵ᠬᠤᠶᠠᠷ︶ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠬᠤᠲᠠ ᠶᠢᠨ ᠵᠠᠰᠠᠭ ᠤᠨ | ᠣᠷᠳᠣᠨ ᠤ ᠠᠯᠪᠠᠨ ᠬᠡᠷ ᠨᠢ ᠶᠡᠷᠦᠩᠬᠡᠶ ᠳᠤᠨᠢ ᠨᠢᠭᠡᠳᠦᠯᠲᠡᠶ ᠲᠥᠯᠥᠪᠯᠡᠬᠦ ᠶᠢ ᠬᠠᠷᠢᠭᠤᠴᠠᠵᠤ᠂ ᠠᠬᠢᠭᠤᠯᠬᠤ | ᠶᠠᠪᠤᠴᠠ ᠳᠠᠬᠢ ᠬᠦᠴᠢᠷ ᠲᠦᠪᠡᠭᠲᠡᠶ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ︔ ᠬᠤᠲᠠ ᠶᠢᠨ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠠ ᠲᠣᠮᠣ | ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠ ᠮᠡᠷᠭᠡᠵᠢᠯ ᠤᠨ | ᠪᠠᠲᠤᠯᠠᠭ᠎ᠠ ᠪᠠᠨ ᠴᠢᠩᠭᠠᠳᠬᠠᠵᠤ᠂ ᠬᠠᠮᠢᠶ᠎ᠠ ᠪᠥᠬᠦᠶ ᠪᠠᠶᠢᠳᠠᠯ ᠢ ᠴᠠᠭ ᠲᠤᠬᠠᠶ ᠳᠤᠨᠢ ᠬᠤᠲᠠ ᠶᠢᠨ ᠵᠠᠰᠠᠭ ᠤᠨ | ᠣᠷᠳᠣᠨ ᠤ ᠠᠯᠪᠠᠨ ᠭᠡᠷ ᠲᠤ ᠮᠡᠳᠡᠭᠦᠯᠦᠨ᠎ᠡ᠃ ᠡᠯ᠎ᠡ ᠰᠠᠯᠠᠭ᠎ᠠ ᠮᠦᠴᠢᠷ ᠤᠳ ᠢᠳᠡᠪᠬᠢᠲᠡᠶ ᠪᠠᠷ ᠬᠠᠮᠵᠢᠯᠴᠠᠨ᠂ | ᠨᠡᠪᠲᠡᠷᠡᠯᠴᠡᠬᠦ ᠪᠠ ᠠᠰᠠᠭᠤᠳᠠᠯ ᠢ ᠬᠠᠷᠢᠭᠤ ᠲᠤᠰᠬᠠᠬᠤ ᠪᠠᠨ ᠴᠢᠩᠭᠠᠳᠬᠠᠵᠤ᠂ ᠠᠵᠢᠯ ᠤᠨ | ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠬᠦ ᠬᠡᠷᠡᠭᠲᠡᠶ᠃ | | ︵ᠭᠤᠷᠪᠠ︶ ᠮᠥᠷᠳᠡᠨ ᠰᠢᠮᠳᠠᠭᠤᠯᠬᠤ ᠶᠢ ᠴᠢᠩᠭᠠᠷᠠᠭᠤᠯᠤᠨ᠎ᠠ᠃ ᠬᠤᠲᠠ ᠶᠢᠨ ᠵᠠᠰᠠᠭ ᠤᠨ ᠣᠷᠳᠣᠨ ᠤ | ᠰᠢᠮᠳᠠᠭᠤᠯᠤᠨ ᠪᠠᠶᠢᠴᠠᠭᠠᠬᠤ ᠲᠠᠰᠤᠭ ᠨᠢ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠭᠦᠨᠵᠡᠭᠡᠶᠢᠷᠡᠭᠦᠯᠬᠦ | ᠥᠭᠡᠷᠡᠴᠢᠯᠡᠯᠲᠡ ᠶᠢᠨ ᠬᠠᠷᠠᠯᠲᠠᠲᠤ ᠡᠭᠦᠷᠭᠡ ᠶᠢ ᠣᠨ ᠤ ᠰᠢᠮᠳᠠᠭᠤᠯᠤᠨ ᠪᠠᠶᠢᠴᠠᠭᠠᠬᠤ ᠡᠭᠦᠷᠭᠡ ᠶᠢᠨ ᠨᠠᠷᠢᠨ | ᠬᠠᠭᠤᠳᠠᠰᠤᠨ ᠳᠤ ᠣᠷᠣᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠰᠢᠮᠳᠠᠭᠤᠯᠤᠨ ᠪᠠᠶᠢᠴᠠᠭᠠᠵᠤ᠂ ᠠᠵᠢᠯ ᠤᠨ | ᠠᠬᠢᠴᠠ ᠶᠢᠨ ᠪᠠᠶᠢᠳᠠᠯ ᠢᠶᠠᠨ ᠮᠡᠳᠡᠭᠳᠡᠵᠦ᠂ ᠠᠰᠠᠭᠤᠳᠠᠯ ᠢ ᠴᠠᠭ ᠲᠤᠬᠠᠶ ᠳᠤᠨᠢ ᠡᠷᠢᠬᠦ ᠶᠢᠨ ᠬᠠᠮᠲᠤ ᠰᠢᠢᠳᠪᠦᠷᠢᠯᠡᠵᠦ᠂ | ᠠᠵᠢᠯ ᠢᠶᠠᠨ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠥᠬᠡᠶ ᠶᠢ ᠨᠢ ᠵᠠᠷᠯᠠᠨ ᠮᠡᠳᠡᠭᠳᠡᠵᠦ ᠬᠠᠷᠢᠭᠤᠴᠠᠯᠭ᠎ᠠ | ᠨᠡᠬᠡᠮᠵᠢᠯᠡᠵᠦ᠂ ᠥᠭᠡᠷᠡᠴᠢᠯᠡᠯᠲᠡ ᠶᠢᠨ ᠡᠭᠦᠷᠭᠡ ᠶᠢᠨ ᠤᠷᠤᠭᠰᠢᠲᠠᠶ ᠪᠡᠶᠡᠯᠡᠭᠳᠡᠬᠦ ᠶᠢ ᠦᠨᠡᠨᠬᠦ ᠪᠠᠲᠤᠯᠠᠬᠤ ᠬᠡᠷᠡᠭᠲᠡᠶ᠃ | |