ᠬᠥᠬᠡᠬᠤᠲᠠ ᠶᠢᠨ ᠬᠤᠲᠤᠩ ᠠᠷᠠᠳ ᠤᠨ ᠲᠣᠭᠤᠷᠢᠭ
ᠨᠡᠶᠢᠲᠡᠯᠡᠭᠰᠡᠨ ᠴᠠᠭ᠄
2021/9/28
     ᠬᠥᠬᠡᠬᠤᠲᠠ ᠶᠢᠨ ᠬᠤᠲᠤᠩ ᠠᠷᠠᠳ ᠤᠨ ᠲᠣᠭᠤᠷᠢᠭ ᠪᠣᠯ 1950 ᠣᠨ ᠤ 12 ᠰᠠᠷ᠎ᠠ ᠶᠢᠨ 19 ᠤ ᠡᠳᠦᠷ ᠪᠠᠶᠢᠭᠤᠯᠤᠭᠳᠠᠭᠰᠠᠨ ᠬᠦᠢᠰᠦ᠋ᠢ ᠬᠤᠳᠠ ᠶᠢᠨ ᠬᠤᠲᠤᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠠᠴᠠ ᠨᠡᠷᠡᠯᠡᠭᠳᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠪ ᠬᠥᠬᠡᠬᠤᠲᠠ ᠶᠢᠨ ᠨᠢᠭᠡᠨ ᠬᠤᠳᠠ ᠶᠢᠨ ᠬᠠᠷᠢᠶ᠎ᠠ ᠲᠣᠭᠤᠷᠢᠭ ᠪᠣᠯᠤᠨ᠎ᠠ᠃ ᠬᠥᠬᠡᠬᠤᠲᠠ ᠶᠢᠨ ᠬᠤᠳᠠ ᠶᠢᠨ ᠲᠣᠭᠤᠷᠢᠭ ᠤᠨ ᠪᠠᠷᠠᠭᠤᠨ ᠬᠤᠶᠢᠲᠤ ᠬᠡᠰᠡᠭ ᠲᠤ ᠪᠠᠶᠢᠷᠢᠯᠠᠵᠤ᠂ ᠵᠡᠭᠦᠨ ᠲᠠᠯ᠎ᠠ ᠪᠠᠷ ᠢᠶᠠᠨ ᠰᠢᠨ᠎ᠡ ᠬᠤᠳᠠ ᠲᠣᠭᠤᠷᠢᠭ᠂ ᠰᠠᠶᠢᠬᠠᠨ ᠲᠣᠭᠤᠷᠢᠭ ᠤᠨ ᠠᠭᠤᠯᠵᠠᠷ᠂ ᠡᠮᠦᠨ᠎ᠡ ᠲᠠᠯ᠎ᠠ ᠪᠠᠷ ᠢᠶᠠᠨ ᠢᠣᠢ ᠴᠢᠤᠸᠠᠨ ᠲᠣᠭᠤᠷᠢᠭ ᠲᠠᠢ ᠬᠥᠷᠰᠢᠯᠡᠵᠦ᠂ ᠪᠠᠷᠠᠭᠤᠨ ᠲᠠᠯ᠎ᠠ ᠪᠠᠷ ᠢᠶᠠᠨ ᠵᠢᠨᠴᠤᠸᠠᠨ ᠤ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠬᠦᠷᠢᠶᠡᠯᠡᠩ ᠲᠣᠭᠤᠷᠢᠭ᠂ ᠲᠦᠮᠡᠳ ᠵᠡᠭᠦᠨ ᠬᠤᠰᠢᠭᠤ ᠲᠠᠢ ᠬᠥᠷᠰᠢᠯᠡᠵᠦ᠂ ᠬᠤᠶᠢᠲᠤ ᠲᠠᠯ᠎ᠠ ᠪᠠᠷ ᠢᠶᠠᠨ ᠦᠴᠤᠸᠠᠨ ᠰᠢᠶᠠᠨ ᠲᠠᠢ ᠬᠥᠷᠰᠢᠯᠡᠨ᠎ᠡ᠃ ᠭᠠᠵᠠᠷ ᠵᠦᠢ ᠶᠢᠨ ᠪᠠᠶᠢᠷᠢᠰᠢᠯ ᠨᠢ ᠤᠮᠠᠷᠠᠲᠤ ᠥᠷᠭᠡᠷᠢᠭ ᠤᠨ 40 ᠭᠷᠠᠳᠦ᠋ᠰ 80 ᠮᠢᠨᠦ᠋ᠲ ᠠᠴᠠ 41ᠭᠷᠠᠳᠦ᠋ᠰ 08 ᠮᠢᠨᠦ᠋ᠲ᠂ ᠵᠡᠭᠦᠨ ᠤᠷᠲᠤᠷᠢᠭ ᠤᠨ 111ᠭᠷᠠᠳᠦ᠋ᠰ 36 ᠮᠢᠨᠦ᠋ᠲ ᠠᠴᠠ 112 ᠭᠷᠠᠳᠦ᠋ᠰ 30 ᠮᠢᠨᠦ᠋ᠲ᠂ ᠲᠣᠭᠤᠷᠢᠭ ᠤᠨ ᠳᠣᠲᠣᠷᠠᠬᠢ ᠬᠠᠮᠤᠭ ᠥᠨᠳᠥᠷ ᠲᠡᠭᠡᠨ ᠳᠠᠯᠠᠢ ᠶᠢᠨ ᠲᠦᠪᠰᠢᠨ ᠠᠴᠠ 2081 ᠮᠧᠲᠷ ᠡᠷᠭᠦᠭᠳᠡᠭᠰᠡᠨ ᠪᠠᠶᠢᠳᠠᠭ᠃ 2005 ᠣᠨ ᠪᠣᠯᠲᠠᠯ᠎ᠠ ᠬᠤᠲᠤᠩ ᠠᠷᠠᠳ ᠤᠨ ᠲᠣᠭᠤᠷᠢᠭ ᠤᠨ ᠶᠡᠷᠦᠩᠬᠡᠶ ᠲᠠᠯᠠᠪᠠᠶ ᠨᠢ 175 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠡᠭᠦᠨ ᠤ ᠳᠣᠲᠣᠷ᠎ᠠ ᠬᠤᠲᠠ ᠶᠢᠨ ᠲᠣᠭᠤᠷᠢᠭ ᠤᠨ ᠲᠠᠯᠠᠪᠠᠶ ᠨᠢ 19.47 ᠲᠡᠭᠰᠢ ᠳᠥᠷᠪᠡᠯᠵᠢᠨ ᠺᠢᠯᠣᠮᠧᠲᠷ᠂ ᠲᠠᠷᠢᠶᠠᠯᠠᠬᠤ ᠣᠷᠣᠨ ᠤ ᠲᠠᠯᠠᠪᠠᠶ ᠨᠢ 155.53 ᠲᠡᠭᠰᠢ ᠳᠥᠷᠪᠡᠯᠵᠢᠨ ᠺᠢᠯᠣᠮᠧᠲᠷ ᠪᠠᠶᠢᠪᠠ᠃ ᠪᠥᠬᠦ ᠣᠷᠣᠨ ᠳᠤ 1 ᠪᠠᠯᠭᠠᠰᠤ᠂ 7 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠠᠢ᠂ 19 ᠵᠠᠰᠠᠭ ᠵᠠᠬᠢᠷᠭᠠᠨ ᠤ ᠲᠣᠰᠬᠤᠨ᠂ 47 ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠲᠠᠢ᠃ ᠬᠤᠲᠤᠩ ᠠᠷᠠᠳ ᠤᠨ ᠲᠣᠭᠤᠷᠢᠭ ᠤᠨ ᠬᠤᠲᠠ ᠬᠥᠳᠡᠭᠡ ᠶᠢᠨ ᠰᠠᠭᠤᠭᠠᠯᠢ ᠠᠷᠠᠳ 220810 ᠬᠥᠮᠦᠨ ᠪᠠᠶᠢᠵᠤ᠂ ᠮᠣᠩᠭᠤᠯ᠂ ᠬᠢᠲᠠᠳ᠂ ᠬᠤᠲᠣᠩ ᠵᠡᠷᠭᠡ 23 ᠦᠨᠳᠦᠰᠦᠲᠡᠨ ᠲᠠᠢ᠂ ᠡᠭᠦᠨ ᠤ ᠳᠣᠲᠣᠷ᠎ᠠ ᠬᠤᠲᠣᠩ ᠦᠨᠳᠦᠰᠦᠲᠡᠨ ᠪᠠᠷᠤᠭ 2 ᠲᠦᠮᠡ ᠪᠠᠶᠢᠵᠤ᠂ ᠪᠦᠬᠦ ᠬᠤᠲᠠ ᠶᠢᠨ ᠬᠤᠲᠣᠩ ᠦᠨᠳᠦᠰᠦᠲᠡᠨ ᠤ ᠶᠡᠷᠦᠩᠬᠡᠶ ᠬᠥᠮᠦᠨ ᠠᠮᠠ ᠶᠢᠨ 70% ᠶᠢ ᠡᠵᠡᠯᠡᠵᠦ᠂ ᠬᠤᠲᠣᠩ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠲᠣᠭᠤᠷᠢᠭ ᠪᠣᠯᠤᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠬᠤᠷᠢᠶ᠎ᠠ᠂ ᠬᠥᠬᠡᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠬᠤᠲᠤᠩ ᠠᠷᠠᠳ ᠤᠨ ᠲᠣᠭᠤᠷᠢᠭ ᠤᠨ ᠬᠠᠷᠢᠶ᠎ᠠ ᠣᠷᠣᠨ ᠳᠤ ᠰᠠᠭᠤᠵᠤ ᠪᠠᠶᠢᠪᠠ ︵2002 ᠣᠨ ᠤ 12 ᠰᠠᠷ᠎ᠠ ᠳᠤ ᠰᠢᠨ᠎ᠡ ᠭᠠᠵᠠᠷ ᠲᠤ ᠨᠡᠭᠦᠪᠡ︶᠃       ᠬᠤᠲᠤᠩ ᠠᠷᠠᠳ ᠤᠨ ᠲᠣᠭᠤᠷᠢᠭ ᠨᠢ ᠡᠮᠦᠨᠡᠰᠢ ᠤᠮᠠᠷᠠᠰᠢ ᠪᠠᠷᠤᠭ 19 ᠺᠢᠯᠣᠮᠧᠲᠷ᠂ ᠵᠡᠭᠦᠨᠰᠢ ᠪᠠᠷᠠᠭᠤᠨᠰᠢ ᠥᠷᠭᠡᠨ ᠨᠢ ᠪᠠᠷᠤᠭ 18 ᠺᠢᠯᠣᠮᠧᠲᠷ ᠪᠠᠶᠢᠵᠤ᠂ ᠬᠠᠷᠢᠶ᠎ᠠ ᠲᠣᠭᠤᠷᠢᠭ ᠤᠨ ᠭᠠᠵᠠᠷ ᠤᠨ ᠪᠠᠶᠢᠴᠠ ᠨᠢ ᠭᠤᠣᠯᠳᠠᠭᠤ ᠲᠠᠯ᠎ᠠ ᠭᠠᠵᠠᠷ᠂ ᠠᠭᠤᠯᠠ ᠶᠢᠨ ᠡᠮᠦᠨᠡᠬᠢ ᠳᠣᠪᠣᠷᠬᠠᠭ᠂ ᠭᠤᠣ ᠭᠠᠩᠭ᠎ᠠ᠂ ᠠᠭᠤᠯᠠᠷᠬᠠᠭ ᠭᠠᠵᠠᠷ ᠵᠡᠷᠭᠡ ᠳᠥᠷᠪᠡᠨ ᠬᠡᠰᠡᠭ ᠠᠴᠠ ᠪᠦᠷᠢᠯᠳᠦᠵᠡᠶ᠃ ᠭᠤᠣᠯ ᠪᠣᠯᠬᠤ ᠠᠭᠤᠯᠠᠨ ᠣᠷᠭᠢᠯ ᠨᠢ ᠴᠢᠴᠢᠭᠦᠷ ᠬᠤᠷᠣᠬᠠᠶ ᠶᠢᠨ ᠳᠠᠪᠠᠭ᠎ᠠ᠂ ᠪᠠᠷᠠᠭᠤᠨ ᠪᠢᠷ᠎ᠠ ᠠᠭᠤᠯᠠ᠂ ᠶᠠᠨᠲᠠᠶ ᠠᠭᠤᠯᠠ᠂ ᠮᠠ ᠳᠧᠦ ᠱᠠᠨ ᠠᠭᠤᠯᠠ᠂ ᠳ᠋ᠠ ᠪᠠᠨ ᠱᠠᠨ ᠠᠭᠤᠯᠠ᠂ ᠮᠥᠸᠧ ᠲᠢᠶᠠᠨ ᠯᠢᠩ ᠳᠠᠪᠠᠭ᠎ᠠ᠂ ᠳ᠋ᠠ ᠪᠠᠶ ᠱᠠᠨ ᠠᠭᠤᠯᠠ᠂ ᠨᠠᠨ ᠲᠢᠶᠠᠨ ᠮᠧᠨ ᠠᠭᠤᠯᠠ ᠪᠣᠯᠤᠨ᠎ᠠ᠃ ᠬᠥᠷᠥᠰᠥ ᠰᠢᠷᠣᠶ ᠶᠢᠨ ᠲᠥᠷᠥᠯ ᠵᠦᠢᠯ ᠨᠡᠯᠢᠶᠡᠳ ᠡᠯᠪᠡᠭ ᠪᠠᠶᠠᠯᠢᠭ ᠪᠠᠶᠢᠵᠤ᠂ ᠠᠭᠤᠯᠠᠷᠬᠠᠭ ᠣᠷᠣᠨ ᠤ ᠣᠯᠠᠩᠬᠢ ᠨᠢ ᠤᠢ ᠶᠢᠨ ᠴᠠᠶᠢᠪᠤᠷ ᠬᠦᠷᠦᠰᠦ  ︵ᠬᠠᠷ᠎ᠠ  ᠬᠦᠷᠦᠰᠦ ᠶᠢᠨ ᠬᠡᠯᠪᠡᠷᠢ︶᠂  ᠴᠠᠶᠢᠪᠤᠷ ᠬᠦᠷᠡᠩ ᠬᠥᠷᠥᠰᠥ᠃ ᠳᠣᠪᠣᠷᠬᠠᠭ ᠤᠨ ᠣᠯᠠᠩᠬᠢ ᠨᠢ ᠬᠦᠷᠡᠩ ᠬᠦᠷᠦᠰᠦ ︵ᠤᠯᠠᠭᠠᠨ ᠬᠦᠷᠦᠰᠤ ᠶᠢᠨ ᠬᠡᠯᠪᠡᠷᠢ︶᠂ ᠴᠠᠶᠢᠪᠤᠷ ᠨᠤᠭᠤ ᠶᠢᠨ ᠬᠦᠷᠦᠰᠦ᠂ ᠨᠤᠭᠤ ᠶᠢᠨ ᠨᠠᠮᠤᠭ ᠤᠨ ᠬᠦᠷᠦᠰᠦ᠂ ᠪᠦᠳᠦᠭᠦᠯᠢᠭ ᠬᠦᠷᠦᠰᠦ᠃ ᠲᠠᠯ᠎ᠠ ᠭᠠᠵᠠᠷ ᠤᠨ ᠣᠯᠠᠩᠬᠢ ᠨᠢ ᠦᠶᠡᠷ ᠤᠨ ᠲᠤᠨᠤᠮᠠᠯ ᠬᠦᠷᠡᠩ ᠬᠦᠷᠦᠰᠦ᠂ ᠬᠠᠶᠢᠷ ᠴᠢᠯᠠᠭᠤᠲᠤ ᠬᠦᠷᠦᠰᠦ ᠵᠡᠷᠭᠡ ᠪᠣᠯᠤᠨ᠎ᠠ᠃ ᠤᠢ ᠶᠢᠨ ᠴᠠᠶᠢᠪᠤᠷ ᠬᠦᠷᠦᠰᠦ᠂᠂ ᠴᠠᠶᠢᠪᠤᠷ ᠬᠦᠷᠡᠩ ᠬᠦᠷᠦᠰᠦ ᠶᠢᠨ ᠢᠯᠵᠢᠮᠡᠭ ᠤᠨ ᠳᠠᠪᠬᠤᠷᠭ᠎ᠠ ᠨᠢ ᠨᠡᠯᠢᠶᠡᠳ ᠵᠤᠵᠠᠭᠠᠨ᠂ ᠣᠷᠭᠠᠨᠢᠭ ᠪᠣᠳᠠᠰ ᠤᠨ ᠠᠭᠤᠯᠤᠭᠳᠠᠴᠠ ᠨᠢ ᠨᠡᠯᠢᠶᠡᠳ ᠥᠨᠳᠥᠷ ᠪᠠᠶᠢᠳᠠᠭ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号