ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠥᠮᠥᠰ ᠤᠨ ᠰᠡᠳᠬᠢᠯ ᠢ ᠳᠤᠯᠠᠭᠠᠴᠠᠭᠤᠯᠵᠤ ᠴᠢᠩ ᠰᠡᠳᠬᠢᠯ ᠠᠴᠠ ᠲᠠᠯᠠᠷᠬᠠᠨ ᠬᠡᠮᠡᠷᠯᠢᠭ ᠲᠤᠭ ᠬᠦᠷᠭᠡᠪᠡ
ᠨᠡᠶᠢᠲᠡᠯᠡᠭᠰᠡᠨ ᠴᠠᠭ᠄
2022/12/12
      ︽ᠲᠠ ᠨᠠᠷ ᠲᠤ ᠲᠠᠯᠠᠷᠬᠠᠵᠤ ᠪᠠᠶᠢᠨ᠎ᠠ᠂ ᠡᠨᠡ ᠬᠦ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ ᠲᠠ ᠨᠠᠷ ᠶᠠᠳᠠᠷᠠᠯ ᠵᠦᠳᠡᠷᠡᠯ ᠢ ᠬᠠᠶᠢᠬᠤᠷᠤᠯ ᠦᠭᠡᠢ ᠪᠠᠷ ᠪᠤᠶ ᠪᠦᠬᠦᠢ ᠰᠠᠭᠤᠭᠠᠯᠢ ᠠᠷᠠᠳ ᠲᠤ ᠠᠮᠤᠷ ᠲᠦᠪᠰᠢᠨ ᠤ ᠬᠠᠮᠠᠭᠠᠯᠠᠯᠲᠠ ᠶᠢᠨ ᠲᠣᠣᠷ ᠪᠠᠶᠢᠭᠤᠯᠵᠤ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠠᠮᠤᠷ ᠲᠦᠪᠰᠢᠨ ᠢ ᠪᠠᠲᠤᠯᠠᠭᠰᠠᠨ ᠶᠤᠮ᠂ ᠲᠠ ᠨᠠᠷ ᠤᠨ ᠭᠠᠷᠭᠠᠭᠰᠠᠨ ᠦᠷᠡᠭᠳᠡᠯ ᠢ ᠪᠢᠳᠡ ᠴᠥᠮ ᠨᠢᠳᠦᠨ ᠳᠡᠭᠡᠨ ᠦᠵᠡᠵᠦ ᠂ ᠰᠡᠳᠬᠢᠯ ᠳᠡᠭᠡᠨ ᠴᠡᠭᠡᠵᠢᠯᠡᠵᠦ ᠪᠠᠶᠢᠨ᠎ᠠ︾ ᠣᠶᠢᠷ᠎ᠠ ᠳᠤ᠂ ᠭᠤᠸᠠᠩ ᠮᠢᠩ ᠵᠠᠮ ᠤᠨ ᠬᠡᠷᠡᠭ ᠡᠷᠬᠢᠯᠡᠬᠦ ᠭᠠᠵᠠᠷ ᠤᠨ ᠡᠯ᠎ᠡ ᠨᠡᠶᠢᠭᠡᠮ ᠲᠣᠭᠤᠷᠢᠭ ᠤᠨ ᠬᠢᠨ ᠰᠠᠭᠤᠭᠠᠯᠢ ᠠᠷᠠᠳ ᠤᠨ ᠡᠮᠦᠨ᠎ᠡ ᠹᠷᠣᠨᠲ ᠲᠤ ᠪᠠᠶᠢᠭ᠎ᠠ ᠠᠵᠢᠯᠲᠠᠳ᠂ ᠰᠠᠶᠢᠨ ᠳᠤᠷ᠎ᠠ ᠶᠢᠨ ᠠᠵᠢᠯᠯᠠᠭᠴᠢᠳ ᠤᠨ ᠬᠦᠷᠭᠡᠭᠰᠡᠨ ᠬᠡᠮᠡᠷᠯᠢᠭ ᠲᠤᠭ ᠢ ᠵᠠᠯᠭᠠᠯᠳᠤᠭᠠᠪᠠᠷ ᠲᠤᠰᠪᠠ᠂ ᠣᠯᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠳᠤᠮᠳᠠ ᠭᠠᠷᠭᠠᠭᠰᠠᠨ ᠴᠢᠷᠮᠠᠶᠢᠯᠭ᠎ᠠ ᠳᠤ ᠲᠠᠯᠠᠷᠬᠠᠵᠤ ᠪᠠᠶᠢᠨ᠎ᠠ᠃     ᠲᠣᠰ ᠤᠳᠠᠭᠠᠨ ᠤ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠡᠯ᠎ᠡ ᠨᠡᠶᠢᠭᠡᠮ ᠲᠣᠭᠤᠷᠢᠭ ᠤᠨ ᠪᠥᠬᠦ ᠠᠵᠢᠯᠲᠠᠳ ︽ᠬᠢᠵᠢᠭ︾ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠢᠳᠡᠪᠬᠢᠲᠡᠢ ᠣᠷᠣᠯᠴᠠᠭᠰᠠᠨ ᠪᠠᠶᠢᠨ᠎ᠠ᠃ ᠭᠤᠣᠯᠳᠠᠯᠭ᠎ᠠ ᠲᠠᠢ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ᠂ ᠪᠠᠭ᠎ᠠ ᠲᠣᠭᠤᠷᠢᠭ ᠤᠨ ᠳᠣᠲᠣᠷᠠᠬᠢ ᠬᠢᠵᠢᠭ ᠢ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠠᠴᠠ ᠪᠠᠭ᠎ᠠ ᠲᠣᠭᠤᠷᠢᠭ ᠤᠨ ᠪᠣᠭᠤᠮᠲᠠ ᠶᠢ ᠰᠠᠬᠢᠨ ᠬᠠᠮᠠᠭᠠᠯᠠᠬᠤ ᠬᠦᠷᠲᠡᠯ᠎ᠡ᠂ ᠲᠠᠬᠢᠭᠠᠳ ᠠᠶᠤᠯ ᠲᠦᠭᠰᠢᠭᠦᠷᠢ ᠶᠡᠬᠡᠲᠡᠢ ᠣᠷᠣᠨ ᠪᠦᠰᠡ ᠶᠢ ᠠᠷᠢᠭᠤᠳᠬᠠᠬᠤ᠂ ᠪᠢᠲᠡᠭᠦᠮᠵᠢᠯᠡᠨ ᠬᠢᠵᠠᠭᠠᠷᠯᠠᠬᠤ ᠰᠠᠭᠤᠭᠠᠯᠢ ᠠᠷᠠᠳ ᠲᠤ ᠨᠣᠭᠤᠭ᠎ᠠ ᠬᠤᠳᠠᠯᠳᠤᠨ ᠠᠪᠴᠤ ᠪᠣᠳᠠᠰ ᠬᠦᠷᠭᠡᠬᠦ ᠬᠦᠷᠲᠡᠯ᠎ᠡ᠂ ᠲᠡᠳᠡ ᠭᠦᠶᠦᠭᠴᠢ᠂ ᠬᠤᠭᠤᠯᠠ ᠬᠦᠷᠭᠡᠳᠡᠭ ᠬᠥᠮᠥᠨ ᠪᠣᠯᠵᠤ᠂ ᠤᠯᠤᠰ ᠤᠨ ᠪᠠᠶᠠᠷ ᠠᠴᠠ ᠡᠮᠦᠨᠡᠬᠡᠨ ᠪᠣᠯᠲᠠᠯ᠎ᠠ ᠨᠢᠭᠡᠨᠲᠡ ᠬᠤᠶᠠᠷ ᠰᠠᠷ᠎ᠠ ᠰᠢᠬᠠᠮ ᠪᠣᠯᠪᠠ᠂ ᠲᠡᠳᠡ ᠬᠠᠷᠢᠨ ᠨᠢᠭᠡ ᠡᠳᠦᠷ ᠴᠦ ᠠᠮᠠᠷᠠᠭᠰᠠᠨ ᠦᠭᠡᠢ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠢ ᠢᠮᠠᠭᠲᠠ ᠪᠠᠲᠤ ᠰᠠᠬᠢᠪᠠ᠃      ᠬᠡᠮᠡᠷᠯᠢᠭ ᠲᠤᠭ ᠪᠣᠯ ᠰᠠᠭᠤᠭᠠᠯᠢ ᠠᠷᠠᠳ ᠤᠨ ᠨᠡᠶᠢᠭᠡᠮ ᠲᠣᠭᠤᠷᠢᠭ ᠤᠨ ᠠᠵᠢᠯᠲᠠᠨ᠂ ᠰᠠᠶᠢᠨ ᠳᠤᠷ᠎ᠠ ᠶᠢᠨ ᠠᠵᠢᠯᠯᠠᠭᠴᠢ ᠶᠢᠨ ᠠᠵᠢᠯ ᠢ ᠨᠤᠲᠠᠯᠠᠵᠤ ᠪᠠᠶᠢᠭ᠎ᠠ ᠶᠠᠪᠤᠳᠠᠯ ᠮᠥᠨ᠂ ᠡᠭᠦᠨ ᠤ ᠵᠡᠷᠭᠡ ᠳᠤ ᠪᠠᠰᠠ ᠴᠤ ᠪᠤᠶ ᠪᠦᠬᠦᠢ ᠠᠵᠢᠯᠲᠠᠨ ᠤ ᠤᠷᠤᠭᠰᠢᠯᠠᠬᠤ ᠬᠥᠳᠡᠯᠭᠡᠭᠦ   ᠬᠦᠴᠦᠨ ᠮᠥᠨ᠂ ᠬᠢᠵᠢᠭ ᠤᠨ ᠪᠠᠶᠢᠳᠠᠯ ᠣᠳᠣᠬᠠᠨ ᠳᠤ ᠲᠤᠯᠭᠠᠷᠠᠵᠤ ᠪᠠᠶᠢᠭ᠎ᠠ ᠪᠣᠯᠬᠤᠷ ᠪᠢᠳᠡ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠨᠢᠭᠡᠳᠦᠭᠡᠷ ᠹᠷᠣᠨᠲ ᠲᠤ ᠦᠷᠭᠦᠯᠵᠢᠯᠡᠨ ᠡᠷᠡᠯᠬᠡᠭᠯᠡᠨ ᠠᠵᠢᠯᠯᠠᠵᠤ᠂ ᠡᠨᠡᠬᠦ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠵᠤ ᠬᠤᠷᠢᠭᠯᠠᠨ ᠴᠣᠬᠢᠬᠤ ᠳᠠᠶᠢᠨ ᠤ ᠢᠯᠠᠯᠲᠠ ᠶᠢ ᠵᠠᠪᠠᠯ ᠣᠯᠣᠨ᠎ᠠ᠃᡽
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号