ᠣᠯᠠᠨ ᠪᠠᠶᠢᠭᠤᠯᠤᠯᠭ᠎ᠠ ᠨᠢᠭᠡᠴᠡ ᠶᠢᠨ ᠬᠢᠨ ︽ᠳᠠᠭᠠᠷᠠᠭᠰᠠᠨ ᠬᠥᠮᠥᠨ ᠳᠤ ᠳᠠᠬᠤ ᠬᠦᠷᠭᠡᠵᠦ︾ ᠬᠢᠵᠢᠭ ᠢ ᠡᠰᠡᠷᠭᠦᠴᠡᠨ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2022/12/12
     2022 ᠣᠨ ᠳᠤ ᠬᠥᠬᠡᠬᠤᠲᠠ ᠶᠢᠨ ᠡᠨᠡ ᠤᠳᠠᠭᠠᠨ ᠤ ᠬᠢᠵᠢᠭ ᠤᠨ ᠪᠠᠶᠢᠳᠠᠯ ᠠᠶᠢᠬᠤᠪᠲᠤᠷ ᠰᠦᠷᠡᠬᠡᠢ ᠪᠠᠷ ᠡᠭᠦᠰᠴᠦ᠂ ᠦᠢ ᠣᠯᠠᠨ ᠨᠢᠭᠡᠴᠡ ᠬᠥᠮᠥᠨ ᠤ ᠬᠦᠴᠦᠨ᠂ ᠪᠣᠳᠠᠰ ᠤᠨ ᠬᠦᠴᠦᠨ ᠢ ᠢᠳᠡᠪᠬᠢᠲᠡᠢ ᠪᠠᠷ ᠵᠣᠬᠢᠶᠠᠨ ᠪᠠᠶᠢᠭᠤᠯᠤᠨ ᠬᠢᠵᠢᠭ ᠢ ᠰᠡᠷᠭᠡᠶᠢᠯᠡᠬᠦ ᠨᠢᠭᠡᠳᠦᠭᠡᠷ ᠹᠷᠣᠨᠲ ᠢ ᠳᠡᠮᠵᠢᠵᠦ᠂ ᠬᠠᠶᠢᠷ᠎ᠠ ᠬᠠᠯᠠᠮᠵᠢ ᠶᠢᠨ ᠠᠵᠢᠯᠯᠠᠭ᠎ᠠ ᠪᠠᠷ ᠢᠶᠠᠨ ᠬᠠᠷᠢᠭᠤᠴᠠᠯᠭ᠎ᠠ ᠪᠠ ᠡᠭᠦᠷᠭᠡᠯᠡᠯ ᠢᠶᠠᠨ ᠢᠯᠡᠷᠡᠭᠦᠯᠵᠦ᠂ ᠬᠢᠵᠢᠭ ᠤᠨ ᠪᠠᠶᠢᠳᠠᠯ ᠢ ᠡᠰᠡᠷᠭᠦᠴᠡᠬᠦ ᠳᠤ ᠬᠦᠴᠦᠨ ᠴᠢᠳᠠᠯ ᠢᠶᠠᠨ ᠡᠷᠭᠦᠵᠡᠢ᠃      12 ᠳ᠋ᠤᠭᠠᠷ ᠰᠠᠷ᠎ᠠ ᠶᠢᠨ 4 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯ ᠤᠨ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠴᠠ ᠰᠢᠨᠬᠤᠸᠠ ᠶᠤᠸᠠᠨ ᠨᠡᠶᠢᠭᠡᠮ ᠲᠣᠭᠤᠷᠢᠭ ᠲᠤ 50 ᠬᠤᠪᠢ ᠬᠦᠴᠢᠷᠳᠡᠯᠲᠡᠢ ᠣᠯᠠᠨ ᠲᠦᠮᠡᠨ ᠤ ᠬᠠᠶᠢᠷ᠎ᠠ ᠬᠠᠯᠠᠮᠵᠢ ᠶᠢᠨ ᠪᠣᠭᠴᠣ ᠬᠦᠷᠭᠡᠵᠦ ᠢᠷᠡᠪᠡ᠃ ᠶᠠᠳᠠᠭᠤ ᠬᠦᠴᠢᠷᠳᠡᠯᠲᠡᠢ ᠤᠯᠠᠨ ᠲᠦᠮᠡᠨ ᠢ ᠲᠣᠬᠤᠨᠢᠭᠤᠯᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯ ᠤᠨ ᠬᠤᠷᠢᠶ᠎ᠠ ᠨᠡᠶᠢᠭᠡᠮ ᠲᠣᠭᠤᠷᠢᠭ ᠤᠨ ᠬᠢᠵᠢᠭ ᠢ ᠡᠰᠡᠷᠭᠦᠴᠡᠬᠦ ᠨᠥᠬᠦᠴᠡᠯ ᠬᠦᠴᠢᠷ ᠪᠡᠷᠬᠡᠰᠢᠶᠡᠯᠲᠡᠢ ᠪᠠᠶᠢᠬᠤ ᠶᠢ ᠦᠯᠦ ᠮᠠᠷᠲᠠᠵᠤ᠂ ᠰᠢᠨᠬᠤᠸᠠ ᠶᠤᠸᠠᠨ ᠨᠡᠶᠢᠭᠡᠮ ᠲᠣᠭᠤᠷᠢᠭ ᠲᠤ ᠡᠪᠬᠡᠮᠡᠯ ᠣᠷᠣ᠂ ᠴᠠᠬᠢᠯᠭᠠᠨ ᠳᠤᠯᠠᠭᠠᠮᠵᠢ᠂ ᠬᠥᠪᠥᠩ ᠬᠥᠨᠵᠢᠯᠡ ᠳᠡᠪᠢᠰᠬᠡᠷ ᠵᠡᠷᠭᠡ ᠬᠢᠵᠢᠭ ᠢ ᠡᠰᠡᠷᠭᠦᠴᠡᠬᠦ ᠡᠳ᠋ ᠪᠣᠳᠠᠰ ᠬᠠᠨᠳᠢᠪᠯᠡᠵᠤ᠂ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠴᠡᠭ ᠵᠢᠴᠢ ᠲᠣᠷᠭᠤᠭᠤᠷ ᠴᠡᠭ ᠤᠨ ᠠᠵᠢᠯᠲᠠᠨ ᠤ ᠳᠤᠯᠠᠭᠠᠯᠠᠭ᠎ᠠ ᠶᠢᠨ ᠠᠰᠠᠭᠤᠳᠠᠯ ᠢ ᠰᠢᠢᠳᠪᠦᠷᠢᠯᠡᠭᠰᠡᠨ ᠢᠶᠠᠷ ᠪᠠᠷᠠᠬᠤ ᠦᠭᠡᠢ ᠪᠠᠰᠠ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠪᠠᠲᠤᠯᠠᠭ᠎ᠠ ᠬᠠᠩᠭᠠᠵᠠᠢ᠃      ᠪᠡᠯᠡᠭᠯᠡᠨ ᠬᠦᠷᠭᠡᠭᠰᠡᠨ ᠵᠣᠭᠤᠰ ᠢ ᠭᠥᠯᠢᠶᠡᠨ ᠠᠪᠤᠭᠠᠳ᠂ ᠰᠢᠨᠬᠤᠸᠠ ᠶᠤᠸᠠᠨ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠹᠧᠩ ᠸᠧᠢ ᠹᠧᠩ ᠢᠯᠡᠷᠬᠡᠶᠢᠯᠡᠬᠦ ᠳᠡᠭᠡᠨ᠂ ᠡᠯ᠎ᠡ ᠱᠠᠲᠤᠨ ᠤ ᠪᠠᠶᠢᠭᠤᠯᠭ᠎ᠠ ᠰᠠᠯᠠᠭ᠎ᠠ ᠮᠥᠴᠢᠷ ᠤᠨ ᠬᠦᠷᠭᠡᠵᠦ ᠢᠷᠡᠭᠰᠡᠨ ᠲᠣᠬᠤᠨᠢᠭᠤᠯᠬᠤ ᠡᠳ᠋ ᠪᠣᠳᠠᠰ ᠪᠣᠯᠣᠨ ᠬᠢᠵᠢᠭ ᠢ ᠰᠡᠷᠭᠡᠶᠢᠯᠡᠬᠦ ᠡᠳ᠋ ᠪᠣᠳᠠᠰ ᠲᠤ ᠲᠠᠯᠠᠷᠬᠠᠵᠤ᠂ ᠡᠨᠡ ᠤᠳᠠᠭᠠᠨ ᠤ ᠬᠠᠯᠠᠭᠤᠨ ᠳᠤᠯᠠᠭᠠᠨ ᠠᠵᠢᠯᠯᠠᠭ᠎ᠠ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠡᠳ᠋ ᠪᠣᠳᠠᠰ ᠤᠨ ᠬᠠᠪᠰᠤᠷᠤᠯᠭ᠎ᠠ ᠦᠵᠡᠭᠦᠯᠦᠭᠰᠡᠨ ᠢᠶᠠᠷ ᠪᠠᠷᠠᠬᠤ ᠦᠭᠡᠢ᠂ ᠣᠯᠠᠨ ᠤ ᠰᠡᠳᠬᠢᠯ ᠢᠶᠠᠨ ᠨᠢᠭᠡᠳᠬᠡᠨ ᠬᠢᠵᠢᠭ ᠤᠨ ᠪᠠᠶᠢᠳᠠᠯ ᠢ ᠰᠡᠷᠭᠡᠶᠢᠯᠡᠬᠦ ᠢᠲᠡᠭᠡᠯ ᠢ ᠤᠯᠠᠮ ᠨᠡᠮᠡᠭᠳᠡᠭᠦᠯᠦᠭᠰᠡᠨ ᠪᠠᠶᠢᠨ᠎ᠠ᠂ ᠨᠡᠶᠢᠭᠡᠮ ᠲᠣᠭᠤᠷᠢᠭ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠩᠭᠤ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠰᠠᠭᠤᠭᠠᠯᠢ ᠠᠷᠠᠳ ᠤᠨ ᠡᠷᠡᠭᠦᠯ ᠮᠡᠨᠳᠦ ᠪᠣᠯᠣᠨ ᠠᠮᠤᠷ ᠲᠦᠪᠰᠢᠨ ᠢ ᠬᠠᠮᠠᠭᠠᠯᠠᠬᠤ ᠪᠣᠯᠣᠨ᠎ᠠ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号