ᠬᠤᠲᠣᠩ ᠠᠷᠠᠳ ᠤᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠡᠭᠦᠷᠭᠡ ᠶᠢ ᠪᠥᠬᠦ ᠬᠦᠴᠦ ᠪᠠᠷ ᠢᠶᠠᠨ ᠪᠠᠲᠤᠯᠠᠪᠠ
ᠨᠡᠶᠢᠲᠡᠯᠡᠭᠰᠡᠨ ᠴᠠᠭ᠄
2022/12/12
      9 ᠳ᠋ᠦ᠋ᠭᠡᠷ ᠰᠠᠷ᠎ᠠ ᠶᠢᠨ 28 ᠤ ᠡᠳᠦᠷ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠬᠤᠲᠣᠩ ᠠᠷᠠᠳ ᠤᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠲᠦᠷᠭᠡᠨ ᠲᠤᠰᠬᠠᠯ ᠭᠠᠷᠭᠠᠵᠤ᠂ ᠲᠡᠷᠡ ᠳᠠᠷᠤᠢ ᠳᠤᠨᠢ ᠬᠤᠷᠠᠯ ᠬᠢᠵᠦ᠂ ᠠᠵᠢᠯ ᠤᠨ ᠪᠠᠶᠢᠷᠢᠯᠠᠭᠤᠯᠤᠯᠲᠠ ᠬᠢᠵᠦ᠂ ᠪᠠᠶᠢᠭᠤᠯᠭ᠎ᠠ ᠳᠠᠭᠠᠨ ᠪᠠᠶᠢᠭ᠎ᠠ ᠬᠥᠮᠥᠰ ᠤᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠴᠢᠩᠳᠠᠯᠠᠵᠤ᠂ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠰᠢᠨ᠎ᠡ ᠪᠠᠶᠢᠳᠠᠯ ᠭᠠᠷᠪᠠᠯ ᠬᠠᠮᠲᠤ ᠪᠠᠷ ᠰᠤᠳᠤᠯᠵᠤ᠂ ᠲᠦᠷᠭᠡᠨ ᠲᠤᠰᠬᠠᠯ ᠭᠠᠷᠭᠠᠪᠠ︔ ᠭᠡᠷ ᠲᠡᠭᠡᠨ ᠪᠠᠶᠢᠭᠰᠠᠨ ᠨᠥᠬᠦᠳ ᠴᠢᠳᠠᠯ ᠤᠨ ᠬᠢᠷᠢ ᠪᠠᠷ ᠢᠶᠠᠨ ᠠᠵᠢᠯ ᠤᠨ ᠡᠭᠦᠷᠭᠡ ᠲᠣᠬᠢᠷᠠᠭᠤᠯᠵᠤ᠂ ᠭᠡᠷ ᠲᠡᠭᠡᠨ ᠠᠯᠪᠠᠯᠠᠵᠤ᠂ ᠡᠮ ᠡᠮᠨᠡᠯᠭᠡ ᠶᠢᠨ ᠰᠡᠷᠭᠡᠶᠢᠯᠡᠨ ᠡᠵᠡᠮᠳᠡᠬᠦ ᠳᠤᠭᠤᠶᠢᠯᠠᠩ ᠤᠨ ᠡᠯ᠎ᠡ ᠵᠦᠢᠯ ᠤᠨ ᠠᠵᠢᠯ ᠢ ᠮᠠᠰᠢ ᠰᠠᠶᠢᠨ ᠪᠡᠶᠡᠯᠡᠭᠦᠯᠪᠡ᠃      ᠲᠤᠰ ᠤᠳᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠳᠤᠮᠳᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠡᠯ᠎ᠡ ᠨᠢᠭᠡᠴᠡ ᠲᠣᠰ ᠲᠣᠰ ᠤᠨ ᠠᠵᠢᠯ ᠤᠨ ᠡᠭᠦᠷᠭᠡ ᠴᠢᠳᠠᠪᠤᠷᠢ ᠪᠠ ᠳᠠᠪᠠᠭᠤᠯᠢᠭ ᠲᠠᠢ ᠪᠠᠨ ᠤᠶᠠᠯᠳᠤᠭᠤᠯᠤᠨ᠂ ᠲᠣᠰ ᠲᠣᠰ ᠲᠦᠷᠭᠡᠨ ᠤᠷᠤᠰᠬᠠᠯ ᠤᠨ ᠲᠣᠬᠢᠷᠠᠭᠤᠯᠤᠯᠲᠠ ᠶᠢᠨ ᠡᠬᠢ ᠰᠤᠷᠪᠤᠯᠵᠢ ᠶᠢ ᠡᠷᠢᠬᠦ᠂ ᠪᠥᠬᠦ ᠲᠠᠯ᠎ᠠ ᠪᠠᠷ ᠤᠰᠠᠳᠬᠠᠬᠤ᠂ ᠪᠥᠭᠡᠮ ᠬᠦᠴᠢᠯ ᠤᠨ ᠥᠯᠢᠭᠡᠷ ᠡᠳ᠋ ᠢ ᠰᠢᠯᠵᠢᠭᠦᠯᠦᠨ ᠲᠡᠭᠡᠭᠡᠪᠦᠷᠢᠯᠡᠬᠦ᠂ ᠲᠤᠰᠠᠭᠠᠷᠯᠠᠬᠤ ᠪᠠᠭᠤᠳᠠᠯ ᠤᠨ ᠪᠣᠯᠪᠠᠰᠤᠷᠠᠭᠤᠯᠤᠯ ᠤᠨ ᠬᠢᠨᠠᠨ ᠵᠢᠯᠤᠭᠤᠳᠬᠤ᠂ ᠪᠥᠭᠡᠮ ᠬᠦᠴᠢᠯ ᠤᠨ ᠥᠯᠢᠭᠡᠷ ᠠᠪᠬᠤ᠂ ᠲᠤᠭ᠎ᠠ ᠪᠠᠷᠢᠮᠲᠠ ᠶᠢᠨ ᠬᠠᠷᠢᠴᠠᠯ ᠵᠡᠷᠭᠡ ᠠᠵᠢᠯ ᠢ ᠡᠭᠦᠷᠭᠡᠯᠡᠵᠦ᠂ ᠡᠯ᠎ᠡ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠴᠦ ᠬᠠᠷᠢᠶ᠎ᠠ ᠭᠠᠵᠠᠷ ᠤᠨ ᠢᠶᠠᠨ ᠬᠡᠷᠡᠭ ᠡᠷᠬᠢᠯᠡᠬᠦ ᠭᠠᠵᠠᠷ ᠪᠠ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠲᠠᠢ ᠢᠳᠡᠪᠬᠢᠲᠡᠢ ᠬᠠᠮᠵᠢᠯᠴᠠᠨ᠂ ᠠᠷᠭ᠎ᠠ ᠶᠢ ᠬᠥᠭᠡᠭᠡᠴᠡᠯᠳᠦᠬᠦ ᠳᠤᠭᠤᠶᠢᠯᠠᠩ ᠢ ᠪᠠᠶᠢᠭᠤᠯᠵᠤ ᠠᠷᠭ᠎ᠠ ᠶᠢ ᠬᠥᠭᠡᠭᠡᠴᠡᠯᠳᠦᠬᠦ ᠠᠵᠢᠯ ᠢ ᠪᠥᠬᠦ ᠬᠦᠴᠦᠨ ᠢᠶᠠᠷ ᠢᠶᠠᠨ ᠥᠷᠨᠢᠭᠦᠯᠪᠡ᠃ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠪᠥᠬᠦ ᠲᠣᠭᠤᠷᠢᠭ ᠤᠨ ᠡᠯ᠎ᠡ ᠥᠯᠢᠭᠡᠷ ᠠᠪᠬᠤ ᠴᠡᠭ ᠢ ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠥᠯ ︵ᠶᠢᠰᠦᠳᠦᠭᠡᠷ ᠨᠢᠭᠤᠷ︶︾ ᠤᠨ ᠲᠥᠰᠥᠯ ᠪᠠ ᠬᠥᠬᠡᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠡᠶᠢᠲᠡᠯᠡᠭᠰᠡᠨ ︽ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠥᠯᠢᠭᠡᠷ ᠴᠤᠭᠯᠠᠭᠤᠯᠬᠤ ᠮᠡᠷᠭᠡᠵᠢᠯ ᠤᠨ ᠪᠣᠯᠪᠠᠰᠤᠷᠠᠭᠤᠯᠤᠯ︾᠂ ︽ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠠᠭᠤᠰᠬᠢᠨ ᠦᠷᠪᠢᠰᠦᠯ ᠤᠨ ᠡᠮᠨᠡᠯᠭᠡ ᠶᠢᠨ ᠬᠤᠷᠢᠶ᠎ᠠ ᠶᠢᠨ ᠬᠠᠯᠳᠠᠪᠤᠷᠢᠯᠠᠯ ᠢ ᠬᠢᠵᠠᠭᠠᠷᠯᠠᠬᠤ ᠵᠢᠴᠢ ᠰᠡᠷᠭᠡᠶᠢᠯᠡᠨ ᠬᠠᠮᠠᠭᠠᠯᠠᠬᠤ ᠬᠡᠷᠡᠭᠰᠡᠯ ᠢ ᠬᠡᠷᠡᠭᠯᠡᠬᠦ ᠭᠤᠣᠯᠳᠠᠯᠭ᠎ᠠ︾ ᠶᠢᠨ ᠵᠢᠷᠤᠮᠵᠢᠯ ᠤᠨ ᠱᠠᠭᠠᠷᠳᠠᠯᠭ᠎ᠠ ᠶᠣᠰᠣᠭᠠᠷ ᠠᠵᠢᠯ ᠢᠶᠠᠨ ᠥᠷᠨᠢᠭᠦᠯᠬᠦ ᠬᠡᠷᠡᠭᠲᠡᠢ ᠭᠡᠵᠦ ᠱᠠᠭᠠᠷᠳᠠᠪᠠ᠃ ᠥᠯᠢᠭᠡᠷ ᠠᠪᠬᠤ ᠶᠢ ᠵᠢᠷᠤᠮᠵᠢᠭᠤᠯᠤᠨ᠂ ︽ᠨᠢᠭᠡ ᠬᠥᠮᠥᠨ ᠨᠢᠭᠡ ᠶᠢ ᠲᠡᠭᠦᠵᠦ ᠨᠢᠭᠡ ᠶᠢ ᠠᠷᠢᠯᠭᠠᠬᠤ︾ ᠶᠢ ᠴᠢᠩᠭ᠎ᠠ ᠬᠡᠷᠡᠭᠵᠢᠭᠦᠯᠵᠦ᠂ ᠨᠢᠭᠡ ᠤᠳᠠᠭ᠎ᠠ ᠥᠯᠢᠭᠡᠷ ᠠᠪᠴᠤ᠂ ᠨᠢᠭᠡ ᠤᠳᠠᠭ᠎ᠠ ᠤᠰᠠᠳᠬᠠᠵᠤ᠂ ᠰᠣᠯᠪᠢᠴᠠᠨ ᠬᠠᠯᠳᠠᠪᠤᠷᠢᠯᠠᠬᠤ ᠠᠴᠠ ᠵᠠᠶᠢᠯᠠᠰᠬᠢᠬᠦ ᠬᠡᠷᠡᠭᠲᠡᠢ᠃ ᠡᠭᠦᠨ ᠤ ᠬᠠᠮᠲᠤ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠪᠠᠷ ᠳᠠᠮᠵᠢᠭᠤᠯᠤᠨ ᠡᠯ᠎ᠡ ᠬᠠᠷᠢᠶ᠎ᠠ ᠭᠠᠵᠠᠷ ᠤᠨ ᠪᠠᠯᠭᠠᠰᠤᠨ ᠤ ᠠᠯᠪᠠᠨ ᠭᠡᠷ᠂ ᠲᠤᠰᠠᠭᠠᠷᠯᠠᠬᠤ ᠪᠠᠭᠤᠳᠠᠯ ᠤᠨ ᠬᠠᠷᠢᠭᠤᠴᠠᠯᠭᠠᠲᠠᠨ ᠵᠡᠷᠭᠡ ᠬᠠᠮᠢᠶ᠎ᠠ ᠪᠦᠬᠦᠢ ᠬᠥᠮᠥᠰ ᠢ ᠵᠣᠬᠢᠶᠠᠨ ᠪᠠᠶᠢᠭᠤᠯᠵᠤ ᠠᠷᠢᠭᠤᠳᠬᠠᠨ ᠠᠷᠢᠯᠭᠠᠬᠤ ᠪᠣᠯᠪᠠᠰᠤᠷᠠᠭᠤᠯᠤᠯ ᠳᠤ ᠢᠳᠡᠪᠬᠢᠲᠡᠢ ᠣᠷᠣᠯᠴᠠᠭᠤᠯᠵᠤ᠂ ᠬᠠᠮᠢᠶ᠎ᠠ ᠪᠦᠬᠦᠢ ᠭᠠᠵᠠᠷ ᠣᠷᠣᠨ ᠂ ᠰᠠᠯᠠᠭ᠎ᠠ ᠮᠥᠴᠢᠷ ᠤᠨ ᠠᠯᠠᠯᠭᠠᠨ ᠠᠷᠢᠯᠭᠠᠬᠤ ᠠᠵᠢᠯ ᠤᠨ ᠵᠢᠯᠣᠭᠤᠳᠤᠯᠭ᠎ᠠ ᠥᠷᠨᠢᠭᠦᠯᠬᠦ ᠳᠤ ᠲᠥᠬᠦᠮ ᠦᠵᠡᠭᠦᠯᠪᠡ᠃ ᠡᠭᠦᠨ ᠤ ᠬᠠᠮᠲᠤ ᠬᠤᠲᠣᠩ ᠠᠷᠠᠳ ᠤᠨ ᠲᠣᠭᠤᠷᠢᠭ ᠤᠨ ᠡᠮᠨᠡᠯᠭᠡ ᠶᠢᠨ ᠬᠤᠷᠢᠶ᠎ᠠ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠬᠡᠪ ᠤᠨ ᠣᠨᠣᠰᠢᠯᠠᠨ ᠡᠮᠨᠡᠬᠦ ᠠᠵᠢᠯ ᠢ ᠥᠷᠨᠢᠭᠦᠯᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠡᠮᠨᠡᠯᠭᠡ ᠶᠢᠨ ᠠᠪᠤᠷᠠᠨ ᠵᠠᠰᠠᠯᠲᠠ ᠶᠢ ᠪᠠᠲᠤᠯᠠᠪᠠ᠃      ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠡᠯ᠎ᠡ ᠨᠢᠭᠡᠴᠡ ᠶᠢᠨ ᠪᠥᠬᠦ ᠺᠠᠳ᠋ᠷᠴᠤᠳ ᠤᠨ ᠢᠳᠡᠪᠬᠢᠲᠡᠢ ᠴᠢᠷᠮᠠᠶᠢᠯᠭ᠎ᠠ ᠳᠣᠣᠷ᠎ᠠ᠂ ᠪᠥᠬᠦ ᠰᠢᠰᠲ᠋ᠧᠮ ᠤᠨ ᠳᠡᠭᠡᠳᠦ ᠳᠣᠣᠷᠠᠳᠤ ᠱᠠᠲᠤ ᠪᠠᠷ ᠢᠶᠠᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠠᠵᠢᠯᠯᠠᠭ᠎ᠠ ᠨᠢ ᠲᠦᠷᠭᠡᠨ᠂ ᠠᠷᠭ᠎ᠠ ᠬᠡᠮᠵᠢᠶ᠎ᠡ ᠨᠢ ᠬᠦᠴᠦᠲᠡᠢ ᠪᠠᠶᠢᠵᠤ᠂ ᠮᠠᠨ ᠤ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠷᠤᠭᠰᠢᠲᠠᠢ ᠶᠠᠪᠤᠭᠳᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号