ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠄ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠬᠢᠨᠠᠨ ᠵᠥᠪᠰᠢᠶᠡᠷᠡᠬᠦ ᠦᠢᠯᠡᠴᠢᠯᠡᠭᠡᠨ ᠤ ︽ᠬᠤᠶᠠᠷ ᠲᠠᠯ᠎ᠠ ᠶᠢ ᠠᠳᠬᠤᠵᠤ᠂ ᠬᠤᠶᠠᠷ ᠢ ᠰᠠᠭᠠᠲᠠᠭᠠᠬᠤ ᠦᠭᠡᠢ︾
ᠨᠡᠶᠢᠲᠡᠯᠡᠭᠰᠡᠨ ᠴᠠᠭ᠄
2022/12/12
      ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠨᠳᠦ ᠬᠡᠴᠡᠭᠦᠦ ᠪᠠᠶᠢᠳᠠᠯ ᠤᠨ ᠡᠮᠦᠨ᠎ᠡ᠂ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠡᠯ᠎ᠡ ᠵᠦᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠢᠯ ᠶᠠᠪᠤᠳᠠᠯ ᠡᠷᠬᠢᠯᠡᠬᠦ ᠤᠯᠠᠨ ᠲᠦᠮᠡᠨ ᠳᠤ ᠦᠢᠯᠡᠴᠢᠯᠡᠬᠦ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ︽ᠬᠤᠶᠠᠷ ᠲᠠᠯ᠎ᠠ ᠶᠢ ᠠᠳᠬᠤᠵᠤ᠂ ᠬᠤᠶᠠᠷ ᠢ ᠰᠠᠭᠠᠲᠠᠭᠠᠬᠤ ᠦᠭᠡᠢ ᠪᠠᠶᠢᠬᠤ︾ ᠶᠢ ᠦᠨᠡᠨᠬᠦ ᠪᠠᠲᠤᠯᠠᠪᠠ᠃      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠲᠣᠰ ᠲᠣᠪᠴᠢᠶ᠎ᠠ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠵᠦ᠂ ᠪᠥᠬᠦ ᠺᠠᠳ᠋ᠷ ᠠᠵᠢᠯᠲᠠᠨ ᠠᠵᠢᠯᠴᠢᠨ ᠢ ᠢᠳᠡᠪᠬᠢᠲᠡᠢ ᠪᠠᠷ ᠵᠣᠬᠢᠶᠠᠨ ᠪᠠᠶᠢᠭᠤᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠨᠢᠭᠡᠳᠦᠭᠡᠷ ᠹᠷᠣᠨᠲ ᠲᠤ ᠣᠷᠣᠯᠴᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠴᠢᠩᠭ᠎ᠠ ᠠᠳᠬᠤᠨ ᠪᠣᠳᠠᠲᠠᠢ ᠠᠳᠬᠤᠵᠤ ᠨᠠᠷᠢᠨ ᠨᠢᠮᠪᠠᠢ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠠᠮᠤᠷ ᠲᠦᠪᠰᠢᠨ ᠤ ᠬᠡᠷᠡᠮ︾ ᠢ ᠬᠠᠮᠲᠤ ᠪᠠᠷ ᠪᠠᠬᠢᠵᠢᠭᠦᠯᠪᠡ᠃ ᠪᠦᠬᠦ ᠲᠠᠯ᠎ᠠ ᠶᠢᠨ ᠨᠠᠮ ᠤᠨ ᠭᠡᠰᠢᠭᠦᠨ ᠺᠠᠳ᠋ᠷ ᠬᠦᠴᠢᠷ ᠪᠡᠷᠬᠡᠰᠢᠶᠡᠯ ᠠᠴᠠ ᠠᠶᠤᠬᠤ ᠦᠭᠡᠢ ᠪᠠᠷ ᠡᠮᠦᠨ᠎ᠡ ᠨᠢ ᠭᠠᠪᠰᠢᠭᠠᠶᠢᠯᠠᠨ ᠣᠷᠣᠵᠤ᠂ ᠢᠯᠠᠩᠭᠤᠶ᠎ᠠ ᠨᠠᠮ ᠤᠨ ᠭᠡᠰᠢᠭᠦᠨ ᠤᠳᠤᠷᠢᠳᠬᠤ ᠺᠠᠳ᠋ᠷ ᠨᠡᠩ ᠢᠳᠡᠪᠬᠢᠲᠡᠢ ᠪᠠᠷ ᠲᠣᠯᠣᠭᠠᠶᠢᠯᠠᠬᠤ ᠦᠢᠯᠡᠳᠦᠯ ᠢᠶᠠᠨ ᠪᠠᠳᠠᠷᠠᠭᠤᠯᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠳᠤᠮᠳᠠ ᠡᠮᠦᠨ᠎ᠡ ᠨᠢ ᠶᠠᠪᠤᠵᠤ᠂ ᠦᠯᠢᠭᠡᠷ ᠳᠠᠭᠤᠷᠢᠶᠠᠯ ᠪᠣᠯᠬᠤ ᠬᠡᠷᠡᠭᠲᠡᠢ᠃ ᠲᠤᠰ ᠲᠣᠪᠴᠢᠶ᠎ᠠ ᠠᠴᠠ ᠪᠦᠦ ᠯᠢᠶᠠᠨ ᠳᠤ ᠪᠠᠭᠤᠭᠰᠠᠨ ᠵᠦᠩᠱᠠᠨ ᠪᠠᠷᠠᠭᠤᠨ ᠵᠠᠮ ᠤᠨ ᠬᠠᠢ ᠯᠢᠶᠠᠩ ᠨᠡᠶᠢᠭᠡᠮ ᠲᠣᠭᠤᠷᠢᠭ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠪᠠ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠵᠦ᠂ ᠤᠯᠠᠨ ᠺᠠᠳ᠋ᠷ ᠢ ᠵᠣᠬᠢᠶᠠᠨ ᠪᠠᠶᠢᠭᠤᠯᠵᠤ ᠨᠡᠶᠢᠭᠡᠮ ᠲᠣᠭᠤᠷᠢᠭ ᠲᠠᠢ ᠬᠠᠮᠵᠢᠯᠴᠠᠨ ᠪᠠᠭᠤᠳᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠬᠠᠬᠢᠷ ᠬᠦᠢᠲᠡᠨ ᠠᠴᠠ ᠠᠶᠤᠬᠤ ᠦᠭᠡᠢ᠂ ᠶᠠᠳᠠᠷᠠᠬᠤ ᠦᠭᠡᠢ᠂ ᠵᠣᠪᠠᠯᠠᠩ ᠲᠣᠭᠠᠴᠢᠬᠤ ᠦᠭᠡᠢ ᠪᠠᠶᠢᠵᠤ᠂ ᠲᠡᠳᠡᠨ ᠤ ᠦᠢᠯᠡ ᠠᠵᠢᠯᠯᠠᠭ᠎ᠠ ᠪᠠᠷ ᠢᠶᠠᠨ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠶᠠᠪᠤᠳᠠᠯ ᠤᠨ ᠠᠵᠢᠯᠲᠠᠨ ᠤ ᠬᠠᠷᠢᠭᠤᠴᠠᠯᠭ᠎ᠠ ᠶᠢ ᠢᠯᠡᠷᠡᠭᠦᠯᠦᠭᠰᠡᠨ ᠪᠠᠶᠢᠨ᠎ᠠ᠃      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠠᠳᠬᠤᠬᠤ ᠶᠢᠨ ᠵᠡᠷᠭᠡ ᠳᠤ᠂ ᠲᠣᠰ ᠲᠣᠪᠴᠢᠶ᠎ᠠ ᠠᠷᠠᠳ ᠣᠯᠠᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ᠂ ᠦᠢᠯᠡᠴᠢᠯᠡᠭᠡᠨ ᠤ ᠠᠷᠭ᠎ᠠ ᠮᠠᠶ᠋ᠢᠭ ᠢᠶᠠᠨ ᠲᠠᠰᠤᠷᠠᠯᠲᠠ ᠦᠭᠡᠢ ᠰᠢᠯᠢᠳᠡᠭᠵᠢᠭᠦᠯᠵᠦ᠂ ᠭᠡᠷ ᠲᠡᠭᠡᠨ ᠠᠵᠢᠯᠯᠠᠬᠤ᠂ ᠰᠦᠯᠵᠢᠶᠡᠨ ᠳᠡᠭᠡᠷ᠎ᠡ ᠭᠦᠢᠴᠡᠳᠬᠡᠬᠦ ᠪᠠᠷ ᠳᠠᠮᠵᠢᠭᠤᠯᠤᠨ᠂ ︽ᠮᠣᠩᠭᠤᠯ ᠤᠨ ᠲᠦᠷᠭᠡᠨ ᠬᠤᠷᠳᠤᠴᠠ ᠶᠢᠨ ᠬᠡᠷᠡᠭ ᠶᠠᠪᠤᠳᠠᠯ ᠢ ᠨᠢᠭᠡ ᠯᠡ ᠤᠳᠠᠭ᠎ᠠ ᠳᠤ ᠰᠢᠢᠳᠪᠦᠷᠢᠯᠡᠬᠦ︾ ︽ᠬᠤᠷᠳᠤᠴᠠ ᠶᠢ ᠥᠯᠥ ᠪᠠᠭᠤᠷᠠᠭᠤᠯᠬᠤ︾᠂ ︽ᠲᠠᠰᠤᠷᠠᠯᠲᠠ ᠦᠭᠡᠢ ᠲᠠᠩᠰᠠ ᠡᠪᠬᠡᠮᠡᠯ︾ ᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠢ ᠠᠮᠤᠷ ᠲᠦᠪᠰᠢᠨ ᠢᠶᠠᠷ ᠠᠵᠢᠯ ᠶᠠᠪᠤᠳᠠᠯ ᠰᠢᠢᠳᠪᠦᠷᠢᠯᠡᠭᠦᠯᠬᠦ ᠪᠠᠷ ᠪᠣᠶ᠃      ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠰᠦᠯᠵᠢᠶᠡᠨ ᠳᠡᠭᠡᠷ᠎ᠡ ᠠᠵᠢᠯ ᠶᠠᠪᠤᠳᠠᠯ ᠰᠢᠢᠳᠪᠦᠷᠢᠯᠡᠬᠦ ᠠᠷᠭ᠎ᠠ ᠵᠠᠮ ᠢ ᠪᠥᠬᠦ ᠲᠠᠯ᠎ᠠ ᠪᠠᠷ ᠰᠢᠯᠤᠭᠤᠳᠬᠠᠬᠤ ᠶᠢᠨ ᠲᠥᠯᠥᠭᠡ᠂ ᠲᠣᠰ ᠲᠣᠪᠴᠢᠶ᠎ᠠ ︽ᠰᠦᠯᠵᠢᠶᠡᠨ ᠳᠡᠭᠡᠷ᠎ᠡ ᠠᠵᠢᠯ ᠶᠠᠪᠤᠳᠠᠯ ᠰᠢᠢᠳᠪᠦᠷᠢᠯᠡᠬᠦ︾ ᠡᠷᠴᠢᠮ ᠢᠶᠠᠨ ᠴᠢᠩᠭᠠᠷᠠᠭᠤᠯᠪᠠ᠃ ᠤᠴᠢᠷ ᠶᠠᠪᠤᠳᠠᠯ ᠰᠢᠢᠳᠪᠦᠷᠢᠯᠡᠬᠦ ᠣᠯᠠᠨ ᠲᠦᠮᠡᠨ ︽ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠶᠢᠨ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠥᠷᠲᠡᠭᠡ ᠴᠡᠭ︾ ᠳᠤ ᠭᠠᠷᠬᠤ ᠪᠤᠶᠤ ︽ᠥᠪᠥᠷ ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠭᠡᠷ︾ ᠤᠨ APP ᠶᠢ ᠪᠠᠭᠤᠯᠭᠠᠨ ᠠᠪᠴᠤ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠵᠦ᠂ ᠰᠦᠯᠵᠢᠶᠡᠨ ᠳᠡᠭᠡᠷ᠎ᠡ ᠠᠰᠠᠭᠤᠨ ᠯᠠᠪᠯᠠᠵᠤ ᠪᠣᠯᠣᠨ᠎ᠠ᠃ ᠭᠤᠶᠤᠴᠢᠯᠠᠭᠴᠢ ᠶᠢᠨ ᠰᠦᠯᠵᠢᠶᠡᠨ ᠳᠡᠭᠡᠷ᠎ᠡ ᠮᠠᠲ᠋ᠧᠷᠢᠶᠠᠯ ᠲᠤᠰᠢᠶᠠᠬᠤ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠰᠦᠯᠵᠢᠶᠡᠨ ᠳᠡᠭᠡᠷ᠎ᠡ ᠭᠥᠯᠢᠶᠡᠨ ᠠᠪᠴᠤ ᠰᠢᠢᠳᠪᠦᠷᠢᠯᠡᠬᠦ᠂ ᠰᠦᠯᠵᠢᠶᠡᠨ ᠳᠡᠭᠡᠷ᠎ᠡ ᠬᠢᠨᠠᠨ ᠬᠠᠷᠭᠤᠭᠤᠯᠬᠤ ᠪᠠᠷ ᠳᠠᠮᠵᠢᠭᠤᠯᠤᠨ ᠭᠡᠷᠡᠴᠢᠯᠡᠬᠦ ᠮᠠᠲ᠋ᠧᠷᠢᠶᠠᠯ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠰᠦᠯᠵᠢᠶᠡᠨ ᠳᠡᠭᠡᠷ᠎ᠡ ᠬᠢᠨᠠᠨ ᠰᠢᠯᠭᠠᠵᠤ ᠪᠣᠯᠬᠤ ᠮᠠᠲ᠋ᠧᠷᠢᠶᠠᠯ ᠳᠤ ᠴᠠᠭᠠᠰᠤᠨ ᠭᠡᠷᠡᠴᠢ ᠲᠤᠰᠢᠶᠠᠬᠤ ᠴᠢᠬᠤᠯᠠ ᠦᠭᠡᠢ ᠪᠥᠭᠡᠳ ᠬᠢᠨᠠᠨ ᠵᠥᠪᠰᠢᠶᠡᠷᠡᠵᠦ ᠪᠠᠷᠠᠭᠰᠠᠨ ᠤ ᠳᠠᠷᠠᠭ᠎ᠠ ᠡᠯᠧᠺᠲᠷᠣᠨ ᠦᠨᠡᠮᠯᠡᠯ ᠣᠯᠭᠤᠬᠤ ᠬᠡᠷᠡᠭᠲᠡᠢ᠃      ᠬᠢᠵᠢᠭ ᠤᠨ ᠪᠠᠶᠢᠳᠠᠯ ᠪᠣᠯ ᠳᠠᠷᠤᠢ ᠵᠠᠷᠯᠢᠭ ᠮᠥᠨ᠂ ᠰᠡᠷᠭᠡᠶᠢᠯᠡᠨ ᠬᠢᠵᠠᠭᠠᠷᠯᠠᠬᠤ ᠪᠣᠯ ᠳᠠᠷᠤᠢ ᠬᠠᠷᠢᠭᠤᠴᠠᠯᠭ᠎ᠠ ᠮᠥᠨ᠃ ᠰᠢᠨ᠎ᠡ ᠲᠢᠲᠢᠮᠯᠡᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠦᠨᠳᠦ ᠨᠣᠴᠢᠲᠠᠢ ᠪᠠᠶᠢᠳᠠᠯ ᠳᠣᠣᠷ᠎ᠠ᠂ ᠠᠵᠤ ᠠᠬᠤᠶᠢᠯᠠᠯ ᠤᠨ ᠣᠯᠠᠨ ᠲᠦᠮᠡᠨ ᠳᠤ ᠦᠢᠯᠡᠴᠢᠯᠡᠬᠦ ᠴᠣᠩᠬᠤᠪᠴᠢ ᠨᠢᠭᠡᠴᠡ ᠪᠣᠯᠤᠭᠰᠠᠨ ᠤ ᠬᠤᠪᠢ ᠳᠤ᠂ ᠲᠠᠷᠠᠭᠠᠴᠢ ᠶᠢᠨ ᠠᠯᠬᠤᠮ ᠳᠤ᠂ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠴᠢᠩᠭ᠎ᠠ ᠰᠠᠬᠢᠵᠤ ᠨᠢᠭᠤᠴᠠ ᠪᠠᠷ ᠬᠢᠵᠠᠭᠠᠷᠯᠠᠬᠤ ᠶᠢᠨ ᠵᠡᠷᠭᠡ ᠳᠤ᠂ ᠦᠢᠯᠡᠴᠢᠯᠡᠭᠡᠨ ᠤ ᠵᠠᠭᠪᠤᠷ ᠢᠶᠠᠨ ᠦᠷᠭᠦᠯᠵᠢᠯᠡᠨ ᠰᠢᠨ᠎ᠡ ᠪᠠᠷ ᠡᠭᠦᠳᠴᠦ᠂ ︽ᠠᠭᠤᠯᠵᠠᠬᠤ ᠦᠭᠡᠢ︾᠂ ︽ᠬᠦᠷᠦᠯᠴᠡᠬᠦ ᠦᠭᠡᠢ︾ ᠬᠢᠨᠠᠨ ᠵᠥᠪᠰᠢᠶᠡᠷᠡᠯ ᠢᠶᠠᠷ ᠦᠢᠯᠡᠴᠢᠯᠡᠭᠡ ᠶᠢ ᠲᠠᠰᠤᠷᠠᠯᠲᠠ ᠦᠭᠡᠢ ᠳᠡᠩᠰᠡᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠬᠤᠶᠠᠷ ᠢ ᠰᠠᠭᠠᠲᠠᠭᠠᠬᠤ ᠦᠭᠡᠢ ᠪᠠᠶᠢᠬᠤ ᠶᠢ ᠦᠨᠡᠨ ᠬᠦ ᠪᠡᠶᠡᠯᠡᠭᠦᠯᠦᠨ᠎ᠡ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号