ᠵᠠᠰᠠᠭ ᠠᠵᠤ ᠠᠬᠤᠶᠢᠯᠠᠯ ᠬᠦᠴᠦ ᠪᠠᠨ ᠬᠠᠮᠲᠤᠳᠬᠠᠨ ︽ᠬᠢᠵᠢᠭ︾ ᠢ ᠠᠷᠢᠯᠭᠠᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠢ ᠲᠣᠭᠲᠠᠪᠤᠷᠢᠵᠢᠭᠤᠯᠪᠠ
ᠨᠡᠶᠢᠲᠡᠯᠡᠭᠰᠡᠨ ᠴᠠᠭ᠄
2022/12/12
      ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠠᠪᠬᠤᠷ ᠡᠭᠦᠷᠭᠡ ᠶᠢᠨ ᠡᠮᠦᠨ᠎ᠡ᠂ ᠬᠤᠲᠣᠩ ᠠᠷᠠᠳ ᠤᠨ ᠲᠣᠭᠤᠷᠢᠭ ᠤᠨ ᠠᠵᠤ ᠦᠢᠯᠡᠳᠪᠦᠷᠢ ᠪᠣᠯᠣᠨ ᠮᠡᠳᠡᠭᠡ ᠵᠠᠩᠭᠢᠵᠢᠯᠲᠠ ᠶᠢᠨ ᠲᠣᠪᠴᠢᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠬᠥᠬᠡᠬᠤᠲᠠ ᠶᠢᠨ ᠠᠵᠤ ᠦᠢᠯᠡᠳᠪᠦᠷᠢ ᠪᠣᠯᠣᠨ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠢ ᠪᠠᠴᠢᠮ ᠮᠡᠳᠡᠭᠳᠡᠯ︾ ᠤᠨ ᠪᠢᠴᠢᠭ ᠮᠠᠲᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠨᠢᠭᠡ ᠲᠠᠯ᠎ᠠ ᠪᠠᠷ ᠤᠨᠢᠨ ᠳᠡᠭᠡᠷ᠎ᠡ ᠨᠢ ᠬᠢᠵᠢᠭ ᠢ ᠰᠡᠷᠭᠡᠶᠢᠯᠡᠬᠦ ᠶᠢ ᠠᠳᠬᠤᠵᠤ᠂ ᠨᠢᠭᠡ ᠲᠠᠯ᠎ᠠ ᠪᠠᠷ ᠠᠵᠤ ᠠᠬᠤᠢ ᠶᠢᠨ ᠬᠥᠭᠵᠢᠯᠲᠡ ᠶᠢ ᠠᠳᠬᠤᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠣᠭᠲᠠᠭᠤᠨ ᠭᠠᠷᠤᠯᠲᠠ ᠶᠢ ᠪᠦᠬᠦ ᠬᠦᠴᠦᠨ ᠢᠶᠠᠷ ᠢᠶᠠᠨ ᠪᠠᠲᠤᠯᠠᠪᠠ᠃      ᠥᠪᠥᠷ ᠮᠣᠩᠭᠤᠯ ᠤᠨ ᠸᠠᠩᠱᠦ᠋ᠨ ᠢᠳᠡᠭᠡᠨ ᠤ ᠬᠢᠵᠠᠭᠠᠷᠲᠤ ᠺᠣᠮᠫᠠᠨᠢ᠂ ᠨᠠᠱᠦ᠋ᠨ ᠪᠦᠯᠦᠭᠯᠡᠯ᠂ ᠬᠥᠬᠡᠬᠤᠲᠠ ᠶᠢᠨ ᠢᠯᠴᠢ ᠶᠢᠨ ᠴᠠᠬᠢᠯᠭᠠᠨ ᠤ ᠦᠢᠯᠡᠳᠪᠦᠷᠢ ᠵᠢᠴᠢ ᠹᠧᠩᠲ᠋ᠢᠨᠢ ᠢᠮᠠᠭᠠᠨ ᠨᠣᠯᠤᠤᠷ ᠤᠨ ᠪᠦᠲᠦᠭᠡᠭᠳᠡᠬᠦᠨ ᠤ ᠦᠢᠯᠡᠳᠪᠦᠷᠢ ᠵᠡᠷᠭᠡ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢᠨ ᠠᠵᠤ ᠠᠬᠤᠶᠢᠯᠠᠯ ᠤᠨ ᠡᠭᠦᠳᠡᠨ ᠳᠤ᠂ ᠬᠤᠲᠣᠩ ᠠᠷᠠᠳ ᠤᠨ ᠲᠣᠭᠤᠷᠢᠭ ᠤᠨ ᠠᠵᠤ ᠦᠢᠯᠡᠳᠪᠦᠷᠢ ᠪᠣᠯᠣᠨ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠵᠢᠵᠢᠭᠦᠷᠯᠡᠨ ᠰᠠᠬᠢᠬᠤ ᠺᠠᠳ᠋ᠷ ᠣᠷᠣᠵᠤ ᠭᠠᠷᠬᠤ ᠠᠵᠤ ᠠᠬᠤᠶᠢᠯᠠᠯ ᠤᠨ ᠲᠡᠷᠭᠡ ᠬᠥᠰᠬᠡ ᠵᠢᠴᠢ ᠬᠥᠮᠥᠰ ᠲᠤ ᠴᠢᠩᠭ᠎ᠠ ᠪᠠᠶᠢᠴᠠᠭᠠᠯᠲᠠ ᠬᠢᠵᠦ᠂ ᠵᠢᠯᠣᠭᠤᠴᠢ ᠪᠣᠯᠣᠨ ᠰᠠᠭᠤᠳᠠᠯ ᠤᠨ ᠬᠥᠮᠥᠰ ᠤᠨ ᠪᠥᠭᠡᠮ ᠬᠦᠴᠢᠯ ᠵᠢᠴᠢ ᠬᠥᠬᠡᠬᠤᠲᠠ ᠶᠢᠨ ᠨᠣᠮᠧᠷ ᠤᠨ ᠪᠠᠶᠢᠳᠠᠯ ᠢ ᠪᠠᠶᠢᠴᠠᠭᠠᠨ ᠦᠵᠡᠵᠦ᠂ ᠳᠠᠩᠰᠠᠯᠠᠬᠤ ᠶᠢᠨ ᠬᠠᠮᠲᠤ ᠲᠡᠷᠭᠡ ᠬᠥᠰᠬᠡ ᠶᠢᠨ ᠡᠳ᠋ ᠪᠣᠳᠠᠰ ᠢ ᠤᠰᠠᠳᠬᠠᠵᠤ᠂ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠶᠢ ᠲᠠᠰᠤᠷᠠᠯᠲᠠ ᠦᠭᠡᠢ ᠱᠠᠯᠠᠪᠳᠠᠭᠤᠯᠪᠠ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号