ᠬᠤᠲᠣᠩ ᠠᠷᠠᠳ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶᠡᠨ ᠤ ᠠᠬᠠᠮᠠᠳ ᠤᠨ ᠵᠠᠭᠪᠤᠷ ᠢ ᠲᠤᠷᠰᠢᠨ ᠠᠵᠢᠯᠯᠠᠭᠤᠯᠬᠤ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2022/12/12
      ᠨᠠᠰᠤᠵᠢᠯᠲᠠ ᠳᠤ ᠵᠣᠬᠢᠴᠠᠬᠤ ᠥᠭᠡᠷᠡᠴᠢᠯᠡᠯᠲᠡ ᠶᠢᠨ ᠠᠵᠢᠯ ᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ 2022 ᠣᠨ ᠤ 11 ᠳ᠋ᠦ᠋ᠭᠡᠷ ᠰᠠᠷ᠎ᠠ ᠶᠢᠨ 30 ᠤ ᠡᠳᠦᠷ᠂ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠶᠢᠨ ᠠᠬᠠᠮᠠᠳᠴᠤᠳ ᠤᠨ ᠵᠠᠭᠪᠤᠷ ︵http://www.huiminqu.gov.cn/slh/︶ ᠢ ᠰᠦᠯᠵᠢᠶᠡᠨ ᠳᠤ ᠭᠠᠷᠭᠠᠵᠤ ᠲᠤᠷᠰᠢᠨ ᠠᠵᠢᠯᠯᠠᠭᠤᠯᠪᠠ᠃ ᠨᠠᠰᠤᠲᠠᠶᠢᠴᠤᠳ᠂ ᠵᠡᠮᠳᠡᠭᠴᠦᠳ ᠵᠡᠷᠭᠡ ᠬᠥᠮᠥᠰ ᠤᠨ ᠪᠣᠳᠠᠲᠠᠢ ᠬᠡᠷᠡᠭᠴᠡᠭᠡ ᠱᠠᠭᠠᠷᠳᠠᠯᠭ᠎ᠠ  ᠲᠠᠢ ᠨᠢᠭᠲᠠ ᠤᠶᠠᠯᠳᠤᠭᠤᠯᠵᠤ᠂ ᠵᠠᠭᠠᠭ ᠨᠢᠭᠤᠷ ᠤᠨ ᠰᠣᠯᠢᠯᠴᠠᠭ᠎ᠠ᠂ ᠠᠭᠤᠯᠭ᠎ᠠ ᠶᠢᠨ ᠲᠣᠳᠣ ᠤᠩᠰᠢᠯᠭ᠎ᠠ᠂ ᠠᠵᠢᠯᠯᠠᠭᠠᠨ ᠤ ᠰᠠᠨᠠᠭᠤᠯᠤᠮᠵᠢ᠂ ᠠᠪᠢᠶᠠᠨ ᠤ ᠲᠤᠰᠠᠯᠠᠮᠵᠢ ᠵᠡᠷᠭᠡ ᠴᠢᠳᠠᠮᠵᠢ ᠶᠢ ᠰᠢᠯᠢᠳᠡᠭᠵᠢᠭᠦᠯᠬᠦ ᠶᠢ ᠪᠡᠶᠡᠯᠡᠭᠦᠯᠵᠦ᠂ ᠲᠣᠪᠴᠢ ᠠᠪᠰᠠᠷᠬᠠᠨ᠂ ᠨᠠᠷᠢᠯᠢᠭ ᠣᠨᠣᠴᠠᠲᠠᠢ ᠂ ᠥᠨᠳᠥᠷ ᠪᠦᠲᠦᠮᠵᠢᠲᠡᠶ ᠵᠢᠷᠤᠭ ᠲᠥᠯᠥᠪᠯᠡᠭᠡ ᠶᠢᠨ ᠣᠶᠢᠯᠠᠭᠠᠭᠳᠠᠬᠤᠨ ᠳᠤ ᠰᠠᠭᠤᠷᠢᠯᠠᠨ᠂ ᠰᠦᠯᠵᠢᠶᠡᠨ ᠤ ᠥᠷᠲᠡᠭᠡ ᠶᠢᠨ ᠬᠠᠷᠢᠯᠴᠠᠬᠤ ᠨᠢᠭᠤᠷ᠂ ᠴᠢᠳᠠᠮᠵᠢ᠂ ᠠᠭᠤᠯᠭ᠎ᠠ᠂ ᠠᠬᠤᠢ ᠪᠠᠶᠢᠳᠠᠯ ᠵᠡᠷᠭᠡ ᠣᠯᠠᠨ ᠲᠠᠯ᠎ᠠ ᠳᠤ ᠴᠣ᠋ ᠰᠢᠨ᠎ᠡ ᠨᠡᠭᠡᠭᠡᠨ ᠬᠥᠭᠵᠢᠭᠦᠯᠬᠦ ᠵᠢᠷᠤᠭ ᠲᠥᠯᠥᠪᠯᠡᠭᠡ ᠬᠢᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠰᠤᠲᠠᠶᠢᠴᠤᠳ᠂ ᠵᠡᠮᠳᠡᠭᠴᠦᠳ ᠵᠡᠷᠭᠡ ᠳᠤ ᠲᠣᠮᠣ ᠥᠰᠥᠭ ᠤᠨ ᠬᠡᠪᠯᠡᠯ᠂ ᠠᠪᠢᠶᠠᠨ ᠤ ᠬᠡᠪᠯᠡᠯ ᠬᠠᠩᠭᠠᠵᠤ᠂ ᠰᠦᠯᠵᠢᠶᠡᠨ ᠤ ᠥᠷᠲᠡᠭᠡ ᠶᠢᠨ ︽ᠠᠬᠠᠮᠠᠳ ᠦᠶ᠎ᠡ ᠶᠢᠨ ᠬᠡᠪ ᠵᠠᠭᠪᠤᠷ︾᠂ ︽ᠬᠠᠯᠠᠮᠵᠢᠯᠠᠯ ᠤᠨ ᠬᠡᠪ ᠵᠠᠭᠪᠤᠷ︾ ᠢ ᠬᠠᠩᠭᠠᠵᠤ᠂ ᠡᠭᠦᠨ ᠤ ᠤᠯᠠᠮ ᠠᠴᠠ ᠨᠠᠩ ᠣᠯᠠᠨ ᠨᠠᠰᠤᠲᠠᠢ ᠬᠡᠷᠡᠭᠯᠡᠭᠴᠢ᠂ ᠵᠡᠮᠳᠡᠭ ᠬᠡᠷᠡᠭᠯᠡᠭᠴᠢ ᠶᠢ ᠬᠠᠪᠰᠤᠷᠤᠨ ︽ᠭᠦᠨ ᠵᠠᠭᠠᠭ︾ ᠢ ᠳᠠᠪᠠᠭᠤᠯᠵᠤ᠂ ᠠᠵᠢᠯ ᠶᠠᠪᠤᠳᠠᠯ ᠭᠦᠢᠴᠡᠳᠬᠡᠬᠦ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠦᠨ᠎ᠡ᠃      ᠰᠦᠯᠵᠢᠶᠡᠨ ᠤ ᠥᠷᠲᠡᠭᠡ ᠶᠢ 1 ᠰᠠᠷ᠎ᠠ ᠲᠤᠷᠰᠢᠨ ᠠᠵᠢᠯᠯᠠᠭᠤᠯᠵᠤ᠂ ᠲᠤᠷᠰᠢᠨ ᠠᠵᠢᠯᠯᠠᠭᠤᠯᠬᠤ ᠬᠤᠭᠤᠴᠠᠭᠠᠨ ᠳᠤ ᠰᠦᠯᠵᠢᠶᠡᠨ ᠤ ᠬᠡᠰᠡᠭ ᠪᠤᠯᠤᠩ ᠢ ᠴᠤ ᠲᠠᠰᠤᠷᠠᠯᠲᠠ ᠦᠭᠡᠢ ᠲᠣᠬᠢᠷᠠᠭᠤᠯᠤᠨ ᠲᠡᠭᠦᠯᠳᠡᠷᠵᠢᠭᠦᠯᠵᠦ᠂ ᠮᠡᠳᠡᠭᠡ ᠵᠠᠩᠭᠢ ᠶᠢᠨ ᠲᠥᠷᠥᠯ ᠠᠩᠭᠢᠯᠠᠯ ᠨᠢ ᠣᠨᠣᠪᠴᠢ ᠦᠭᠡᠢ᠂ ᠴᠥᠷᠬᠡᠯᠡᠭᠡ ᠨᠢ ᠪᠤᠷᠤᠭᠤ᠂ ᠴᠢᠳᠠᠮᠵᠢ ᠨᠢ ᠪᠦᠷᠢᠨ ᠪᠤᠰᠤ ᠵᠡᠷᠭᠡ ᠪᠠᠶᠢᠳᠠᠯ ᠣᠷᠣᠰᠢᠵᠤ ᠮᠡᠳᠡᠨ᠎ᠡ᠂ ᠥᠷᠭᠡᠨ ᠣᠯᠠᠨ ᠰᠦᠯᠵᠢᠶᠡᠨ ᠤ ᠨᠠᠶᠢᠵᠠ ᠨᠠᠷ ᠤᠨ ᠠᠭᠤᠴᠢᠯᠠᠬᠤ ᠶᠢ ᠬᠦᠰᠡᠵᠦ ᠪᠠᠶᠢᠨ᠎ᠠ︕ ᠡᠭᠦᠨ ᠤ ᠬᠠᠮᠲᠤ᠂ ᠪᠢᠳᠡ ᠪᠠᠰᠠ ᠰᠦᠯᠵᠢᠶᠡᠴᠢᠳ ᠤᠨ ᠡᠷᠬᠢᠮ ᠨᠠᠨᠳᠢᠨ ᠰᠠᠨᠠᠯ ᠰᠠᠨᠠᠭᠤᠯᠭ᠎ᠠ ᠳᠤᠷᠠᠳᠬᠤ ᠶᠢ ᠴᠢᠩ ᠰᠡᠳᠬᠢᠯ ᠠᠴᠠ ᠪᠠᠨ ᠪᠠᠶᠠᠷᠯᠠᠨ ᠤᠭᠲᠤᠵᠤ ᠪᠠᠶᠢᠨ᠎ᠠ᠂ ᠪᠢᠳᠡ ᠲᠠᠰᠤᠷᠠᠯᠲᠠ ᠦᠭᠡᠢ ᠲᠡᠭᠦᠯᠳᠡᠷᠵᠢᠭᠦᠯᠦᠨ ᠰᠢᠯᠢᠳᠡᠭᠵᠢᠭᠦᠯᠵᠦ᠂ ᠬᠠᠮᠠᠭᠠᠯᠠᠯᠲᠠ ᠬᠠᠮᠢᠶᠠᠷᠤᠯᠲᠠ ᠪᠠᠨ ᠴᠢᠩᠭᠠᠳᠬᠠᠨ᠂ ᠨᠡᠶᠢᠭᠡᠮ ᠨᠡᠶᠢᠲᠡ ᠳᠤ ᠨᠠᠩ ᠰᠠᠶᠢᠨ ᠦᠢᠯᠡᠴᠢᠯᠡᠨ᠎ᠡ᠃ ᠮᠠᠨ ᠤ ᠰᠦᠯᠵᠢᠶᠡᠨ ᠤ ᠥᠷᠲᠡᠭᠡ ᠶᠢᠨ ᠬᠠᠯᠠᠮᠵᠢᠯᠠᠨ ᠳᠡᠮᠵᠢᠭᠰᠡᠨ ᠳᠤ ᠴᠢᠨᠢ ᠲᠠᠯᠠᠷᠬᠠᠵᠤ ᠪᠠᠶᠢᠨ᠎ᠠ︕ᠬᠤᠲᠣᠩ ᠠᠷᠠᠳ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ2022 ᠣᠨ ᠤ 11 ᠳ᠋ᠦ᠋ᠭᠡᠷ ᠰᠠᠷ᠎ᠠ ᠶᠢᠨ 30 ᠤ ᠡᠳᠦᠷ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号