ᠡᠪᠦᠯ ᠤᠨ ᠨᠥᠭᠡᠴᠡ ᠶᠢᠨ ᠢᠳᠡᠰᠢᠨ ᠨᠣᠭᠤᠭ᠎ᠠ ᠶᠢ ᠭᠡᠷ ᠲᠤᠨᠢ ᠣᠷᠣᠭᠤᠯᠵᠤ᠂ ᠬᠠᠬᠢᠷ ᠬᠦᠢᠲᠡᠨ ᠡᠪᠦᠯ ᠤᠨ ᠤᠯᠠᠷᠢᠯ ᠳᠤ ᠬᠠᠯᠠᠭᠤᠨ ᠳᠤᠯᠠᠭᠠᠨ ᠬᠦᠷᠭᠡᠨ᠎ᠡ
ᠨᠡᠶᠢᠲᠡᠯᠡᠭᠰᠡᠨ ᠴᠠᠭ᠄
2022/12/19
      ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ᠂ ᠶᠠᠳᠠᠭᠤ ᠬᠦᠴᠢᠷᠳᠡᠯᠲᠡᠢ ᠣᠯᠠᠨ ᠲᠦᠮᠡᠨ ᠤ ᠬᠦᠢᠲᠡᠨ ᠤᠷᠤᠰᠬᠠᠯ ᠤᠨ ᠳᠣᠣᠷᠠᠬᠢ ᠠᠮᠢᠳᠤᠷᠠᠯ ᠢ ᠨᠠᠩ ᠰᠠᠶᠢᠨ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠶᠢᠦ ᠶᠢᠦ ᠪᠠᠨ ᠪᠠᠯᠭᠠᠰᠤᠨ ᠤ ᠵᠡᠭᠦᠨ ᠤᠰᠤᠲᠤ ᠲᠣᠰᠬᠤᠨ ᠤ ᠨᠠᠮ ᠤᠨ ᠬᠤᠷᠢᠶ᠎ᠠ ᠲᠥᠪᠯᠡᠷᠡᠭᠦᠯᠦᠨ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ᠂ ᠬᠠᠶᠢᠷ᠎ᠠ ᠬᠠᠯᠠᠮᠵᠢ ᠬᠦᠷᠭᠡᠬᠦ ᠢᠳᠡᠰᠢᠨ ᠨᠣᠭᠤᠭ᠎ᠠ ᠶᠢ ᠲᠣᠰᠬᠤᠨ ᠳᠤ ᠲᠣᠮᠢᠯᠠᠨ ᠬᠦᠷᠭᠡᠵᠦ᠂ ᠲᠣᠰᠬᠤᠨ ᠤ ᠺᠠᠳ᠋ᠷᠴᠤᠳ ᠢᠶᠠᠷ ᠢᠳᠡᠰᠢᠨ ᠨᠣᠭᠤᠭ᠎ᠠ ᠶᠢ ᠶᠠᠳᠠᠭᠤ ᠬᠦᠴᠢᠷᠳᠡᠯᠲᠡᠢ ᠣᠯᠠᠨ ᠲᠦᠮᠡᠨ ᠤ ᠭᠡᠷ ᠲᠤ ᠬᠦᠷᠭᠡᠭᠦᠯᠵᠡᠢ᠃      ᠢᠳᠡᠰᠢᠨ ᠨᠣᠭᠤᠭ᠎ᠠ ᠬᠦᠷᠭᠡᠬᠦ ᠶᠢᠨ ᠬᠠᠮᠲᠤ ᠭᠠᠴᠠᠭᠠᠨ ᠤ ᠺᠠᠳ᠋ᠷ ᠪᠠᠰᠠ ᠲᠡᠳᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠠᠬᠢ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠲᠡᠳᠡᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠮᠡᠳᠡᠯᠭᠡ ᠶᠢ ᠤᠬᠠᠭᠤᠯᠵᠤ᠂ ᠲᠡᠳᠡᠨ ᠳᠤ ᠥᠪᠡᠷ ᠤᠨ ᠪᠡᠶ᠎ᠡ ᠶᠢᠨ ᠡᠷᠡᠭᠦᠯ ᠴᠢᠭᠢᠷᠠᠭ ᠤᠨ ᠪᠠᠶᠢᠳᠠᠯ ᠢᠶᠠᠨ ᠠᠩᠬᠠᠷᠴᠤ᠂ ᠬᠦᠴᠢᠷᠳᠡᠯ ᠲᠠᠢ ᠪᠣᠯ ᠲᠡᠷᠡ ᠳᠠᠷᠤᠢ ᠳᠤᠨᠢ ᠭᠠᠴᠠᠭᠠᠨ ᠤ ᠠᠷᠠᠳ ᠤᠨ ᠵᠥᠪᠯᠡᠯ ᠤᠨ ᠠᠵᠢᠯᠲᠠᠳ ᠲᠠᠢ ᠬᠠᠷᠢᠯᠴᠠᠬᠤ ᠬᠡᠷᠡᠭᠲᠡᠢ ᠭᠡᠵᠦ ᠵᠠᠬᠢᠪᠠ᠃ ᠢᠳᠡᠰᠢᠨ ᠨᠣᠭᠤᠭᠠᠨ ᠤ ᠪᠣᠭᠴᠣ ᠶᠢ ᠣᠯᠣᠭᠰᠠᠨ ᠲᠣᠰᠬᠤᠨ ᠤ ᠠᠷᠠᠳ ᠴᠤ ᠲᠤᠶᠢᠯ ᠢᠶᠠᠷ ᠰᠡᠳᠬᠢᠯ ᠬᠥᠳᠡᠯᠵᠦ᠂ ︽ᠲᠠᠨᠠᠷ ᠲᠤ ᠮᠠᠰᠢ ᠲᠠᠯᠠᠷᠬᠠᠵᠤ ᠪᠠᠶᠢᠨ᠎ᠠ᠂ ᠦᠷᠭᠦᠯᠵᠢ ᠪᠢᠳᠡᠨ ᠢ ᠰᠠᠨᠠᠵᠤ᠂ ᠡᠶᠢᠮᠦ ᠤᠯᠠᠨ ᠰᠢᠨ᠎ᠡ ᠰᠣᠷᠭᠤᠭ ᠢᠳᠡᠰᠢᠨ ᠨᠣᠭᠤᠭ᠎ᠠ ᠶᠢ ᠭᠡᠷ ᠲᠡᠭᠡᠨ ᠬᠦᠷᠭᠡᠵᠦ᠂ ᠲᠠᠨᠠᠷ ᠡᠶᠢᠮᠦ ᠤᠯᠠᠨ ᠡᠳᠦᠷ ᠨᠢᠭᠡᠳᠦᠭᠡᠷ ᠹᠷᠣᠨᠲ ᠢ ᠪᠠᠲᠤ ᠰᠠᠬᠢᠵᠤ᠂ ᠵᠦᠳᠡᠷᠡᠯ᠎ᠡ ᠭᠡᠵᠢ᠃      ︽ᠰᠡᠳᠬᠢᠯ ᠢ ᠳᠤᠯᠠᠭᠠᠴᠠᠭᠤᠯᠤᠭᠰᠠᠨ ᠢᠳᠡᠰᠢᠨ ᠨᠣᠭᠤᠭ᠎ᠠ ᠶᠢᠨ ᠪᠣᠭᠴᠣ︾ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠬᠠᠶᠢᠷ᠎ᠠ ᠰᠡᠳᠬᠢᠯᠭᠡ ᠶᠢ ᠢᠯᠡᠷᠡᠭᠦᠯᠵᠦ᠂ ᠲᠣᠰᠬᠤᠨ ᠤ ᠠᠷᠠᠳ ᠲᠤ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠢ ᠬᠦᠷᠲᠡᠭᠡᠭᠰᠡᠨ ᠢᠶᠠᠷ ᠪᠠᠷᠠᠬᠤ ᠦᠭᠡᠢ᠂ ᠨᠠᠩ ᠴᠤ ︽ᠬᠢᠵᠢᠭ︾ ᠤᠨ ᠳᠤᠮᠳᠠ ᠪᠠᠲᠤ ᠰᠠᠬᠢᠵᠤ ᠪᠠᠶᠢᠭ᠎ᠠ ᠬᠥᠮᠥᠰ ᠲᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠠᠯᠢᠪᠠ ᠪᠦᠬᠦᠨ ᠢ ᠢᠯᠠᠬᠤ ᠢᠲᠡᠭᠡᠯ ᠵᠣᠷᠢᠭ ᠪᠠ ᠬᠦᠴᠦᠨ ᠴᠢᠳᠠᠯ ᠢ ᠣᠯᠭᠤᠭᠰᠠᠨ ᠪᠠᠶᠢᠨ᠎ᠠ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号