ᠭᠤᠷᠪᠠᠨ ᠬᠦᠷᠳᠦᠲᠦ ᠲᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠭᠠᠪᠰᠢᠭᠠᠢ ᠬᠤᠰᠢᠭᠤᠴᠢ︾ ᠪᠣᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠦᠴᠦᠨ ᠴᠢᠳᠠᠯ ᠢᠶᠠᠨ ᠡᠷᠭᠦᠪᠡ
ᠨᠡᠶᠢᠲᠡᠯᠡᠭᠰᠡᠨ ᠴᠠᠭ᠄
2022/12/19
      ᠪᠥᠭᠡᠮ ᠬᠦᠴᠢᠯ ᠴᠤᠭᠯᠠᠭᠤᠯᠬᠤ ᠠᠵᠢᠯ ᠵᠢᠴᠢ ᠡᠳ᠋ ᠪᠣᠳᠠᠰ ᠲᠣᠬᠢᠷᠠᠭᠤᠯᠤᠨ ᠬᠦᠷᠭᠡᠬᠦ ᠡᠭᠦᠷᠭᠡ ᠶᠢ ᠥᠨᠳᠥᠷ ᠪᠦᠲᠦᠮᠵᠢᠲᠡᠶ ᠪᠥᠭᠡᠳ ᠡᠮᠬᠢ ᠵᠢᠷᠤᠮ ᠲᠠᠢ ᠪᠠᠷ ᠪᠡᠶᠡᠯᠡᠭᠦᠯᠬᠦ ᠶᠢ ᠪᠠᠲᠤᠯᠠᠬᠤ ᠶᠢᠨ ᠲᠥᠯᠥᠭᠡ᠂ ᠶᠢᠦ ᠶᠢᠦ ᠪᠠᠨ ᠪᠠᠯᠭᠠᠰᠤᠨ ᠤ ᠪᠠᠷᠠᠭᠤᠨ ᠤᠰᠤᠲᠤ ᠨᠡᠶᠢᠭᠡᠮ ᠲᠣᠭᠤᠷᠢᠭ ᠤᠨ ᠵᠣᠬᠢᠶᠠᠨ ᠪᠠᠶᠢᠭᠤᠯᠤᠯᠲᠠ ᠠᠴᠠ ᠳᠥᠭᠦᠮ ᠳᠥᠲᠡ ᠭᠤᠷᠪᠠᠨ ᠬᠦᠷᠳᠦᠲᠦ ᠲᠡᠷᠭᠡ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠦᠴᠦ ᠨᠡᠮᠡᠷᠢᠯᠡᠪᠡ᠃      ᠣᠶᠢᠷ᠎ᠠ ᠶᠢᠨ ᠡᠳᠦᠷ ᠤᠳ ᠲᠤ᠂ ᠪᠠᠷᠠᠭᠤᠨ ᠤᠰᠤᠲᠤ ᠨᠡᠶᠢᠭᠡᠮ ᠲᠣᠭᠤᠷᠢᠭ ᠤᠨ ᠬᠠᠷᠢᠶ᠎ᠠ ᠲᠣᠭᠤᠷᠢᠭ ᠲᠤ᠂ ᠨᠢᠭᠡ ᠨᠢᠭᠡ ︽ᠵᠢᠵᠢᠭ ᠭᠤᠷᠪᠠᠨ ᠬᠦᠷᠳᠦ︾ ᠪᠠᠷ ᠶᠠᠭᠠᠷᠠᠯᠲᠠᠢ ᠶᠠᠪᠤᠵᠤ᠂ ᠵᠠᠷᠢᠮ ᠳᠠᠭᠠᠨ ︽ᠴᠠᠭᠠᠨ︾ ᠢ ᠠᠴᠢᠵᠤ ᠰᠠᠭᠤᠭᠠᠯᠢ ᠠᠷᠠᠳ ᠲᠤ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠵᠠᠷᠢᠮ ᠳᠠᠭᠠᠨ ᠡᠳ᠋ ᠪᠣᠳᠠᠰ ᠠᠴᠢᠵᠤ ᠰᠠᠭᠤᠭᠠᠯᠢ ᠠᠷᠠᠳ ᠤᠨ ᠡᠭᠦᠳᠡᠨ ᠳᠤ ᠰᠢᠭᠤᠳ ᠨᠡᠪᠳᠡᠷᠡᠵᠦ᠂ ᠵᠢᠵᠢᠭ ᠠᠪᠰᠠᠷ ᠣᠨᠴᠠᠯᠢᠭ ᠢᠶᠠᠷ ᠢᠶᠠᠨ ᠡᠳᠦᠷ ᠪᠦᠷᠢ ᠬᠠᠷᠢᠶ᠎ᠠ ᠲᠣᠭᠤᠷᠢᠭ ᠲᠠᠭᠠᠨ ᠨᠠᠰᠢ ᠴᠠᠰᠢ ᠶᠠᠪᠤᠨ᠎ᠠ᠃ ᠡᠳᠦᠷ ᠪᠦᠷᠢ ᠮᠣᠷᠳᠠᠬᠤ ᠠᠴᠠ ᠡᠮᠦᠨ᠎ᠡ᠂ ᠵᠢᠯᠣᠭᠤᠴᠢ ᠠᠴᠠ ᠲᠣᠭᠲᠠᠭᠰᠠᠨ ᠪᠠᠲᠤᠯᠠᠭ᠎ᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠲᠡᠷᠭᠡᠨ ᠤ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠬᠤ ᠶᠢᠨ ᠬᠠᠮᠲᠤ ᠲᠡᠷᠭᠡᠨ ᠤ ᠪᠡᠶ᠎ᠡ᠂ ᠳᠤᠭᠤᠶᠢᠯᠠᠪᠤᠷᠢ᠂ ᠲᠦᠰᠢᠭᠦᠷ ᠵᠡᠷᠭᠡ ᠶᠢ ᠪᠥᠬᠦ ᠲᠠᠯ᠎ᠠ ᠪᠠᠷ ᠠᠷᠢᠯᠭᠠᠬᠤ ᠬᠡᠷᠡᠭᠲᠡᠢ᠃ ᠭᠤᠷᠪᠠᠨ ᠬᠦᠷᠳᠦᠲᠦ ᠲᠡᠷᠭᠡ ᠨᠢ ᠶᠠᠪᠠᠭᠠᠨ ᠲᠡᠷᠭᠡ ᠪᠣᠯᠤᠭᠰᠠᠨ ᠤ ᠬᠤᠪᠢ ᠳᠤ᠂ ᠰᠠᠶᠢᠨ ᠳᠤᠷ᠎ᠠ ᠶᠢᠨ ᠠᠵᠢᠯᠯᠠᠭᠴᠢ ᠳᠤ ᠶᠡᠭᠡ ᠬᠡᠮᠵᠢᠶᠡᠨ ᠤ ᠴᠠᠭ ᠪᠠ ᠬᠦᠴᠦ ᠲᠠᠮᠢᠷ ᠢ ᠠᠷᠪᠢᠯᠠᠵᠤ᠂ ᠡᠳ᠋ ᠪᠣᠳᠠᠰ ᠵᠥᠭᠡᠭᠡᠪᠦᠷᠢᠯᠡᠬᠦ ᠳᠠᠷᠤᠯᠲᠠ ᠶᠢ ᠪᠦᠲᠦᠮᠵᠢᠲᠡᠶ ᠪᠠᠷ ᠬᠥᠩᠭᠡᠷᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠵᠢᠴᠢ ᠬᠢᠵᠢᠭ ᠢ ᠰᠡᠷᠭᠡᠶᠢᠯᠡᠬᠦ ᠡᠳ᠋ ᠪᠣᠳᠠᠰ ᠢ ᠬᠦᠷᠭᠡᠬᠦ ᠳᠤ ᠲᠤᠶᠢᠯ ᠤᠨ ᠶᠡᠭᠡ ᠳᠥᠭᠦᠮ ᠦᠵᠡᠭᠦᠯᠪᠡ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号