ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠮᠡᠳᠡᠭᠦᠯᠦᠯᠲᠡ ᠶᠢᠨ ᠬᠤᠷᠠᠯ ᠮᠠᠨ ᠤ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2022/12/19
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ 12 ᠳ᠋ᠤᠭᠠᠷ ᠰᠠᠷ᠎ᠠ ᠶᠢᠨ 7 ᠤ ᠡᠳᠦᠷ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠮᠡᠳᠡᠭᠦᠯᠦᠯᠲᠡ ᠶᠢᠨ ᠬᠤᠷᠠᠯ ᠮᠠᠨ ᠤ ᠬᠤᠳᠠ ᠳᠤ ᠶᠠᠪᠤᠭᠳᠠᠵᠤ᠂ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠪᠠᠶᠢᠩᠭᠤ ᠶᠢᠨ ᠳᠡᠳ᠋ ᠱᠦᠵᠢ ᠯᠢ ᠭᠠᠩ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠡᠷᠬᠢᠯᠡᠪᠡ᠃      ᠤᠬᠠᠭᠤᠯᠤᠨ ᠲᠠᠶᠢᠯᠪᠤᠷᠢᠯᠠᠬᠤ ᠳᠤᠮᠳᠠ᠂ ᠯᠢ ᠭᠠᠩ ︽ᠲᠤᠭ ᠢᠶᠠᠨ ᠥᠨᠳᠥᠷ ᠮᠠᠨᠳᠤᠭᠤᠯᠵᠤ ᠡᠷᠡᠯᠬᠡᠭᠯᠡᠨ ᠲᠡᠮᠡᠴᠡᠵᠦ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠬᠠᠭᠤᠳᠠᠰᠤ ᠶᠢ ᠪᠢᠴᠢᠭᠯᠡᠶ᠎ᠡ︾ ᠭᠡᠬᠦ ᠰᠡᠳᠦᠪ ᠢᠶᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠪᠠ︔ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠵᠥᠪ ᠣᠨᠣᠪᠴᠢᠲᠠᠢ ᠰᠤᠷᠤᠯᠴᠠᠨ ᠣᠶᠢᠯᠠᠭᠠᠬᠤ ᠬᠡᠷᠡᠭᠲᠡᠢ︔ ᠪᠦᠬᠦ ᠲᠠᠯ᠎ᠠ ᠪᠠᠷ ᠰᠤᠷᠤᠯᠴᠠᠬᠤ᠂ ᠪᠦᠬᠦ ᠲᠠᠯ᠎ᠠ ᠪᠠᠷ ᠡᠵᠡᠮᠰᠢᠬᠦ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠥᠪᠥᠷ ᠮᠣᠩᠭᠤᠯ ᠳᠤ ᠦᠨᠳᠦᠰᠦᠯᠡᠭᠦᠯᠬᠦ᠂ ᠴᠡᠴᠡᠭᠯᠡᠨ ᠵᠢᠮᠢᠰᠯᠡᠬᠦ ᠶᠢ ᠠᠬᠢᠭᠤᠯᠬᠤ ᠵᠡᠷᠭᠡ ᠭᠤᠷᠪᠠᠨ ᠲᠠᠯ᠎ᠠ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠢᠰᠲ᠋ᠧᠮ ᠲᠠᠢ ᠲᠣᠳᠣᠷᠬᠠᠶᠢᠯᠠᠨ ᠲᠠᠶᠢᠯᠪᠤᠷᠢᠯᠠᠭᠰᠠᠨ ᠪᠠ ᠭᠦᠨᠵᠡᠭᠡᠢ ᠲᠠᠶᠢᠯᠪᠤᠷᠢᠯᠠᠵᠠᠢ᠃ ᠬᠤᠷᠠᠯ ᠳᠤ ᠣᠷᠣᠯᠴᠠᠭᠰᠠᠳ ᠨᠠᠷᠢᠨ ᠬᠢᠨᠠᠮᠠᠭᠠᠢ ᠰᠣᠨᠣᠰᠴᠤ᠂ ᠨᠠᠷᠢᠨ ᠬᠢᠨᠠᠮᠠᠭᠠᠢ ᠲᠡᠮᠳᠡᠭᠯᠡᠵᠦ᠂ ᠤᠯᠠᠨ ᠢᠶᠠᠷ ᠢᠶᠠᠨ᠂ ᠦᠵᠡᠯ ᠰᠠᠨᠠᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠳᠡᠭᠡᠷ᠎ᠡ ᠲᠡᠷᠡ ᠬᠡᠪ ᠢᠶᠠᠷ ᠨᠢ ᠨᠢᠭᠡᠳᠬᠡᠵᠦ᠂ ᠰᠢᠨ᠎ᠡ ᠡᠭᠦᠷᠭᠡᠯᠡᠯ᠂ ᠰᠢᠨ᠎ᠡ ᠵᠢᠳᠬᠦᠯ ᠴᠢᠷᠮᠠᠶᠢᠯᠭ᠎ᠠ᠂ ᠰᠢᠨ᠎ᠡ ᠠᠮᠵᠢᠯᠲᠠ ᠪᠠᠷ ᠢᠶᠠᠨ ᠣᠷᠣᠨ ᠤ ᠲᠥᠪ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠷᠢᠭᠤᠯᠲᠠ ᠶᠢᠨ ᠬᠠᠭᠤᠳᠠᠰᠤ ᠶᠢ ᠪᠢᠴᠢᠭᠯᠡᠨ᠎ᠡ ᠭᠡᠵᠦ ᠢᠯᠡᠳᠬᠡᠵᠡᠭᠡᠪᠡ᠃      ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠮᠡᠳᠡᠭᠦᠯᠦᠯᠲᠡ ᠶᠢᠨ ᠬᠤᠷᠠᠯ ᠢ ᠡᠷᠬᠢᠯᠡᠬᠦ ᠳᠡᠭᠡᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠣᠨ᠎ᠠ᠂ ᠡᠮᠦᠨ᠎ᠡ ᠨᠢᠭᠡ ᠬᠤᠭᠤᠴᠠᠭᠠᠨ ᠤ ᠰᠤᠷᠤᠯᠴᠠᠨ ᠤᠬᠠᠭᠤᠯᠵᠤ ᠲᠤᠤᠱᠯᠠᠭᠤᠯᠤᠭᠰᠠᠨ ᠰᠠᠭᠤᠷᠢᠨ ᠳᠡᠭᠡᠷ᠎ᠡ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾  ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠢᠯᠡᠳᠬᠡᠵᠦ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤᠮᠳᠠ ᠣᠷᠣᠨ ᠤ ᠲᠥᠪ  ᠤᠨ ᠡᠭᠦᠷᠭᠡᠯᠡᠨ ᠵᠢᠳᠬᠦᠯ ᠴᠢᠷᠮᠠᠶᠢᠯᠭ᠎ᠠ ᠶᠢ ᠢᠯᠡᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠬᠥᠬᠡᠬᠤᠲᠠ ᠶᠢᠨ ᠬᠠᠭᠤᠳᠠᠰᠤ ᠶᠢ ᠰᠠᠶᠢᠲᠤᠷ ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠮᠡᠳᠡᠭᠦᠯᠦᠯᠲᠡ ᠶᠢᠨ ᠬᠤᠷᠠᠯ ᠢ ᠸᠢᠳᠢᠤ᠋ ᠶᠢᠨ ᠬᠡᠯᠪᠡᠷᠢ ᠪᠠᠷ ᠶᠠᠪᠤᠭᠳᠠᠭᠤᠯᠵᠤ᠂ ᠡᡁᠸ ᠬᠠᠢ ᠳ᠋ᠦᠩ᠂ ᠴᠠᠩ ᠫᠧᠢ ᠵᠦᠩ᠂ ᠯᠢ ᠵᠢᠶᠦ᠋ᠩ᠂ ᠼᠤᠤ ᠰᠧ ᠶᠠᠩ ᠵᠡᠷᠭᠡ ᠬᠤᠳᠠ ᠶᠢᠨ ᠤᠳᠤᠷᠢᠳᠤᠯᠭ᠎ᠠ ᠣᠷᠣᠯᠴᠠᠵᠤ᠂ ᠡᠯ᠎ᠡ ᠬᠤᠰᠢᠭᠤ ᠰᠢᠶᠠᠨ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠪᠠ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号