12 ᠰᠠᠷ᠎ᠠ ᠶᠢᠨ 1 ᠤ ᠡᠳᠦᠷ ᠤᠨ 0 ᠴᠠᠭ ᠠᠴᠠ 24 ᠴᠠᠭ ᠪᠤᠯᠲᠠᠯ᠎ᠠ ᠦᠪᠦᠷ ᠮᠤᠩᠭᠤᠯ ᠤᠷᠤᠨ ᠳᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/12/2
      12 ᠰᠠᠷ᠎ᠠ ᠶᠢᠨ 1 ᠤ ᠡᠳᠦᠷ ᠤᠨ 0 ᠴᠠᠭ ᠠᠴᠠ 24 ᠴᠠᠭ ᠪᠤᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 55 ᠨᠡᠮᠡᠭᠳᠡᠵᠦ᠂ ᠡᠭᠦᠨ ᠳᠤ ᠭᠦᠭᠡᠬᠤᠳᠠ ᠳᠤ 51᠂ ᠤᠯᠠᠭᠠᠨᠬᠠᠳᠠ ᠬᠤᠳᠠ ᠳᠤ 3᠂ ᠣᠷᠳᠣᠰ ᠬᠤᠲᠠ ᠳᠤ 1 ᠪᠤᠢ᠃ ᠲᠤᠬᠠᠢ ᠶᠢᠨ ᠡᠳᠦᠷ ᠤᠨ ᠲᠣᠳᠣᠯᠠᠭᠰᠠᠨ 77 ᠡᠪᠡᠳᠴᠢᠨ ᠤ ᠵᠢᠱᠢᠶ᠎ᠡ ᠢᠯᠡᠷᠢᠰᠢᠵᠦ ᠡᠮᠨᠡᠯᠭᠡ ᠠᠴᠠ ᠭᠠᠷᠪᠠ᠂ ᠡᠭᠦᠨ ᠳᠤ ᠭᠦᠭᠡᠬᠤᠳᠠ ᠳᠤ 58᠂ ᠬᠥᠯᠥᠨ ᠪᠦᠢᠷ ᠬᠤᠳᠠ ᠳᠤ 1᠂ ᠬᠢᠩᠭᠠᠨ ᠠᠶᠢᠮᠠᠭ ᠲᠤ 1᠂ ᠤᠯᠠᠭᠠᠨᠬᠠᠳᠠ ᠬᠤᠲᠠ ᠳᠤ 2᠂ ᠰᠢᠯᠢ ᠶᠢᠨ ᠭᠤᠣᠯ ᠠᠶᠢᠮᠠᠭ ᠲᠤ 1᠂ ᠣᠷᠳᠣᠰ ᠬᠤᠲᠠ ᠳᠤ 14 ᠪᠤᠢ᠃      12 ᠰᠠᠷ᠎ᠠ ᠶᠢᠨ 1 ᠤ ᠡᠳᠦᠷ ᠤᠨ 24 ᠴᠠᠭ ᠪᠤᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 750 ᠪᠠᠶᠢᠵᠤ᠂ ᠡᠭᠦᠨ ᠳᠤ ᠭᠦᠭᠡᠬᠤᠳᠠ ᠳᠤ 438᠂ ᠬᠥᠯᠥᠨ ᠪᠦᠢᠷ ᠬᠤᠳᠠ ᠳᠤ 106᠂ ᠬᠢᠩᠭᠠᠨ ᠠᠶᠢᠮᠠᠭ ᠲᠤ 9᠂ ᠤᠯᠠᠭᠠᠨᠬᠠᠳᠠ ᠬᠤᠲᠠ ᠳᠤ 61᠂ ᠰᠢᠯᠢ ᠶᠢᠨ ᠭᠤᠣᠯ ᠠᠶᠢᠮᠠᠭ ᠲᠤ 1᠂ ᠤᠯᠠᠭᠠᠨᠴᠠᠪ ᠬᠤᠳᠠ ᠳᠤ 3᠂ ᠣᠷᠳᠣᠰ ᠬᠤᠲᠠ ᠳᠤ 132 ᠪᠤᠢ᠃      ᠲᠤᠬᠠᠢ ᠶᠢᠨ ᠡᠳᠦᠷ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 1᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 3 ᠨᠡᠮᠡᠭᠳᠡᠪᠡ᠃ ᠲᠤᠬᠠᠢ ᠶᠢᠨ ᠡᠳᠦᠷ ᠤᠨ ᠲᠣᠳᠣᠯᠠᠭᠰᠠᠨ 2 ᠡᠪᠡᠳᠴᠢᠨ ᠤ ᠵᠢᠱᠢᠶ᠎ᠡ ᠢᠯᠡᠷᠢᠰᠢᠵᠦ ᠡᠮᠨᠡᠯᠭᠡ ᠠᠴᠠ ᠭᠠᠷᠪᠠ᠂ ᠡᠪᠡᠳᠴᠢᠨ ᠤ ᠢᠯᠡᠷᠡᠯ ᠦᠭᠡᠢ 3 ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ︵ᠴᠦᠮ ᠨᠡᠶᠢᠰᠯᠡᠯ ᠤᠨ ᠤᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠭᠦᠭᠡᠬᠤᠳᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠳ︶  ᠭᠠᠷᠭᠠᠪᠠ᠃      ᠲᠤᠬᠠᠢ ᠶᠢᠨ ᠡᠳᠦᠷ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 337 ᠨᠡᠮᠡᠭᠳᠡᠵᠦ᠂ ᠡᠭᠦᠨ ᠳᠤ ᠭᠦᠭᠡᠬᠤᠳᠠ ᠳᠤ 133᠂ ᠪᠤᠭᠤᠲᠤ ᠬᠤᠳᠠ ᠳᠤ 23᠂ ᠬᠥᠯᠥᠨ ᠪᠦᠢᠷ ᠬᠤᠳᠠ ᠳᠤ 36᠂ ᠬᠢᠩᠭᠠᠨ ᠠᠶᠢᠮᠠᠭ ᠲᠤ 26᠂ ᠲᠦᠩᠯᠢᠶᠣᠣ ᠬᠤᠲᠠ ᠳᠤ 18᠂ ᠤᠯᠠᠭᠠᠨᠬᠠᠳᠠ ᠬᠤᠲᠠ ᠳᠤ 11᠂ ᠰᠢᠯᠢ ᠶᠢᠨ ᠭᠤᠣᠯ ᠠᠶᠢᠮᠠᠭ ᠲᠤ 26᠂ ᠤᠯᠠᠭᠠᠨᠴᠠᠪ ᠬᠤᠳᠠ ᠳᠤ 14᠂ ᠣᠷᠳᠣᠰ ᠬᠤᠲᠠ ᠳᠤ 23᠂ ᠪᠠᠶᠠᠨᠨᠠᠭᠤᠷ ᠬᠤᠲᠠ ᠳᠤ 16᠂ ᠦᠬᠠᠢ ᠬᠤᠳᠠ ᠳᠤ 10᠂ ᠠᠯᠠᠱᠠ ᠠᠶᠢᠮᠠᠭ ᠲᠤ 1 ᠪᠤᠢ᠃ ᠲᠤᠬᠠᠢ ᠶᠢᠨ ᠡᠳᠦᠷ ᠡᠪᠡᠳᠴᠢᠨ ᠤ ᠢᠯᠡᠷᠡᠯ ᠦᠭᠡᠢ 281 ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ  ᠭᠠᠷᠭᠠᠪᠠ᠂ ᠡᠭᠦᠨ ᠳᠤ ᠭᠦᠭᠡᠬᠤᠳᠠ ᠳᠤ 82᠂ ᠪᠤᠭᠤᠲᠤ ᠬᠤᠳᠠ ᠳᠤ 34᠂ ᠬᠢᠩᠭᠠᠨ ᠠᠶᠢᠮᠠᠭ ᠲᠤ 10᠂ ᠲᠦᠩᠯᠢᠶᠣᠣ ᠬᠤᠲᠠ ᠳᠤ 97᠂ ᠤᠯᠠᠭᠠᠨᠬᠠᠳᠠ ᠬᠤᠲᠠ ᠳᠤ 8᠂ ᠰᠢᠯᠢ ᠶᠢᠨ ᠭᠤᠣᠯ ᠠᠶᠢᠮᠠᠭ ᠲᠤ 5᠂ ᠤᠯᠠᠭᠠᠨᠴᠠᠪ ᠬᠤᠳᠠ ᠳᠤ 10᠂ ᠣᠷᠳᠣᠰ ᠬᠤᠲᠠ ᠳᠤ 8᠂ ᠪᠠᠶᠠᠨᠨᠠᠭᠤᠷ ᠬᠤᠲᠠ ᠳᠤ 18᠂ ᠦᠬᠠᠢ ᠬᠤᠳᠠ ᠳᠤ 7᠂ ᠠᠯᠠᠱᠠ ᠠᠶᠢᠮᠠᠭ ᠲᠤ 2 ᠪᠤᠢ᠃ ᠳᠡᠭᠡᠷ᠎ᠡ ᠳᠤᠷᠠᠳᠤᠭᠰᠠᠨ ᠬᠥᠮᠥᠰ ᠢ ᠪᠦᠭᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠬᠦ ᠪᠤᠶᠤ ᠴᠢᠩᠭᠡᠯᠢᠭ ᠡᠮᠨᠡᠯᠭᠡ ᠶᠢᠨ ᠬᠤᠷᠢᠶ᠎ᠠ ᠳᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠭᠠᠵᠠᠷ ᠲᠥᠪᠯᠡᠷᠡᠭᠦᠯᠦᠨ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠤᠶ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号