ᠰᠢ ᠶᠢᠨ ᠫᠢᠩ ᠵᠡᠷᠭᠡ ᠨᠠᠮ ᠪᠠ ᠲᠥᠷᠥ ᠶᠢᠨ ᠤᠳᠤᠷᠢᠳᠬᠤ ᠨᠥᠬᠦᠳ ᠡᠮᠨᠡᠯᠭᠡ ᠶᠢᠨ ᠬᠤᠷᠢᠶ᠎ᠠ ᠳᠤ ᠬᠦᠷᠴᠦ ᠵᠢᠶᠠᠩ ᠽᠧ ᠮᠢᠨ ᠨᠥᠬᠦᠷ ᠢ ᠦᠳᠡᠨ ᠮᠣᠷᠳᠠᠭᠤᠯᠤᠭᠰᠠᠨ ᠪᠥᠭᠡᠳ ᠴᠢᠨᠳᠠᠷ ᠢ ᠨᠢ ᠪᠠᠪᠣᠤᠱᠠᠨ ᠳᠤ ᠬᠠᠮᠠᠭᠠᠯᠠᠨ ᠬᠦᠷᠭᠡᠵᠦ ᠲᠡᠭᠳᠡᠭᠡᠪᠡ
ᠨᠡᠶᠢᠲᠡᠯᠡᠭᠰᠡᠨ ᠴᠠᠭ᠄
2022/12/8
     ᠮᠠᠨ ᠤ ᠨᠠᠮ ᠮᠠᠨ ᠤ ᠴᠡᠷᠢᠭ ᠮᠠᠨ ᠤ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠨᠠᠶᠢᠳᠡᠮ ᠮᠡᠳᠡᠷᠡᠭᠳᠡᠭᠰᠡᠨ ᠡᠷᠬᠢᠮ ᠳᠡᠭᠡᠳᠦ ᠨᠡᠷ᠎ᠡ ᠬᠦᠨᠳᠦᠲᠡᠢ ᠭᠠᠷᠮᠠᠭᠠᠢ ᠤᠳᠤᠷᠢᠳᠤᠭᠴᠢ᠂ ᠠᠭᠤᠤ ᠶᠡᠭᠡ ᠮᠠᠷᠺᠰ ᠤᠨ ᠦᠵᠡᠯᠲᠡᠨ᠂ ᠠᠭᠤᠤ ᠶᠡᠭᠡ ᠦᠭᠡᠶᠢᠭᠦᠦ ᠠᠩᠭᠢ ᠶᠢᠨ ᠬᠤᠪᠢᠰᠬᠠᠯᠴᠢ᠂ ᠤᠯᠤᠰ ᠲᠥᠷᠥᠴᠢᠨ᠂ ᠴᠡᠷᠢᠭ ᠤᠨ ᠡᠷᠳᠡᠮᠳᠡᠨ᠂ ᠭᠠᠳᠠᠭᠠᠳᠤ ᠬᠠᠷᠢᠯᠴᠠᠭᠠᠨ ᠤ ᠵᠢᠳᠬᠦᠯᠲᠡᠨ᠂ ᠤᠷᠲᠤ ᠬᠤᠭᠤᠴᠠᠭᠠᠨ ᠤ ᠰᠢᠯᠭᠠᠯᠲᠠ ᠶᠢ ᠦᠩᠭᠡᠷᠡᠭᠡᠭᠰᠡᠨ ᠡᠪ ᠬᠠᠮᠲᠤ ᠶᠣᠰᠣᠨ ᠤ ᠪᠠᠶᠢᠯᠳᠤᠭᠴᠢ᠂ ᠳᠤᠮᠳᠠᠳᠤ ᠤᠯᠤᠰ ᠤᠨ ᠣᠨᠴᠠᠯᠢᠭ ᠲᠠᠢ ᠨᠠᠶᠢᠭᠡᠮ ᠵᠢᠷᠤᠮ ᠤᠨ ᠠᠭᠤᠤ ᠶᠡᠭᠡ ᠦᠢᠯᠡᠰ ᠤᠨ ᠭᠠᠷᠮᠠᠭᠠᠢ ᠤᠳᠤᠷᠢᠳᠤᠭᠴᠢ᠂ ᠨᠠᠮ ᠤᠨ ᠭᠤᠷᠪᠠᠳᠤᠭᠠᠷ ᠦᠶ᠎ᠡ ᠶᠢᠨ ᠲᠥᠪ ᠬᠤᠷᠢᠶᠠᠨ ᠤ ᠤᠳᠤᠷᠢᠳᠬᠤ ᠬᠠᠮᠲᠤ ᠶᠢᠨ ᠭᠤᠣᠯᠯᠠᠭᠴᠢ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭᠠᠨ ᠤ ᠭᠤᠣᠯ ᠡᠭᠦᠳᠦᠭᠴᠢ ᠵᠢᠶᠠᠩ ᠽᠧ ᠮᠢᠨ ᠨᠥᠬᠦᠷ ᠤᠨ ᠴᠢᠨᠳᠠᠷ ᠢ 5 ᠤ ᠡᠳᠦᠷ ᠪᠡᠭᠡᠵᠢᠩ ᠳᠤ ᠲᠡᠭᠳᠡᠭᠡᠪᠡ᠃ ᠰᠢ ᠶᠢᠨ ᠫᠢᠩ᠂ ᠯᠢ ᠺᠧ ᠴᠢᠶᠠᠩ᠂ ᠯᠢ ᠵᠠᠨ ᠱᠤ᠋᠂ ᠸᠠᠩ ᠶᠠᠩ᠂ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠬᠠᠨ ᠵᠧᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠸᠠᠩ ᠴᠢ ᠱᠠᠨ ᠨᠠᠷ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠶᠡᠷᠦᠩᠬᠡᠢ ᠡᠮᠨᠡᠯᠭᠡ ᠶᠢᠨ ᠬᠤᠷᠢᠶ᠎ᠠ ᠳᠤ ᠬᠦᠷᠴᠦ᠂ ᠵᠢᠶᠠᠩ ᠽᠧ ᠮᠢᠨ ᠨᠥᠬᠦᠷ ᠢ ᠦᠳᠡᠨ ᠮᠣᠷᠳᠠᠭᠤᠯᠤᠭᠰᠠᠨ ᠪᠥᠭᠡᠳ ᠵᠢᠶᠠᠩ ᠽᠧ ᠮᠢᠨ ᠨᠥᠬᠦᠷ ᠤᠨ ᠴᠢᠨᠳᠠᠷ ᠢ ᠪᠠᠪᠣᠤᠱᠠᠨ ᠳᠠᠬᠢ ᠬᠤᠪᠢᠰᠬᠠᠯᠴᠢᠳ ᠤᠨ ᠨᠡᠶᠢᠲᠡ ᠶᠢᠨ ᠪᠣᠩᠬᠤᠨ ᠳᠤ ᠬᠠᠮᠠᠭᠠᠯᠠᠨ ᠬᠦᠷᠭᠡᠵᠦ ᠳᠡᠭᠳᠡᠭᠡᠪᠡ᠃ ᠬᠤ᠋ ᠶᠢᠨ ᠲᠣᠣ ᠪᠠᠰᠠ ᠡᠮᠨᠡᠯᠭᠡ ᠶᠢᠨ ᠬᠤᠷᠢᠶ᠎ᠠ ᠳᠤ ᠬᠦᠷᠴᠦ ᠵᠢᠶᠠᠩ ᠽᠧ ᠮᠢᠨ ᠨᠥᠬᠦᠷ ᠢ ᠦᠳᠡᠨ ᠮᠣᠷᠳᠠᠭᠤᠯᠵᠠᠢ᠃
   
     ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠶᠠᠷᠦᠩᠬᠡᠢ ᠡᠮᠨᠡᠯᠭᠡ ᠶᠢᠨ ᠬᠤᠷᠢᠶᠠᠨ ᠤ ᠰᠠᠯᠤᠯᠲᠠ ᠶᠢᠨ ᠦᠷᠦᠭᠡ ᠨᠠᠮ ᠵᠢᠮ ᠲᠥᠪ ᠴᠢᠬᠢᠮᠡᠢ ᠪᠠᠶᠢᠯ᠎ᠠ᠃ ᠴᠠᠭᠠᠨ ᠴᠡᠴᠡᠭ᠂ ᠬᠠᠷ᠎ᠠ ᠦᠩᠭᠡ ᠶᠢᠨ ᠭᠠᠰᠢᠭᠤᠳᠠᠯ ᠤᠨ ᠵᠠᠩᠰᠠ ᠨᠢ ᠬᠥᠮᠥᠰ ᠤᠨ ᠲᠦᠢᠯ ᠤᠨ ᠶᠡᠭᠡ ᠡᠮᠭᠡᠨᠢᠯ ᠭᠠᠰᠢᠭᠤᠳᠠᠯ ᠢ ᠢᠯᠡᠳᠭᠡᠨ᠎ᠡ᠃ ᠰᠠᠯᠤᠯᠲᠠ ᠶᠢᠨ ᠦᠷᠦᠭᠡ ᠶᠢᠨ ᠳᠡᠭᠡᠷ᠎ᠡ ᠲᠠᠯ᠎ᠠ ᠪᠠᠷ ᠬᠠᠷ᠎ᠠ ᠳᠡᠪᠢᠰᠬᠡᠷᠲᠦ ᠴᠠᠭᠠᠨ ᠦᠰᠦᠭ ᠤᠨ ᠬᠥᠨᠳᠡᠯᠡᠨ ᠪᠢᠴᠢᠭᠡᠰᠦ ᠡᠯᠭᠦᠵᠦ᠂ ᠳᠡᠭᠡᠷ᠎ᠡ ᠨᠢ᠄ ︽ᠵᠢᠶᠠᠩ ᠽᠧ ᠮᠢᠨ ᠨᠦᠭᠦᠷ ᠥᠨᠢᠳᠡ ᠪᠠᠯᠠᠷᠠᠰᠢ ᠦᠭᠡᠢ︾ ᠭᠡᠵᠦ ᠪᠢᠴᠢᠵᠦ᠂ ᠬᠥᠨᠳᠡᠯᠡᠨ ᠪᠢᠴᠢᠭᠡᠰᠦ ᠶᠢᠨ ᠳᠣᠣᠷ᠎ᠠ ᠲᠠᠯ᠎ᠠ ᠳᠤ ᠵᠢᠶᠠᠩ ᠽᠧ ᠮᠢᠨ ᠨᠥᠬᠦᠷ ᠤᠨ ᠲᠣᠮᠣ ᠪᠣᠳᠤᠭᠳᠤ ᠬᠥᠷᠥᠭ ᠢ ᠡᠯᠭᠦᠵᠡᠢ᠃ ᠵᠢᠶᠠᠩ ᠽᠧ ᠮᠢᠨ ᠨᠥᠬᠦᠷ ᠤᠨ ᠴᠢᠨᠳᠠᠷ ᠢ ᠰᠣᠷᠭᠤᠭ ᠴᠡᠴᠡᠭ ᠨᠠᠷᠠᠰᠤ ᠮᠠᠶᠢᠯᠠᠰᠤ ᠶᠢᠨ ᠳᠤᠮᠳᠠ ᠲᠠᠯᠪᠢᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠠᠯ ᠤᠯᠠᠭᠠᠨ ᠲᠤᠭ ᠢᠶᠠᠷ ᠬᠤᠴᠢᠵᠠᠢ᠃ 4 ᠶᠣᠰᠣᠯᠠᠯ ᠤᠨ ᠴᠡᠷᠢᠭ ᠫᠤᠤ ᠠᠳᠬᠤᠨ ᠲᠥᠪ ᠵᠣᠭᠰᠣᠵᠤ᠂ ᠬᠤᠶᠠᠷ ᠲᠠᠯ᠎ᠠ ᠳᠤᠨᠢ ᠰᠠᠬᠢᠨ ᠬᠠᠮᠠᠭᠠᠯᠠᠪᠠ᠃ ᠵᠢᠶᠠᠩ ᠽᠧ ᠮᠢᠨ ᠨᠥᠬᠦᠷ ᠤᠨ ᠴᠢᠨᠳᠠᠷ ᠤᠨ ᠡᠮᠦᠨ᠎ᠡ ᠵᠢᠶᠠᠩ ᠽᠧ ᠮᠢᠨ ᠨᠦᠭᠦᠷ ᠤᠨ ᠬᠠᠲᠤᠨ ᠸᠠᠩ ᠶᠧ ᠫᠢᠩ ᠤᠨ ᠪᠥᠬᠦ ᠭᠡᠷ ᠢᠶᠠᠷ ᠢᠶᠠᠨ ᠬᠦᠷᠭᠡᠭᠰᠡᠨ ᠴᠡᠴᠡᠭᠲᠦ ᠰᠠᠭᠰᠤ ᠶᠢ ᠲᠠᠯᠪᠢᠵᠤ᠂ ᠴᠡᠴᠡᠭᠲᠦ ᠰᠠᠭᠰᠤ ᠶᠢᠨ ᠲᠣᠷᠭᠠᠨ ᠪᠦᠴᠡ ᠳᠡᠭᠡᠷ᠎ᠡ᠄ ︽ᠲᠠ ᠪᠢᠳᠡᠨ ᠤ ᠰᠡᠳᠬᠢᠯ ᠵᠢᠷᠦᠬᠡᠨ ᠳᠤ ᠮᠦᠩᠬᠡᠷᠡᠨ᠎ᠡ︾ ᠭᠡᠵᠦ ᠪᠢᠴᠢᠭᠰᠡᠨ ᠪᠠᠶᠢᠪᠠ᠃ ᠰᠠᠯᠤᠯᠲᠠ ᠶᠢᠨ ᠦᠷᠦᠭᠡ ᠳᠤ ᠰᠢ ᠶᠢᠨ ᠫᠢᠩ᠂ ᠯᠢ ᠺᠧ ᠴᠢᠶᠠᠩ᠂ ᠯᠢ ᠵᠠᠨ ᠱᠤ᠋᠂ ᠸᠠᠩ ᠶᠠᠩ᠂ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠬᠠᠨ ᠵᠧᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠸᠠᠩ ᠴᠢ ᠱᠠᠨ᠂ ᠬᠤ᠋ ᠶᠢᠨ ᠲᠣᠣ ᠪᠣᠯᠣᠨ ᠨᠠᠮ ᠤᠨ ᠲᠥᠪ ᠬᠤᠷᠢᠶ᠎ᠠ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ᠂ ᠲᠥᠷᠥ ᠶᠢᠨ ᠴᠡᠷᠢᠭ ᠤᠨ ᠶᠠᠪᠤᠳᠠᠯ ᠤᠨ ᠬᠤᠷᠢᠶ᠎ᠠ᠂ ᠡᠯ᠎ᠡ ᠠᠷᠠᠳᠴᠢᠯᠠᠭᠰᠠᠨ ᠨᠠᠮ ᠪᠦᠯᠦᠭ ᠪᠠ ᠪᠥᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠡᠯ᠎ᠡ ᠠᠷᠠᠳ ᠤᠨ ᠪᠦᠯᠬᠦᠮ᠂ ᠨᠡᠶᠢᠰᠯᠡᠯ ᠤᠨ ᠡᠯ᠎ᠡ ᠡᠲᠡᠭᠡᠳ ᠤᠨ ᠣᠯᠠᠨ ᠲᠦᠮᠡᠨ ᠤ ᠬᠦᠷᠭᠡᠭᠰᠡᠨ ᠴᠠᠭᠠᠷᠢᠭᠲᠤ ᠴᠡᠴᠡᠭ ᠢ ᠵᠡᠷᠭᠡᠴᠡᠭᠦᠯᠦᠨ ᠲᠠᠯᠪᠢᠵᠠᠢ᠃      ᠦᠳᠡ ᠶᠢᠨ ᠡᠮᠦᠨᠡᠬᠢ 10 ᠴᠠᠭ ᠲᠤ᠂ ᠤᠶᠠᠷᠠᠭᠤᠨ ᠨᠠᠮᠬᠠᠨ ᠭᠠᠰᠢᠭᠤᠳᠠᠯ ᠤᠨ ᠠᠶᠠᠰ ᠳᠤᠮᠳᠠ᠂ ᠰᠢ ᠶᠢᠨ ᠫᠢᠩ᠂ ᠯᠢ ᠺᠧ ᠴᠢᠶᠠᠩ᠂ ᠯᠢ ᠵᠠᠨ ᠱᠤ᠋᠂ ᠸᠠᠩ ᠶᠠᠩ᠂ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠬᠠᠨ ᠵᠧᠩ᠂ ᠼᠠᠢ ᠴᠢ ᠂ ᠳ᠋ᠢᠩ ᠰᠢᠤᠸᠠᠢ ᠰᠢᠶᠠᠩ᠂ ᠯᠢ ᠰᠢ᠂ ᠸᠠᠩ ᠴᠢ ᠱᠠᠨ᠂ ᠬᠤ᠋ ᠶᠢᠨ ᠲᠣᠣ ᠨᠠᠷ ᠡᠩᠭᠡᠷ ᠲᠡᠭᠡᠨ ᠴᠠᠭᠠᠨ ᠬᠤᠸᠠᠷ ᠵᠡᠭᠦᠵᠦ᠂ ᠬᠠᠨᠴᠤᠢ ᠳᠠᠭᠠᠨ ᠬᠠᠷ᠎ᠠ ᠱᠠ ᠵᠡᠭᠦᠵᠦ ᠰᠠᠯᠤᠯᠲᠠ ᠶᠢᠨ ᠥᠷᠥᠭᠡᠨ ᠳᠤ ᠠᠯᠭᠤᠷᠬᠠᠨ ᠬᠦᠷᠴᠦ ᠢᠷᠡᠵᠦ᠂ ᠵᠢᠶᠠᠩ ᠽᠧ ᠮᠢᠨ ᠨᠥᠬᠦᠷ ᠤᠨ ᠴᠢᠨᠳᠠᠷ ᠤᠨ ᠡᠮᠦᠨ᠎ᠡ ᠬᠢᠴᠢᠶᠡᠩᠭᠦ᠋ᠢᠯᠡᠨ ᠵᠣᠭᠰᠣᠪᠠ᠃ ᠰᠢ ᠶᠢᠨ ᠫᠢᠩ ᠨᠠᠷ ᠵᠢᠶᠠᠩ ᠽᠧ ᠮᠢᠨ ᠨᠦᠭᠦᠷ ᠤᠨ ᠴᠢᠨᠳᠠᠷ ᠲᠤ ᠭᠤᠷᠪᠠᠨᠲᠠ ᠶᠣᠰᠣᠯᠠᠵᠤ᠂ ᠵᠢᠶᠠᠩ ᠽᠧ ᠮᠢᠨ ᠨᠦᠭᠦᠷ ᠲᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠤ ᠪᠠᠶᠢᠬᠤ ᠪᠠ ᠲᠦᠢᠯ ᠢᠶᠠᠷ ᠮᠥᠷᠥᠭᠡᠳᠦᠨ ᠰᠠᠨᠠᠭᠠᠯᠵᠠᠵᠤ ᠪᠠᠶᠢᠬᠤ ᠪᠠᠨ ᠢᠯᠡᠳᠬᠡᠪᠡ᠃ ᠳᠠᠷᠠᠭ᠎ᠠ ᠨᠢ᠂ ᠰᠢ ᠶᠢᠨ ᠫᠢᠩ ᠨᠠᠷ ᠵᠢᠶᠠᠩ ᠽᠧ ᠮᠢᠨ ᠨᠥᠬᠦᠷ ᠤᠨ ᠬᠠᠳᠤᠨ ᠸᠠᠩ ᠶᠧ ᠫᠢᠩ ᠪᠣᠯᠣᠨ ᠲᠥᠷᠥᠯ ᠰᠠᠳᠤᠨ ᠢ ᠨᠢ ᠳᠣᠲᠣᠨᠣ ᠪᠠᠷ ᠲᠣᠬᠤᠨᠢᠭᠤᠯᠪᠠ᠃      10 ᠴᠠᠭ 20 ᠮᠢᠨᠤᠲ ᠲᠤ᠂ 8 ᠶᠣᠰᠣᠯᠠᠯ ᠤᠨ ᠴᠡᠷᠢᠭ ᠴᠢᠨᠳᠠᠷ ᠢ ᠮᠥᠷᠥᠨ ᠳᠡᠭᠡᠷ᠎ᠡ ᠪᠠᠨ ᠡᠷᠭᠦᠵᠦ᠂ ᠭᠠᠰᠢᠭᠤᠳᠠᠯ ᠤᠨ ᠬᠥᠭᠵᠢᠮ ᠤᠨ ᠳᠤᠮᠳᠠ ᠰᠠᠯᠤᠯᠲᠠ ᠶᠢᠨ ᠦᠷᠦᠭᠡ ᠠᠴᠠ ᠠᠯᠬᠤᠨ ᠭᠠᠷᠪᠠ᠃ ᠰᠢ ᠶᠢᠨ ᠫᠢᠩ ᠨᠠᠷ ᠵᠢᠶᠠᠩ ᠽᠧ ᠮᠢᠨ ᠨᠥᠬᠦᠷ ᠤᠨ ᠴᠢᠨᠳᠠᠷ ᠢ ᠴᠢᠨᠳᠠᠷ ᠤᠨ ᠲᠡᠷᠭᠡᠨ ᠳᠤ ᠭᠠᠷᠭᠠᠬᠤ ᠳᠤ ᠬᠠᠮᠠᠭᠠᠯᠠᠨ ᠬᠦᠷᠭᠡᠪᠡ᠃      10 ᠴᠠᠭ 30 ᠮᠢᠨᠤᠲ ᠲᠤ᠂ ᠰᠢ ᠶᠢᠨ ᠫᠢᠩ ᠵᠡᠷᠭᠡ ᠨᠠᠮ ᠪᠠ ᠲᠥᠷᠥ ᠶᠢᠨ ᠤᠳᠤᠷᠢᠳᠬᠤ ᠨᠥᠬᠦᠳ᠂ ᠭᠠᠰᠢᠭᠤᠳᠠᠯ ᠤᠨ ᠶᠠᠪᠤᠳᠠᠯ ᠢ ᠡᠷᠬᠢᠯᠡᠬᠦ ᠭᠡᠰᠢᠭᠦᠳ ᠤᠨ ᠬᠤᠷᠠᠯ ᠤᠨ ᠠᠯᠪᠠᠨ ᠭᠡᠷ ᠤᠨ ᠪᠦᠷᠢᠯᠳᠦᠬᠦᠨ ᠪᠣᠯᠣᠨ ᠵᠢᠶᠠᠩ ᠽᠧ ᠮᠢᠨ ᠨᠥᠬᠦᠷ ᠤᠨ ᠲᠥᠷᠥᠯ ᠰᠠᠳᠤᠨ ᠤ ᠬᠠᠮᠠᠭᠠᠯᠠᠯ ᠳᠣᠣᠷ᠎ᠠ᠂ ᠴᠢᠨᠳᠠᠷ ᠤᠨ ᠲᠡᠷᠭᠡ ᠠᠯᠭᠤᠷ ᠢᠶᠠᠷ ᠪᠠᠪᠣᠤᠱᠠᠨ ᠳᠠᠬᠢ ᠬᠤᠪᠢᠰᠬᠠᠯᠴᠢᠳ ᠤᠨ ᠨᠡᠶᠢᠲᠡ ᠶᠢᠨ ᠪᠣᠩᠬᠤᠨ ᠵᠦᠭ ᠮᠣᠷᠳᠠᠪᠠ᠃ ᠴᠢᠨᠳᠠᠷ ᠤᠨ ᠲᠡᠷᠭᠡ ᠬᠥᠳᠡᠯᠬᠦ ᠦᠶ᠎ᠡ ᠳᠤ᠂ ᠲᠤᠬᠠᠢ ᠶᠢᠨ ᠲᠠᠯᠠᠪᠠᠢ ᠳᠤ ᠦᠳᠡᠨ ᠮᠣᠷᠳᠠᠭᠤᠯᠤᠭᠰᠠᠨ ᠨᠥᠬᠦᠳ ᠭᠠᠰᠢᠭᠤᠳᠠᠨ ᠲᠥᠪ ᠵᠣᠭᠰᠣᠵᠤ᠂ ᠵᠢᠶᠠᠩ ᠽᠧ ᠮᠢᠨ ᠨᠥᠬᠦᠷ ᠤᠨ ᠴᠢᠨᠳᠠᠷ ᠤᠨ ᠲᠡᠷᠭᠡᠨ ᠳᠤ ᠰᠢᠷᠳᠡᠬᠦ ᠶᠣᠰᠣ ᠭᠦᠢᠴᠡᠳᠬᠡᠪᠡ᠃      ᠵᠡᠭᠡᠯᠢ ᠭᠤᠳᠤᠮᠵᠢ ᠨᠠᠮ ᠵᠢᠮ ᠲᠥᠪ ᠴᠢᠬᠢᠮᠡᠢ᠂ ᠲᠦᠮᠡᠨ ᠠᠷᠠᠳ ᠬᠠᠮᠲᠤ ᠪᠠᠷ ᠡᠮᠭᠡᠨᠢᠨ ᠭᠠᠰᠢᠭᠤᠳᠠᠨ᠎ᠠ᠃ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠶᠡᠷᠦᠩᠬᠡᠢ ᠡᠮᠨᠡᠯᠭᠡ ᠶᠢᠨ ᠬᠤᠷᠢᠶ᠎ᠠ ᠠᠴᠠ ᠪᠠᠪᠣᠤᠱᠠᠨ ᠬᠦᠷᠲᠡᠯ᠎ᠡ᠂ ᠨᠡᠶᠢᠰᠯᠡᠯ ᠤᠨ ᠡᠯ᠎ᠡ ᠡᠲᠡᠭᠡᠳ ᠤᠨ ᠣᠯᠠᠨ ᠲᠦᠮᠡᠨ ᠵᠠᠮ ᠤᠨ ᠬᠤᠶᠠᠷ ᠬᠠᠵᠠᠭᠤ ᠳᠤ ᠬᠦᠷᠦᠯᠴᠡᠨ ᠢᠷᠡᠵᠡᠭᠡᠵᠦ᠂ ᠬᠦᠨᠳᠦᠲᠦ ᠬᠠᠶᠢᠷᠠᠲᠤ ᠵᠢᠶᠠᠩ ᠽᠧ ᠮᠢᠨ ᠨᠥᠬᠦᠷ ᠢ ᠦᠳᠡᠨ ᠮᠣᠷᠳᠠᠭᠤᠯᠵᠤ᠂ ᠵᠢᠶᠠᠩ ᠽᠧ ᠮᠢᠨ ᠨᠥᠬᠦᠷ ᠢ ᠲᠦᠢᠯ ᠢᠶᠠᠷ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠭᠡᠪᠡ᠃      ᠦᠳᠡ ᠶᠢᠨ ᠡᠮᠦᠨᠡᠬᠢ 10 ᠴᠠᠭ 50 ᠮᠢᠨᠤᠲ ᠲᠤ᠂ ᠴᠢᠨᠳᠠᠷ ᠤᠨ ᠲᠡᠷᠭᠡ ᠪᠠᠪᠣᠤᠱᠠᠨ ᠳᠠᠬᠢ ᠬᠤᠪᠢᠰᠬᠠᠯᠴᠢᠳ ᠤᠨ ᠨᠡᠶᠢᠲᠡ ᠶᠢᠨ ᠪᠣᠩᠬᠤᠨ ᠳᠤ ᠬᠥᠷᠪᠡ᠃ ᠶᠣᠰᠣᠯᠠᠯ ᠤᠨ ᠲᠠᠩᠬᠢᠮ ᠳᠤ᠂ ᠰᠢ ᠶᠢᠨ ᠫᠢᠩ ᠨᠠᠷ ᠪᠣᠯᠣᠨ ᠵᠢᠶᠠᠩ ᠽᠧ ᠮᠢᠨ ᠨᠥᠬᠦᠷ ᠤᠨ ᠲᠥᠷᠥᠯ ᠰᠠᠳᠤᠨ ᠵᠢᠶᠠᠩ ᠽᠧ ᠮᠢᠨ ᠨᠦᠭᠦᠷ ᠲᠠᠢ ᠬᠠᠮᠤᠭ ᠤᠨ ᠡᠴᠦᠰ ᠤᠨ ᠰᠠᠯᠤᠯᠲᠠ ᠬᠢᠪᠡ᠃      ᠡᠨᠡ ᠡᠳᠦᠷ ᠡᠮᠨᠡᠯᠭᠡ ᠶᠢᠨ ᠬᠤᠷᠢᠶ᠎ᠠ ᠳᠤ ᠬᠦᠷᠴᠦ ᠵᠢᠶᠠᠩ ᠽᠧ ᠮᠢᠨ ᠨᠥᠬᠦᠷ ᠢ ᠦᠳᠡᠨ ᠮᠣᠷᠳᠠᠭᠤᠯᠤᠭᠰᠠᠨ ᠬᠥᠮᠥᠰ ᠲᠤ ᠪᠠᠰᠠ᠄ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠤᠯᠤᠰ ᠤᠨ ᠬᠢᠨᠠᠨ ᠪᠠᠶᠢᠴᠠᠭᠠᠬᠤ ᠵᠥᠪᠯᠡᠯ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ᠂ ᠲᠥᠷᠥ ᠶᠢᠨ ᠴᠡᠷᠢᠭ ᠤᠨ ᠶᠠᠪᠤᠳᠠᠯ ᠤᠨ ᠬᠤᠷᠢᠶᠠᠨ ᠤ ᠤᠳᠤᠷᠢᠳᠬᠤ ᠨᠥᠬᠦᠳ ᠪᠣᠯᠣᠨ ᠠᠬᠠᠮᠠᠳ ᠨᠥᠬᠦᠳ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠥᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠭᠤᠣᠯ ᠬᠠᠷᠢᠭᠤᠴᠠᠯᠭᠠᠲᠠᠨ ᠨᠥᠬᠦᠳ ᠪᠣᠯᠣᠨ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢ᠂ ᠵᠢᠶᠠᠩ ᠽᠧ ᠮᠢᠨ ᠨᠥᠬᠦᠷ ᠤᠨ ᠠᠮᠢᠳᠤ ᠰᠡᠷᠡᠭᠦᠨ ᠪᠠᠶᠢᠬᠤ ᠦᠶ᠎ᠡ ᠶᠢᠨ ᠨᠠᠶᠢᠵᠠ ᠨᠥᠬᠦᠳ ᠵᠡᠷᠭᠡ ᠪᠣᠢ᠃    
 
ᠢᠷᠡᠯᠲᠡ᠄ ᠦᠪᠦᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号