| | ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠨᠡᠯᠭᠡ ᠶᠢᠨ | ᠳᠠᠭᠠᠳᠬᠠᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠶᠢᠷ᠎ᠠ ᠳᠤ᠂ ᠥᠪᠥᠷ ᠮᠣᠩᠭᠤᠯ ᠤᠨ ᠠᠨᠠᠭᠠᠬᠤ | ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ ᠨᠤᠭᠤᠰᠤᠨ ᠤ ᠴᠢᠨᠠᠷᠲᠠᠶ ᠪᠤᠯᠴᠢᠩ ᠤᠨ | ᠬᠠᠲᠠᠩᠬᠢᠷᠡᠯ ︵SMA︶ ᠡᠪᠡᠳᠴᠢᠨ ᠲᠠᠢ 8 ᠨᠠᠰᠤᠲᠠᠶ ᠬᠡᠦᠬᠡᠳ ᠲᠤ ᠨᠦᠰᠢᠨᠠ ᠰᠧᠩᠨᠠ ᠡᠮᠴᠢᠯᠡᠭᠡ ᠬᠢᠵᠦ | ᠥᠭᠪᠡ᠃ ᠡᠨᠡ ᠪᠣᠯ ᠲᠣᠰ ︽ᠲᠩᠷᠢ ᠲᠤᠯᠤᠮ᠎ᠠ ᠦᠨᠡᠲᠡᠢ ᠡᠮ︾ ᠤᠨ ᠦᠨ᠎ᠡ ᠶᠢ ᠶᠡᠭᠡ ᠪᠠᠷ | ᠪᠠᠭᠤᠷᠠᠭᠤᠯᠤᠭᠰᠠᠨ ᠪᠥᠭᠡᠳ ᠡᠮᠴᠢᠯᠡᠭᠡᠨ ᠤ ᠳᠠᠭᠠᠳᠬᠠᠯ ᠳᠤ ᠣᠷᠣᠭᠤᠯᠤᠭᠰᠠᠨ ᠤ ᠳᠠᠷᠠᠭ᠎ᠠ᠂ ᠥᠪᠥᠷ ᠮᠣᠩᠭᠤᠯ ᠤᠨ | ᠡᠮᠴᠢᠯᠡᠭᠡᠨ ᠤ ᠳᠠᠭᠠᠳᠬᠠᠯ ᠤᠨ ᠠᠰᠢᠭ ᠢ ᠭᠥᠷᠳᠡᠭᠰᠡᠨ ᠠᠩᠬᠠᠳᠠᠭᠴᠢ ᠡᠪᠡᠳᠴᠢᠲᠡᠨ ᠪᠣᠯᠤᠨ᠎ᠠ᠃ ᠣᠳᠣᠬᠠᠨ | ᠪᠣᠯᠲᠠᠯ᠎ᠠ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ | ᠬᠤᠷᠢᠶ᠎ᠠ SMA ᠡᠪᠡᠳᠴᠢᠨ ᠳᠤ ᠨᠡᠷᠪᠡᠭᠳᠡᠭᠰᠡᠨ 5 ᠬᠡᠤᠬᠡᠳ ᠢ ᠨᠢᠭᠡᠨᠲᠡ ᠡᠮᠨᠡᠨ ᠵᠠᠰᠠᠵᠤ᠂ ᠬᠠᠮᠤᠭ ᠤᠨ | ᠶᠡᠭᠡ ᠨᠢ 9 ᠨᠠᠰᠤᠲᠠᠶ᠂ ᠬᠠᠮᠤᠭ ᠤᠨ ᠪᠠᠭ᠎ᠠ ᠨᠢ ᠵᠥᠪᠬᠡᠨ 1 ᠨᠠᠰᠤᠲᠠᠶ᠃ | ᠣᠶᠢᠯᠠᠭᠠᠭᠰᠠᠨ ᠢᠶᠠᠷ᠂ ᠨᠦᠰᠢᠨᠠ ᠰᠧᠩᠨᠠ ᠪᠣᠯ SMA ᠶᠢ ᠡᠮᠨᠡᠨ ᠵᠠᠰᠠᠬᠤ ᠪᠠᠷ ᠵᠦᠪᠰᠢᠶᠡᠷᠡᠭᠳᠡᠭᠰᠡᠨ | ᠤᠯᠤᠰ ᠤᠨ ᠳᠣᠲᠣᠭᠠᠳᠤ ᠶᠢᠨ ᠠᠩᠬᠠᠳᠠᠭᠴᠢ ᠡᠮ ᠪᠣᠯᠤᠨ᠎ᠠ᠂ ᠳᠤᠮᠳᠠᠳᠤ ᠤᠯᠤᠰ ᠤᠨ ᠵᠠᠬ᠎ᠠ ᠳᠡᠯᠭᠡᠭᠦᠷ ᠲᠤ | ᠣᠷᠣᠬᠤ ᠦᠶ᠎ᠡ ᠳᠤ ᠰᠢᠷᠬᠡᠭ ᠪᠦᠷᠢ ᠶᠢᠨ ᠦᠨ᠎ᠡ ᠨᠢ 70 ᠲᠦᠮᠡᠨ ᠲᠥᠭᠦᠷᠢᠭ ᠰᠢᠬᠠᠮ ᠬᠦᠷᠲᠡᠭ᠂ ᠡᠪᠡᠳᠴᠢᠲᠡᠨ | ᠵᠢᠯ ᠪᠦᠷᠢ ᠣᠯᠠᠨ ᠤᠳᠠᠭ᠎ᠠ ᠲᠠᠷᠢᠯᠭ᠎ᠠ ᠬᠢᠬᠦ ᠴᠢᠬᠤᠯᠠᠲᠠᠶ ᠪᠥᠭᠡᠳ ᠨᠠᠰᠤᠨ ᠲᠤᠷᠰᠢᠳᠠ ᠡᠮ ᠬᠡᠷᠡᠭᠯᠡᠳᠡᠭ ᠪᠤᠯᠬᠤᠷ᠂ | ᠮᠠᠰᠢ ᠣᠯᠠᠨ ᠡᠪᠡᠳᠴᠢᠲᠡᠨ ︽ᠲᠩᠷᠢ ᠲᠤᠯᠤᠮ᠎ᠠ ᠦᠨᠡᠲᠡᠢ ᠡᠮ︾ ᠢ ᠬᠡᠷᠡᠭᠯᠡᠵᠦ ᠳᠡᠶᠢᠯᠬᠦ ᠥᠬᠡᠶ ᠠᠴᠠ ᠪᠣᠯᠵᠣ | ᠡᠮᠨᠡᠨ ᠵᠠᠰᠠᠬᠤ ᠶᠢ ᠰᠠᠭᠠᠲᠠᠭᠠᠵᠤ ᠪᠠᠶᠢᠯ᠎ᠠ᠃ 2021 ᠣᠨ ᠳᠤ ᠤᠯᠤᠰ ᠤᠨ ᠡᠮᠨᠡᠯᠭᠡ ᠶᠢᠨ ᠳᠠᠭᠠᠳᠬᠠᠯ ᠤᠨ | ᠬᠡᠯᠡᠯᠴᠡᠭᠡ ᠪᠠᠷ ᠳᠡᠮᠵᠢᠨ᠂ ᠨᠦᠰᠢᠨᠠ ᠰᠧᠩᠨᠠ ᠶᠢ ᠪᠠᠭᠲᠠᠭᠠᠭᠰᠠᠨ 7 ᠵᠥᠢᠯ ᠤᠨ ᠬᠤᠪᠣᠷ ᠲᠣᠬᠢᠶᠠᠯᠳᠤᠬᠤ | ᠡᠪᠡᠳᠴᠢᠨ ᠳᠤ ᠬᠡᠷᠡᠭᠯᠡᠬᠦ ᠡᠮ ᠢ ᠡᠮᠨᠡᠯᠭᠡ ᠶᠢᠨ ᠳᠠᠭᠠᠳᠬᠠᠯ ᠳᠤ ᠣᠷᠣᠭᠤᠯᠵᠤ᠂ ᠲᠣᠰ ᠡᠮ ᠤᠨ ᠦᠨ᠎ᠡ ᠬᠠᠩᠰᠢ ᠶᠢ | ᠴᠤ 3 . 3 ᠲᠦᠮᠡᠨ ᠲᠥᠭᠦᠷᠢᠭ ᠪᠣᠯᠭᠠᠨ ᠪᠠᠭᠤᠷᠠᠭᠤᠯᠤᠭᠰᠠᠨ ᠶᠤᠮ᠃ |