ᠲᠡᠦᠬᠡᠨ ᠦᠯᠡᠳᠡᠭᠳᠡᠯ ᠠᠭᠤᠷᠬᠠᠢ ᠶᠢ ᠮᠠᠭᠠᠳᠯᠠᠭᠰᠠᠨ ᠦᠷ᠎ᠡ ᠳ᠋ᠦᠩ ᠤᠨ ᠲᠤᠬᠠᠢ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠵᠠᠷ
ᠨᠡᠶᠢᠲᠡᠯᠡᠭᠰᠡᠨ ᠴᠠᠭ᠄
2022/3/28
      ︽ᠪᠥᠬᠦ ᠤᠯᠤᠰ ᠤᠨ ᠲᠡᠦᠬᠡ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢ ᠬᠠᠷᠭᠤᠭᠤᠯᠤᠨ ᠪᠠᠶᠢᠴᠠᠭᠠᠬᠤ ᠠᠵᠢᠯ ᠢ ᠥᠷᠨᠢᠭᠦᠯᠬᠦ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠠᠯᠪᠠᠨ ᠵᠠᠬᠢᠳᠠᠯ ﹇2021﹈ 1283 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠬᠢᠨᠠᠨ ᠬᠠᠷᠭᠤᠭᠤᠯᠬᠤ ᠪᠠᠷ ᠳᠡᠮᠵᠢᠨ᠂ ᠮᠠᠨ ᠤ ᠲᠣᠭᠤᠷᠢᠭ ᠤᠨ ᠲᠡᠦᠬᠡ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢᠨ ᠵᠢᠷᠤᠭ ᠤᠨ ᠲᠣᠯᠪᠤ ᠨᠡᠶᠢᠲᠡ 40 ᠪᠠᠶᠢᠵᠤ᠂ ᠲᠠᠯᠠᠪᠠᠶ ᠨᠢ 53.47 ᠾᠧᠺᠲ᠋ᠠᠷ ᠪᠠᠶᠢᠵᠤ᠂ ᠪᠣᠳᠠᠲᠠᠢ ᠵᠢᠷᠤᠭ ᠤᠨ ᠲᠣᠯᠪᠤ ᠶᠢᠨ ᠮᠡᠳᠡᠭᠡ ᠵᠠᠩᠭᠢ ᠶᠢ ᠳᠠᠭᠠᠯᠳᠤᠭᠤᠯᠤᠯ ᠬᠦᠰᠦᠨᠦᠭᠲᠦ ᠳᠤ ᠦᠵᠡ᠃ ︽ᠭᠠᠵᠠᠷ ᠰᠢᠷᠣᠢ ᠶᠢ ᠰᠡᠷᠭᠦᠭᠡᠨ ᠬᠠᠭᠠᠯᠪᠤᠷᠢᠯᠠᠬᠤ ᠳᠦᠷᠢᠮ ᠢ ᠬᠡᠷᠡᠭᠵᠢᠭᠦᠯᠬᠦ ᠠᠷᠭ᠎ᠠ︾ ︵ᠤᠯᠤᠰ ᠤᠨ ᠨᠤᠲᠤᠭ ᠳᠡᠪᠢᠰᠬᠡᠷ ᠡᠬᠢ ᠪᠠᠶᠠᠯᠢᠭ ᠤᠨ ᠶᠠᠮᠤᠨ ᠤ 56 ᠳ᠋ᠤᠭᠠᠷ ᠲᠣᠭᠠᠲᠤ ᠵᠠᠷᠯᠢᠭ︶ ᠶᠢᠨ ᠬᠤᠷᠢ ᠶᠢᠰᠦᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠨ ᠮᠠᠭᠠᠳᠯᠠᠨ ᠲᠣᠭᠲᠠᠭᠠᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠨ᠎ᠡ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ 30 ᠡᠳᠦᠷ ︵ᠳᠠᠷᠤᠢ 2022 ᠣᠨ ᠤ 3 ᠳ᠋ᠤᠭᠠᠷ ᠰᠠᠷ᠎ᠠ ᠶᠢᠨ 22 ᠤᠨ ᠡᠳᠦᠷ ᠠᠴᠠ 2022 ᠣᠨ ᠤ 4 ᠳ᠋ᠦ᠋ᠭᠡᠷ ᠰᠠᠷ᠎ᠠ ᠶᠢᠨ 22 ᠤᠨ ᠡᠳᠦᠷ︶ ᠪᠣᠯᠣᠨ᠎ᠠ᠂ ᠵᠠᠷᠯᠠᠨ ᠨᠡᠶᠢᠲᠡᠯᠡᠬᠦ ᠬᠤᠭᠤᠴᠠᠭᠠᠨ ᠳᠤ ᠬᠡᠷᠪᠡ ᠵᠠᠷᠯᠠᠨ ᠨᠡᠶᠢᠲᠡᠯᠡᠭᠰᠡᠨ ᠠᠭᠤᠯᠭ᠎ᠠ ᠳᠤ ᠣᠨᠳᠣᠣ ᠰᠠᠨᠠᠯ ᠲᠠᠢ ᠪᠠᠶᠢᠪᠠᠯ᠂ ᠴᠥᠮ ᠤᠲᠠᠰᠤ ᠢᠷᠡᠬᠦ᠂ ᠵᠠᠬᠢᠳᠠᠯ ᠢᠷᠡᠬᠦ ᠵᠡᠷᠭᠡ ᠠᠷᠭ᠎ᠠ ᠮᠠᠶ᠋ᠢᠭ ᠢᠶᠠᠷ ᠲᠤᠰᠬᠠᠵᠤ ᠪᠣᠯᠣᠨ᠎ᠠ᠃      ᠬᠠᠷᠢᠯᠴᠠᠬᠤ ᠬᠥᠮᠥᠨ᠄ ᠯᠢ ᠵᠢᠶᠦ᠋ᠨ ᠾᠧᠩ      ᠬᠠᠷᠢᠯᠴᠠᠬᠤ ᠤᠲᠠᠰᠤ᠄ 13848188492      ᠬᠠᠶ᠋ᠢᠭ᠄ ᠬᠥᠬᠡᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠤᠲᠣᠩ ᠠᠷᠠᠳ ᠤᠨ ᠬᠤᠪᠢᠶᠠᠷᠢ ᠲᠣᠪᠴᠢᠶ᠎ᠠ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号