24 ᠴᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ 
ᠨᠡᠶᠢᠲᠡᠯᠡᠭᠰᠡᠨ ᠴᠠᠭ᠄
2022/3/30
        3 ᠳ᠋ᠤᠭᠠᠷ ᠰᠠᠷ᠎ᠠ ᠶᠢᠨ 29 ᠤ ᠡᠳᠦᠷ᠂ ᠨᠢᠭᠡ ᠬᠤᠲᠠ ᠶᠢᠨ ᠠᠷᠠᠳ ᠢᠦᠢ ᠴᠢᠤᠸᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ  ᠶᠡᠭᠡ ᠲᠢᠩᠬᠢᠮ ᠤᠨ 24 ᠴᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠭᠤᠷᠢᠭ ᠲᠤ ᠠᠵᠢᠯ ᠶᠠᠪᠤᠳᠠᠯ ᠭᠦᠢᠴᠡᠳᠬᠡᠵᠦ ᠪᠠᠶᠢᠭ᠎ᠠ ᠨᠢ᠃  ᠣᠶᠢᠯᠠᠭᠠᠭᠰᠠᠨ ᠢᠶᠠᠷ᠂ ᠲᠣᠰ ᠲᠣᠭᠤᠷᠢᠭ ᠲᠤ ᠬᠢᠯᠢ ᠪᠠᠷ ᠣᠷᠣᠵᠤ ᠭᠠᠷᠬᠤ᠂ ᠭᠠᠶᠢᠯᠢ ᠶᠢᠨ ᠶᠠᠪᠤᠳᠠᠯ᠂ ᠡᠮ ᠡᠮᠨᠡᠯᠭᠡ ᠶᠢᠨ ᠳᠠᠭᠠᠳᠬᠠᠯ᠂ ᠨᠡᠶᠢᠭᠡᠮ ᠤᠨ  ᠳᠠᠭᠠᠳᠬᠠᠯ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ᠂ ᠵᠠᠮ ᠬᠠᠷᠢᠯᠴᠠᠭᠠᠨ ᠤ  ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ᠂ ᠤᠰᠤ ᠴᠠᠬᠢᠯᠭᠠᠨ ᠬᠡᠢ ᠳᠤᠯᠠᠭᠠᠯᠭ᠎ᠠ ᠶᠢᠨ ᠰᠦᠢᠳᠬᠡᠯ ᠲᠤᠰᠢᠶᠠᠬᠤ ᠵᠡᠷᠭᠡ ᠥᠪᠡᠰᠦᠪᠡᠨ ᠬᠦᠢᠴᠡᠳᠭᠡᠬᠦ  ᠦᠵᠦᠭᠦᠷ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠣᠷᠣᠭᠤᠯᠵᠤ᠂ ︽7×24 ᠴᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ  ᠬᠡᠲᠦ ᠳᠡᠯᠭᠡᠭᠦᠷ︾ ᠢ ᠪᠠᠶᠢᠭᠤᠯᠵᠠᠢ᠂ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ︽ᠥᠪᠡᠰᠦᠪᠡᠨ ᠭᠦᠢᠴᠡᠳᠬᠡᠬᠦ᠂   ᠬᠡᠵᠢᠶ᠎ᠡ ᠴᠠᠭ ᠲᠤ ᠴᠤ ᠭᠦᠢᠴᠡᠳᠬᠡᠬᠦ᠂ ᠳᠠᠷᠤᠶᠢᠬᠠᠨ ᠭᠦᠢᠴᠡᠳᠬᠡᠬᠦ︾ ᠵᠠᠰᠠᠭ ᠤᠨ ᠶᠠᠪᠤᠳᠠᠯ ᠤᠨ ᠥᠪᠡᠰᠦᠪᠡᠨ ᠬᠦᠢᠴᠡᠳᠭᠡᠬᠦ ᠵᠠᠭᠪᠤᠷ ᠨᠢ ᠶᠠᠭ ᠠᠵᠤ  ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠰᠢᠨ᠎ᠡ ᠠᠷᠭ᠎ᠠ ᠵᠠᠮ᠂ ᠰᠢᠨ᠎ᠡ ᠠᠷᠭ᠎ᠠ ᠮᠠᠶ᠋ᠢᠭ ᠪᠣᠯᠵᠤ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号