︵ᠰᠤᠷᠪᠤᠯᠵᠢᠯᠠᠭᠴᠢ ᠯᠢᠦᠢ ᠬᠤᠶ ᠱᠧᠩ︶ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠠᠵᠢᠯᠴᠢᠨ ᠤ | ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠭᠦᠢᠴᠡᠳᠪᠠᠳᠠᠷᠠᠭᠤᠯᠵᠤ᠂ ᠨᠤᠲᠤᠭ ᠲᠠᠭᠠᠨ ᠪᠤᠴᠠᠵᠤ | ᠠᠵᠢᠯ ᠤᠨ ᠪᠠᠶᠢᠷᠢ ᠳᠠᠭᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠢᠵᠢᠭ ᠤᠨ ᠪᠠᠶᠢᠳᠠᠯ ᠠᠴᠠ | ᠪᠣᠯᠵᠤ ᠰᠠᠭᠠᠲᠠᠭᠰᠠᠨ ᠬᠥᠯᠥᠰᠦᠨ ᠠᠵᠢᠯ ᠬᠢᠭᠰᠡᠳ ᠪᠠ ᠠᠵᠢᠯ ᠤᠨ ᠪᠠᠶᠢᠷᠢ ᠠᠴᠠ ᠪᠠᠨ ᠪᠠᠭᠤᠭᠰᠠᠨ ᠠᠵᠢᠯᠲᠠᠨ | ᠠᠵᠢᠯᠴᠢᠨ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ᠂ ᠣᠷᠣᠯᠭ᠎ᠠ ᠲᠣᠣᠷ᠎ᠠ ᠬᠥᠮᠥᠨ ᠠᠮᠠ ᠵᠡᠷᠭᠡ | ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠡᠲᠡᠭᠡᠳ ᠵᠢᠴᠢ ᠬᠦᠮᠦᠨ ᠬᠡᠷᠡᠭᠯᠡᠬᠦ ᠬᠡᠷᠡᠭᠴᠡᠭᠡ ᠲᠠᠢ ᠡᠯ᠎ᠡ | ᠲᠥᠷᠥᠯ ᠤᠨ ᠬᠥᠮᠥᠨ ᠬᠡᠷᠡᠭᠯᠡᠬᠦ ᠨᠢᠭᠡᠴᠡ ᠳᠤ ᠠᠵᠢᠯ ᠣᠯᠭᠤᠯᠲᠠ ᠶᠢᠨ ᠦᠢᠯᠡᠴᠢᠯᠡᠭᠡ ᠬᠠᠩᠭᠠᠵᠤ᠂ ᠠᠵᠢᠯᠴᠢᠨ ᠤ | ᠡᠪᠯᠡᠯ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠬᠠᠨᠳᠤᠯᠭᠠᠲᠤ ᠴᠢᠨᠠᠷ᠂ ᠤᠷᠢᠳᠴᠢᠯᠠᠨ ᠮᠡᠳᠡᠬᠦ ᠴᠢᠨᠠᠷ ᠪᠠ | ᠪᠦᠲᠦᠮᠵᠢᠲᠦ ᠴᠢᠨᠠᠷ ᠢ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠦᠴᠦᠨ | ᠨᠡᠮᠡᠷᠢᠯᠡᠵᠦ᠂ ᠮᠠᠨ ᠤ ᠣᠷᠣᠨ ᠤ ᠠᠵᠢᠯ ᠣᠯᠭᠤᠯᠲᠠ ᠶᠢᠨ ᠪᠠᠶᠢᠳᠠᠯ ᠤᠨ ᠪᠦᠬᠦᠯᠢ ᠴᠣᠭᠴᠠ ᠶᠢᠨ ᠲᠣᠭᠲᠠᠭᠤᠨ | ᠪᠠᠶᠢᠳᠠᠯ ᠢ ᠠᠬᠢᠭᠤᠯᠬᠤ ᠶᠢᠨ ᠲᠦᠯᠦᠭᠡ᠂ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ 3 ᠳ᠋ᠤᠭᠠᠷ ᠰᠠᠷ᠎ᠠ ᠶᠢᠨ 1 ᠤ | ᠡᠳᠦᠷ ᠠᠴᠠ 3 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ 2022 ᠣᠨ ᠤ ᠬᠥᠬᠡᠬᠤᠲᠠ ᠶᠢᠨ ᠠᠵᠢᠯᠴᠢᠨ ᠤ | ᠶᠡᠷᠦᠩᠬᠡᠢ ᠡᠪᠯᠡᠯ ᠤᠨ ︽ᠤᠷᠢᠬᠠᠨ ᠰᠠᠯᠬᠢ ᠠᠵᠢᠯᠯᠠᠭ᠎ᠠ︾ ᠰᠦᠯᠵᠢᠶᠡᠨ ᠳᠡᠭᠡᠷᠡᠬᠢ ᠠᠵᠢᠯᠲᠠᠨ ᠡᠯᠰᠡᠬᠦ | ᠴᠤᠭᠯᠠᠭᠠᠨ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠣᠶᠢᠯᠠᠭᠠᠭᠰᠠᠨ ᠢᠶᠠᠷ᠂ ᠲᠣᠰ ᠤᠳᠠᠭᠠᠨ ᠤ | ᠠᠵᠢᠯᠲᠠᠨ ᠡᠯᠰᠡᠬᠦ ᠴᠤᠭᠯᠠᠭᠠᠨ ᠳᠤ ᠨᠡᠶᠢᠲᠡ 200 ᠠᠵᠤ ᠠᠬᠤᠶᠢᠯᠠᠯ ᠢ ᠵᠣᠬᠢᠶᠠᠨ ᠪᠠᠶᠢᠭᠤᠯᠵᠤ᠂ 786 | ᠠᠵᠢᠯ ᠤᠨ ᠪᠠᠶᠢᠷᠢ ᠬᠠᠩᠭᠠᠵᠤ᠂ 8871 ᠬᠦᠮᠦᠨ ᠡᠯᠰᠡᠬᠦ ᠪᠣᠯᠣᠨ᠎ᠠ᠃ ᠥᠷᠭᠡᠨ ᠣᠯᠠᠨ ᠠᠵᠢᠯ ᠡᠷᠢᠭᠰᠡᠳ | ᠬᠥᠬᠡᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠤᠨ ᠸᠢᠴᠠᠲ ᠤᠨ ᠨᠡᠶᠢᠲᠡ ᠶᠢᠨ ᠳ᠋ᠤᠭᠠᠷ ᠢ ᠠᠩᠬᠠᠷᠴᠤ | ᠬᠤᠯᠪᠣᠭᠳᠠᠯ ᠪᠦᠬᠦᠢ ᠠᠵᠢᠯᠲᠠᠨ ᠡᠯᠰᠡᠬᠦ ᠮᠡᠳᠡᠭᠡ ᠵᠠᠩᠭᠢ ᠶᠢ ᠣᠶᠢᠯᠠᠭᠠᠵᠤ ᠪᠣᠯᠤᠨ᠎ᠠ᠃ | |